ᠣᠯᠠᠨᠪᠤᠯᠠᠭ ᠪᠠᠯᠭᠠᠰᠤ ᠶᠢᠨ ᠪᠠᠶᠠᠨᠮᠤᠳᠤᠤ ᠭᠠᠴᠠᠭ᠎ᠠ ᠳᠤ ᠤᠮᠠᠷᠠᠲᠤ ᠬᠢᠯᠢ ᠶᠢ ᠤᠩᠰᠢᠬᠤ ᠨᠣᠮ ᠤᠨ ᠠᠵᠢᠯᠯᠠᠭ᠎ᠠ ᠶᠢ ᠥᠷᠨᠢᠭᠦᠯᠵᠡᠢ
ᠨᠡᠶᠢᠲᠡᠯᠡᠭᠰᠡᠨ ᠴᠠᠭ᠄
2024/3/18
          ︽ᠲᠠᠯ᠎ᠠ ᠨᠤᠲᠤᠭ ᠤᠨ ᠨᠣᠮ ᠤᠨ ᠥᠷᠥᠭᠡ︾᠎ ᠶᠢᠨ ᠰᠣᠶᠣᠯ ᠤᠨ ᠰᠠᠭᠤᠷᠢᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠯᠴᠢᠨ ᠲᠠᠷᠢᠶᠠᠴᠢᠨ ᠤ ᠣᠶᠤᠨ ᠤ ᠰᠣᠶᠣᠯ ᠤᠨ ᠠᠮᠢᠳᠤᠷᠠᠯ ᠢ ᠤᠯᠠᠮ ᠪᠠᠶᠠᠯᠢᠭᠵᠢᠭᠤᠯᠬᠤ ᠵᠣᠷᠢᠯᠭ᠎ᠠ ᠪᠠᠷ᠂ ᠣᠶᠢᠷ᠎ᠠ ᠳᠤ᠂ ᠪᠠᠶᠠᠨᠮᠤᠳᠤᠤ ᠭᠠᠴᠠᠭ᠎ᠠ ᠶᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠲᠠᠢ ᠬᠠᠮᠲᠤᠷᠠᠨ ᠲᠠᠯ᠎ᠠ ᠨᠤᠲᠤᠭ ᠤᠨ ᠨᠣᠮ ᠤᠨ ᠥᠷᠥᠭᠡ ᠶᠢᠨ ᠰᠢᠷᠢᠰ ᠤᠩᠰᠢᠯᠭ᠎ᠠ ᠶᠢᠨ ᠠᠵᠢᠯᠯᠠᠭ᠎ᠠ ᠥᠷᠨᠢᠭᠦᠯᠪᠡ᠃ ᠲᠤᠰ ᠤᠳᠠᠭ᠎ᠠ ᠶᠢᠨ ᠠᠵᠢᠯᠯᠠᠭ᠎ᠠ ᠳᠤ ᠴᠠᠬᠢᠮ ᠤᠩᠰᠢᠯᠭ᠎ᠠ ᠶᠢᠨ ᠠᠷᠭ᠎ᠠ ᠶᠢ ᠬᠡᠷᠡᠭᠯᠡᠵᠦ᠂ ᠰᠠᠶᠢᠨ ᠳᠤᠷ᠎ᠠ ᠶᠢᠨ ᠠᠵᠢᠯᠯᠠᠭᠰᠠᠳ ᠠᠴᠠ ᠨᠠᠮ ᠤᠨ ᠭᠡᠰᠢᠭᠦᠨ ᠪᠣᠯᠣᠨ ᠮᠠᠯᠴᠢᠨ ᠲᠠᠷᠢᠶᠠᠴᠢᠳ ᠲᠤ ︽ᠳᠤᠮᠳᠠᠳᠤ ᠤᠯᠤᠰ ᠤᠨ ᠰᠡᠷᠭᠦᠨ ᠮᠠᠨᠳᠤᠯᠲᠠ ᠶᠢᠨ ᠵᠠᠮ ᠢ ᠡᠷᠢᠯᠬᠢᠯᠡᠶ᠎ᠡ︾ ᠭᠡᠬᠦ ᠨᠣᠮ ᠢ ᠳᠠᠭᠠᠭᠤᠯᠤᠨ ᠤᠩᠰᠢᠬᠤ ᠶᠢᠨ ᠬᠠᠮᠲᠤ ᠰᠢᠭᠤᠳ ᠨᠡᠪᠲᠡᠷᠡᠭᠦᠯᠭᠡ ᠶᠢᠨ ᠳᠤᠮᠳᠠ ᠤᠯᠠᠨ ᠳᠤ ᠲᠤᠰ ᠨᠣᠮ ᠤᠨ ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ ᠶᠢ ᠲᠠᠶᠢᠯᠪᠤᠷᠢᠯᠠᠨ ᠥᠭᠴᠦ᠂ ᠠᠵᠢᠯᠯᠠᠭ᠎ᠠ ᠳᠠᠭᠤᠰᠤᠭᠰᠠᠨ ᠤ ᠳᠠᠷᠠᠭ᠎ᠠ ᠤᠯᠠᠨ ᠳᠤ ︽ᠲᠠᠯ᠎ᠠ ᠨᠤᠲᠤᠭ ᠤᠨ ᠵᠢᠭᠡᠯᠡᠨ ᠤᠩᠰᠢᠬᠤ +︾ ᠵᠢᠷᠭᠢᠶ᠎ᠡ ᠶᠢᠨ ᠵᠢᠵᠢᠭ ᠫᠷᠣᠭ᠍ᠷᠠᠮ ᠢᠶᠠᠷ ᠴᠠᠬᠢᠮ ᠤᠩᠰᠢᠯᠭ᠎ᠠ ᠶᠢ ᠵᠢᠭᠠᠵᠤ᠂ ᠤᠯᠠᠨ ᠢ ᠭᠡᠷ ᠲᠡᠭᠡᠨ ᠴᠦ ᠰᠠᠶᠢᠨ ᠨᠣᠮ ᠤᠩᠰᠢᠭᠤᠯᠬᠤ ᠪᠠᠷ ᠪᠣᠯᠪᠠ᠃
     ᠳᠠᠷᠠᠭᠠᠴᠢ ᠶᠢᠨ ᠠᠯᠬᠤᠮ ᠳᠤ᠂ ᠪᠠᠶᠠᠨᠮᠤᠳᠤᠤ ᠭᠠᠴᠠᠭ᠎ᠠ ︽ᠲᠠᠯ᠎ᠠ ᠨᠤᠲᠤᠭ ᠤᠨ ᠨᠣᠮ ᠤᠨ ᠦᠷᠦᠭᠡ︾᠎ ᠪᠠᠷ ᠠᠴᠢᠶᠠᠯᠠᠪᠤᠷᠢ ᠪᠣᠯᠭᠠᠵᠤ᠂ ᠲᠠᠯ᠎ᠠ ᠨᠤᠲᠤᠭ ᠤᠨ ᠨᠣᠮ ᠤᠨ ᠦᠷᠦᠭᠡ ᠶᠢᠨ ᠰᠣᠶᠣᠯ ᠤᠬᠠᠭᠤᠯᠭ᠎ᠠ ᠬᠥᠮᠦᠵᠢᠯ ᠤᠨ ᠰᠠᠭᠤᠷᠢᠨ ᠭᠠᠵᠠᠷ ᠤᠨ ᠦᠢᠯᠡᠳᠦᠯ ᠢ ᠪᠠᠳᠠᠷᠠᠭᠤᠯᠵᠤ᠂ ᠲᠠᠯ᠎ᠠ ᠨᠤᠲᠤᠭ ᠤᠨ ᠨᠣᠮ ᠤᠨ ᠦᠷᠦᠭᠡ ᠶᠢᠨ ᠦᠢᠯᠡᠴᠢᠯᠡᠭᠡᠨ ᠤ ᠬᠡᠯᠪᠡᠷᠢ ᠶᠢ ᠤᠷᠲᠤᠳᠬᠠᠵᠤ᠂ ᠤᠯᠠᠨ ᠬᠡᠯᠪᠡᠷᠢ ᠶᠢᠨ ᠰᠤᠷᠤᠯᠴᠠᠯᠭ᠎ᠠ᠂ ᠤᠬᠠᠭᠤᠯᠭ᠎ᠠ᠂ ᠤᠩᠰᠢᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠤᠯᠠᠨ ᠲᠦᠮᠡᠨ ᠢ ᠬᠥᠲᠥᠯᠥᠨ ᠳᠠᠭᠠᠭᠤᠯᠵᠤ ᠨᠣᠮ ᠤᠩᠰᠢᠬᠤ ᠳᠤᠷᠠᠲᠠᠢ᠂ ᠨᠣᠮ ᠢᠯᠡᠭᠦᠦ ᠤᠩᠰᠢᠬᠤ ᠰᠠᠶᠢᠨ ᠳᠠᠳᠬᠠᠯ ᠲᠠᠢ ᠪᠣᠯᠭᠠᠵᠤ᠂ ︽ᠲᠠᠯ᠎ᠠ ᠨᠤᠲᠤᠭ ᠤᠨ ᠨᠣᠮ ᠤᠨ ᠦᠷᠦᠭᠡ︾᠎ ᠶᠢ ᠨᠠᠮ ᠤᠨ ᠭᠡᠰᠢᠭᠦᠨ ᠤᠯᠠᠨ ᠲᠦᠮᠡᠨ ᠤ ︽ᠤᠶᠤᠨ ᠤ ᠰᠠᠩ ᠬᠥᠮᠥᠷᠭᠡ︾ ᠪᠣᠯᠭᠠᠨ᠎ᠠ᠃      
 
ᠢᠷᠡᠯᠲᠡ᠄ ᠣᠯᠠᠨᠪᠤᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号