ᠪᠠᠶᠠᠨᠬᠤᠲᠠ ᠪᠠᠯᠭᠠᠰᠤ᠄ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠣᠶ ᠰᠢᠭᠤᠢ ᠶᠢᠨ ᠰᠡᠷᠭᠡᠶᠢᠯᠡᠨ ᠭᠠᠯ ᠤᠨᠲᠠᠷᠠᠭᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ ᠪᠣᠢ
ᠨᠡᠶᠢᠲᠡᠯᠡᠭᠰᠡᠨ ᠴᠠᠭ᠄
2024/3/18
      ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠠᠶᠤᠯ ᠭᠠᠮᠰᠢᠭ ᠠᠴᠠ ᠰᠡᠷᠭᠡᠶᠢᠯᠡᠨ ᠤᠨᠲᠠᠷᠠᠭᠠᠬᠤ ᠠᠵᠢᠯ ᠢ ᠦᠨᠡᠨᠬᠦ ᠴᠢᠩᠭᠠᠳᠬᠠᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠰᠡᠷᠭᠡᠶᠢᠯᠡᠬᠦ ᠡᠷᠴᠢᠮ ᠢ ᠴᠢᠩᠭᠠᠷᠠᠭᠤᠯᠤᠨ᠂ ᠬᠠᠷᠢᠶᠠᠲᠤ ᠣᠷᠣᠨ ᠤ ᠣᠯᠠᠨ ᠲᠦᠮᠡᠨ ᠤ ᠠᠮᠤᠷ ᠲᠦᠪᠰᠢᠨ ᠢᠶᠠᠷ ᠭᠠᠯ ᠬᠡᠷᠡᠭᠯᠡᠬᠦ ᠪᠠ ᠭᠠᠯ ᠲᠦᠢᠮᠡᠷ ᠤᠨ ᠠᠶᠤᠯ ᠭᠠᠮᠰᠢᠭ ᠠᠴᠠ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠵᠦ᠂ ᠬᠠᠷᠢᠶᠠᠲᠤ ᠣᠷᠣᠨ ᠤ ᠣᠯᠠᠨ ᠲᠦᠮᠡᠨ ᠤ ᠠᠮᠤᠷ ᠲᠦᠪᠰᠢᠨ ᠢᠶᠠᠷ ᠴᠠᠭᠠᠨ ᠰᠠᠷ᠎ᠠ ᠪᠠᠨ ᠥᠩᠭᠡᠷᠡᠭᠦᠯᠬᠦ ᠶᠢ ᠦᠨᠡᠨᠬᠦ ᠪᠠᠲᠤᠯᠠᠬᠤ ᠵᠣᠷᠢᠯᠭ᠎ᠠ ᠪᠠᠷ᠂ᠣᠶᠢᠷ᠎ᠠ ᠳᠤ᠂ ᠪᠠᠶᠠᠨᠬᠤᠲᠠ ᠪᠠᠯᠭᠠᠰᠤ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠠᠶᠤᠯ ᠭᠠᠮᠰᠢᠭ ᠠᠴᠠ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠬᠡᠮ ᠡᠷᠡᠰᠳᠡᠯ ᠢ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠪᠡ᠃
      ᠪᠠᠶᠠᠨᠬᠤᠲᠠ ᠪᠠᠯᠭᠠᠰᠤ ᠪᠠᠶᠠᠷ ᠤᠨ ᠡᠳᠦᠷ ᠤᠨ ᠬᠤᠭᠤᠴᠠᠭᠠᠨ ᠳᠤ ᠣᠩᠭᠤᠨ ᠳᠤ ᠭᠠᠷᠴᠤ ᠲᠠᠬᠢᠯ ᠡᠷᠭᠦᠬᠦ᠂ ᠲᠥᠷᠥᠯ ᠰᠠᠳᠤᠨ ᠨᠠᠶᠢᠵᠠ ᠨᠥᠬᠦᠳ ᠲᠠᠢ ᠪᠠᠨ ᠠᠶᠢᠯᠴᠢᠯᠠᠬᠤ᠂ ᠭᠠᠳᠠᠭᠰᠢ ᠭᠠᠷᠴᠤ ᠵᠤᠭᠠᠴᠠᠨ ᠨᠠᠭᠠᠳᠬᠤ ᠠᠵᠢᠯᠯᠠᠭ᠎ᠠ ᠣᠯᠠᠰᠢᠷᠠᠵᠤ ᠪᠠᠶᠢᠭ᠎ᠠ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠤᠷᠢᠳᠴᠢᠯᠠᠨ ᠠᠷᠭ᠎ᠠ ᠰᠦᠪᠡᠭᠴᠢᠯᠡᠵᠦ ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠬᠡᠮ ᠡᠷᠡᠰᠳᠡᠯ ᠢ ᠪᠠᠶᠢᠴᠠᠭᠠᠬᠤ ᠪᠠ ᠰᠡᠷᠭᠡᠶᠢᠯᠡᠨ ᠤᠬᠠᠭᠤᠯᠬᠤ ᠠᠵᠢᠯ ᠎ ᠢ ᠰᠠᠶᠢᠲᠤᠷ ᠭᠦᠢᠴᠡᠳᠬᠡᠬᠦ ᠬᠡᠷᠡᠭᠲᠡᠢ᠃ ᠡᠯ᠎ᠡ ᠭᠠᠴᠠᠭ᠎ᠠ ︵ᠭᠠᠴᠠᠭᠠᠨ︶᠎ ᠶᠢ ᠴᠠᠭ ᠲᠤᠬᠠᠢ ᠳᠤᠨᠢ ᠰᠢᠮᠳᠠᠭᠤᠯᠵᠤ ᠪᠠᠶᠢᠭᠠᠳ ᠣᠶ ᠰᠢᠭᠤᠢ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠵᠤ᠂ ᠭᠠᠴᠠᠭ᠎ᠠ ᠭᠠᠴᠠᠭᠠᠨ ᠤ ᠺᠠᠳ᠋ᠷ᠂ ᠣᠶ ᠬᠠᠮᠠᠭᠠᠯᠠᠭᠴᠢ ᠵᠡᠷᠭᠡ ᠶᠢᠨ ᠲᠤᠬᠠᠢ ᠰᠠᠨᠠᠭᠤᠯᠭ᠎ᠠ ᠶᠢ ᠴᠢᠩᠭᠠᠳᠬᠠᠵᠤ᠂ ᠪᠤᠩᠬᠤᠨ ᠳᠤ ᠭᠠᠷᠤᠭᠰᠠᠨ ᠳᠠᠬᠢᠯᠭ᠎ᠠ ᠶᠢᠨ ᠬᠥᠮᠥᠰ ᠢ ᠲᠣᠭᠲᠠᠭᠰᠠᠨ ᠭᠠᠵᠠᠷ ᠲᠤ ᠬᠦᠷᠴᠦ ᠳᠠᠬᠢᠯᠭ᠎ᠠ ᠶᠢᠨ ᠠᠵᠢᠯᠯᠠᠭ᠎ᠠ ᠥᠷᠨᠢᠭᠦᠯᠬᠦ ᠶᠢ ᠢᠳᠡᠪᠬᠢᠲᠡᠢ ᠢᠳᠬᠠᠨ ᠰᠤᠷᠭᠠᠵᠤ᠂ ᠡᠭᠦᠨ ᠤ ᠵᠡᠷᠭᠡ ᠳᠤ᠂ ᠲᠣᠭᠤᠷᠢᠨ ᠪᠠᠶᠢᠴᠠᠭᠠᠵᠤ ᠰᠡᠷᠭᠡᠶᠢᠯᠡᠨ ᠬᠠᠮᠠᠭᠠᠯᠠᠬᠤ ᠡᠷᠴᠢᠮ ᠪᠣᠯᠣᠨ ᠤᠳᠠᠭ᠎ᠠ ᠳᠠᠷᠠᠭ᠎ᠠ ᠪᠠᠨ ᠴᠢᠩᠭᠠᠷᠠᠭᠤᠯᠵᠤ᠂ ᠣᠯᠠᠨ ᠲᠦᠮᠡᠨ ᠤ ᠰᠢᠭᠤᠶᠢᠲᠤ ᠣᠷᠣᠨ ᠳᠤ ᠲᠠᠮᠠᠬᠢ ᠲᠠᠲᠠᠬᠤ ᠦᠭᠡᠢ᠂ ᠰᠢᠭᠤᠶᠢᠲᠤ ᠣᠷᠣᠨ ᠳᠤ ᠴᠠᠭᠠᠰᠤᠨ ᠳᠡᠭᠡᠷ᠎ᠡ ᠬᠦᠵᠢ ᠡᠷᠭᠦᠬᠦ ᠦᠭᠡᠢ᠂ ᠰᠢᠭᠤᠶᠢᠲᠤ ᠣᠷᠣᠨ ᠳᠤ ᠬᠤᠸᠠᠷ ᠫᠤᠤᠵᠢᠩ ᠲᠠᠯᠪᠢᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠣᠯᠠᠨ ᠲᠦᠮᠡᠨ ᠤ ᠬᠡᠭᠡᠷ᠎ᠡ ᠭᠠᠳᠠᠨ᠎ᠠ ᠳᠤᠷ᠎ᠠ ᠪᠠᠷ ᠢᠶᠠᠨ ᠭᠠᠯ ᠬᠡᠷᠡᠭᠯᠡᠬᠦ ᠦᠭᠡᠢ ᠪᠠᠶᠢᠬᠤ ᠦᠶᠯᠡ ᠠᠵᠢᠯᠯᠠᠭ᠎ᠠ ᠶᠢ ᠬᠥᠲᠥᠯᠥᠨ ᠵᠢᠯᠤᠭᠤᠳᠴᠤ᠂ ᠲᠠᠮᠠᠬᠢᠨ ᠶᠣᠵᠣᠭᠤᠷ ᠶᠢ ᠳᠤᠷ᠎ᠠ ᠪᠠᠷ ᠢᠶᠠᠨ ᠬᠠᠶᠠᠬᠤ ᠦᠶᠯᠡ ᠠᠵᠢᠯᠯᠠᠭ᠎ᠠ ᠶᠢ ᠲᠠᠶᠠᠭᠳᠠᠭᠤᠯᠵᠤ᠂ ᠰᠢᠭᠤᠶᠢᠲᠤ ᠣᠷᠣᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠲᠠᠯ᠎ᠠ ᠨᠤᠲᠤᠭ ᠤᠨ ᠣᠶ ᠰᠢᠭᠤᠢ ᠶᠢᠨ ᠭᠠᠯ ᠲᠦᠢᠮᠡᠷ ᠤᠨ ᠠᠶᠤᠯ ᠭᠠᠮᠰᠢᠭ ᠡᠭᠦᠰᠬᠦ ᠶᠢ ᠪᠥᠬᠦ ᠲᠠᠯ᠎ᠠ ᠪᠠᠷ ᠰᠡᠷᠭᠡᠶᠢᠯᠡᠪᠡ᠃      ᠠᠮᠤᠷ ᠲᠦᠪᠰᠢᠨ ᠳᠤ ᠪᠠᠭ᠎ᠠ ᠶᠠᠪᠤᠳᠠᠯ ᠭᠡᠵᠦ ᠦᠭᠡᠢ᠂ ᠰᠣᠨᠣᠷ ᠰᠡᠷᠡᠮᠵᠢ ᠪᠠᠨ ᠠᠯᠳᠠᠵᠤ ᠪᠣᠯᠬᠤ ᠦᠭᠡᠢ᠃ ᠪᠠᠶᠠᠨᠬᠤᠲᠠ ᠪᠠᠯᠭᠠᠰᠤ ᠶᠢᠨ ᠬᠢᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠥᠮᠥᠨ ᠢ ᠬᠠᠮᠢᠶᠠᠷᠴᠤ᠂ ᠲᠦᠢᠮᠡᠷ ᠢ ᠰᠡᠷᠭᠡᠶᠢᠯᠡᠵᠦ᠂ ᠤᠯᠠᠨ ᠲᠦᠮᠡᠨ ᠤ ᠠᠮᠤᠷ ᠲᠦᠪᠰᠢᠨ ᠵᠣᠯ ᠵᠢᠷᠭᠠᠯᠲᠤ ᠵᠢᠯ ᠢ ᠰᠠᠶᠢᠲᠤᠷ ᠥᠩᠭᠡᠷᠡᠭᠦᠯᠬᠦ ᠳᠤ ᠦᠨᠡᠨᠬᠦ ᠪᠠᠲᠤ ᠪᠠᠬᠢ ᠪᠠᠲᠤᠯᠠᠭ᠎ᠠ ᠬᠠᠩᠭᠠᠬᠤ ᠪᠣᠯᠣᠨ᠎ᠠ᠃
 
ᠢᠷᠡᠯᠲᠡ᠄ ᠪᠠᠶᠠᠨᠬᠤᠲᠠ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号