ᠣᠯᠠᠨᠪᠤᠯᠠᠭ ᠪᠠᠯᠭᠠᠰᠤᠨ ᠤ ᠪᠠᠶᠠᠨᠮᠣᠳᠣ ᠭᠠᠴᠠᠭᠠᠨ ᠤ ᠨᠠᠮ ᠤᠨ ᠡᠭᠦᠷ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ︾ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/18
                 ᠪᠠᠶᠠᠨᠮᠤᠳᠤᠤ ᠭᠠᠴᠠᠭ᠎ᠠ ᠶᠢᠨ ᠨᠠᠮ ᠤᠨ ᠡᠭᠦᠷ ᠤᠨ ᠬᠢᠨ ᠳᠠᠭᠠᠭᠠᠨ ᠬᠠᠪᠰᠤᠷᠬᠤ ᠨᠢᠭᠡᠴᠢ ᠲᠠᠢ ᠬᠠᠮᠲᠤᠷᠠᠨ ᠭᠠᠴᠠᠭᠠᠨ ᠤ ᠠᠬᠠᠮᠠᠳ ᠨᠠᠰᠤᠲᠠᠶᠢᠴᠤᠳ᠂ ᠠᠬᠠᠮᠠᠳ ᠨᠠᠮ ᠤᠨ ᠭᠡᠰᠢᠭᠦᠨ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠪᠤᠷᠢ ᠶᠢᠨ ᠡᠷᠦᠬᠡ ᠶᠢᠨ ᠬᠢᠨ ᠳᠤ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ︾ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠲᠡᠳᠡᠨ ᠳᠤ ᠵᠥᠩᠨᠡᠯ ᠪᠠ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠵᠡᠢ᠃
     ᠲᠣᠬᠤᠨᠢᠭᠤᠯᠬᠤ ᠠᠵᠢᠯᠯᠠᠭ᠎ᠠ ᠨᠢ ᠡᠳ᠋ ᠪᠣᠳᠠᠰ ᠤᠨ ᠲᠠᠯ᠎ᠠ ᠪᠠᠷ ᠠᠬᠠᠮᠠᠳ ᠨᠠᠰᠤᠲᠠᠶᠢᠴᠤᠳ ᠲᠤ᠂ ᠬᠦᠴᠢᠷᠳᠡᠯᠲᠡᠢ ᠣᠯᠠᠨ ᠲᠦᠮᠡᠨ ᠳᠤ ᠯᠠᠪᠲᠠᠢ ᠬᠠᠪᠰᠤᠷᠤᠯᠭ᠎ᠠ ᠦᠵᠡᠭᠦᠯᠵᠦ᠂ ᠨᠠᠩ ᠴᠤ ᠣᠶᠤᠨ ᠰᠠᠨᠠᠭᠠᠨ ᠤ ᠲᠠᠯ᠎ᠠ ᠪᠠᠷ ᠵᠣᠷᠢᠭᠵᠢᠭᠤᠯᠤᠯ ᠦᠵᠡᠭᠦᠯᠬᠦ ᠪᠣᠯᠣᠨ᠎ᠠ᠃ ᠤᠯᠠᠨ ᠲᠦᠮᠡᠨ ᠳᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠪᠠ ᠬᠠᠶᠢᠷ᠎ᠠ ᠬᠠᠯᠠᠮᠵᠢ ᠶᠢ ᠡᠷᠴᠢᠮᠲᠡᠢ ᠮᠡᠳᠡᠷᠡᠭᠦᠯᠵᠦ᠂ ᠨᠠᠮ ᠪᠠ ᠤᠯᠠᠨ ᠲᠦᠮᠡᠨ ᠤ ᠬᠠᠷᠢᠴᠠᠭ᠎ᠠ ᠶᠢ ᠤᠯᠠᠮ ᠨᠢᠭᠲᠠᠷᠠᠭᠤᠯᠪᠠ᠃ ᠳᠠᠷᠠᠭᠠᠴᠢ ᠶᠢᠨ ᠠᠯᠬᠤᠮ ᠳᠤ᠂ ᠪᠠᠶᠠᠨᠮᠤᠳᠤᠤ ᠭᠠᠴᠠᠭ᠎ᠠ ᠶᠢᠨ ᠨᠠᠮ ᠤᠨ ᠡᠭᠦᠷ ᠵᠣᠷᠢᠯᠲᠠ ᠶᠢᠨ ᠤᠬᠠᠮᠰᠠᠷ ᠢᠶᠠᠨ ᠪᠠᠲᠤ ᠴᠡᠭᠡᠵᠢᠯᠡᠵᠦ᠂ ᠠᠷᠠᠳ ᠤᠨ ᠠᠮᠢᠳᠤᠷᠠᠯ ᠢ ᠪᠠᠲᠤᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠨᠠᠮ ᠪᠣᠯᠣᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨᠬᠦ ᠤᠯᠠᠨ ᠲᠦᠮᠡᠨ ᠤ ᠳᠡᠷᠭᠡᠳᠡ ᠬᠦᠷᠭᠡᠨ᠎ᠡ᠃
 
ᠢᠷᠡᠯᠲᠡ᠄ ᠣᠯᠠᠨᠪᠤᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号