【 ᠲᠥᠷᠥ ᠶᠢᠨ ᠪᠣᠳᠣᠯᠭ᠎ᠠ ᠶᠢᠨ ᠲᠠᠶᠢᠯᠤᠮᠵᠢ 】 ︽ᠠᠯᠠᠱᠠ ᠵᠡᠭᠦᠨ ᠬᠤᠰᠢᠭᠤᠨ ᠤ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠳᠤ ᠬᠢᠨᠠᠯᠲᠠ ᠲᠠᠯᠪᠢᠵᠤ ᠬᠠᠮᠢᠶᠠᠷᠬᠤ ᠠᠷᠭ᠎ᠠ︾᠎ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/3/18
            ᠨᠢᠭᠡ᠂ ᠲᠠᠶᠢᠯᠤᠮᠵᠢ ᠶᠢᠨ ᠬᠡᠯᠪᠡᠷᠢ       ︽ᠠᠯᠠᠱᠠ ᠵᠡᠭᠦᠨ ᠬᠤᠰᠢᠭᠤᠨ ᠤ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠳᠤ ᠬᠢᠨᠠᠯᠲᠠ ᠲᠠᠯᠪᠢᠵᠤ ᠬᠠᠮᠢᠶᠠᠷᠬᠤ ᠠᠷᠭ᠎ᠠ︾᠎ ᠳᠤ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ ᠶᠢ ᠲᠤᠭᠤᠷᠪᠢᠬᠤ ᠵᠡᠷᠭᠡ ᠬᠡᠯᠪᠡᠷᠢ ᠪᠠᠷ ᠲᠠᠶᠢᠯᠤᠮᠵᠢ ᠬᠢᠪᠡ᠃       ᠬᠤᠶᠠᠷ᠂ ᠲᠠᠶᠢᠯᠤᠮᠵᠢ ᠶᠢᠨ ᠠᠷᠭ᠎ᠠ ᠠᠪᠴᠠᠯ       ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠪᠢᠴᠢᠭ ᠮᠠᠲ᠋ᠧᠷᠢᠶᠠᠯ ᠨᠢ ᠰᠦᠯᠵᠢᠶᠡᠨ ᠤ ᠵᠠᠭᠤᠴᠢᠯᠠᠭᠤᠷ ᠢᠶᠠᠷ ᠳᠠᠮᠵᠢᠭᠤᠯᠤᠨ ᠰᠢᠨ᠎ᠡ ᠪᠢᠴᠢᠭ ᠮᠠᠲ᠋ᠧᠷᠢᠶᠠᠯ ᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠲᠠᠶᠢᠯᠤᠮᠵᠢ ᠶᠢᠨ ᠮᠡᠳᠡᠭᠡ ᠵᠠᠩᠭᠢ ᠶᠢᠨ ᠭᠥᠯᠢᠶᠡᠨ ᠠᠪᠤᠭᠴᠢᠳ ᠤᠨ ᠬᠡᠪᠴᠢᠶ᠎ᠡ ᠶᠢ ᠪᠦᠲᠦᠮᠵᠢᠲᠡᠶ ᠥᠷᠭᠡᠳᠬᠡᠨ᠎ᠡ᠃       ᠭᠤᠷᠪᠠ᠂ ᠠᠬᠤᠢ ᠪᠠᠶᠢᠳᠠᠯ ᠵᠢᠴᠢ ᠦᠨᠳᠦᠰᠦᠯᠡᠯ       ᠣᠶᠢᠷ᠎ᠠ ᠶᠢᠨ ᠵᠢᠯ ᠳᠤ ᠤᠯᠤᠰ ᠠᠴᠠ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠲᠤ ᠬᠢᠭᠰᠡᠨ ᠲᠣᠬᠢᠷᠠᠭᠤᠯᠤᠯ ᠡᠵᠡᠮᠳᠡᠯ ᠨᠢ ᠡᠯ᠎ᠡ ᠭᠠᠵᠠᠷ ᠤᠨ ᠠᠷᠠᠳ ᠤᠨ ᠵᠠᠰᠠᠭ ᠤᠨ ᠣᠷᠳᠣᠨ ᠢ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠬᠠᠮᠢᠶᠠᠷᠤᠯᠲᠠ ᠶᠢᠨ ᠬᠠᠤᠯᠢ︾᠎ ᠶᠢ ︽ᠬᠤᠲᠠ ᠶᠢᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ ᠡᠵᠡᠩᠨᠡᠬᠦ ᠬᠠᠮᠢᠶᠠᠷᠤᠯᠲᠠ ᠶᠢᠨ ᠳᠦᠷᠢᠮ︾ ︽ᠬᠤᠲᠠ ᠶᠢᠨ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠬᠠᠮᠢᠶᠠᠷᠤᠯᠲᠠ ᠶᠢᠨ ᠠᠷᠭ᠎ᠠ︾᠂ ︽ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠤᠯᠠᠮ ᠴᠢᠩᠭᠠᠳᠬᠠᠵᠤ ᠲᠠᠸᠠᠷ ᠤᠨ ᠣᠷᠣᠨ ᠰᠠᠭᠤᠴᠠ ᠶᠢ ᠤᠷᠢᠳᠴᠢᠯᠠᠨ ᠬᠤᠳᠠᠯᠳᠤᠬᠤ ᠳᠦᠷᠢᠮ ᠢ ᠲᠡᠭᠦᠯᠳᠡᠷᠵᠢᠭᠦᠯᠬᠦ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠮᠡᠳᠡᠭᠳᠡᠯ︾ ︵ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ﹇2010﹈ 53 ᠳ᠋ᠤᠭᠠᠷ ᠲᠣᠭᠠᠲᠤ︶᠂ ︽︿ᠠᠯᠠᠱᠠ ᠠᠶᠢᠮᠠᠭ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠬᠢᠷᠠᠭᠤᠯᠤᠯ ᠡᠵᠡᠮᠳᠡᠯ ᠤᠨ ︿ᠨᠢᠭᠡ ᠬᠤᠲᠠ ᠨᠢᠭᠡ ᠪᠣᠳᠣᠯᠭ᠎ᠠ﹀᠎ ᠶᠢᠨ ᠠᠵᠢᠯ ᠤᠨ ᠵᠢᠯᠤᠭᠤᠳᠬᠤ ᠲᠥᠰᠥᠯ﹀᠎ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠠᠯᠠᠱᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠠᠷᠬᠠᠭᠠᠭᠰᠠᠨ ﹇2020﹈ 26 ᠳ᠋ᠤᠭᠠᠷ ᠲᠣᠭᠠᠲᠤ︶ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ᠂ ᠠᠯᠠᠱᠠ ᠵᠡᠭᠦᠨ ᠬᠤᠰᠢᠭᠤ ᠨᠢ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠠᠸᠠᠷ ᠤᠨ ᠬᠡᠷ ᠪᠠᠶᠢᠰᠢᠩ ᠤᠨ ᠲᠥᠷᠥᠯ ᠵᠦᠢᠯ ᠢ ᠤᠷᠢᠳᠴᠢᠯᠠᠨ ᠬᠤᠳᠠᠯᠳᠤᠬᠤ ᠬᠠᠮᠢᠶᠠᠷᠤᠯᠲᠠ ᠶᠢᠨ ᠲᠦᠷᠢᠮ ᠢ ᠵᠦᠶ ᠵᠣᠬᠢᠰᠲᠠᠶ ᠲᠣᠭᠲᠠᠭᠠᠵᠤ᠂ ᠮᠠᠨ ᠤ ᠬᠤᠰᠢᠭᠤᠨ ᠤ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠬᠤ ᠳᠤ ᠬᠡᠷᠡᠭᠯᠡᠵᠦ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠤᠯᠠᠮ ᠰᠢᠯᠢᠳᠡᠭᠵᠢᠭᠦᠯᠵᠦ ᠬᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠢ ᠪᠠᠳᠠᠷᠠᠭᠤᠯᠤᠨ᠎ᠠ᠃       ᠳᠥᠷᠪᠡ᠂ ᠲᠠᠶᠢᠯᠤᠮᠵᠢ ᠶᠢᠨ ᠮᠠᠲ᠋ᠧᠷᠢᠶᠠᠯ       ︵ᠨᠢᠭᠡ︶ ︽ᠠᠷᠭ᠎ᠠ︾᠎ ᠶᠢ ᠲᠣᠭᠲᠠᠭᠠᠭᠰᠠᠨ ᠭᠤᠣᠯ ᠵᠣᠷᠢᠯᠭ᠎ᠠ᠄           ᠠᠯᠠᠱᠠ ᠵᠡᠭᠦᠨ ᠬᠤᠰᠢᠭᠤᠨ ᠤ ᠬᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ᠂ ᠬᠡᠷ ᠪᠠᠶᠢᠰᠢᠩ ᠬᠤᠳᠠᠯᠳᠤᠨ ᠠᠪᠬᠤ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ ᠠᠯᠠᠱᠠ ᠵᠡᠭᠦᠨ ᠬᠤᠰᠢᠭᠤᠨ ᠤ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠪᠠ᠃           ︵ᠬᠤᠶᠠᠷ︶ ︽ᠠᠷᠭ᠎ᠠ︾᠎ ᠶᠢᠨ ᠣᠨᠴᠠᠯᠢᠭ᠄       ᠦᠨᠡᠨ ᠠᠴᠠ ᠵᠥᠪ ᠢ ᠡᠷᠢᠬᠦ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠨ᠂ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠪᠣᠶ ᠪᠣᠯᠭᠠᠬᠤ ᠱᠠᠭᠠᠷᠳᠠᠯᠭ᠎ᠠ ᠳᠤ᠂ ︽ᠠᠷᠭ᠎ᠠ︾᠎ ᠶᠢᠨ ᠰᠢᠨ᠎ᠡ ᠶᠢ ᠡᠭᠦᠳᠬᠦ ᠴᠡᠭ ᠢ ᠭᠤᠷᠪᠠᠨ ᠲᠠᠯ᠎ᠠ ᠪᠠᠷ ᠪᠣᠳᠠᠲᠠᠢ ᠪᠠᠷ ᠲᠤᠰᠬᠠᠪᠠ᠄       ᠨᠢᠭᠡ ᠳᠤ᠂ ᠤᠷᠢᠳᠴᠢᠯᠠᠨ ᠬᠤᠳᠠᠯᠳᠤᠬᠤ ᠨᠥᠬᠦᠴᠡᠯ ᠢ ᠰᠢᠯᠢᠳᠡᠭᠵᠢᠭᠦᠯᠦᠨ᠎ᠡ᠃ ︽ᠬᠤᠲᠠ ᠶᠢᠨ ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠬᠠᠮᠢᠶᠠᠷᠤᠯᠲᠠ ᠶᠢᠨ ᠠᠷᠭ᠎ᠠ︾᠎ ᠶᠢᠨ ᠰᠠᠭᠤᠷᠢᠨ ᠳᠡᠭᠡᠷ᠎ᠡ ︽ᠡᠭᠦᠨ ᠳᠤ ᠤᠷᠢᠳᠴᠢᠯᠠᠨ ᠬᠤᠳᠠᠯᠳᠤᠬᠤ ᠪᠠᠷ ᠭᠤᠶᠤᠴᠢᠯᠠᠭᠰᠠᠨ ᠲᠠᠸᠠᠷ ᠤᠨ ᠬᠡᠷ ᠪᠠᠶᠢᠰᠢᠩ ᠤᠨ ᠲᠥᠷᠥᠯ ᠵᠦᠢᠯ ᠤᠨ ᠪᠠᠷᠢᠯᠭ᠎ᠠ ᠶᠢᠨ ᠳᠦᠷᠢ ᠲᠥᠷᠬᠦ ᠶᠢᠨ ᠠᠬᠢᠴᠠ ᠶᠢᠨ ᠬᠦᠷᠦᠭᠰᠡᠨ ᠪᠠᠷᠢᠮᠵᠢᠶ᠎ᠠ ᠪᠣᠯ᠄ ᠭᠠᠵᠠᠷ ᠳᠡᠭᠡᠷᠡᠬᠢ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠳᠠᠪᠬᠤᠷᠭ᠎ᠠ ᠶᠢᠨ ᠲᠤᠭ᠎ᠠ ᠵᠢᠷᠭᠤᠭᠠᠨ ᠳᠠᠪᠬᠤᠷᠭ᠎ᠠ ᠠᠴᠠ ᠳᠣᠷᠣᠭᠰᠢ ︵ᠲᠣᠰ ᠲᠤᠭ᠎ᠠ ᠶᠢ ᠪᠠᠭᠲᠠᠭᠠᠨ᠎ᠠ︶᠎ ᠶᠢᠨ ᠪᠠᠷᠢᠯᠭ᠎ᠠ ᠶᠢᠨ ᠭᠤᠤᠯ ᠴᠣᠭᠴᠠ ᠶᠢᠨ ᠭᠤᠷᠪᠠᠨ ᠤ ᠨᠢᠭᠡ ᠶᠢ ᠪᠡᠶᠡᠯᠡᠭᠦᠯᠦᠨ᠎ᠡ︔ ᠵᠢᠷᠭᠤᠳᠤᠭᠠᠷ ᠳᠠᠪᠬᠤᠷᠭ᠎ᠠ ᠠᠴᠠ ᠳᠡᠭᠡᠭᠰᠢ ︵ᠲᠣᠰ ᠲᠤᠭ᠎ᠠ ᠶᠢ ᠪᠠᠭᠲᠠᠭᠠᠨ᠎ᠠ︶᠎ ᠶᠢᠨ ᠪᠠᠷᠢᠯᠭ᠎ᠠ ᠶᠢᠨ ᠭᠤᠤᠯ ᠴᠣᠭᠴᠠ ᠶᠢᠨ ᠭᠤᠷᠪᠠᠨ ᠤ ᠨᠢᠭᠡ ᠶᠢ ᠪᠡᠶᠡᠯᠡᠭᠦᠯᠦᠨ᠎ᠡ︾ ᠭᠡᠵᠦ ᠨᠡᠮᠡᠪᠡ᠃ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠳᠡᠭᠡᠳᠦ ᠳᠠᠪᠬᠤᠷᠭ᠎ᠠ ᠪᠠ ᠣᠯᠠᠨ ᠳᠠᠪᠬᠤᠷᠭᠠᠲᠤ ︽ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠪᠣᠷᠣᠯᠠᠭᠤᠯᠬᠤ ᠵᠥᠪᠰᠢᠶᠡᠷᠡᠯ ᠤᠨ ᠦᠨᠡᠮᠯᠡᠯ︾᠎ ᠢ ᠭᠤᠶᠤᠴᠢᠯᠠᠨ ᠭᠦᠢᠴᠡᠳᠬᠡᠬᠦ ᠪᠣᠳᠠᠲᠠᠢ ᠨᠥᠬᠦᠴᠡᠯ ᠢ ᠲᠣᠳᠣᠷᠬᠠᠶᠢᠯᠠᠬᠤ ᠶᠢᠨ ᠲᠥᠯᠥᠭᠡ᠂ ᠥᠩᠭᠡᠷᠡᠭᠰᠡᠨ ᠵᠢᠯ ᠤᠳ ᠤᠨ ᠦᠨᠡᠮᠯᠡᠯ ᠭᠦᠢᠴᠡᠳᠬᠡᠬᠦ ᠴᠠᠭ ᠨᠢ ᠣᠯᠠᠨ ᠳᠠᠪᠬᠤᠷᠭ᠎ᠠ ᠪᠠᠷ ᠭᠤᠣᠯ ᠴᠣᠭᠴᠠ ᠶᠢ ᠪᠢᠲᠡᠭᠦᠮᠵᠢᠯᠡᠬᠦ᠂ ᠳᠡᠭᠡᠳᠦ ᠳᠠᠪᠬᠤᠷᠭ᠎ᠠ ᠶᠢᠨ ᠭᠤᠣᠯ ᠴᠣᠭᠴᠠ ᠶᠢᠨ ᠭᠤᠷᠪᠠᠨ ᠤ ᠬᠤᠶᠠᠷ ᠢ ᠪᠡᠶᠡᠯᠡᠭᠦᠯᠬᠦ ᠶᠢ ᠪᠡᠶᠡᠯᠡᠭᠦᠯᠵᠦ᠂ ᠣᠷᠣᠨ ᠨᠤᠲᠤᠭ ᠤᠨ ᠬᠢᠨᠠᠯᠲᠠ ᠬᠠᠮᠢᠶᠠᠷᠤᠯᠲᠠ ᠶᠢᠨ ᠪᠣᠳᠠᠲᠤ ᠪᠠᠶᠢᠳᠠᠯ ᠢ ᠦᠨᠳᠦᠰᠦᠯᠡᠨ᠂ ᠲᠤᠰ ᠤᠳᠠᠭᠠᠨ ᠤ ᠲᠣᠬᠢᠷᠠᠭᠤᠯᠤᠯᠲᠠ ᠶᠢᠨ ᠵᠣᠷᠢᠯᠭ᠎ᠠ ᠨᠢ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠴᠠᠭ ᠢ ᠪᠣᠭᠤᠨᠢᠰᠬᠠᠬᠤ ᠳᠤ ᠪᠤᠢ᠂ ᠠᠵᠤ ᠠᠬᠤᠶᠢᠯᠠᠯ ᠤᠨ ᠲᠠᠸᠠᠷ ᠤᠨ ᠭᠡᠷ ᠪᠠᠶᠢᠰᠢᠩ ᠪᠣᠷᠣᠯᠠᠭᠤᠯᠬᠤ ᠲᠦᠷᠭᠡᠨ ᠰᠢᠩᠭᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠲᠦᠷᠭᠡᠨ ᠡᠭᠡᠭᠦᠯᠦᠨ ᠠᠪᠴᠢᠷᠠᠬᠤ᠂ ᠭᠡᠷ ᠪᠠᠶᠢᠰᠢᠩ ᠬᠤᠳᠠᠯᠳᠤᠨ ᠠᠪᠤᠭᠴᠢ ᠶᠢᠨ ᠪᠡᠯᠡ ᠮᠥᠩᠭᠦᠨ ᠤ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ ᠶᠤᠮ᠃       ᠬᠤᠶᠠᠷ ᠲᠤ ᠬᠢᠨᠠᠨ ᠬᠠᠷᠭᠤᠭᠤᠯᠬᠤ ᠠᠭᠤᠯᠭ᠎ᠠ ᠶᠢ ᠴᠢᠩᠭᠠᠳᠬᠠᠨ᠎ᠠ᠃ ︽ᠬᠤᠲᠠ ᠶᠢᠨ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠬᠠᠮᠢᠶᠠᠷᠤᠯᠲᠠ ᠶᠢᠨ ᠠᠷᠭ᠎ᠠ︾᠎ ᠶᠢ ᠦᠨᠳᠦᠰᠦᠯᠡᠨ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠭᠦᠢᠴᠡᠳᠬᠡᠬᠦ ᠲᠥᠷᠥᠯ ᠵᠦᠢᠯ ᠤᠨ ︽ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠪᠣᠷᠣᠯᠠᠭᠤᠯᠬᠤ ᠵᠥᠪᠰᠢᠶᠡᠷᠡᠯ ᠤᠨ ᠦᠨᠡᠮᠯᠡᠯ︾᠎ ᠤᠨ ᠮᠡᠳᠡᠭᠦᠯᠬᠦ ᠮᠠᠲ᠋ᠧᠷᠢᠶᠠᠯ ᠢ ᠵᠢᠷᠤᠮᠵᠢᠭᠤᠯᠤᠨ ᠨᠠᠷᠢᠯᠢᠭᠵᠢᠭᠤᠯᠵᠤ᠂ ᠬᠢᠨᠠᠨ ᠬᠠᠮᠢᠶᠠᠷᠬᠤ ᠨᠢᠭᠡᠴᠡ ᠠᠴᠠ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠶᠢ ᠵᠥᠪᠰᠢᠶᠡᠷᠡᠬᠦ ᠠᠴᠠ ᠡᠮᠦᠨᠡᠬᠢ ᠴᠢᠬᠤᠯᠠ ᠵᠠᠩᠭᠢᠯᠠᠭ᠎ᠠ ᠳᠤ ᠴᠢᠩᠭ᠎ᠠ ᠬᠢᠨᠠᠨ ᠪᠠᠶᠢᠴᠠᠭᠠᠯᠲᠠ ᠬᠢᠵᠦ᠂ ᠬᠡᠮᠵᠢᠨ ᠵᠢᠷᠤᠬᠤ ᠲᠠᠯᠠᠪᠠᠶ ᠵᠡᠷᠭᠡ ᠠᠰᠠᠭᠤᠳᠠᠯ ᠠᠴᠠ ᠪᠣᠯᠵᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠯᠭᠠᠮᠵᠢ ᠠᠰᠠᠭᠤᠳᠠᠯ ᠡᠭᠦᠰᠬᠦ ᠠᠴᠠ ᠵᠠᠶᠢᠯᠠᠰᠬᠢᠵᠦ᠂ ᠭᠡᠷ ᠪᠠᠶᠢᠰᠢᠩ ᠬᠤᠳᠠᠯᠳᠤᠨ ᠠᠪᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ  ᠪᠠᠲᠤᠯᠠᠪᠠ᠃       ᠭᠤᠷᠪᠠ ᠳᠤ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠰᠢᠯᠵᠢᠭᠦᠯᠦᠨ ᠥᠭᠬᠦ ᠴᠠᠭ ᠤᠨ ᠬᠢᠵᠠᠭᠠᠷ ᠢ ᠪᠠᠭᠠᠰᠬᠠᠨ᠎ᠠ᠃ ︽ᠬᠤᠲᠠ ᠶᠢᠨ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠬᠠᠮᠢᠶᠠᠷᠤᠯᠲᠠ ᠶᠢᠨ ᠠᠷᠭ᠎ᠠ︾᠎ ᠶᠢ ᠦᠨᠳᠦᠰᠦᠯᠡᠪᠡᠯ᠂ ᠬᠦᠯᠢᠶᠡᠨ ᠠᠪᠬᠤ ᠴᠠᠭ ᠤᠨ ᠬᠢᠵᠠᠭᠠᠷ ᠢ ᠥᠭᠡᠷᠡᠴᠢᠯᠡᠨ ᠰᠠᠶᠢᠵᠢᠷᠠᠭᠤᠯᠵᠤ᠂ 10 ᠡᠳᠦᠷ ᠤᠨ ᠳᠣᠲᠣᠷ᠎ᠠ ᠪᠠᠭᠠᠰᠬᠠᠭᠠᠳ 7 ᠡᠳᠦᠷ ᠤᠨ ᠳᠣᠲᠣᠷ᠎ᠠ ᠪᠣᠯᠭᠠᠵᠤ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠨᠢ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠭᠤᠶᠤᠴᠢᠯᠠᠨ ᠭᠦᠢᠴᠡᠳᠬᠡᠬᠦ ᠲᠥᠷᠥᠯ ᠵᠦᠢᠯ ᠤᠨ ︽ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠪᠣᠷᠣᠯᠠᠭᠤᠯᠬᠤ ᠵᠥᠪᠰᠢᠶᠡᠷᠡᠯ ᠤᠨ ᠦᠨᠡᠮᠯᠡᠯ︾᠎ ᠢ ᠭᠥᠯᠢᠶᠡᠨ ᠠᠪᠴᠤ ᠬᠢᠨᠠᠨ ᠬᠠᠷᠭᠤᠭᠤᠯᠵᠤ᠂ ᠠᠵᠤ ᠠᠬᠤᠶᠢᠯᠠᠯ ᠤᠨ ᠭᠤᠶᠤᠴᠢᠯᠠᠨ ᠭᠦᠢᠴᠡᠳᠬᠡᠬᠦ ᠨᠢ ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠪᠤᠶᠤ ᠨᠡᠶᠢᠴᠡᠬᠦ ᠦᠭᠡᠢ ᠪᠠᠶᠢᠪᠠᠯ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠭᠥᠯᠢᠶᠡᠨ ᠠᠪᠤᠭᠰᠠᠨ ᠡᠳᠦᠷ ᠠᠴᠠ ᠡᠬᠢᠯᠡᠨ 7 ᠡᠳᠦᠷ ᠤᠨ ᠳᠣᠲᠣᠷ᠎ᠠ ᠬᠠᠤᠯᠢ ᠶᠣᠰᠣᠭᠠᠷ ᠵᠥᠪᠰᠢᠶᠡᠷᠡᠬᠦ ᠪᠤᠶᠤ ᠥᠯᠥ ᠵᠥᠪᠰᠢᠶᠡᠷᠡᠬᠦ ᠪᠢᠴᠢᠭ ᠤᠨ ᠲᠣᠭᠲᠠᠭᠠᠯ ᠭᠠᠷᠭᠠᠵᠤ᠂ ᠭᠦᠢᠴᠡᠳᠬᠡᠬᠦ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠬᠦ ᠬᠡᠷᠡᠭᠲᠡᠢ᠃       ᠲᠠᠪᠤ᠂ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠵᠥᠪᠰᠢᠶᠡᠷᠡᠯ ᠤᠨ ᠬᠢᠨᠠᠨ ᠬᠠᠮᠢᠶᠠᠷᠬᠤ ᠭᠤᠣᠯ ᠴᠣᠭᠴᠠ       ᠠᠯᠠᠱᠠ ᠵᠡᠭᠦᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢ ᠪᠥᠬᠦ ᠬᠤᠰᠢᠭᠤᠨ ᠤ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃       ᠵᠢᠷᠭᠤᠭ᠎ᠠ᠂ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠶᠢ ᠬᠢᠨᠠᠨ ᠬᠠᠮᠢᠶᠠᠷᠬᠤ ᠬᠦᠷᠢᠶ᠎ᠡ ᠬᠡᠪᠴᠢᠶ᠎ᠡ       ᠠᠯᠠᠱᠠ ᠵᠡᠭᠦᠨ ᠬᠤᠰᠢᠭᠤᠨ ᠤ ᠬᠡᠪᠴᠢᠶᠡᠨ ᠳᠠᠬᠢ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠲᠥᠷᠥᠯ ᠵᠦᠢᠯ       ᠳᠣᠯᠤᠭ᠎ᠠ᠂ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠭᠤᠣᠯ ᠴᠤᠪᠤᠷᠠᠯ       ᠨᠢᠭᠡ ᠳᠤ ᠠᠵᠤ ᠠᠬᠤᠶᠢᠯᠠᠯ ᠤᠨ ᠭᠤᠶᠤᠴᠢᠯᠠᠯ᠄ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠤᠨ ᠲᠥᠷᠥᠯ ᠵᠦᠢᠯ ᠨᠢ ᠤᠷᠢᠳᠴᠢᠯᠠᠨ ᠬᠤᠳᠠᠯᠳᠤᠬᠤ ᠨᠥᠬᠦᠴᠡᠯ ᠳᠤ ᠬᠦᠷᠴᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠨᠢ ᠤᠷᠢᠳᠴᠢᠯᠠᠨ ᠬᠤᠳᠠᠯᠳᠤᠬᠤ ᠪᠠᠷ ᠭᠤᠶᠤᠴᠢᠯᠠᠬᠤ ᠵᠥᠪᠰᠢᠶᠡᠷᠡᠯ ᠤᠨ ᠦᠨᠡᠮᠯᠡᠯ ᠵᠢᠴᠢ ᠮᠠᠲ᠋ᠧᠷᠢᠶᠠᠯ ᠢᠶᠠᠨ ᠲᠤᠰᠢᠶᠠᠨ᠎ᠠ᠃       ᠬᠤᠶᠠᠷ ᠲᠤ ᠬᠢᠨᠠᠨ ᠬᠠᠮᠢᠶᠠᠷᠬᠤ ᠰᠠᠯᠠᠭ᠎ᠠ ᠮᠥᠴᠢᠷ ᠭᠥᠯᠢᠶᠡᠨ ᠠᠪᠴᠤ ᠰᠢᠢᠳᠪᠦᠷᠢᠯᠡᠨ᠎ᠡ᠄ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠨᠢ ᠬᠤᠯᠪᠣᠭᠳᠠᠯ ᠪᠦᠬᠦᠢ ᠮᠠᠲ᠋ᠧᠷᠢᠶᠠᠯ ᠢ ᠲᠤᠰᠢᠶᠠᠵᠤ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠨᠢ ᠭᠥᠯᠢᠶᠡᠨ ᠠᠪᠴᠤ ᠰᠢᠢᠳᠪᠦᠷᠢᠯᠡᠨ᠎ᠡ᠂ ᠲᠤᠰᠢᠶᠠᠭᠰᠠᠨ ᠮᠠᠲ᠋ᠧᠷᠢᠶᠠᠯ ᠨᠢ ᠪᠦᠷᠢᠨ ᠭᠦᠢᠴᠡᠳ ᠪᠠᠶᠢᠪᠠᠯ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠭᠥᠯᠢᠶᠡᠨ ᠠᠪᠴᠤ ᠰᠢᠢᠳᠪᠦᠷᠢᠯᠡᠬᠦ ᠮᠡᠳᠡᠭᠳᠡᠯ ᠤᠨ ᠪᠢᠴᠢᠭ ᠢ ᠲᠤᠬᠠᠢ ᠶᠢᠨ ᠲᠠᠯᠠᠪᠤᠷ ᠲᠤᠨᠢ ᠭᠠᠷᠭᠠᠵᠤ ᠥᠭᠬᠦ ᠬᠡᠷᠡᠭᠲᠡᠢ︔ ᠮᠠᠲ᠋ᠧᠷᠢᠶᠠᠯ ᠨᠢ ᠪᠦᠷᠢᠨ ᠪᠤᠰᠤ ᠪᠠᠶᠢᠪᠠᠯ᠂ ᠨᠥᠬᠦᠪᠦᠷᠢᠯᠡᠬᠦ ᠴᠢᠬᠤᠯᠠᠲᠠᠢ ᠮᠠᠲ᠋ᠧᠷᠢᠶᠠᠯ ᠢ ᠲᠡᠷᠡ ᠳᠠᠷᠤᠢ ᠎ ᠳᠤᠨᠢ ᠨᠢᠭᠡ ᠯᠡ ᠤᠳᠠᠭ᠎ᠠ ᠶᠢᠨ ᠴᠢᠨᠠᠷᠲᠠᠢ ᠪᠠᠷ ᠪᠢᠴᠢᠭ ᠢᠶᠠᠷ ᠮᠡᠳᠡᠭᠳᠡᠬᠦ ᠬᠡᠷᠡᠭᠲᠡᠢ᠃       ᠭᠤᠷᠪᠠ ᠳᠤ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠬᠠᠷᠭᠤᠭᠤᠯᠬᠤ᠄ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠬᠠᠩᠭᠠᠭᠰᠠᠨ ᠬᠤᠯᠪᠣᠭᠳᠠᠯ ᠪᠦᠬᠦᠢ ᠮᠠᠲ᠋ᠧᠷᠢᠶᠠᠯ ᠤᠨ ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠡᠰᠡᠬᠦ ᠶᠢ ᠬᠢᠨᠠᠨ ᠬᠠᠷᠭᠤᠭᠤᠯᠬᠤ ᠬᠡᠷᠡᠭᠲᠡᠢ᠃       ᠳᠥᠷᠪᠡ ᠳᠤ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠵᠥᠪᠰᠢᠶᠡᠷᠡᠯ᠄ ᠬᠢᠨᠠᠨ ᠪᠠᠶᠢᠴᠠᠭᠠᠬᠤ ᠪᠠᠷ ᠳᠡᠮᠵᠢᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠭᠤᠶᠤᠴᠢᠯᠠᠯ ᠤᠨ ᠲᠡᠮᠳᠡᠭ       ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠭᠰᠡᠨ ᠪᠠᠶᠢᠪᠠᠯ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠬᠦᠯᠢᠶᠡᠨ ᠠᠪᠴᠤ ᠰᠢᠢᠳᠪᠦᠷᠢᠯᠡᠬᠦ ᠡᠳᠦᠷ ᠠᠴᠠ ᠡᠬᠢᠯᠡᠨ 7 ᠡᠳᠦᠷ ᠤᠨ ᠳᠣᠲᠣᠷ᠎ᠠ᠂ ᠬᠠᠤᠯᠢ ᠶᠣᠰᠣᠭᠠᠷ ᠤᠷᠢᠳᠴᠢᠯᠠᠨ ᠬᠤᠳᠠᠯᠳᠤᠬᠤ ᠶᠢ ᠵᠥᠪᠰᠢᠶᠡᠷᠡᠬᠦ ᠵᠠᠰᠠᠭ ᠵᠠᠬᠢᠷᠭᠠᠨ ᠤ ᠵᠥᠪᠰᠢᠶᠡᠷᠡᠯ ᠤᠨ ᠪᠢᠴᠢᠭᠯᠡᠭᠰᠡᠨ ᠲᠣᠭᠲᠠᠭᠠᠯ ᠭᠠᠷᠭᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠳᠤ ᠶᠠᠪᠤᠭᠤᠯᠬᠤ ᠶᠢᠨ ᠬᠠᠮᠲᠤ ᠲᠣᠭᠲᠠᠭᠠᠯ ᠭᠠᠷᠭᠠᠭᠰᠠᠨ ᠡᠳᠦᠷ ᠠᠴᠠ ᠡᠬᠢᠯᠡᠨ 7 ᠡᠳᠦᠷ ᠤᠨ ᠳᠣᠲᠣᠷ᠎ᠠ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠳᠤ ︽ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠪᠣᠷᠣᠯᠠᠭᠤᠯᠬᠤ ᠵᠥᠪᠰᠢᠶᠡᠷᠡᠯ ᠤᠨ ᠦᠨᠡᠮᠯᠡᠯ︾ ᠣᠯᠭᠤᠵᠤ ᠬᠦᠷᠭᠡᠬᠦ ᠬᠡᠷᠡᠭᠲᠡᠶ᠃ ᠬᠢᠨᠠᠨ ᠪᠠᠶᠢᠴᠠᠭᠠᠬᠤ ᠪᠠᠷ ᠳᠠᠮᠵᠢᠭᠠᠳ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠭᠤᠶᠤᠴᠢᠯᠠᠯ ᠨᠢ ᠬᠠᠤᠯᠢ ᠪᠠᠷ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠦᠭᠡᠶ ᠪᠣᠯ ᠭᠡᠷ ᠪᠠᠶᠢᠰᠢᠩ ᠭᠠᠵᠠᠷ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠬᠦᠯᠢᠶᠡᠨ ᠠᠪᠤᠭᠰᠠᠨ ᠡᠳᠦᠷ ᠠᠴᠠ ᠡᠬᠢᠯᠡᠨ 7 ᠡᠳᠦᠷ ᠤᠨ ᠳᠣᠲᠣᠷ᠎ᠠ ᠬᠠᠤᠯᠢ ᠶᠣᠰᠣᠭᠠᠷ ᠵᠥᠪᠰᠢᠶᠡᠷᠡᠯ ᠣᠯᠭᠤᠬᠤ ᠦᠭᠡᠶ ᠪᠢᠴᠢᠭᠯᠡᠭᠰᠡᠨ ᠲᠣᠭᠲᠠᠭᠠᠯ ᠭᠠᠷᠭᠠᠬᠤ ᠬᠡᠷᠡᠭᠲᠡᠶ᠃ ᠪᠢᠴᠢᠭ ᠢᠶᠠᠷ ᠲᠣᠭᠲᠠᠭᠠᠭᠰᠠᠨ ᠤᠴᠢᠷ ᠰᠢᠯᠲᠠᠭᠠᠨ ᠢᠶᠠᠨ ᠲᠣᠳᠣᠷᠬᠠᠶᠢᠯᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠳᠤ ᠬᠠᠤᠯᠢ ᠶᠣᠰᠣᠭᠠᠷ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠪᠤᠶᠤ ᠵᠠᠰᠠᠭ ᠵᠠᠬᠢᠷᠭᠠᠨ ᠤ ᠵᠠᠷᠭᠤ ᠬᠢᠬᠦ ᠡᠷᠬᠡ ᠲᠠᠢ ᠪᠥᠭᠡᠳ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠳᠤ ᠬᠦᠷᠭᠡᠬᠦ ᠬᠡᠷᠡᠭᠲᠡᠶ᠃       ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ︽ᠠᠯᠠᠱᠠ ᠵᠡᠭᠦᠨ ᠬᠤᠰᠢᠭᠤᠨ ᠤ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠬᠠᠮᠢᠶᠠᠷᠤᠯᠲᠠ ᠶᠢᠨ ᠠᠷᠭ᠎ᠠ︾ ︽ᠠᠯᠠᠱᠠ ᠵᠡᠭᠦᠨ ᠬᠤᠰᠢᠭᠤᠨ ᠤ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ︾᠎ ᠶᠢ ᠬᠡᠪᠯᠡᠨ ᠲᠠᠷᠬᠠᠭᠠᠬᠤ ᠲᠤᠬᠠᠢ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ       ᠮᠡᠳᠡᠭᠡ ᠵᠠᠩᠭᠢ ᠶᠢᠨ ᠢᠷᠡᠯᠲᠡ᠄ ᠠᠯᠠᠱᠠ ᠵᠡᠭᠦᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号