ᠣᠯᠠᠨᠪᠤᠯᠠᠭ ᠪᠠᠯᠭᠠᠰᠤᠨ ᠤ ᠪᠠᠶᠠᠨᠬᠠᠷ᠎ᠠ ᠭᠠᠴᠠᠭ᠎ᠠ ᠳᠤ ᠲᠣᠭᠤᠷᠢᠨ ᠦᠵᠡᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/18
     ᠭᠠᠴᠠᠭ᠎ᠠ ᠶᠢᠨ ᠠᠬᠠᠮᠠᠳ ᠨᠠᠮ ᠤᠨ ᠭᠡᠰᠢᠭᠦᠨ ᠪᠣᠯᠣᠨ ᠬᠦᠴᠢᠷᠳᠡᠯᠲᠡᠢ ᠣᠯᠠᠨ ᠲᠦᠮᠡᠨ ᠤ ᠪᠠᠶᠠᠷ ᠬᠥᠷ ᠲᠠᠢ᠂ ᠥᠯᠵᠡᠢ ᠪᠡᠯᠭᠡ ᠲᠠᠢ᠂ ᠠᠮᠤᠷ ᠠᠮᠤᠭᠤᠯᠠᠩ ᠰᠢᠨ᠎ᠡ ᠵᠢᠯ ᠢ ᠥᠩᠭᠡᠷᠡᠭᠦᠯᠬᠦ ᠶᠢ ᠪᠠᠲᠤᠯᠠᠵᠤ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠬᠤ ᠵᠣᠷᠢᠯᠭ᠎ᠠ ᠪᠠᠷ᠂ ᠣᠶᠢᠷ᠎ᠠ ᠶᠢᠨ ᠡᠳᠦᠷ᠂ ᠪᠠᠶᠠᠨᠬᠠᠷ᠎ᠠ ᠭᠠᠴᠠᠭ᠎ᠠ ᠶᠢᠨ ᠨᠠᠮ ᠤᠨ ᠡᠭᠦᠷ ᠤᠨ ᠬᠠᠪᠰᠤᠷᠤᠨ ᠲᠡᠳᠬᠦᠬᠦ ᠨᠢᠭᠡᠴᠢ ᠲᠠᠢ ᠬᠠᠮᠲᠤᠷᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃
     ᠲᠣᠬᠤᠨᠢᠭᠤᠯᠬᠤ ᠶᠠᠪᠤᠴᠠ ᠳᠤ᠂ ᠭᠠᠴᠠᠭᠠᠨ ᠤ ᠨᠠᠮ ᠤᠨ ᠡᠭᠦᠷ ᠤᠨ ᠱᠦᠵᠢ ᠲᠡᠳᠡᠨ ᠲᠠᠢ ᠨᠢᠭᠤᠷᠲᠠᠨ ᠶᠠᠷᠢᠯᠴᠠᠵᠤ᠂ ᠲᠡᠳᠡᠨ ᠤ ᠣᠳᠣᠬᠠᠨ ᠤ ᠪᠡᠶ᠎ᠡ ᠶᠢᠨ ᠪᠠᠶᠢᠳᠠᠯ᠂ ᠠᠮᠢᠳᠤᠷᠠᠯ ᠤᠨ ᠪᠠᠶᠢᠳᠠᠯ ᠵᠢᠴᠢ ᠣᠷᠣᠰᠢᠵᠤ ᠪᠠᠶᠢᠭ᠎ᠠ ᠬᠦᠴᠢᠷᠳᠡᠯ ᠵᠡᠷᠭᠡ ᠶᠢ ᠨᠠᠷᠢᠨ ᠠᠰᠠᠭᠤᠨ ᠯᠠᠪᠯᠠᠵᠠᠢ︔ ᠲᠡᠳᠡᠨ ᠢ ᠪᠡᠶ᠎ᠡ ᠪᠠᠨ ᠭᠠᠮᠨᠠᠭᠠᠷᠠᠢ ᠭᠡᠵᠦ ᠵᠠᠬᠢᠵᠤ᠂ ᠠᠮᠢᠳᠤᠷᠠᠯ ᠤᠨ ᠲᠠᠯ᠎ᠠ ᠪᠠᠷ ᠬᠦᠴᠢᠷᠳᠡᠯ ᠲᠠᠢ ᠪᠣᠯ ᠴᠠᠭ ᠲᠤᠬᠠᠢ ᠳᠤᠨᠢ ᠬᠡᠯᠡᠵᠦ᠂ ᠭᠠᠴᠠᠭᠠᠨ ᠤ ᠨᠠᠮ ᠤᠨ ᠡᠭᠦᠷ ᠤᠨ ᠎ ᠬᠢᠨ ᠴᠢᠳᠠᠯ ᠤᠨ ᠬᠢᠷᠢ ᠪᠠᠷ ᠢᠶᠠᠨ ᠬᠠᠪᠰᠤᠷᠤᠨ ᠰᠢᠢᠳᠪᠦᠷᠢᠯᠡᠵᠦ ᠥᠭᠬᠦ ᠬᠡᠷᠡᠭᠲᠡᠢ ᠲᠡᠳᠡᠨ ᠳᠤ ᠲᠤᠲᠤᠷᠭ᠎ᠠ᠂ ᠴᠠᠭᠠᠨ ᠭᠤᠯᠢᠷ ᠵᠡᠷᠭᠡ ᠠᠮᠢᠳᠤᠷᠠᠯ ᠤᠨ ᠴᠢᠬᠤᠯᠠ ᠬᠡᠷᠡᠭᠰᠡᠯ ᠢ ᠬᠦᠷᠭᠡᠵᠦ ᠥᠭᠭᠦᠭᠰᠡᠨ ᠪᠥᠭᠡᠳ ᠴᠠᠭᠠᠨ ᠰᠠᠷ᠎ᠠ ᠶᠢᠨ ᠢᠷᠦᠭᠡᠯ ᠪᠠ ᠮᠡᠨᠳᠦᠴᠢᠯᠡᠯ ᠢ ᠬᠦᠷᠭᠡᠭᠰᠡᠨ ᠪᠠᠶᠢᠨ᠎ᠠ᠃      ᠲᠣᠰ ᠤᠳᠠᠭᠠᠨ ᠤ ᠲᠣᠬᠤᠨᠢᠭᠤᠯᠬᠤ ᠠᠵᠢᠯᠯᠠᠭ᠎ᠠ ᠪᠠᠷ ᠳᠡᠮᠵᠢᠨ᠂ ᠭᠠᠴᠠᠭ᠎ᠠ ᠪᠣᠯᠣᠨ ᠮᠠᠯᠴᠢᠨ ᠲᠠᠷᠢᠶᠠᠴᠢᠨ ᠤ ᠬᠠᠷᠢᠯᠴᠠᠭ᠎ᠠ ᠶᠢ ᠤᠯᠠᠮ ᠨᠢᠭᠲᠠᠷᠠᠭᠤᠯᠪᠠ᠃ ᠲᠠᠷᠠᠭᠠᠴᠢ ᠶᠢᠨ ᠠᠯᠬᠤᠮ ᠳᠤ᠂ ᠪᠠᠶᠠᠨᠬᠠᠷ᠎ᠠ ᠭᠠᠴᠠᠭ᠎ᠠ ᠶᠢᠨ ᠨᠠᠮ ᠤᠨ ᠡᠭᠦᠷ ᠭᠠᠴᠠᠭ᠎ᠠ ᠶᠢᠨ ᠣᠯᠠᠨ ᠲᠦᠮᠡᠨ ᠤ ᠠᠮᠢᠳᠤᠷᠠᠯ ᠤᠨ ᠪᠠᠶᠢᠳᠠᠯ ᠢ ᠦᠷᠭᠦᠯᠵᠢᠯᠡᠨ ᠨᠢᠭᠲᠠ ᠠᠩᠬᠠᠷᠴᠤ᠂ ᠭᠠᠴᠠᠭ᠎ᠠ ᠶᠢᠨ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠨᠠᠷᠢᠯᠢᠭ ᠣᠨᠣᠴᠠᠲᠠᠢ ᠪᠠᠷ ᠵᠣᠯᠭᠠᠭᠤᠯᠵᠤ᠂ ᠭᠠᠴᠠᠭ᠎ᠠ ᠶᠢᠨ ᠣᠯᠠᠨ ᠲᠦᠮᠡᠨ ᠲᠠᠢ ᠣᠯᠠᠨ ᠶᠠᠩᠵᠤ ᠪᠠᠷ ᠬᠠᠷᠢᠯᠴᠠᠵᠤ᠂ ᠭᠠᠴᠠᠭ᠎ᠠ ᠶᠢᠨ ᠣᠯᠠᠨ ᠲᠦᠮᠡᠨ ᠳᠤ ᠨᠠᠮ ᠤᠨ ᠬᠠᠶᠢᠷ᠎ᠠ ᠬᠠᠯᠠᠮᠵᠢ ᠶᠢ ᠦᠨᠡᠨᠬᠦ ᠬᠦᠷᠲᠡᠭᠡᠵᠦ᠂ ᠭᠠᠴᠠᠭ᠎ᠠ ᠶᠢᠨ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃
 
ᠢᠷᠡᠯᠲᠡ᠄ ᠣᠯᠠᠨᠪᠤᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号