ᠣᠯᠠᠨᠪᠤᠯᠠᠭ ᠪᠠᠯᠭᠠᠰᠤᠨ ᠤ ᠲᠥᠬᠦᠮ ᠭᠠᠴᠠᠭ᠎ᠠ ᠶᠢᠨ ᠨᠠᠮ ᠤᠨ ᠡᠭᠦᠷ ︽ᠢᠷᠦᠭᠡᠯ ᠳᠡᠪᠰᠢᠭᠦᠯᠵᠦ ᠭᠠᠷ ᠬᠤᠯᠪᠣᠨ ᠰᠢᠨ᠎ᠡ ᠠᠶᠠᠨ ᠵᠠᠮ ᠢᠶᠠᠨ ᠡᠷᠡᠯᠬᠡᠭᠯᠡᠨ ᠤᠷᠤᠭᠰᠢᠯᠠᠶ᠎ᠠ︾ ᠭᠡᠬᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/3/18
         ᠭᠠᠴᠠᠭᠠᠨ ᠤ ᠬᠦᠴᠢᠷᠳᠡᠯᠲᠡᠢ ᠣᠯᠠᠨ ᠲᠦᠮᠡᠨ ᠵᠢᠴᠢ ᠠᠬᠠᠮᠠᠳ ᠨᠠᠮ ᠤᠨ ᠭᠡᠰᠢᠭᠦᠨ ᠢ ᠨᠠᠮ ᠤᠨ ᠠᠴᠢ ᠶᠢ ᠮᠡᠳᠡᠷᠡᠭᠦᠯᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ ᠶᠠᠪᠤᠬᠤ ᠵᠣᠷᠢᠯᠭ᠎ᠠ ᠪᠠᠷ᠂ ᠣᠶᠢᠷ᠎ᠠ ᠶᠢᠨ ᠡᠳᠦᠷ᠂ ᠲᠥᠬᠦᠮ ᠭᠠᠴᠠᠭᠠᠨ ᠤ ᠨᠠᠮ ᠤᠨ ᠡᠭᠦᠷ᠂ ᠬᠤᠰᠢᠭᠤᠨ ᠬᠤᠲᠠ ᠶᠢᠨ ᠪᠡᠯᠡ ᠣᠷᠣᠭᠤᠯᠤᠯᠲᠠ ᠶᠢᠨ ᠺᠣᠮᠫᠠᠨᠢ ᠶᠢᠨ ᠨᠠᠮ ᠤᠨ ᠡᠭᠦᠷ ᠬᠠᠮᠲᠤᠷᠠᠨ ︽ᠢᠷᠦᠭᠡᠯ ᠳᠡᠪᠰᠢᠭᠦᠯᠵᠦ᠂ ᠭᠠᠷ ᠬᠤᠯᠪᠣᠨ ᠰᠢᠨ᠎ᠡ ᠠᠶᠠᠨ ᠵᠠᠮ ᠳᠠᠭᠠᠨ ᠤᠷᠤᠭᠰᠢᠯᠠᠶ᠎ᠠ︾ ᠭᠡᠬᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ᠃
     ᠠᠵᠢᠯᠯᠠᠭ᠎ᠠ ᠶᠢᠨ ᠳᠤᠮᠳᠠ᠂ ᠭᠠᠴᠠᠭᠠᠨ ᠤ ᠬᠦᠴᠢᠷᠳᠡᠯᠲᠡᠢ ᠣᠯᠠᠨ ᠲᠦᠮᠡᠨ ᠪᠠ ᠠᠬᠠᠮᠠᠳ ᠨᠠᠮ ᠤᠨ ᠭᠡᠰᠢᠭᠦᠨ ᠳᠤ ᠬᠤᠣᠰ ᠤᠶᠠᠩᠭ᠎ᠠ ᠵᠢᠴᠢ ᠠᠮᠤ ᠪᠤᠳᠠᠭ᠎ᠠ ᠲᠣᠰᠣ ᠵᠡᠷᠭᠡ ᠠᠮᠢᠳᠤᠷᠠᠯ ᠤᠨ ᠬᠡᠷᠡᠭᠰᠡᠯ ᠢ ᠬᠦᠷᠭᠡᠬᠦ ᠶᠢᠨ ᠬᠠᠮᠲᠤ ᠲᠡᠳᠡᠨ ᠲᠠᠢ ᠵᠣᠭᠤᠭ ᠳᠡᠯᠭᠡᠵᠦ᠂ ᠠᠮᠢᠳᠤᠷᠠᠯ ᠤᠨ ᠪᠠᠶᠢᠳᠠᠯ ᠢ ᠨᠢ ᠠᠰᠠᠭᠤᠵᠤ᠂ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠪᠠ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ ᠨᠢ ᠨᠠᠷᠢᠨ ᠠᠰᠠᠭᠤᠨ ᠯᠠᠪᠯᠠᠵᠠᠢ᠃ ᠲᠡᠳᠡᠨ ᠲᠠᠢ ᠬᠥᠭᠵᠢᠯᠲᠡ ᠶᠢᠨ ᠲᠠᠩᠰᠠ᠂ ᠠᠷᠠᠳ ᠲᠤ ᠠᠰᠢᠭ ᠬᠦᠷᠲᠡᠭᠡᠬᠦ ᠲᠠᠩᠰᠠ ᠶᠢ ᠨᠢᠭᠤᠷᠲᠠᠨ ᠪᠤᠳᠤᠵᠤ᠂ ᠨᠠᠮ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠵᠤ᠂ ᠨᠠᠮ ᠤᠨ ᠲᠠᠭᠤᠨ᠂ ᠬᠠᠯᠠᠮᠵᠢᠯᠠᠯ ᠪᠠ ᠬᠠᠯᠠᠮᠵᠢᠯᠠᠯ ᠢ ᠬᠦᠴᠢᠷᠳᠡᠯᠲᠡᠢ ᠣᠯᠠᠨ ᠲᠦᠮᠡᠨ ᠤ ᠳᠡᠷᠭᠡᠳᠡ ᠦᠨᠡᠨ ᠬᠦ ᠬᠦᠷᠭᠡᠪᠡ᠃      ᠨᠠᠮ ᠤᠨ ᠡᠳᠦᠷ ᠤᠨ ᠠᠵᠢᠯᠯᠠᠭ᠎ᠠ ᠳᠤ᠂ ᠨᠠᠮ ᠳᠤ ᠣᠷᠣᠬᠤ ᠲᠠᠩᠭᠠᠷᠢᠭ ᠤᠨ ᠦᠭᠡᠰ ᠢ ᠲᠠᠬᠢᠨ ᠡᠷᠭᠢᠴᠡᠭᠦᠯᠬᠦ ᠪᠠᠷ ᠳᠠᠮᠵᠢᠭᠤᠯᠵᠤ᠂ ᠪᠦᠬᠦ ᠨᠠᠮ ᠤᠨ ᠭᠡᠰᠢᠭᠦᠨ ᠳᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠭᠦᠯᠪᠡ᠃ ᠪᠠᠰᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠡᠷᠬᠡᠪᠰᠢ ᠲᠥᠪ ᠬᠤᠷᠢᠶᠠᠨ ᠤ ᠨᠢᠭᠡᠳᠦᠭᠡᠷ ᠲᠣᠭᠠᠲᠤ ᠠᠷᠪᠠᠨ ᠬᠤᠶᠠᠷ ᠪᠢᠴᠢᠭ ᠮᠠᠲ᠋ᠧᠷᠢᠶᠠᠯ ᠵᠡᠷᠭᠡ ᠲᠠᠢ ᠤᠶᠠᠯᠳᠤᠭᠤᠯᠤᠨ᠂ ᠨᠠᠮ ᠤᠨ ᠭᠡᠰᠢᠭᠦᠨ᠂ ᠺᠠᠳ᠋ᠷ ᠵᠢᠴᠢ ᠤᠯᠠᠨ ᠲᠦᠮᠡᠨ ᠤ ᠲᠥᠯᠥᠭᠡᠯᠡᠭᠴᠢᠳ ᠲᠤ ᠤᠬᠠᠭᠤᠯᠤᠨ ᠲᠠᠶᠢᠯᠪᠤᠷᠢᠯᠠᠵᠤ᠂ ︽ᠦᠵᠡᠯ ᠰᠠᠨᠠᠭ᠎ᠠ ᠶᠢ ᠰᠤᠷᠤᠯᠴᠠᠬᠤ︾ ᠨᠣᠮ ᠤᠩᠰᠢᠬᠤ ᠶᠢ ᠬᠠᠮᠲᠤ ᠪᠠᠷ ᠡᠳ᠋ᠯᠡᠬᠦ ᠬᠤᠷᠠᠯ ᠢ ᠥᠷᠨᠢᠭᠦᠯᠪᠡ᠃ ᠤᠬᠠᠭᠤᠯᠤᠨ ᠲᠠᠶᠢᠯᠪᠤᠷᠢᠯᠠᠵᠤ ᠳᠠᠭᠤᠰᠤᠭᠰᠠᠨ ᠤ ᠳᠠᠷᠠᠭ᠎ᠠ ᠪᠠᠰᠠ ᠬᠤᠷᠠᠭᠰᠠᠨ ᠴᠠᠰᠤ ᠶᠢ ᠴᠡᠪᠡᠷᠯᠡᠬᠦ ᠪᠠ ᠨᠣᠮ ᠪᠡᠯᠡᠭᠯᠡᠬᠦ ᠠᠵᠢᠯᠯᠠᠭ᠎ᠠ ᠥᠷᠨᠢᠭᠦᠯᠪᠡ᠃
 
ᠢᠷᠡᠯᠲᠡ᠄ ᠣᠯᠠᠨᠪᠤᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号