ᠣᠯᠠᠨᠪᠤᠯᠠᠭ ᠪᠠᠯᠭᠠᠰᠤᠨ ᠤ ᠪᠠᠶᠠᠨᠬᠠᠷ᠎ᠠ ᠭᠠᠴᠠᠭ᠎ᠠ ᠶᠢᠨ ᠨᠠᠮ ᠤᠨ ᠡᠭᠦᠷ ᠬᠠᠮᠲᠤ ᠶᠢᠨ ᠰᠤᠷᠤᠯᠴᠠᠯᠭ᠎ᠠ ᠶᠢ ᠬᠦᠷᠭᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/18
                     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠴᠢᠨᠠᠭᠰᠢᠳᠠ ᠰᠤᠷᠤᠯᠴᠠᠨ ᠲᠤᠤᠱᠯᠠᠭᠤᠯᠬᠤ ᠵᠣᠷᠢᠯᠭ᠎ᠠ ᠪᠠᠷ᠂ ᠣᠶᠢᠷ᠎ᠠ ᠶᠢᠨ ᠡᠳᠦᠷ᠂ ᠪᠠᠶᠠᠨᠬᠠᠷ᠎ᠠ ᠭᠠᠴᠠᠭ᠎ᠠ ᠶᠢᠨ ᠨᠠᠮ ᠤᠨ ᠡᠭᠦᠷ ᠤᠨ ᠬᠠᠮᠲᠤᠷᠠᠨ ᠬᠠᠪᠰᠤᠷᠤᠨ ᠲᠡᠳᠬᠦᠬᠦ ᠨᠢᠭᠡᠴᠢ ᠵᠢᠴᠢ ᠭᠠᠴᠠᠭ᠎ᠠ ᠶᠢᠨ ᠡᠪᠯᠡᠯ ᠤᠨ ᠡᠭᠦᠷ᠂ ᠡᠮᠡᠭᠲᠡᠶᠢᠴᠦᠳ ᠤᠨ ᠬᠤᠯᠪᠣᠭ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠳᠤ ︽ᠰᠤᠷᠤᠯᠴᠠᠯᠭ᠎ᠠ ᠶᠢ ᠭᠡᠷ ᠲᠤᠨᠢ ᠬᠦᠷᠭᠡᠬᠦ︾ ᠬᠥᠮᠥᠰ ᠤᠨ ᠰᠡᠳᠬᠢᠯ ᠢ ᠪᠠᠶᠠᠰᠬᠠᠬᠤ᠂ ᠨᠠᠮ ᠤᠨ ᠭᠡᠰᠢᠭᠦᠳ ᠤᠨ ︽ᠡᠩᠨᠡᠭᠡ ᠠᠴᠠ ᠬᠤᠴᠣᠷᠤᠭᠤᠯᠬᠤ ᠦᠭᠡᠢ︾ ᠰᠤᠷᠤᠯᠴᠠᠯᠭ᠎ᠠ ᠶᠢ ᠲᠥᠪᠯᠡᠷᠡᠭᠦᠯᠦᠨ ᠬᠦᠷᠭᠡᠬᠦ ᠠᠵᠢᠯᠯᠠᠭ᠎ᠠ ᠥᠷᠨᠢᠭᠦᠯᠵᠡᠢ
     ᠠᠵᠢᠯᠯᠠᠭ᠎ᠠ ᠶᠢᠨ ᠳᠤᠮᠳᠠ᠂ ᠨᠠᠮ ᠤᠨ ᠡᠭᠦᠷ ᠤᠨ ᠱᠦᠵᠢ ᠠᠬᠠᠮᠠᠳ ᠨᠠᠮ ᠤᠨ ᠭᠡᠰᠢᠭᠦᠨ ᠤ ᠭᠡᠷ ᠲᠤ ᠭᠦᠨᠵᠡᠭᠡᠶᠢᠷᠡᠵᠦ᠂ ᠠᠬᠠᠮᠠᠳ ᠨᠠᠮ ᠤᠨ ᠭᠡᠰᠢᠭᠦᠨ ᠲᠠᠢ ᠳᠣᠲᠣᠨᠣ ᠪᠠᠷ ᠶᠠᠷᠢᠯᠴᠠᠵᠤ᠂ ᠳᠡᠳᠡᠨ ᠲᠠᠢ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠠᠢ︔ ︽ᠥᠪᠥᠷ ᠮᠣᠩᠭᠤᠯ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠮᠤᠭ ᠡᠷᠲᠡ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠭᠰᠠᠨ ᠦᠨᠳᠦᠰᠦᠲᠡᠨ ᠤ ᠣᠷᠣᠨ ᠪᠣᠯᠣᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠭᠤᠳ ᠤᠳᠤᠷᠢᠳᠤᠯᠭ᠎ᠠ ᠶᠢᠨ ᠳᠣᠣᠷ᠎ᠠ ᠪᠠᠶᠢᠭᠤᠯᠤᠭᠳᠠᠭᠰᠠᠨ ᠶᠤᠮ᠂ ᠥᠪᠥᠷ ᠮᠣᠩᠭᠤᠯ ᠪᠣᠯ ᠨᠠᠮ ᠤᠨ ᠲᠥᠪ ᠬᠤᠷᠢᠶᠠᠨ ᠤ ᠳᠡᠮᠵᠢᠯᠭᠡ ᠶᠢᠨ ᠳᠣᠣᠷ᠎ᠠ ᠬᠥᠭᠵᠢᠵᠦ ᠢᠷᠡᠭᠰᠡᠨ ᠶᠤᠮ᠂ ᠥᠪᠥᠷ ᠮᠣᠩᠭᠤᠯ ᠤᠨ ᠠᠵᠢᠯ ᠤᠨ ᠳᠤᠮᠳᠠ ᠭᠠᠷᠤᠭᠰᠠᠨ ᠬᠦᠨᠳᠦ ᠶᠡᠭᠡ ᠠᠳᠡᠭᠦᠦ ᠪᠤᠷᠤᠭᠤ ᠶᠢ ᠴᠥᠮ ᠨᠠᠮ ᠤᠨ ᠲᠥᠪ ᠬᠤᠷᠢᠶ᠎ᠠ ᠠᠴᠠ ᠬᠠᠪᠰᠤᠷᠤᠨ ᠵᠠᠯᠠᠷᠠᠭᠤᠯᠤᠭᠰᠠᠨ ᠶᠤᠮ᠃ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠠᠮᠵᠢᠯᠲᠠ ᠪᠦᠲᠦᠮᠵᠢ ᠪᠣᠯ ᠶᠡᠷᠦᠩᠬᠡᠶ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠠ ᠵᠢᠯᠣᠭᠤᠳᠣᠯᠭ᠎ᠠ ᠳᠣᠤᠷ᠎ᠠ ᠣᠯᠤᠭᠰᠠᠨ ᠶᠤᠮ᠃ ᠥᠪᠥᠷ ᠮᠣᠩᠭᠤᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ ᠤ ᠬᠤᠪᠢ ᠳᠤ ᠨᠠᠮ ᠤᠨ ᠦᠭᠡ ᠶᠢ ᠰᠣᠨᠣᠰᠬᠤ ᠲᠠᠯ᠎ᠠ ᠪᠠᠷ ᠵᠢᠱᠢᠶᠡᠴᠢ ᠪᠣᠯᠤᠭᠰᠠᠨ ᠶᠤᠮ᠃︾ ᠭᠡᠬᠦ ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ ᠤᠨ ᠲᠣᠭᠤᠷᠢᠨ ᠳᠤ᠂ ᠬᠢᠯᠪᠠᠷ ᠣᠶᠢᠯᠠᠭᠠᠮᠵᠢᠲᠠᠢ ᠦᠭᠡ ᠬᠡᠯᠡ ᠪᠠᠷ ᠠᠯᠠᠱᠠ ᠵᠡᠭᠦᠨ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠣᠯᠣᠭᠰᠠᠨ ᠠᠮᠵᠢᠯᠲᠠ ᠪᠦᠲᠦᠮᠵᠢ ᠪᠠ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠵᠤ᠂ ᠣᠯᠠᠨ ᠲᠦᠮᠡᠨ ᠳᠤ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠭᠡᠯ ᠢ ᠦᠨᠡᠨᠬᠦ ᠮᠡᠳᠡᠷᠡᠭᠦᠯᠦᠨ᠎ᠡ︔ ᠡᠭᠦᠨ ᠤ ᠬᠠᠮᠲᠤ ᠠᠬᠠᠮᠠᠳ ᠨᠠᠮ ᠤᠨ ᠭᠡᠰᠢᠭᠦᠨ ᠲᠠᠢ ᠳᠣᠲᠣᠨᠣ ᠪᠠᠷ ᠶᠠᠷᠢᠯᠴᠠᠵᠤ᠂ ᠠᠬᠠᠮᠠᠳ ᠨᠠᠮ ᠤᠨ ᠭᠡᠰᠢᠭᠦᠨ ᠤ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠠᠬᠠᠮᠠᠳ ᠨᠠᠮ ᠤᠨ ᠭᠡᠰᠢᠭᠦᠨ ᠤ ᠡᠷᠡᠭᠦᠯ ᠴᠢᠭᠢᠷᠠᠭ ᠤᠨ ᠪᠠᠶᠢᠳᠠᠯ ᠪᠠ ᠠᠮᠢᠳᠤᠷᠠᠯ ᠤᠨ ᠬᠡᠷᠡᠭᠴᠡᠭᠡ ᠶᠢ ᠨᠠᠷᠢᠨ ᠣᠶᠢᠯᠠᠭᠠᠪᠠ᠃      ᠡᠨᠡ ᠤᠳᠠᠭ᠎ᠠ ᠶᠢᠨ ᠠᠵᠢᠯᠯᠠᠭ᠎ᠠ ᠨᠢ ᠨᠠᠰᠤ ᠠᠬᠠᠰᠢᠷᠠᠵᠤ ᠪᠡᠶ᠎ᠡ ᠮᠠᠭᠤᠳᠠᠭᠰᠠᠨ ᠠᠬᠠᠮᠠᠳ ᠨᠠᠮ ᠤᠨ ᠭᠡᠰᠢᠭᠦᠨ ᠤ ᠨᠠᠮ ᠤᠨ ᠰᠢᠨ᠎ᠡ ᠡᠭᠦᠳᠦᠯᠲᠡ ᠶᠢᠨ ᠤᠨᠤᠯ ᠢ ᠴᠠᠭ ᠲᠤᠬᠠᠢ ᠳᠤᠨᠢ ᠲᠠᠭᠠᠨ ᠰᠤᠷᠤᠯᠴᠠᠬᠤ ᠶᠢ ᠠᠬᠢᠭᠤᠯᠵᠤ ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠠᠬᠠᠮᠠᠳ ᠨᠠᠮ ᠤᠨ ᠭᠡᠰᠢᠭᠦᠨ ᠳᠤ ᠬᠠᠨᠳᠤᠭᠤᠯᠤᠭᠰᠠᠨ ᠬᠠᠶᠢᠷ᠎ᠠ ᠬᠠᠯᠠᠮᠵᠢ ᠶᠢ ᠳᠠᠮᠵᠢᠭᠤᠯᠵᠤ᠂ ᠠᠬᠠᠮᠠᠳ ᠨᠠᠮ ᠤᠨ ᠭᠡᠰᠢᠭᠦᠨ ᠤ ᠬᠠᠷᠢᠶᠠᠯᠠᠭᠳᠠᠬᠤ ᠰᠡᠳᠬᠢᠯᠭᠡ ᠶᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ᠂ ᠲᠥᠪᠯᠡᠩᠭᠦᠢ ᠬᠦᠴᠦᠨ ᠢ ᠨᠡᠮᠡᠭᠳᠡᠭᠦᠯᠵᠦ᠂ ᠨᠠᠮ ᠤᠨ ᠭᠡᠰᠢᠭᠦᠨ ᠤ ᠨᠠᠰᠤᠨ ᠲᠤᠷᠰᠢᠲᠠ ᠰᠤᠷᠤᠯᠴᠠᠵᠤ ᠨᠠᠮ ᠢᠶᠠᠨ ᠳᠠᠭᠠᠬᠤ ᠬᠠᠯᠠᠭᠤᠨ ᠰᠡᠳᠬᠢᠯᠭᠡ ᠶᠢ ᠬᠥᠭᠵᠢᠭᠡᠭᠰᠡᠨ ᠪᠠᠶᠢᠨ᠎ᠠ᠃
 
ᠢᠷᠡᠯᠲᠡ᠄ ᠣᠯᠠᠨᠪᠤᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号