ᠪᠠᠶᠠᠨᠬᠤᠲᠠ ᠪᠠᠯᠭᠠᠰᠤ ᠶᠢᠨ ᠴᠢᠶᠠᠨ ᠶᠢᠨ ᠭᠠᠴᠠᠭᠠᠨ ᠤ ᠨᠠᠮ ᠤᠨ ᠡᠭᠦᠷ ︽ᠬᠠᠶᠢᠷ᠎ᠠ ᠬᠠᠯᠠᠮᠵᠢ ᠬᠦᠷᠭᠡᠵᠦ ᠬᠤᠣᠰᠯᠠᠨ ᠬᠠᠪᠰᠤᠷᠴᠤ ᠲᠡᠳᠬᠦᠬᠦ ᠠᠵᠢᠯᠯᠠᠭ᠎ᠠ︾ ᠭᠡᠬᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/3/18
          ᠭᠠᠴᠠᠭ᠎ᠠ ᠶᠢᠨ ᠨᠠᠰᠤᠲᠠᠶᠢᠴᠤᠳ ᠲᠤ ᠨᠠᠮ ᠤᠨ ᠬᠠᠶᠢᠷ᠎ᠠ ᠬᠠᠯᠠᠮᠵᠢ ᠶᠢ ᠬᠦᠷᠲᠡᠭᠡᠵᠦ᠂ ᠪᠠᠶᠠᠷ ᠪᠠᠶᠠᠰᠬᠤᠯᠠᠩ ᠲᠠᠢ ᠴᠠᠭᠠᠨ ᠰᠠᠷ᠎ᠠ ᠶᠢ ᠥᠩᠭᠡᠷᠡᠭᠦᠯᠬᠦ ᠵᠣᠷᠢᠯᠭ᠎ᠠ ᠪᠠᠷ᠂ ᠣᠶᠢᠷ᠎ᠠ ᠶᠢᠨ ᠡᠳᠦᠷ᠂ ᠪᠠᠶᠠᠨᠬᠤᠲᠠ ᠪᠠᠯᠭᠠᠰᠤ ᠶᠢᠨ ᠴᠢᠶᠠᠨ ᠶᠢᠨ ᠭᠠᠴᠠᠭ᠎ᠠ ᠶᠢᠨ ᠨᠠᠮ ᠤᠨ ᠡᠭᠦᠷ ᠠᠯᠠᠱᠠ ᠠᠶᠢᠮᠠᠭ ᠤᠨ ᠬᠤᠲᠠ ᠶᠢᠨ ᠰᠢᠲᠠᠮᠠᠬᠠᠢ ᠬᠡᠢ ᠶᠢᠨ ᠬᠢᠵᠠᠭᠠᠷᠲᠤ ᠺᠣᠮᠫᠠᠨᠢ ᠶᠢᠨ ᠨᠠᠮ ᠤᠨ ᠡᠭᠦᠷ ᠲᠠᠢ ᠬᠠᠮᠲᠤᠷᠠᠨ ︽ᠬᠠᠶᠢᠷ᠎ᠠ ᠬᠠᠯᠠᠮᠵᠢ ᠬᠦᠷᠭᠡᠵᠦ ᠬᠤᠣᠰᠯᠠᠨ ᠬᠠᠪᠰᠤᠷᠤᠯᠴᠠᠵᠤ ᠬᠠᠪᠰᠤᠷᠤᠨ ᠲᠡᠳᠬᠦᠬᠦ ᠠᠵᠢᠯᠯᠠᠭ᠎ᠠ︾ ᠭᠡᠬᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃
     ᠠᠵᠢᠯᠯᠠᠭ᠎ᠠ ᠶᠢᠨ ᠳᠤᠮᠳᠠ᠂ ᠭᠠᠴᠠᠭᠠᠨ ᠤ ᠨᠠᠮ ᠤᠨ ᠡᠭᠦᠷ ᠤᠨ ᠤᠳᠤᠷᠢᠳᠬᠤ ᠪᠠᠭ ᠤᠨ ᠭᠡᠰᠢᠭᠦᠨ ᠪᠣᠯᠣᠨ ᠺᠣᠮᠫᠠᠨᠢ ᠶᠢᠨ ᠲᠣᠮᠢᠯᠠᠭᠰᠠᠨ ᠨᠢᠭᠡᠳᠦᠭᠡᠷ ᠱᠦᠵᠢ ᠭᠠᠴᠠᠭᠠᠨ ᠤ 7 ᠠᠬᠠᠮᠠᠳ ᠨᠠᠰᠤᠲᠠᠨ ᠤ ᠭᠡᠷ ᠲᠤ ᠬᠦᠷᠴᠦ᠂ ᠪᠠᠶᠠᠷ ᠤᠨ ᠡᠳᠦᠷ ᠤᠨ ᠮᠡᠨᠳᠦᠴᠢᠯᠡᠯ ᠪᠠ ᠲᠣᠬᠤᠨᠢᠭᠤᠯᠬᠤ ᠪᠣᠳᠠᠰ ᠢᠶᠠᠨ ᠬᠦᠷᠭᠡᠭᠰᠡᠨ ᠪᠥᠭᠡᠳ ᠨᠠᠰᠤᠲᠠᠨ ᠤ ᠪᠡᠶ᠎ᠡ ᠶᠢᠨ ᠪᠠᠶᠢᠳᠠᠯ᠂ ᠠᠮᠢᠳᠤᠷᠠᠯ ᠤᠨ ᠪᠠᠶᠢᠳᠠᠯ ᠵᠢᠴᠢ ᠣᠷᠣᠰᠢᠵᠤ ᠪᠠᠶᠢᠭ᠎ᠠ ᠬᠦᠴᠢᠷᠳᠡᠯ ᠢ ᠨᠢ ᠨᠠᠷᠢᠨ ᠠᠰᠠᠭᠤᠵᠤ᠂ ᠲᠡᠳᠡᠨ ᠢ ᠪᠡᠶ᠎ᠡ ᠪᠠᠨ ᠭᠠᠮᠨᠠᠭᠠᠷᠠᠢ ᠭᠡᠵᠦ ᠵᠠᠬᠢᠵᠠᠢ᠃ ᠭᠦᠨ ᠵᠤᠵᠠᠭᠠᠨ ᠰᠡᠳᠬᠢᠯ ᠨᠠᠰᠤᠲᠠᠨ ᠤ ᠰᠡᠳᠬᠢᠯ ᠢ ᠳᠤᠯᠠᠭᠠᠴᠠᠭᠤᠯᠤᠭᠰᠠᠨ ᠳᠤ᠂ ᠸᠠᠩ ᠬᠦᠢ ᠶᠢᠩ ᠨᠠᠰᠤᠲᠠᠨ᠄ ︽ᠨᠠᠮ ᠤᠨ ᠲᠦᠷᠦ ᠶᠢᠨ ᠪᠣᠳᠣᠯᠭ᠎ᠠ ᠰᠠᠶᠢᠨ ᠪᠠᠶᠢᠨ᠎ᠠ᠂ ᠵᠢᠯ ᠪᠦᠷᠢ ᠶᠢᠨ ᠪᠠᠶᠠᠷ ᠳᠤᠷᠠᠰᠬᠠᠯ ᠤᠨ ᠡᠳᠦᠷ ᠲᠤ ᠮᠠᠨ ᠤ ᠡᠳᠡᠭᠡᠷ ᠨᠠᠰᠤᠲᠠᠶᠢᠴᠤᠳ ᠢ ᠰᠠᠨᠠᠭᠠᠯᠵᠠᠨ᠎ᠠ᠂ ᠲᠠᠨᠠᠷ ᠲᠤ ᠲᠠᠯᠠᠷᠬᠠᠵᠤ ᠪᠠᠶᠢᠨ᠎ᠠ︕︾ ᠭᠡᠵᠦ ᠰᠡᠳᠬᠢᠯ ᠳᠣᠭᠳᠣᠯᠤᠨ ᠬᠡᠯᠡᠪᠡ᠃
 
ᠢᠷᠡᠯᠲᠡ᠄ ᠪᠠᠶᠠᠨᠬᠤᠲᠠ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号