︽ᠬᠠᠮᠲᠤ ᠶᠢᠨ ᠠᠵᠤ ᠠᠬᠤᠢ︾ ᠣᠯᠠᠨᠪᠤᠯᠠᠭ ᠪᠠᠯᠭᠠᠰᠤ 2024 ᠣᠨ ᠤ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠵᠠᠳᠠᠯᠤᠨ ᠰᠤᠳᠤᠯᠵᠤ ᠮᠠᠭᠠᠳᠯᠠᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/18
     ᠡᠯ᠎ᠡ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠥᠨᠳᠥᠷ ᠪᠦᠲᠦᠮᠵᠢᠲᠡᠶ᠂ ᠲᠦᠷᠭᠡᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠵᠣᠷᠢᠯᠭ᠎ᠠ ᠪᠠᠷ᠂ᠣᠶᠢᠷ᠎ᠠ ᠳᠤ᠂ ᠣᠯᠠᠨᠪᠤᠯᠠᠭ ᠪᠠᠯᠭᠠᠰᠤ 2024 ᠣᠨ ᠤ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠵᠠᠳᠠᠯᠤᠨ ᠰᠤᠳᠤᠯᠵᠤ ᠮᠠᠭᠠᠳᠯᠠᠬᠤ ᠬᠤᠷᠠᠯ ᠢ ᠬᠤᠷᠠᠯᠳᠤᠭᠤᠯᠵᠤ᠂ ᠬᠤᠷᠠᠯ ᠢ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠡᠷᠭᠢᠯᠡᠵᠦ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ ᠵᠢᠴᠢ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
     ᠬᠤᠷᠠᠯ ᠳᠡᠭᠡᠷ᠎ᠡ᠂ 2023 ᠣᠨ ᠠᠴᠠ ᠨᠠᠰᠢᠬᠢ ᠪᠥᠬᠦ ᠪᠠᠯᠭᠠᠰᠤᠨ ᠤ ᠡᠯ᠎ᠡ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠣᠯᠣᠭᠰᠠᠨ ᠠᠮᠵᠢᠯᠲᠠ ᠪᠦᠲᠦᠮᠵᠢ ᠪᠠ ᠣᠷᠣᠰᠢᠵᠤ ᠪᠠᠶᠢᠭ᠎ᠠ ᠠᠰᠠᠭᠤᠳᠠᠯ ᠢ ᠪᠥᠬᠦ ᠲᠠᠯ᠎ᠠ ᠪᠠᠷ ᠳ᠋ᠦᠩᠨᠡᠵᠦ᠂ ᠬᠥᠭᠵᠢᠯᠲᠡ ᠶᠢᠨ ᠰᠡᠳᠬᠢᠴᠡ᠂ ᠲᠥᠷᠥᠯ ᠵᠦᠢᠯ ᠢ ᠠᠬᠢᠭᠤᠯᠤᠭᠰᠠᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠨᠢᠭᠡᠳ ᠨᠢᠭᠡ ᠪᠠᠷ ᠵᠠᠳᠠᠯᠤᠨ ᠰᠢᠨᠵᠢᠯᠡᠵᠦ᠂ 2024 ᠣᠨ ᠤ ᠭᠠᠴᠠᠭᠠᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠪᠣᠳᠠᠲᠠᠢ ᠠᠵᠢᠯ ᠤᠨ ᠲᠤᠬᠠᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ᠂ ᠭᠠᠴᠠᠭᠠᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠪᠣᠯ ᠶᠠᠳᠠᠭᠤᠷᠠᠯ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠪᠠ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢᠨ ᠲᠦᠪᠰᠢᠨ ᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠣᠳᠣᠬᠠᠨ ᠤ ᠣᠷᠣᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ᠂ ︽ᠬᠥᠳᠡᠭᠡ ᠠᠵᠤ ᠠᠬᠤᠢ ᠬᠥᠳᠡᠭᠡ ᠲᠤᠰᠬᠤᠨ ᠲᠠᠷᠢᠶᠠᠴᠢᠨ︾᠎ ᠤ ᠠᠵᠢᠯ ᠤᠨ ᠳᠤᠲᠠᠭᠤᠳᠠᠯ ᠢ ᠨᠥᠬᠦᠪᠦᠷᠢᠯᠡᠬᠦ ᠳᠤ ᠵᠠᠪᠠᠯ ᠭᠦᠢᠴᠡᠳᠬᠡᠬᠦ ᠴᠢᠬᠤᠯᠠᠲᠠᠢ ᠠᠵᠢᠯ ᠪᠣᠯᠣᠨ᠎ᠠ ᠃ ᠪᠥᠬᠦ ᠪᠠᠯᠭᠠᠰᠤ ᠪᠠᠷ ᠢᠶᠠᠨ ᠭᠠᠴᠠᠭ᠎ᠠ ᠭᠠᠴᠠᠭᠠᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠲᠤᠯᠭᠠᠮ᠎ᠠ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠪᠠᠶᠢᠭᠠᠳ ᠡᠯ᠎ᠡ ᠭᠠᠴᠠᠭ᠎ᠠ ᠭᠠᠴᠠᠭᠠᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠬᠡᠷᠡᠭᠲᠡᠢ᠃ ᠨᠢᠭᠡ ᠳᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠥᠭᠵᠢᠯᠲᠡ ᠶᠢᠨ ᠠᠵᠠ ᠲᠣᠬᠢᠶᠠᠯ ᠢ ᠢᠳᠡᠪᠬᠢᠲᠡᠢ ᠠᠮᠵᠢᠵᠤ᠂ ᠦᠵᠡᠯ ᠰᠠᠨᠠᠭ᠎ᠠ ᠪᠠᠨ ᠴᠢᠯᠦᠭᠡᠯᠡᠵᠦ᠂ ᠵᠣᠷᠢᠭᠲᠠᠢ ᠪᠠᠷ ᠲᠤᠷᠰᠢᠵᠤ ᠵᠣᠷᠢᠭᠲᠠᠢ ᠪᠠᠷ ᠬᠢᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠱᠠᠲᠤ ᠱᠠᠲᠤ ᠪᠠᠷ ᠠᠬᠢᠭᠤᠯᠵᠤ᠂ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠶᠢ ᠠᠳᠬᠤᠬᠤ ᠬᠡᠷᠡᠭᠲᠡᠢ᠃ ᠬᠤᠶᠠᠷ ᠲᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠨ᠎ᠠ᠃ ᠭᠠᠴᠠᠭᠠᠨ ᠤ ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠦᠷᠢᠶᠡᠰᠦᠯᠡᠬᠦ᠂ ᠳᠠᠭᠠᠭᠠᠴᠢᠯᠠᠬᠤ ᠵᠡᠷᠭᠡ ᠬᠡᠯᠪᠡᠷᠢ ᠶᠢ ᠠᠪᠴᠤ ᠂ ᠡᠵᠡᠩᠨᠡᠯᠲᠡ ᠶᠢᠨ ᠲᠣᠭᠲᠠᠴᠠ ᠶᠢ ᠬᠤᠪᠢᠷᠠᠭᠤᠯᠤᠨ᠂ ᠡᠬᠢ ᠪᠠᠶᠠᠯᠢᠭ ᠢ ᠲᠠᠸᠠᠷᠴᠢᠯᠠᠬᠤ ᠶᠢ ᠪᠡᠶᠡᠯᠡᠭᠦᠯᠵᠦ᠂ ᠡᠳ᠋ ᠬᠥᠷᠥᠩᠭᠡ ᠶᠢᠨ ᠡᠬᠢ ᠪᠠᠶᠠᠯᠢᠭ ᠢ ᠬᠠᠤᠯᠢ ᠶᠣᠰᠣᠭᠠᠷ ᠴᠢᠯᠦᠭᠡᠲᠡᠢ ᠴᠢᠯᠦᠭᠡᠲᠡᠢ ᠪᠣᠯᠭᠠᠵᠤ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ︽ᠪᠦᠲᠦᠮᠵᠢ ᠭᠠᠷᠭᠠᠬᠤ︾ ᠴᠢᠳᠠᠮᠵᠢ ᠶᠢ ᠤᠯᠠᠮ ᠴᠢᠩᠭᠠᠷᠠᠭᠤᠯᠤᠨ᠎ᠠ᠃ ᠭᠤᠷᠪᠠ ᠳᠤ 2024 ᠣᠨ ᠤ ᠭᠠᠴᠠᠭ᠎ᠠ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠬᠠᠷᠠᠯᠲᠠᠲᠤ ᠡᠭᠦᠷᠭᠡ ᠶᠢ ᠴᠢᠩᠭ᠎ᠠ ᠠᠳᠬᠤᠵᠤ᠂ ᠬᠠᠮᠲᠤ ᠶᠢᠨ ᠠᠵᠤ ᠠᠬᠤᠢ ᠶᠢ ᠬᠥᠭᠵᠢᠭᠦᠯᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠲᠠᠰᠤᠷᠠᠯᠲᠠ ᠦᠭᠡᠢ ᠨᠡᠮᠡᠭᠳᠡᠭᠦᠯᠦᠨ᠂ ᠭᠠᠴᠠᠭ᠎ᠠ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠰᠢᠨ᠎ᠡ ᠵᠠᠮ᠂ ᠰᠢᠨ᠎ᠡ ᠵᠠᠭᠪᠤᠷ ᠢ ᠢᠳᠡᠪᠬᠢᠲᠡᠢ ᠪᠠᠷ ᠰᠦᠪᠡᠭᠴᠢᠯᠡᠨ ᠪᠤᠵᠠᠭᠠᠶᠢᠷᠠᠭᠤᠯᠵᠤ᠂ ᠭᠠᠴᠠᠭ᠎ᠠ ᠭᠠᠴᠠᠭᠠᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠬᠤ ᠬᠡᠷᠡᠭᠲᠡᠢ ᠭᠡᠯ᠎ᠡ᠃
 
ᠢᠷᠡᠯᠲᠡ᠄ ᠣᠯᠠᠨᠪᠤᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号