ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠴᠡᠷᠢᠭ ᠠᠴᠠ ᠬᠠᠯᠠᠭᠳᠠᠭᠰᠠᠳ ᠢ ᠲᠣᠬᠤᠨᠢᠭᠤᠯᠵᠠᠢ
ᠨᠡᠶᠢᠲᠡᠯᠡᠭᠰᠡᠨ ᠴᠠᠭ᠄
2024/3/18
     ᠣᠶᠢᠷ᠎ᠠ ᠶᠢᠨ ᠡᠳᠦᠷ᠂ ᠰᠢᠨᠬᠤᠸᠠ ᠵᠡᠭᠡᠯᠢ ᠭᠤᠳᠤᠮᠵᠢ ᠶᠢᠨ ᠬᠢᠨ ᠬᠠᠷᠢᠶᠠᠨ ᠳᠠᠬᠢ ᠠᠬᠠᠮᠠᠳ ᠴᠡᠷᠢᠭ᠂ ᠬᠦᠴᠢᠷᠳᠡᠯ ᠲᠠᠢ ᠴᠡᠷᠢᠭ ᠠᠴᠠ ᠬᠠᠯᠠᠭᠳᠠᠭᠰᠠᠳ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠡᠷᠦᠬᠡ ᠶᠢᠨ ᠴᠡᠷᠢᠭ ᠠᠴᠠ ᠬᠠᠯᠠᠭᠳᠠᠭᠰᠠᠳ ᠢ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃
     ᠡᠷᠦᠬᠡ ᠪᠦᠷᠢ ᠳᠤ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠺᠠᠳ᠋ᠷᠴᠤᠳ ᠪᠦᠷ ᠲᠡᠳᠡᠨ ᠤ ᠪᠡᠶ᠎ᠡ ᠮᠠᠬᠠᠪᠤᠳ ᠪᠠ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠵᠤ᠂ ᠪᠣᠳᠠᠲᠠᠢ ᠬᠦᠴᠢᠷᠳᠡᠯ ᠪᠣᠯᠣᠨ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠵᠤ᠂ ᠲᠡᠳᠡᠨ ᠤ ᠲᠤᠬᠠᠢ ᠶᠢᠨ ᠵᠢᠯ ᠳᠤ ᠡᠬᠡ ᠤᠯᠤᠰ ᠤᠨ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ ᠴᠡᠷᠢᠭ ᠲᠤ ᠡᠯᠰᠡᠭᠳᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠪᠣᠯᠣᠨ ᠠᠷᠠᠳ ᠲᠦᠮᠡᠨ ᠤ ᠵᠣᠯ ᠵᠢᠷᠭᠠᠯᠲᠤ ᠠᠮᠢᠳᠤᠷᠠᠯ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠲᠣᠬᠤᠨᠢᠭᠤᠯᠬᠤ ᠪᠣᠳᠠᠰ ᠢ ᠲᠡᠳᠡᠨ ᠳᠤ ᠬᠦᠷᠭᠡᠵᠦ᠂ ᠲᠡᠳᠡᠨ ᠢ ᠢᠯᠡᠭᠦᠬᠡᠨ ᠪᠡᠶ᠎ᠡ ᠪᠠᠨ ᠬᠢᠴᠢᠶᠡᠵᠦ᠂ ᠴᠡᠷᠢᠭ ᠠᠴᠠ ᠬᠠᠯᠠᠭᠳᠠᠬᠤ ᠳᠤ ᠡᠷᠴᠢ ᠪᠠᠭᠤᠷᠠᠬᠤ ᠦᠭᠡᠢ ᠪᠠᠶᠢᠬᠤ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠵᠣᠷᠢᠯᠭ᠎ᠠ ᠪᠠᠷ ᠲᠤᠬᠠᠶᠢᠯᠠᠭᠰᠠᠨ ᠠᠵᠢᠯ ᠢᠶᠠᠨ ᠰᠠᠶᠢᠲᠤᠷ ᠭᠦᠢᠴᠡᠳᠬᠡᠬᠦ ᠬᠡᠷᠡᠭᠲᠡᠢ ᠭᠡᠵᠦ ᠵᠠᠬᠢᠪᠠ᠃      ᠡᠨᠡ ᠤᠳᠠᠭ᠎ᠠ ᠶᠢᠨ ᠠᠶᠢᠯᠴᠢᠯᠠᠨ ᠲᠣᠬᠤᠨᠢᠭᠤᠯᠵᠤ ᠪᠠᠶᠢᠭ᠎ᠠ ᠨᠢ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠺᠠᠳ᠋ᠷᠴᠤᠳ ᠨᠠᠮ ᠪᠠ ᠵᠠᠰᠠᠭ ᠤᠨ ᠣᠷᠳᠣᠨ ᠤ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠡᠪᠦᠷᠯᠡᠨ᠂ ᠴᠡᠷᠢᠭ ᠠᠴᠠ ᠬᠠᠯᠠᠭᠳᠠᠭᠰᠠᠳ ᠢ ᠦᠵᠡᠯ ᠰᠠᠨᠠᠭᠠᠨ ᠤ ᠲᠠᠯ᠎ᠠ ᠪᠠᠷ ᠬᠠᠯᠠᠮᠵᠢᠯᠠᠵᠤ᠂ ᠠᠮᠢᠳᠤᠷᠠᠯ ᠤᠨ ᠲᠠᠯ᠎ᠠ ᠪᠠᠷ ᠬᠠᠷᠠᠭᠠᠯᠵᠠᠵᠤ᠂ ᠣᠶᠤᠨ ᠰᠠᠨᠠᠭᠠᠨ ᠤ ᠲᠠᠯ᠎ᠠ ᠪᠠᠷ ᠬᠠᠯᠠᠮᠵᠢᠯᠠᠵᠤ᠂ ᠴᠡᠷᠢᠭ ᠠᠴᠠ ᠬᠠᠯᠠᠭᠳᠠᠭᠰᠠᠳ ᠤᠨ ᠢᠷᠠᠭᠤ ᠠᠯᠳᠠᠷ ᠤᠨ ᠰᠡᠳᠬᠢᠯᠭᠡ᠂ ᠬᠠᠷᠢᠶᠠᠯᠠᠭᠳᠠᠬᠤ ᠰᠡᠳᠬᠢᠯᠭᠡ᠂ ᠬᠦᠷᠲᠡᠮᠵᠢ ᠶᠢᠨ ᠰᠡᠳᠬᠢᠯᠭᠡ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠲᠡᠳᠡᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨ ᠬᠦ ᠣᠶᠢᠯᠠᠭᠠᠭᠤᠯᠵᠤ᠂ ᠨᠡᠩ ᠴᠤ ︽ᠴᠡᠷᠢᠭ ᠨᠢ ᠠᠷᠠᠳ ᠢᠶᠠᠨ ᠬᠠᠶᠢᠷᠠᠯᠠᠬᠤ᠂ ᠠᠷᠠᠳ ᠨᠢ ᠴᠡᠷᠢᠭ ᠢᠶᠠᠨ ᠬᠦᠷᠢᠶᠡᠯᠡᠬᠦ᠂ ᠴᠡᠷᠢᠭ ᠠᠷᠠᠳ ᠨᠢ ᠵᠢᠭᠠᠰᠤ ᠤᠰᠤ ᠨᠢ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠬᠤ︾ ᠰᠠᠶᠢᠨ ᠰᠠᠶᠢᠬᠠᠨ ᠨᠡᠶᠢᠭᠡᠮ ᠤᠨ ᠣᠷᠴᠢᠨ ᠨᠥᠬᠦᠴᠡᠯ ᠢ ᠭᠦᠢᠴᠡᠳ ᠪᠤᠢ ᠪᠣᠯᠭᠠᠬᠤ ᠶᠢᠨ ᠬᠠᠮᠲᠤ ᠨᠡᠶᠢᠭᠡᠮ ᠤᠨ ᠵᠠᠯᠠᠭᠤᠴᠤᠳ ᠤᠨ ᠴᠡᠷᠢᠭ ᠲᠤ ᠣᠷᠣᠵᠤ ᠴᠡᠷᠢᠭ ᠢᠶᠠᠨ ᠬᠠᠶᠢᠷᠠᠯᠠᠵᠤ ᠴᠡᠷᠢᠭ ᠤᠨ ᠡᠷᠳᠡᠮ ᠰᠤᠷᠴᠤ ᠤᠯᠤᠰ ᠣᠷᠣᠨ ᠢᠶᠠᠨ ᠬᠠᠮᠠᠭᠠᠯᠠᠬᠤ ᠤᠯᠤᠰ ᠲᠦᠷᠦ ᠶᠢᠨ ᠬᠠᠯᠠᠭᠤᠨ ᠰᠡᠳᠬᠢᠯᠭᠡ ᠶᠢ ᠬᠥᠭᠵᠢᠭᠡᠭᠰᠡᠨ ᠪᠠᠶᠢᠨ᠎ᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号