ᠪᠠᠶᠠᠨᠬᠤᠲᠠ ᠪᠠᠯᠭᠠᠰᠤ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ ᠨᠤᠲᠤᠭ ᠪᠡᠯᠴᠢᠭᠡᠷ ᠤᠨ ᠭᠠᠯ ᠲᠦᠢᠮᠡᠷ ᠤᠨ ᠠᠶᠤᠯ ᠭᠠᠮᠰᠢᠭ ᠠᠴᠠ ᠰᠡᠷᠭᠡᠶᠢᠯᠡᠬᠦ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ
ᠨᠡᠶᠢᠲᠡᠯᠡᠭᠰᠡᠨ ᠴᠠᠭ᠄
2024/3/18
      ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠠᠶᠤᠯ ᠭᠠᠮᠰᠢᠭ ᠠᠴᠠ ᠰᠡᠷᠭᠡᠶᠢᠯᠡᠬᠦ ᠠᠵᠢᠯ ᠢ ᠦᠨᠡᠨᠬᠦ ᠰᠠᠶᠢᠲᠤᠷ ᠭᠦᠢᠴᠡᠳᠬᠡᠬᠦ ᠵᠣᠷᠢᠯᠭ᠎ᠠ ᠪᠠᠷ᠂ ᠣᠶᠢᠷ᠎ᠠ ᠶᠢᠨ ᠡᠳᠦᠷ᠂ ᠪᠠᠶᠠᠨᠬᠤᠲᠠ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ︵ᠪᠠᠶᠠᠨᠬᠤᠲᠠ ᠪᠠᠯᠭᠠᠰᠤᠨ ᠤ ᠳᠤᠮᠳᠠ ᠠᠩᠭᠢ︶᠎ ᠶᠢᠨ ᠬᠢᠨ ᠭᠠᠯ ᠲᠦᠢᠮᠡᠷ ᠤᠨ ᠠᠶᠤᠯ ᠭᠠᠮᠰᠢᠭ ᠠᠴᠠ ᠰᠡᠷᠭᠡᠶᠢᠯᠡᠬᠦ ᠬᠠᠷᠢᠭᠤᠴᠠᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠪᠠᠨ ᠲᠠᠰᠤᠷᠠᠯᠲᠠ ᠦᠭᠡᠢ ᠴᠢᠩᠭᠠᠳᠬᠠᠨ᠂ ᠬᠠᠷᠢᠶ᠎ᠠ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠠᠶᠤᠯ ᠭᠠᠮᠰᠢᠭ ᠠᠴᠠ ᠰᠡᠷᠭᠡᠶᠢᠯᠡᠬᠦ ᠠᠵᠢᠯ ᠤᠨ ᠠᠮᠤᠷ ᠲᠦᠪᠰᠢᠨ ᠢ ᠦᠨᠡᠨᠬᠦ ᠪᠠᠲᠤᠯᠠᠪᠠ᠃
     ᠪᠠᠯᠭᠠᠰᠤᠨ ᠤ ᠬᠠᠤᠯᠢ ᠬᠡᠷᠡᠭᠵᠢᠭᠦᠯᠬᠦ ᠲᠣᠪᠴᠢᠶ᠎ᠠ ︵ᠳᠤᠮᠳᠠ ᠠᠩᠭᠢ︶᠎ ᠨᠢ ᠭᠠᠯ ᠲᠦᠢᠮᠡᠷ ᠤᠨ ᠠᠶᠤᠯ ᠭᠠᠮᠰᠢᠭ ᠠᠴᠠ ᠰᠡᠷᠭᠡᠶᠢᠯᠡᠬᠦ ᠲᠣᠭᠤᠷᠢᠨ ᠪᠠᠶᠢᠴᠠᠭᠠᠬᠤ ᠵᠢᠵᠢᠭᠦᠷ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠬᠡᠷᠡᠭᠵᠢᠭᠦᠯᠬᠦ ᠠᠵᠢᠯᠲᠠᠨ ᠨᠢ ᠪᠠᠶᠠᠨᠬᠤᠲᠠ ᠪᠠᠯᠭᠠᠰᠤ ᠶᠢᠨ ᠲᠣᠭᠤᠷᠢᠭ ᠤᠨ ᠭᠠᠳᠠᠭᠤᠷᠬᠢ ᠡᠯ᠎ᠡ ᠶᠡᠭᠡ ᠭᠠᠷᠬᠤ ᠡᠭᠦᠳᠡ ᠶᠢᠨ ᠨᠣᠭᠤᠭᠠᠷᠠᠭᠤᠯᠤᠯᠲᠠ᠂ ᠵᠠᠮ ᠳᠠᠭᠠᠤ ᠶᠢᠨ ᠬᠡᠭᠡᠷ᠎ᠡ ᠶᠢᠨ ᠭᠠᠯ ᠤᠨ ᠢᠷᠡᠯᠲᠡ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠭᠤᠣᠯᠳᠠᠯᠭ᠎ᠠ ᠲᠠᠢ ᠴᠢᠩᠭᠠᠳᠬᠠᠵᠤ᠂ ᠨᠤᠲᠤᠭ ᠪᠡᠯᠴᠢᠭᠡᠷ ᠤᠨ ᠠᠮᠤᠷ ᠲᠦᠪᠰᠢᠨ ᠤ ᠬᠡᠮ ᠡᠷᠡᠰᠳᠡᠯ ᠢ ᠨᠠᠷᠢᠪᠴᠢᠯᠠᠨ ᠪᠠᠶᠢᠴᠠᠭᠠᠬᠤ ᠪᠠᠨ ᠴᠢᠩᠭᠠᠳᠬᠠᠵᠤ᠂ ᠬᠦᠵᠢ ᠠᠰᠠᠭᠠᠵᠤ ᠴᠠᠭᠠᠰᠤ ᠰᠢᠲᠠᠭᠠᠬᠤ ᠬᠥᠮᠥᠰ ᠢ ᠡᠮᠬᠢ ᠵᠢᠷᠤᠮ ᠲᠠᠢ ᠪᠠᠷ ᠢᠳᠬᠠᠪᠠ᠃ ᠣᠳᠣᠬᠠᠨ ᠪᠣᠯᠲᠠᠯ᠎ᠠ᠂ ᠬᠠᠤᠯᠢ ᠬᠡᠷᠡᠭᠵᠢᠭᠦᠯᠬᠦ ᠠᠵᠢᠯᠲᠠᠨ ᠢ 70 ᠬᠥᠮᠥᠨ ᠤᠳᠠᠭ᠎ᠠ᠂ ᠮᠠᠰᠢᠨ ᠲᠡᠷᠭᠡ ᠶᠢ 14 ᠰᠠᠤᠷᠢ ᠤᠳᠠᠭ᠎ᠠ ᠬᠥᠳᠡᠯᠭᠡᠵᠡᠢ᠃ ︽ᠭᠠᠯ ᠤᠨ ᠠᠶᠤᠯ ᠢ ᠡᠷᠲᠡ ᠠᠷᠢᠯᠭᠠᠬᠤ᠂ ᠭᠠᠯ ᠤᠨ ᠠᠶᠤᠯ ᠢ ᠡᠷᠲᠡ ᠤᠷᠢᠳᠴᠢᠯᠠᠨ ᠮᠡᠳᠡᠭᠡᠯᠡᠬᠦ᠂ ᠭᠠᠯ ᠤᠨ ᠪᠠᠶᠢᠳᠠᠯ ᠢ ᠡᠷᠲᠡ ᠮᠡᠳᠡᠬᠦ᠂ ᠭᠠᠯ ᠤᠨ ᠠᠶᠤᠯ ᠢ ᠡᠷᠲᠡ ᠰᠢᠢᠳᠪᠦᠷᠢᠯᠡᠬᠦ︾᠎ ᠶᠢ ᠴᠢᠷᠮᠠᠶᠢᠨ ᠪᠡᠶᠡᠯᠡᠭᠦᠯᠵᠦ᠂ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠬᠤ ᠶᠢ ᠡᠷᠡᠰ ᠬᠤᠷᠢᠭᠯᠠᠭᠰᠠᠨ ᠪᠠᠶᠢᠨ᠎ᠠ᠃
 
ᠢᠷᠡᠯᠲᠡ᠄ ᠪᠠᠶᠠᠨᠬᠤᠲᠠ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号