ᠲᠡᠭᠷᠢ ᠨᠡᠶᠢᠭᠡᠮ ᠲᠣᠭᠤᠷᠢᠭ ᠤᠨ ᠬᠢᠨ ᠵᠢᠯ ᠤᠨ ᠡᠴᠦᠰ ᠵᠢᠯ ᠤᠨ ᠡᠬᠢᠨ ᠳᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/18
               ᠰᠠᠭᠤᠭᠠᠯᠢ ᠠᠷᠠᠳ ᠤᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠤᠬᠠᠮᠰᠠᠷ ᠪᠠ ᠴᠢᠳᠠᠪᠤᠷᠢ ᠶᠢ ᠴᠢᠩᠭᠠᠳᠬᠠᠵᠤ᠂ ᠪᠡᠯᠡ ᠮᠥᠩᠭᠦ ᠪᠠᠨ ᠰᠠᠶᠢᠲᠤᠷ ᠰᠠᠬᠢᠵᠤ᠂ ᠥᠯᠵᠡᠢ ᠪᠡᠯᠭᠡ ᠲᠠᠢ ᠵᠢᠯ ᠢᠶᠠᠨ ᠪᠠᠶᠠᠷ ᠬᠥᠷ ᠲᠠᠢ ᠥᠩᠭᠡᠷᠡᠭᠦᠯᠬᠦ ᠵᠣᠷᠢᠯᠭ᠎ᠠ ᠪᠠᠷ᠂ ᠣᠶᠢᠷ᠎ᠠ ᠶᠢᠨ ᠡᠳᠦᠷ᠂ ᠲᠡᠭᠷᠢ ᠨᠡᠶᠢᠭᠡᠮ ᠲᠣᠭᠤᠷᠢᠭ ᠤᠨ ᠬᠢᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ᠃
     ᠨᠡᠶᠢᠭᠡᠮ ᠲᠣᠭᠤᠷᠢᠭ ᠤᠨ ᠠᠵᠢᠯᠲᠠᠳ ᠠᠶᠢᠯ ᠡᠷᠦᠬᠡ ᠳᠤ ᠣᠷᠣᠵᠤ ᠰᠠᠭᠤᠭᠠᠯᠢ ᠠᠷᠠᠳ ᠲᠤ ᠤᠬᠠᠭᠤᠯᠭ᠎ᠠ ᠬᠥᠮᠦᠵᠢᠯ ᠤᠨ ᠭᠠᠷ ᠳᠡᠪᠲᠡᠷ ᠲᠠᠷᠬᠠᠭᠠᠨ ᠥᠭᠴᠦ᠂ ᠶᠠᠭᠤ ᠶᠢ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠭᠡᠬᠦ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠳᠤ ᠶᠠᠮᠠᠷ ᠶᠠᠮᠠᠷ ᠣᠨᠴᠠᠯᠢᠭ ᠲᠠᠢ ᠪᠠᠶᠢᠬᠤ ᠵᠢᠴᠢ ᠬᠠᠤᠯᠢ ᠪᠤᠰᠤ ᠪᠠᠷ ᠪᠡᠯᠡ ᠴᠤᠭᠯᠠᠭᠤᠯᠬᠤ ᠠᠷᠭ᠎ᠠ ᠮᠠᠶ᠋ᠢᠭ ᠤᠨ ᠬᠤᠪᠢᠷᠠᠯᠲᠠ ᠨᠢ ᠣᠯᠠᠨ ᠶᠠᠩᠵᠤ ᠶᠢᠨ ᠪᠠᠶᠢᠳᠠᠭ᠂ ᠲᠡᠷᠡᠴᠢᠯᠡᠨ ᠬᠤᠯᠪᠣᠭᠳᠠᠯ ᠪᠦᠬᠦᠢ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠰᠠᠭᠤᠭᠠᠯᠢ ᠠᠷᠠᠳ ᠲᠤ ᠣᠲᠣ ᠶᠢᠨ ᠬᠠᠤᠯᠢ ᠪᠤᠰᠤ ᠪᠠᠷ ᠪᠡᠯᠡ ᠴᠤᠭᠯᠠᠭᠤᠯᠬᠤ ᠳᠤ ᠭᠤᠣᠯᠳᠠᠭᠤ ᠴᠠᠬᠢᠮ ᠰᠦᠯᠵᠢᠶᠡᠨ ᠤ ᠦᠢᠯᠡᠳᠬᠦᠨ ᠪᠠ ᠢᠨᠲ᠋ᠧᠷ ᠰᠦᠯᠵᠢᠶᠡᠨ ᠤ ᠪᠡᠯᠡ ᠣᠷᠣᠭᠤᠯᠤᠯᠲᠠ ᠶᠢᠨ ᠪᠡᠯᠡ ᠮᠥᠩᠭᠦ᠂ ᠣᠲᠣ ᠦᠶ᠎ᠡ ᠶᠢᠨ ᠴᠠᠬᠢᠮ ᠰᠦᠯᠵᠢᠶᠡᠨ ᠤ ᠮᠡᠷᠭᠡᠵᠢᠯ ᠤᠨ ᠲᠣᠭᠲᠠᠴᠠ ᠶᠢᠨ ︽ᠬᠡᠶᠢᠰᠪᠦᠷᠢ︾ ᠦᠢᠯᠡᠳᠬᠦᠨ ᠢ ᠠᠰᠢᠭᠯᠠᠨ ᠪᠡᠯᠡ ᠣᠷᠣᠭᠤᠯᠵᠤ ᠨᠠᠶᠢᠳᠠᠨ ᠡᠵᠡᠩᠨᠡᠭᠦᠯᠬᠦ᠂ ᠴᠠᠬᠢᠮ ᠮᠡᠬᠡᠯᠡᠯ ᠵᠡᠷᠭᠡ ᠠᠷᠭ᠎ᠠ ᠮᠠᠶ᠋ᠢᠭ ᠢᠶᠠᠷ ᠪᠡᠯᠡ ᠣᠷᠣᠭᠤᠯᠬᠤ ᠶᠢ ᠲᠠᠨᠢᠯᠴᠠᠭᠤᠯᠪᠠ᠃ ᠡᠭᠦᠨ ᠳᠤ᠂ ᠨᠠᠩ ᠴᠤ ᠨᠠᠰᠤᠵᠢᠯ ᠤᠨ ᠠᠰᠠᠷᠠᠮᠵᠢ ᠶᠢᠨ ᠨᠡᠶᠢᠲᠡ ᠶᠢᠨ ᠪᠠᠶᠢᠷᠢ ᠳᠤ ᠪᠡᠯᠡ ᠣᠷᠣᠭᠤᠯᠬᠤ᠂ ᠣᠨᠳᠣᠣ ᠭᠠᠵᠠᠷ ᠬᠤᠯᠪᠤᠭᠠᠯᠠᠨ ᠠᠮᠤᠷᠵᠢᠭᠤᠯᠬᠤ ᠨᠡᠷ᠎ᠡ ᠪᠠᠷ᠂ ᠶᠡᠭᠡ ᠬᠡᠮᠵᠢᠶᠡᠨ ᠤ ᠬᠠᠷᠠᠮᠵᠢ ᠣᠯᠬᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠬᠠᠩᠭᠠᠬᠤ ᠪᠠᠷ ᠥᠭᠶᠥᠭᠡ ᠪᠣᠯᠭᠠᠵᠤ᠂ ᠪᠡᠯᠡ ᠣᠷᠣᠭᠤᠯᠤᠭᠴᠢᠳ ᠢ ᠲᠡᠳᠡᠨ ᠣᠷᠣᠯᠴᠠᠭᠤᠯᠳᠠᠭ᠃ ᠲᠠᠶᠢᠯᠪᠤᠷᠢᠯᠠᠬᠤ ᠪᠠᠷ ᠳᠠᠮᠵᠢᠭᠤᠯᠤᠨ ᠰᠠᠭᠤᠭᠠᠯᠢ ᠠᠷᠠᠳ ᠲᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢᠨ ᠬᠤᠣᠷ ᠬᠥᠨᠥᠭᠡᠯ ᠢ ᠭᠦᠢᠴᠡᠳ ᠲᠠᠨᠢᠭᠤᠯᠵᠤ᠂ ᠮᠡᠬᠡᠯᠡᠭᠳᠡᠬᠦ ᠲᠦᠭᠰᠢᠭᠦᠷᠢ ᠶᠢ ᠪᠠᠭᠠᠰᠬᠠᠨ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠨᠢ ᠴᠢᠩᠭᠠᠷᠠᠭᠤᠯᠬᠤ ᠶᠢᠨ ᠬᠠᠮᠲᠤ ᠪᠠᠰᠠ ᠰᠠᠭᠤᠭᠠᠯᠢ ᠠᠷᠠᠳ ᠲᠤ ᠬᠤᠪᠢ ᠬᠥᠮᠥᠨ ᠤ ᠮᠡᠳᠡᠭᠡ ᠵᠠᠩᠭᠢ ᠶᠢ ᠬᠢᠯᠪᠠᠷᠬᠠᠨ ᠢᠶᠠᠷ ᠵᠠᠳᠠᠷᠠᠭᠤᠯᠬᠤ ᠦᠭᠡᠢ᠂ ᠬᠤᠳᠠᠯ ᠦᠭᠡ ᠶᠢ ᠢᠲᠡᠭᠡᠬᠦ ᠦᠭᠡᠢ ᠪᠠᠷ ᠲᠠᠨᠢᠯ ᠪᠤᠰᠤ ᠬᠥᠮᠥᠨ ᠳᠤ ᠬᠢᠯᠪᠠᠷᠬᠠᠨ ᠢᠶᠠᠷ ᠲᠠᠩᠰᠠ ᠰᠢᠯᠵᠢᠭᠦᠯᠵᠦ ᠥᠭᠬᠦ ᠶᠢ ᠠᠩᠬᠠᠷᠤᠭᠤᠯᠵᠤ᠂ ᠲᠠᠨᠢᠯ ᠪᠤᠰᠤ ᠤᠲᠠᠰᠤ ᠪᠠ ᠰᠡᠵᠢᠭᠯᠡᠯᠲᠡᠢ ᠣᠬᠤᠷ ᠮᠡᠳᠡᠭᠡ ᠶᠢ ᠴᠠᠭ ᠲᠤᠬᠠᠢ ᠳᠤᠨᠢ ᠲᠤᠬᠠᠢ ᠶᠢᠨ ᠭᠠᠵᠠᠷ ᠤᠨ ᠲᠣᠮᠢᠯᠠᠭᠰᠠᠨ ᠰᠠᠯᠪᠤᠷᠢ ᠳᠤ ᠬᠦᠷᠴᠦ ᠬᠠᠪᠰᠤᠷᠤᠯᠭ᠎ᠠ ᠡᠷᠢᠬᠦ ᠬᠡᠷᠡᠭᠲᠡᠢ᠃ ᠬᠡᠳᠦᠶᠢᠪᠡᠷ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠠᠷᠭ᠎ᠠ ᠪᠠᠷᠢᠯ ᠨᠢ ᠲᠠᠰᠤᠷᠠᠯᠲᠠ ᠦᠭᠡᠢ ᠰᠢᠨᠡᠳᠴᠦ ᠪᠠᠶᠢᠭ᠎ᠠ ᠪᠣᠯᠪᠠᠴᠤ᠂ ᠣᠶᠤᠨᠴᠢ ᠴᠢᠨᠠᠷᠲᠠᠢ ᠪᠠᠷ ᠠᠵᠠ ᠵᠠᠪᠰᠢᠶᠠᠨ ᠢ ᠡᠷᠢᠬᠦ ᠦᠭᠡᠢ᠂ ᠯᠠᠪᠳᠠᠭᠤᠨ ᠲᠣᠭᠲᠠᠭᠤᠨ ᠢᠶᠠᠷ ᠭᠡᠨᠡᠨ ᠠᠵᠢᠯᠯᠠᠭ᠎ᠠ ᠭᠦᠢᠴᠡᠳᠬᠡᠬᠦ ᠦᠭᠡᠢ᠂ ᠰᠣᠬᠤᠷ ᠪᠠᠯᠠᠢ ᠪᠠᠷ ᠰᠡᠷᠡᠮᠵᠢᠯᠡᠬᠦ ᠦᠭᠡᠢ ᠯᠡ ᠶᠤᠮ ᠪᠣᠯ ᠳᠠᠷᠤᠢ ᠤᠨᠠᠭᠤᠯᠢ ᠠᠴᠠ ᠪᠦᠲᠦᠮᠵᠢᠲᠡᠢ ᠵᠠᠶᠢᠯᠠᠬᠤ ᠲᠠᠯ᠎ᠠ ᠎ ᠪᠠᠷ ᠰᠠᠨᠠᠭᠤᠯᠤᠭᠰᠠᠨ ᠪᠠᠶᠢᠨ᠎ᠠ᠃      ᠨᠡᠶᠢᠭᠡᠮ ᠲᠣᠭᠤᠷᠢᠭ ᠤᠨ ᠬᠢᠨ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢᠨ ᠢᠯᠭᠠᠨ ᠲᠠᠨᠢᠬᠤ ᠴᠢᠳᠠᠪᠤᠷᠢ ᠶᠢ ᠤᠯᠠᠮ ᠴᠢᠩᠭᠠᠳᠬᠠᠵᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢᠨ ᠨᠡᠶᠢᠭᠡᠮ ᠤᠨ ᠬᠤᠣᠷ ᠬᠥᠨᠥᠭᠡᠯᠳᠦ ᠴᠢᠨᠠᠷ ᠢ ᠲᠣᠳᠣᠷᠬᠠᠶᠢᠯᠠᠵᠤ᠂ ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠡᠳ᠋ ᠤᠨ ᠶᠠᠪᠤᠳᠠᠯ ᠢ ᠬᠠᠮᠢᠶᠠᠷᠬᠤ ᠵᠥᠪ ᠦᠵᠡᠯᠲᠡ ᠲᠠᠢ ᠪᠣᠯᠭᠠᠵᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠠᠴᠠ ᠵᠠᠶᠢᠳᠠᠭᠤᠯᠤᠭᠰᠠᠨ ᠪᠠᠶᠢᠨ᠎ᠠ᠃
 
ᠢᠷᠡᠯᠲᠡ᠄ ᠸᠠᠩ ᠤᠨ ᠣᠷᠳᠣᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号