︽ᠠᠯᠠᠱᠠ ᠵᠡᠭᠦᠨ ᠬᠤᠰᠢᠭᠤᠨ ᠤ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠬᠠᠮᠢᠶᠠᠷᠤᠯᠲᠠ ᠶᠢᠨ ᠠᠷᠭ᠎ᠠ︾ ︽ᠠᠯᠠᠱᠠ ᠵᠡᠭᠦᠨ ᠬᠤᠰᠢᠭᠤᠨ ᠤ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾᠎ ᠶᠢ ᠬᠡᠪᠯᠡᠨ ᠲᠠᠷᠬᠠᠭᠠᠬᠤ ᠲᠤᠬᠠᠢ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/3/18
      ᠠᠯᠠᠱᠠ ᠵᠡᠭᠦᠨ ᠬᠤᠰᠢᠭᠤᠨ ᠤ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠬᠠᠮᠢᠶᠠᠷᠤᠯᠲᠠ ᠶᠢᠨ ᠠᠷᠭ᠎ᠠ       ᠨᠢᠭᠡᠳᠦᠭᠡᠷ ᠵᠦᠢᠯ    ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠠᠵᠢᠯᠯᠠᠭ᠎ᠠ ᠶᠢ ᠵᠢᠷᠤᠮᠵᠢᠭᠤᠯᠬᠤ ᠶᠢᠨ ᠲᠥᠯᠥᠭᠡ᠂ ᠲᠠᠸᠠᠷ ᠤᠨ ᠭᠡᠷ ᠪᠠᠶᠢᠰᠢᠩ ᠤᠨ ᠠᠷᠠᠯᠵᠢᠶᠠᠨ ᠤ ᠲᠤᠬᠠᠢ ᠶᠢᠨ ᠬᠥᠮᠥᠨ ᠤ ᠮᠠᠨ ᠤ ᠬᠤᠰᠢᠭᠤᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠡᠷᠡᠭᠦᠯ ᠬᠥᠭᠵᠢᠯᠲᠡ ᠶᠢ ᠠᠬᠢᠭᠤᠯᠵᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠬᠠᠮᠢᠶᠠᠷᠤᠯᠲᠠ ᠶᠢᠨ ᠬᠠᠤᠯᠢ︾᠎ ᠶᠢ ︽ᠬᠤᠲᠠ ᠶᠢᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ ᠡᠵᠡᠩᠨᠡᠬᠦ ᠬᠠᠮᠢᠶᠠᠷᠤᠯᠲᠠ ᠶᠢᠨ ᠳᠦᠷᠢᠮ︾ ︽ᠬᠤᠲᠠ ᠶᠢᠨ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠬᠠᠮᠢᠶᠠᠷᠤᠯᠲᠠ ᠶᠢᠨ ᠠᠷᠭ᠎ᠠ︾ ︽ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠤᠯᠠᠮ ᠴᠢᠩᠭᠠᠳᠬᠠᠵᠤ ᠲᠠᠸᠠᠷ ᠤᠨ ᠣᠷᠣᠨ ᠰᠠᠭᠤᠴᠠ ᠶᠢ ᠤᠷᠢᠳᠴᠢᠯᠠᠨ ᠬᠤᠳᠠᠯᠳᠤᠬᠤ ᠳᠦᠷᠢᠮ ᠢ ᠲᠡᠭᠦᠯᠳᠡᠷᠵᠢᠭᠦᠯᠬᠦ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠮᠡᠳᠡᠭᠳᠡᠯ︾ ︵ᠭᠡᠷ ᠪᠠᠶᠢᠰᠢᠩ ᠪᠠᠷᠢᠭᠰᠠᠨ ﹇2010﹈ 53 ᠳ᠋ᠤᠭᠠᠷ ᠲᠣᠭᠠᠲᠤ︶᠂ ︽︿ᠠᠯᠠᠱᠠ ᠠᠶᠢᠮᠠᠭ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠬᠢᠷᠠᠭᠤᠯᠤᠯ ᠡᠵᠡᠮᠳᠡᠯ ᠤᠨ ︿ᠨᠢᠭᠡ ᠬᠤᠲᠠ ᠳᠤ ᠨᠢᠭᠡ ᠪᠣᠳᠣᠯᠭ᠎ᠠ ᠬᠡᠷᠡᠭᠵᠢᠭᠦᠯᠬᠦ﹀ ᠠᠵᠢᠯ ᠤᠨ ᠵᠢᠯᠤᠭᠤᠳᠬᠤ ᠲᠥᠰᠥᠯ﹀᠎ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠠᠯᠠᠱᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠠᠷᠬᠠᠭᠠᠭᠰᠠᠨ ﹇2020﹈ 26 ᠳ᠋ᠤᠭᠠᠷ ᠲᠣᠭᠠᠲᠤ︶ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃       ᠬᠤᠶᠠᠳᠤᠭᠠᠷ ᠵᠦᠢᠯ    ᠲᠤᠰ ᠠᠷᠭ᠎ᠠ ᠳᠤ ᠬᠡᠯᠡᠵᠦ ᠪᠠᠶᠢᠭ᠎ᠠ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠭᠡᠳᠡᠭ ᠨᠢ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠨᠢ ᠶᠠᠭ ᠪᠦᠲᠦᠭᠡᠨ ᠪᠠᠶᠢᠭᠤᠯᠵᠤ ᠪᠠᠶᠢᠭ᠎ᠠ ᠭᠡᠷ ᠪᠠᠶᠢᠰᠢᠩ ᠢᠶᠠᠨ ᠬᠤᠳᠠᠯᠳᠤᠨ ᠠᠪᠤᠭᠴᠢ ᠳᠤ ᠤᠷᠢᠳᠴᠢᠯᠠᠨ ᠬᠤᠳᠠᠯᠳᠤᠨ ᠥᠭᠴᠦ᠂ ᠬᠤᠳᠠᠯᠳᠤᠨ ᠠᠪᠤᠭᠴᠢ ᠠᠴᠠ ᠪᠣᠯᠵᠣᠭᠠᠨ ᠤ ᠮᠥᠩᠭᠦ ᠪᠤᠶᠤ ᠭᠡᠷ ᠪᠠᠶᠢᠰᠢᠩ ᠤᠨ ᠦᠨ᠎ᠡ ᠶᠢᠨ ᠵᠣᠭᠤᠰ ᠢ ᠲᠥᠯᠥᠬᠦ ᠥᠢᠯᠡ ᠠᠵᠢᠯᠯᠠᠭ᠎ᠠ ᠶᠢ ᠵᠢᠭᠠᠵᠤ ᠪᠤᠢ᠃       ᠭᠤᠷᠪᠠᠳᠤᠭᠠᠷ ᠵᠦᠢᠯ    ᠲᠣᠰ ᠠᠷᠭ᠎ᠠ ᠶᠢ ᠠᠯᠠᠱᠠ ᠵᠡᠭᠦᠨ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠵᠢᠴᠢ ᠲᠡᠭᠦᠨ ᠤ ᠬᠠᠮᠢᠶᠠᠷᠤᠯᠲᠠ ᠳᠤ ᠬᠡᠷᠡᠭᠯᠡᠨ᠎ᠡ᠃       ᠳᠥᠷᠪᠡᠳᠦᠭᠡᠷ ᠵᠦᠢᠯ    ᠠᠯᠠᠱᠠ ᠵᠡᠭᠦᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︵ᠳᠣᠷᠣᠭᠰᠢ ᠭᠡᠷ ᠪᠠᠶᠢᠰᠢᠩ ᠭᠠᠵᠠᠷ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠭᠡᠵᠦ ᠲᠣᠪᠴᠢᠯᠠᠨ᠎ᠠ︶᠎ ᠨᠢ ᠪᠥᠬᠦ ᠬᠤᠰᠢᠭᠤᠨ ᠤ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃       ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠵᠡᠷᠭᠡ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠠᠵᠢᠯ ᠳᠤ ᠢᠳᠡᠪᠬᠢᠲᠡᠢ ᠬᠠᠮᠵᠢᠯᠴᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠢ ᠰᠢᠯᠵᠢᠭᠦᠯᠦᠨ ᠥᠭᠬᠦ᠂ ᠪᠠᠷᠢᠴᠠᠭᠠᠯᠠᠬᠤ᠂ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠬᠢᠨᠠᠨ ᠬᠠᠮᠢᠶᠠᠷᠬᠤ ᠵᠡᠷᠭᠡ ᠲᠠᠯ᠎ᠠ ᠶᠢᠨ ᠮᠡᠷᠭᠡᠵᠢᠯ ᠤᠨ ᠴᠢᠨᠠᠷᠲᠠᠢ᠂ ᠲᠤᠰᠠᠯᠠᠬᠤ ᠴᠢᠨᠠᠷᠲᠠᠢ ᠪᠠ ᠬᠡᠷᠡᠭ ᠶᠠᠪᠤᠳᠠᠯ ᠤᠨ ᠴᠢᠨᠠᠷᠲᠠᠢ ᠠᠵᠢᠯ ᠢ ᠡᠭᠦᠷᠭᠡᠯᠡᠬᠦ ᠬᠡᠷᠡᠭᠲᠡᠢ᠃ ᠠᠯᠠᠱᠠ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠥᠬᠦ ᠵᠠᠰᠠᠭ ᠵᠠᠬᠢᠷᠭᠠᠨ ᠤ ᠰᠢᠢᠳᠬᠡᠯ ᠤᠨ ᠡᠷᠬᠡ ᠶᠢ ᠬᠠᠤᠯᠢ ᠶᠣᠰᠣᠭᠠᠷ ᠬᠡᠷᠡᠭᠵᠢᠭᠦᠯᠦᠨ᠎ᠡ᠃       ᠬᠥᠭᠵᠢᠭᠦᠯᠦᠯᠲᠡ ᠪᠠ ᠥᠭᠡᠷᠡᠴᠢᠯᠡᠯᠲᠡ᠂ ᠳᠣᠲᠣᠭᠠᠳᠤ ᠶᠢ ᠬᠠᠮᠠᠭᠠᠯᠠᠬᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠭᠠᠶᠢᠯᠢ ᠶᠢᠨ ᠶᠠᠪᠤᠳᠠᠯ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ ᠡᠷᠬᠡ ᠲᠤᠰᠢᠶᠠᠯ ᠤᠨ ᠬᠡᠪᠴᠢᠶᠡᠨ ᠳᠣᠲᠣᠷ᠎ᠠ ᠪᠠᠨ ᠨᠡᠪᠲᠡᠷᠡᠯᠴᠡᠬᠦ᠂ ᠬᠠᠮᠵᠢᠯᠴᠠᠬᠤ ᠪᠠᠨ ᠴᠢᠩᠭᠠᠳᠬᠠᠵᠤ᠂ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠬᠠᠮᠢᠶ᠎ᠠ ᠪᠦᠬᠦᠢ ᠬᠠᠮᠢᠶᠠᠷᠤᠯᠲᠠ ᠶᠢᠨ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠢ᠃       ᠲᠠᠪᠤᠳᠤᠭᠠᠷ ᠵᠦᠢᠯ     ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠳᠤ ᠵᠥᠪᠰᠢᠶᠡᠷᠡᠯ ᠤᠨ ᠳᠦᠷᠢᠮ ᠢ ᠬᠡᠷᠡᠭᠵᠢᠭᠦᠯᠦᠨ᠎ᠡ᠃ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠵᠥᠪᠰᠢᠶᠡᠷᠡᠯ ᠢ ᠭᠤᠶᠤᠴᠢᠯᠠᠬᠤ ᠪᠡᠶᠡᠴᠢ ᠴᠣᠭᠴᠠ ᠨᠢ ᠡᠷᠬᠡᠪᠰᠢ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ ᠠᠰᠢᠭᠯᠠᠬᠤ ᠬᠢᠷᠢ ᠬᠡᠮ ᠲᠠᠢ ᠨᠡᠭᠡᠭᠡᠨ ᠠᠰᠢᠭᠯᠠᠬᠤ ᠠᠵᠤ ᠠᠬᠤᠶᠢᠯᠠᠯ ᠪᠠᠶᠢᠬᠤ ᠬᠡᠷᠡᠭᠲᠡᠢ᠃       ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠡᠷᠬᠡᠪᠰᠢ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠤᠷᠢᠳᠴᠢᠯᠠᠨ ᠬᠤᠳᠠᠯᠳᠤᠬᠤ ᠳᠠᠩᠰᠠᠯᠠᠯᠲᠠ ᠬᠢᠯᠭᠡᠬᠦ ᠪᠠᠷ ᠭᠤᠶᠤᠴᠢᠯᠠᠵᠤ᠂ ᠵᠥᠪᠰᠢᠶᠡᠷᠡᠭᠦᠯᠦᠭᠡᠳ ︽ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠪᠣᠷᠣᠯᠠᠭᠤᠯᠬᠤ ᠵᠥᠪᠰᠢᠶᠡᠷᠡᠯ ᠤᠨ ᠦᠨᠡᠮᠯᠡᠯ︾᠎ ᠢ ᠣᠯᠣᠭᠰᠠᠨ ᠤ ᠲᠡᠷᠠᠭ᠎ᠠ ᠰᠠᠶ᠋ᠢ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠵᠤ ᠪᠣᠯᠣᠨ᠎ᠠ᠃       ᠵᠢᠷᠭᠤᠳᠤᠭᠠᠷ ᠵᠦᠢᠯᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ︽ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠪᠣᠷᠣᠯᠠᠭᠤᠯᠬᠤ ᠵᠥᠪᠰᠢᠶᠡᠷᠡᠯ ᠤᠨ ᠦᠨᠡᠮᠯᠡᠯ︾᠎ ᠢ ᠭᠤᠶᠤᠴᠢᠯᠠᠬᠤ ᠳᠤ ᠳᠣᠣᠷᠠᠬᠢ ᠨᠥᠬᠦᠴᠡᠯ ᠤᠳ ᠲᠤ ᠭᠦᠷᠦᠭᠰᠡᠨ ᠪᠠᠶᠢᠬᠤ ᠬᠡᠷᠡᠭᠲᠡᠢ᠄       ︵ᠨᠢᠭᠡ︶ ᠭᠠᠵᠠᠷ ᠰᠢᠷᠣᠢ ᠬᠡᠷᠡᠭᠯᠡᠬᠦ ᠡᠷᠬᠡ ᠶᠢ ᠭᠠᠷᠭᠠᠵᠤ ᠥᠭᠬᠦ ᠪᠦᠬᠦ ᠮᠥᠩᠭᠦ ᠶᠢ ᠲᠤᠰᠢᠶᠠᠭᠠᠳ ᠭᠠᠵᠠᠷ ᠰᠢᠷᠣᠢ ᠬᠡᠷᠡᠭᠯᠡᠬᠦ ᠡᠷᠬᠡ ᠶᠢᠨ ᠦᠨᠡᠮᠯᠡᠯ ᠣᠯᠣᠭᠰᠠᠨ︔       ︵ᠬᠤᠶᠠᠷ︶ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠪᠠ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠲᠠᠢ ᠪᠠᠶᠢᠬᠤ︔       ︵ᠭᠤᠷᠪᠠ︶ ᠨᠡᠭᠡᠭᠡᠨ ᠬᠥᠭᠵᠢᠭᠦᠯᠬᠦ ᠪᠦᠲᠦᠭᠡᠨ ᠪᠠᠶᠢᠭᠤᠯᠤᠯᠲᠠ ᠳᠤ ᠣᠷᠣᠭᠤᠯᠤᠭᠰᠠᠨ ᠪᠡᠯᠡ ᠮᠥᠩᠭᠦ ᠨᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠪᠡᠯᠡ ᠣᠷᠣᠭᠤᠯᠤᠯᠲᠠ ᠶᠢᠨ 25%᠎ ᠠᠴᠠ ᠳᠡᠭᠡᠭᠰᠢ ᠳᠤ ᠬᠥᠷᠥᠭᠰᠡᠨ ᠪᠠᠶᠢᠬᠤ᠃ ᠡᠭᠦᠨ ᠳᠤ᠂ ᠤᠷᠢᠳᠴᠢᠯᠠᠨ ᠬᠤᠳᠠᠯᠳᠤᠬᠤ ᠪᠠᠷ ᠭᠤᠶᠤᠴᠢᠯᠠᠭᠰᠠᠨ ᠲᠠᠸᠠᠷ ᠤᠨ ᠭᠡᠷ ᠪᠠᠶᠢᠰᠢᠩ ᠤᠨ ᠲᠥᠷᠥᠯ ᠵᠦᠢᠯ ᠤᠨ ᠪᠠᠷᠢᠯᠭ᠎ᠠ ᠶᠢᠨ ᠳᠦᠷᠢ ᠲᠥᠷᠬᠦ ᠶᠢᠨ ᠠᠬᠢᠴᠠ ᠶᠢᠨ ᠪᠠᠷᠢᠮᠵᠢᠶ᠎ᠠ ᠳᠤ ᠬᠦᠷᠬᠦ ᠪᠠᠷᠢᠮᠵᠢᠶ᠎ᠠ ᠭᠡᠪᠡᠯ᠄ ᠭᠠᠵᠠᠷ ᠳᠡᠭᠡᠷᠡᠬᠢ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠳᠠᠪᠬᠤᠷᠭ᠎ᠠ ᠶᠢᠨ ᠲᠤᠭ᠎ᠠ ᠨᠢ ᠵᠢᠷᠭᠤᠭᠠᠨ ᠳᠠᠪᠬᠤᠷᠭ᠎ᠠ ᠠᠴᠠ ᠳᠣᠷᠣᠭᠰᠢ ︵ᠲᠣᠰ ᠲᠤᠭ᠎ᠠ ᠶᠢ ᠪᠠᠭᠲᠠᠭᠠᠨ᠎ᠠ︶᠎ ᠶᠢ ᠪᠡᠶᠡᠯᠡᠭᠦᠯᠦᠭᠰᠡᠨ ᠪᠠᠷᠢᠯᠭ᠎ᠠ ᠶᠢᠨ ᠭᠤᠣᠯ ᠴᠣᠭᠴᠠ ᠶᠢᠨ ᠭᠤᠷᠪᠠᠨ ᠤ ᠨᠢᠭᠡ ᠬᠤᠪᠢ︔ ᠵᠢᠷᠭᠤᠭᠠᠨ ᠳᠠᠪᠬᠤᠷᠭ᠎ᠠ ᠠᠴᠠ ᠳᠡᠭᠡᠭᠰᠢ ︵ᠤᠤᠯ ᠲᠤᠭ᠎ᠠ ᠶᠢ ᠪᠠᠭᠲᠠᠭᠠᠨ᠎ᠠ︶᠎ ᠶᠢ ᠪᠡᠶᠡᠯᠡᠭᠦᠯᠦᠭᠰᠡᠨ ᠪᠠᠷᠢᠯᠭ᠎ᠠ ᠶᠢᠨ ᠭᠤᠣᠯ ᠴᠣᠭᠴᠠ ᠶᠢᠨ ᠬᠠᠭᠠᠰ ᠤᠨ ᠨᠢᠭᠡ ᠬᠤᠪᠢ ᠶᠢ ᠡᠵᠡᠯᠡᠨ᠎ᠡ᠃       ᠳᠣᠯᠣᠳᠤᠭᠠᠷ ᠵᠦᠢᠯ    ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠤᠷᠢᠳᠴᠢᠯᠠᠨ ᠬᠤᠳᠠᠯᠳᠤᠬᠤ ᠵᠥᠪᠰᠢᠶᠡᠷᠡᠯ ᠭᠤᠶᠤᠴᠢᠯᠠᠬᠤ ᠳᠠᠭᠠᠨ ᠳᠣᠣᠷ᠎ᠠ ᠵᠢᠭᠰᠠᠭᠠᠭᠰᠠᠨ ᠦᠨᠡᠮᠯᠡᠯ ︵ᠪᠠᠭᠤᠯᠭᠠᠪᠤᠷᠢ︶ ᠵᠢᠴᠢ ᠮᠠᠲ᠋ᠧᠷᠢᠶᠠᠯ ᠢ ᠲᠤᠰᠢᠶᠠᠬᠤ ᠬᠡᠷᠡᠭᠲᠡᠢ᠄       ︵ᠨᠢᠭᠡ︶ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠪᠣᠷᠣᠯᠠᠭᠤᠯᠬᠤ ᠵᠥᠪᠰᠢᠶᠡᠷᠡᠯ ᠤᠨ ᠭᠤᠶᠤᠴᠢᠯᠠᠯ ᠤᠨ ᠪᠢᠴᠢᠭ ︵ᠥᠪᠥᠷ ᠮᠣᠩᠭᠤᠯ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠳᠠᠷᠤᠮᠠᠯᠯᠠᠨ ᠦᠢᠯᠡᠳᠪᠡ︶︔       ︵ᠬᠤᠶᠠᠷ︶ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ︽ᠡᠵᠡᠩᠨᠡᠯᠲᠡ ᠶᠢᠨ ᠦᠨᠡᠮᠯᠡᠯ︾ ᠪᠠ ︽ᠬᠢᠷᠢ ᠴᠢᠳᠠᠯ ᠤᠨ ᠵᠡᠷᠭᠡ ᠳᠡᠰ ᠤᠨ ᠦᠨᠡᠮᠯᠡᠯ︾︔       ︵ᠭᠤᠷᠪᠠ︶ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠰᠡᠳᠦᠪ ᠲᠣᠭᠲᠠᠭᠠᠬᠤ ᠶᠢᠨ ᠴᠣᠬᠤᠯᠠᠪᠤᠷᠢ ᠬᠠᠷᠢᠭᠤᠯᠲᠠ︔       ︵ᠳᠥᠷᠪᠡ︶ ᠪᠠᠷᠢᠯᠭ᠎ᠠ ᠶᠢᠨ ᠭᠡᠷ᠎ᠡ᠂ ᠤᠷᠢᠳᠴᠢᠯᠠᠨ ᠬᠤᠳᠠᠯᠳᠤᠬᠤ ᠲᠠᠸᠠᠷ ᠤᠨ ᠭᠡᠷ ᠪᠠᠶᠢᠰᠢᠩ ᠤᠨ ᠵᠦᠢᠯᠡᠰ ᠤᠨ ᠪᠠᠷᠢᠯᠭ᠎ᠠ ᠶᠢᠨ ᠪᠡᠯᠡ ᠣᠷᠣᠭᠤᠯᠤᠯᠲᠠ ᠵᠢᠴᠢ ᠳᠦᠷᠢ ᠲᠥᠷᠬᠦ ᠶᠢᠨ ᠠᠬᠢᠴᠠ ᠶᠢᠨ ᠲᠣᠳᠣᠷᠬᠠᠶᠢᠯᠠᠯᠲᠠ︔       ︵ᠲᠠᠪᠤ︶ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠲᠥᠰᠥᠯ᠃ ᠤᠷᠢᠳᠴᠢᠯᠠᠨ ᠬᠤᠳᠠᠯᠳᠤᠬᠤ ᠲᠥᠰᠥᠯ ᠳᠤ ᠤᠷᠢᠳᠴᠢᠯᠠᠨ ᠬᠤᠳᠠᠯᠳᠤᠬᠤ ᠲᠠᠸᠠᠷ ᠤᠨ ᠭᠡᠷ ᠪᠠᠶᠢᠰᠢᠩ ᠤᠨ ᠪᠠᠶᠢᠷᠢᠯᠠᠯ᠂ ᠲᠠᠯᠠᠪᠠᠢ᠂ ᠪᠠᠷᠢᠯᠭ᠎ᠠ ᠳᠠᠭᠤᠰᠴᠤ ᠲᠤᠰᠢᠶᠠᠨ ᠥᠭᠭᠦᠭᠰᠡᠨ ᠡᠳᠦᠷ ᠬᠤᠭᠤᠴᠠᠭ᠎ᠠ᠂ ᠤᠰᠤ᠂ ᠴᠠᠬᠢᠯᠭᠠᠨ᠂ ᠳᠤᠯᠠᠭᠠᠯᠠᠭ᠎ᠠ᠂ ᠪᠠᠶᠢᠭᠠᠯᠢ ᠶᠢᠨ ᠰᠢᠲᠠᠮᠠᠬᠠᠢ ᠬᠡᠢ᠂ ᠨᠣᠭᠤᠭᠠᠷᠠᠭᠤᠯᠬᠤ᠂ ᠬᠠᠲᠠᠭᠤᠷᠠᠭᠤᠯᠬᠤ᠂ ᠠᠳᠠᠯ ᠠᠬᠤᠢ ᠶᠢᠨ ᠢᠵᠢ ᠪᠦᠷᠢᠳᠦᠭᠦᠯᠬᠦ ᠲᠥᠬᠦᠭᠡᠷᠦᠮᠵᠢ ᠵᠡᠷᠭᠡ ᠪᠠᠶᠢᠳᠠᠯ ᠢ ᠲᠣᠳᠣᠷᠬᠠᠶᠢᠯᠠᠬᠤ ᠬᠡᠷᠡᠭᠲᠡᠢ︔       ︵ᠵᠢᠷᠭᠤᠭ᠎ᠠ︶ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠡᠯᠡᠯᠴᠡᠭᠡᠷ ᠲᠣᠭᠲᠠᠭᠠᠬᠤ︔       ︵ᠲᠤᠯᠤᠭ᠎ᠠ︶ ᠭᠡᠷ ᠪᠠᠶᠢᠰᠢᠩ ᠢ ᠬᠡᠮᠵᠢᠨ ᠵᠢᠷᠤᠭᠰᠠᠨ ᠮᠡᠳᠡᠭᠦᠯᠦᠯᠲᠡ ᠪᠠᠨ ᠲᠤᠰᠢᠶᠠᠨ᠎ᠠ︔       ︵ᠨᠠᠢᠮᠠ︶ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠡᠵᠡᠩᠨᠡᠯᠲᠡ ᠶᠢᠨ ᠦᠨᠡᠮᠯᠡᠯ ᠵᠢᠴᠢ ᠡᠮᠦᠨᠡᠬᠢ ᠬᠤᠭᠤᠴᠠᠭᠠᠨ ᠤ ᠳᠠᠩᠰᠠᠯᠠᠭᠤᠯᠬᠤ ᠭᠡᠷ᠎ᠡ︔       ︵ᠶᠢᠰᠦ︶ ᠨᠢᠭᠡ ᠭᠡᠷ ᠪᠠᠶᠢᠰᠢᠩ ᠨᠢᠭᠡ ᠦᠨ᠎ᠡ ᠶᠢᠨ ᠪᠣᠷᠤᠯᠠᠭᠤᠯᠭ᠎ᠠ ᠶᠢᠨ ᠡᠵᠡᠮᠳᠡᠯ ᠤᠨ ᠬᠦᠰᠦᠨᠦᠭᠲᠦ᠃ ᠭᠡᠷ ᠪᠠᠶᠢᠰᠢᠩ ᠤᠨ ᠨᠣᠮᠧᠷ᠂ ᠨᠢᠭᠡᠴᠢ ᠦᠨ᠎ᠡ᠂ ᠲᠠᠯᠠᠪᠠᠢ᠂ ᠶᠡᠷᠦᠩᠬᠡᠢ ᠦᠨ᠎ᠡ ᠵᠡᠷᠭᠡ ᠶᠢ ᠲᠣᠳᠣᠷᠬᠠᠶᠢᠯᠠᠬᠤ ᠬᠡᠷᠡᠭᠲᠡᠢ       ︵ᠠᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ ᠤᠳ᠃       ᠨᠠᠢᠮᠠᠳᠤᠭᠠᠷ ᠵᠦᠢᠯ     ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠵᠥᠪᠰᠢᠶᠡᠷᠡᠯ ᠢ ᠳᠣᠣᠷ᠎ᠠ ᠵᠢᠭᠰᠠᠭᠠᠭᠰᠠᠨ ᠵᠢᠷᠤᠮ ᠶᠣᠰᠣᠭᠠᠷ ᠭᠦᠢᠴᠡᠳᠬᠡᠨ᠎ᠡ᠄       ︵ᠨᠢᠭᠡ︶ ᠬᠦᠯᠢᠶᠡᠨ ᠠᠪᠴᠤ ᠰᠢᠢᠳᠪᠦᠷᠢᠯᠡᠬᠦ᠃ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠨᠢ ᠲᠣᠰ ᠠᠷᠭ᠎ᠠ ᠶᠢᠨ ᠳᠣᠯᠣᠳᠤᠭᠠᠷ ᠵᠦᠢᠯ ᠤᠨ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠮᠠᠲ᠋ᠧᠷᠢᠶᠠᠯ ᠢ ᠲᠤᠰᠢᠶᠠᠵᠤ᠂ ᠮᠠᠲ᠋ᠧᠷᠢᠶᠠᠯ ᠨᠢ ᠪᠦᠷᠢᠨ ᠭᠦᠢᠴᠡᠳ ᠪᠠᠶᠢᠪᠠᠯ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠭᠥᠯᠢᠶᠡᠨ ᠠᠪᠴᠤ ᠰᠢᠢᠳᠪᠦᠷᠢᠯᠡᠬᠦ ᠮᠡᠳᠡᠭᠳᠡᠯ ᠤᠨ ᠪᠢᠴᠢᠭ ᠢ ᠲᠤᠬᠠᠢ ᠶᠢᠨ ᠲᠠᠯᠠᠪᠤᠷ ᠲᠤᠨᠢ ᠭᠠᠷᠭᠠᠵᠤ ᠥᠭᠬᠦ ᠬᠡᠷᠡᠭᠲᠡᠢ︔ ᠮᠠᠲ᠋ᠧᠷᠢᠶᠠᠯ ᠨᠢ ᠪᠦᠷᠢᠨ ᠪᠤᠰᠤ ᠪᠠᠶᠢᠪᠠᠯ᠂ ᠨᠥᠬᠦᠪᠦᠷᠢᠯᠡᠬᠦ ᠴᠢᠬᠤᠯᠠᠲᠠᠢ ᠮᠠᠲ᠋ᠧᠷᠢᠶᠠᠯ ᠢ ᠲᠡᠷᠡ ᠳᠠᠷᠤᠢ ᠳᠤᠨᠢ ᠨᠢᠭᠡ ᠯᠡ ᠤᠳᠠᠭ᠎ᠠ ᠶᠢᠨ ᠴᠢᠨᠠᠷᠲᠠᠢ ᠪᠠᠷ ᠪᠢᠴᠢᠭ ᠢᠶᠠᠷ ᠮᠡᠳᠡᠭᠳᠡᠬᠦ ᠬᠡᠷᠡᠭᠲᠡᠢ᠃       ︵ᠬᠤᠶᠠᠷ︶ ᠬᠢᠨᠠᠨ ᠬᠠᠷᠭᠤᠭᠤᠯᠬᠤ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠤᠨ ᠬᠠᠩᠭᠠᠭᠰᠠᠨ ᠬᠤᠯᠪᠣᠭᠳᠠᠯ ᠪᠦᠬᠦᠢ ᠮᠠᠲ᠋ᠧᠷᠢᠶᠠᠯ ᠤᠨ ᠬᠠᠤᠯᠢ ᠳᠤ ᠲᠣᠭᠲᠠᠭᠠᠭᠰᠠᠨ ᠨᠥᠬᠦᠴᠡᠯ ᠳᠤ       ᠭᠡᠷ ᠪᠠᠶᠢᠰᠢᠩ ᠭᠠᠵᠠᠷ ᠬᠥᠷᠥᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠨᠢ ᠲᠤᠰᠢᠶᠠᠭᠰᠠᠨ ᠮᠠᠲ᠋ᠧᠷᠢᠶᠠᠯ ᠤᠨ ᠢᠶᠠᠨ ᠮᠥᠨ ᠴᠢᠨᠠᠷ ᠤᠨ ᠠᠭᠤᠯᠭ᠎ᠠ ᠶᠢᠨ ᠦᠨᠡᠨ ᠪᠣᠳᠠᠲᠤ ᠴᠢᠨᠠᠷ ᠲᠤ ᠬᠠᠷᠢᠭᠤᠴᠠᠨ᠎ᠠ᠃       ︵ᠭᠤᠷᠪᠠ︶ ᠵᠥᠪᠰᠢᠶᠡᠷᠡᠬᠦ᠃ ᠬᠢᠨᠠᠨ ᠪᠠᠶᠢᠴᠠᠭᠠᠭᠠᠳ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠤᠨ ᠭᠤᠶᠤᠴᠢᠯᠠᠯ ᠨᠢ ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠭᠰᠡᠨ ᠪᠠᠶᠢᠪᠠᠯ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠰᠢᠢᠳᠪᠦᠷᠢᠯᠡᠬᠦ ᠪᠠᠷ ᠭᠥᠯᠢᠶᠡᠨ ᠠᠪᠤᠭᠰᠠᠨ ᠡᠳᠦᠷ ᠠᠴᠠ ᠡᠬᠢᠯᠡᠨ 7 ᠡᠳᠦᠷ ᠤᠨ ᠳᠣᠲᠣᠷ᠎ᠠ ᠤᠷᠢᠳᠴᠢᠯᠠᠨ ᠬᠤᠳᠠᠯᠳᠤᠬᠤ ᠶᠢ ᠵᠥᠪᠰᠢᠶᠡᠷᠡᠬᠦ ᠵᠠᠰᠠᠭ ᠵᠠᠬᠢᠷᠭᠠᠨ ᠤ ᠵᠥᠪᠰᠢᠶᠡᠷᠡᠯ ᠤᠨ ᠪᠢᠴᠢᠭ ᠤᠨ ᠲᠣᠭᠲᠠᠭᠠᠯ ᠢ ᠬᠠᠤᠯᠢ ᠶᠣᠰᠣᠭᠠᠷ ᠭᠠᠷᠭᠠᠵᠤ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠳᠤ ᠬᠦᠷᠭᠡᠬᠦ ᠬᠡᠷᠡᠭᠲᠡᠢ ᠪᠥᠭᠡᠳ ᠲᠣᠭᠲᠠᠭᠠᠯ ᠭᠠᠷᠭᠠᠭᠰᠠᠨ ᠡᠳᠦᠷ ᠠᠴᠠ ᠡᠬᠢᠯᠡᠨ 7 ᠡᠳᠦᠷ ᠤᠨ ᠳᠣᠲᠣᠷ᠎ᠠ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠳᠤ ︽ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠪᠣᠷᠣᠯᠠᠭᠤᠯᠬᠤ ᠵᠥᠪᠰᠢᠶᠡᠷᠡᠯ ᠤᠨ ᠦᠨᠡᠮᠯᠡᠯ︾᠎ ᠢ ᠣᠯᠭᠤᠵᠤ᠂ ᠬᠦᠷᠭᠡᠬᠦ ᠬᠡᠷᠡᠭᠲᠡᠢ᠃       ᠬᠢᠨᠠᠨ ᠪᠠᠶᠢᠴᠠᠭᠠᠭᠠᠳ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠤᠨ ᠭᠤᠶᠤᠴᠢᠯᠠᠯ ᠨᠢ ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠦᠭᠡᠢ ᠪᠠᠶᠢᠪᠠᠯ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠰᠢᠢᠳᠪᠦᠷᠢᠯᠡᠬᠦ ᠪᠠᠷ ᠭᠥᠯᠢᠶᠡᠨ ᠠᠪᠤᠭᠰᠠᠨ ᠡᠳᠦᠷ ᠠᠴᠠ ᠡᠬᠢᠯᠡᠨ 7 ᠡᠳᠦᠷ ᠤᠨ ᠳᠣᠲᠣᠷ᠎ᠠ ᠥᠯᠥ ᠵᠥᠪᠰᠢᠶᠡᠷᠡᠬᠦ ᠪᠢᠴᠢᠭ ᠤᠨ ᠲᠣᠭᠲᠠᠭᠠᠯ ᠢ ᠬᠠᠤᠯᠢ ᠶᠣᠰᠣᠭᠠᠷ ᠭᠠᠷᠭᠠᠬᠤ ᠬᠡᠷᠡᠭᠲᠡᠢ᠃ ᠪᠢᠴᠢᠭ ᠤᠨ ᠲᠣᠭᠲᠠᠭᠠᠯ ᠭᠠᠷᠭᠠᠬᠤ ᠳᠠᠭᠠᠨ ᠤᠴᠢᠷ ᠰᠢᠯᠲᠠᠭᠠᠨ ᠢᠶᠠᠨ ᠲᠣᠳᠣᠷᠬᠠᠶᠢᠯᠠᠵᠤ᠂ ᠬᠠᠤᠯᠢ ᠶᠣᠰᠣᠭᠠᠷ ᠵᠠᠰᠠᠭ ᠵᠠᠬᠢᠷᠭᠠᠨ ᠢᠶᠠᠷ ᠲᠡᠬᠢᠠ ᠵᠥᠪᠯᠡᠭᠦᠯᠬᠦ ᠪᠠᠷ ᠭᠤᠶᠤᠴᠢᠯᠠᠬᠤ ᠪᠤᠶᠤ ᠵᠠᠰᠠᠭ ᠵᠠᠬᠢᠷᠭᠠᠨ ᠤ ᠵᠠᠷᠭᠤ ᠬᠢᠬᠦ ᠡᠷᠬᠡ ᠲᠠᠢ ᠪᠠᠶᠢᠬᠤ ᠶᠢ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠳᠤ ᠮᠡᠳᠡᠭᠳᠡᠬᠦ ᠶᠢᠨ ᠬᠠᠮᠲᠤ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ       ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠵᠥᠪᠰᠢᠶᠡᠷᠡᠯ ᠤᠨ ᠲᠣᠭᠲᠠᠭᠠᠯ ᠤᠨ ᠪᠢᠴᠢᠭ᠂ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠵᠥᠪᠰᠢᠶᠡᠷᠡᠯ ᠢ ᠦᠯᠦ ᠥᠭᠬᠦ ᠲᠣᠭᠲᠠᠭᠠᠯ ᠤᠨ ᠪᠢᠴᠢᠭ ᠲᠤ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠲᠤᠰᠬᠠᠢ ᠲᠠᠮᠠᠭ᠎ᠠ ᠶᠢ ᠳᠠᠷᠤᠬᠤ ᠬᠡᠷᠡᠭᠲᠡᠢ᠂ ︽ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠪᠣᠷᠣᠯᠠᠭᠤᠯᠬᠤ ᠵᠥᠪᠰᠢᠶᠡᠷᠡᠯ ᠤᠨ ᠦᠨᠡᠮᠯᠡᠯ︾᠎ ᠳᠤ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠠᠮᠠᠭ᠎ᠠ ᠶᠢ ᠳᠠᠷᠤᠬᠤ ᠬᠡᠷᠡᠭᠲᠡᠢ᠃       ︵ᠳᠥᠷᠪᠡ︶ ᠢᠯᠡ ᠨᠡᠶᠢᠲᠡᠯᠡᠬᠦ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠭᠠᠷᠭᠠᠭᠰᠠᠨ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠶᠢ ᠵᠥᠪᠰᠢᠶᠡᠷᠡᠬᠦ ᠲᠣᠭᠲᠠᠭᠠᠯ ᠢ ᠢᠯᠠ ᠪᠠᠷ ᠨᠡᠶᠢᠲᠡᠯᠡᠬᠦ ᠬᠡᠷᠡᠭᠲᠡᠢ᠂ ᠤᠯᠡᠠ ᠨᠡᠶᠢᠲᠡ ᠪᠠᠷ ᠢᠶᠠᠨ ᠪᠠᠶᠢᠴᠠᠭᠠᠨ ᠦᠵᠡᠬᠦ ᠡᠷᠬᠡ ᠲᠠᠢ᠃       ᠶᠢᠰᠦᠳᠦᠭᠡᠷ ᠵᠦᠢᠯ    ︽ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠪᠣᠷᠣᠯᠠᠭᠤᠯᠬᠤ ᠵᠥᠪᠰᠢᠶᠡᠷᠡᠯ ᠤᠨ ᠦᠨᠡᠮᠯᠡᠯ︾ ᠣᠯᠣᠭᠰᠠᠨ ᠦᠭᠡᠢ ᠪᠠᠶᠢᠪᠠᠯ᠂ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠵᠤ ᠪᠣᠯᠬᠤ ᠦᠭᠡᠢ᠂ ᠵᠠᠷ ᠡᠵᠡᠩᠨᠡᠬᠦ ᠨᠢᠭᠡᠴᠢ ᠲᠡᠭᠦᠨ ᠳᠤ ᠤᠷᠢᠳᠴᠢᠯᠠᠨ ᠬᠤᠳᠠᠯᠳᠤᠬᠤ ᠵᠠᠷ ᠨᠡᠶᠢᠲᠡᠯᠡᠵᠦ ᠪᠣᠯᠬᠤ ᠦᠭᠡᠢ᠃       ᠠᠷᠪᠠᠳᠤᠭᠠᠷ ᠵᠦᠢᠯᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠳᠠᠭᠠᠨ ︽ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠪᠣᠷᠣᠯᠠᠭᠤᠯᠬᠤ ᠵᠥᠪᠰᠢᠶᠡᠷᠡᠯ ᠤᠨ ᠦᠨᠡᠮᠯᠡᠯ︾᠎ ᠢ ᠤᠷᠢᠳᠴᠢᠯᠠᠨ ᠬᠤᠳᠠᠯᠳᠤᠬᠤ ᠲᠠᠯᠠᠪᠤᠷ ᠲᠤ ᠡᠯᠭᠦᠵᠦ ᠂ ᠵᠠᠷ ᠪᠠ ᠲᠣᠳᠣᠷᠬᠠᠶᠢᠯᠠᠯᠲᠠ ᠶᠢᠨ ᠪᠢᠴᠢᠭ ᠵᠣᠬᠢᠶᠠᠬᠤ ᠳᠠᠭᠠᠨ ᠡᠷᠬᠡᠪᠰᠢ ︽ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠪᠣᠷᠣᠯᠠᠭᠤᠯᠬᠤ ᠵᠥᠪᠰᠢᠶᠡᠷᠡᠯ ᠤᠨ ᠦᠨᠡᠮᠯᠡᠯ︾᠎ ᠤᠨ ᠵᠥᠪᠰᠢᠶᠡᠷᠡᠭᠰᠡᠨ ᠪᠢᠴᠢᠭ ᠤᠨ ᠳ᠋ᠤᠭᠠᠷ ᠢ ᠲᠣᠳᠣᠷᠬᠠᠢ ᠪᠢᠴᠢᠬᠦ ᠬᠡᠷᠡᠭᠲᠡᠢ᠃       ᠠᠷᠪᠠᠨ ᠨᠢᠭᠡᠳᠦᠭᠡᠷ ᠵᠦᠢᠯᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠨᠢ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠭᠡᠷ᠎ᠡ ᠲᠣᠭᠲᠠᠭᠠᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ︽ᠲᠠᠸᠠᠷ ᠤᠨ ᠭᠡᠷ ᠪᠠᠶᠢᠰᠢᠩ ᠢ ᠬᠤᠳᠠᠯᠳᠤᠭᠠᠯᠠᠬᠤ ᠭᠡᠷ᠎ᠡ ︵ᠤᠷᠢᠳᠴᠢᠯᠠᠨ ᠬᠤᠳᠠᠯᠳᠤᠬᠤ︶︾᠎ ᠶᠢ ᠪᠦᠷᠢᠳᠬᠡᠨ ᠳᠠᠩᠰᠠᠯᠠᠭᠤᠯᠬᠤ ᠭᠠᠷ ᠭᠦᠢᠴᠡᠳᠬᠡᠯ ᠬᠢᠬᠦ ᠶᠢᠨ ᠬᠠᠮᠲᠤ ᠭᠡᠷ᠎ᠡ ᠶᠢ ᠪᠦᠷᠢᠳᠬᠡᠨ ᠳᠠᠩᠰᠠᠯᠠᠭᠤᠯᠤᠭᠰᠠᠨ ᠪᠠᠶᠢᠳᠠᠯ ᠢᠶᠠᠨ ᠲᠠᠸᠠᠷ ᠤᠨ ᠭᠡᠷ ᠪᠠᠶᠢᠰᠢᠩ ᠢ ᠬᠤᠳᠠᠯᠳᠤᠨ ᠠᠪᠤᠭᠴᠢ ᠳᠤ ᠮᠡᠳᠡᠭᠳᠡᠬᠦ ᠬᠡᠷᠡᠭᠲᠡᠢ᠃       ᠠᠷᠪᠠᠨ ᠬᠤᠶᠠᠳᠤᠭᠠᠷ ᠵᠦᠢᠯ    ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠤᠨ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠭᠠᠳ ᠣᠯᠣᠭᠰᠠᠨ ᠵᠣᠭᠤᠰ ᠢ ᠡᠷᠬᠡᠪᠰᠢ ᠲᠠᠸᠠᠷ ᠤᠨ ᠭᠡᠷ ᠪᠠᠶᠢᠰᠢᠩ ᠤᠨ ᠪᠡᠯᠡ ᠮᠥᠩᠭᠦ ᠶᠢ ᠬᠢᠨᠠᠨ ᠬᠠᠮᠢᠶᠠᠷᠬᠤ ᠳᠠᠩᠰᠠᠨ ᠳᠤ ᠬᠠᠳᠠᠭᠠᠯᠠᠵᠤ᠂ ᠲᠠᠸᠠᠷ ᠤᠨ ᠭᠡᠷ ᠪᠠᠶᠢᠰᠢᠩ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠬᠡᠷᠡᠭᠲᠡᠢ       ᠠᠷᠪᠠᠨ ᠭᠤᠷᠪᠠᠳᠤᠭᠠᠷ ᠵᠦᠢᠯᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠨᠢ ᠪᠠᠷᠢᠵᠤ ᠳᠠᠭᠤᠰᠬᠠᠭᠰᠠᠨ ᠪᠠᠷᠢᠯᠭ᠎ᠠ ᠶᠢ ᠰᠢᠯᠭᠠᠨ ᠠᠪᠬᠤ ᠠᠵᠢᠯ ᠢ ᠵᠣᠬᠢᠶᠠᠨ ᠪᠠᠶᠢᠭᠤᠯᠤᠭᠰᠠᠨ ᠦᠭᠡᠢ᠂ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠤᠶᠤ ᠬᠢᠷᠢ ᠲᠡᠩᠴᠡᠭᠰᠡᠨ ᠦᠭᠡᠢ ᠶᠢ ᠬᠢᠷᠢ ᠲᠡᠩᠴᠡᠭᠰᠡᠨ ᠢᠶᠠᠷ ᠰᠢᠯᠭᠠᠨ ᠠᠪᠤᠭᠰᠠᠨ ᠲᠠᠸᠠᠷ ᠤᠨ ᠭᠡᠷ ᠪᠠᠶᠢᠰᠢᠩ ᠢ ᠳᠤᠷ᠎ᠠ ᠪᠠᠷ ᠢᠶᠠᠨ ᠲᠤᠰᠢᠶᠠᠨ ᠥᠭᠴᠦ ᠬᠡᠷᠡᠭᠯᠡᠭᠦᠯᠦᠭᠰᠡᠨ ᠪᠠᠶᠢᠪᠠᠯ᠂ ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ︾᠎ ᠤᠨ ᠲᠣᠭᠲᠠᠭᠠᠯ ᠶᠣᠰᠣᠭᠠᠷ ᠰᠢᠳᠬᠡᠨ᠎ᠡ︔ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠨᠢ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠲᠤᠰᠢᠶᠠᠨ ᠥᠭᠴᠦ ᠬᠡᠷᠡᠭᠯᠡᠭᠦᠯᠬᠦ ᠨᠥᠬᠦᠴᠡᠯ ᠳᠤ ᠨᠡᠶᠢᠴᠡᠭᠰᠡᠨ ᠲᠠᠸᠠᠷ ᠤᠨ ᠭᠡᠷ ᠪᠠᠶᠢᠰᠢᠩ ᠢ ᠬᠤᠳᠠᠯᠳᠤᠨ ᠠᠪᠤᠭᠴᠢ ᠳᠤ ᠬᠤᠭᠤᠴᠠᠭ᠎ᠠ ᠶᠣᠰᠣᠭᠠᠷ ᠲᠤᠰᠢᠶᠠᠨ ᠥᠭᠬᠦ ᠬᠡᠷᠡᠭᠲᠡᠢ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠨᠢ ᠲᠣᠭᠲᠠᠭᠰᠠᠨ ᠬᠤᠭᠤᠴᠠᠭᠠᠨ ᠳᠠᠭᠠᠨ ᠲᠤᠰᠢᠶᠠᠨ ᠥᠭᠴᠦ ᠴᠢᠳᠠᠭᠰᠠᠨ ᠦᠭᠡᠢ ᠪᠠᠶᠢᠪᠠᠯ᠂ ᠪᠣᠯᠵᠤᠭ᠎ᠠ ᠶᠢ ᠵᠥᠷᠢᠴᠡᠭᠰᠡᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃       ᠠᠷᠪᠠᠨ ᠳᠥᠷᠪᠡᠳᠦᠭᠡᠷ ᠵᠦᠢᠯ     ᠲᠠᠸᠠᠷ ᠤᠨ ᠭᠡᠷ ᠪᠠᠶᠢᠰᠢᠩ ᠢ ᠲᠤᠰᠢᠶᠠᠨ ᠥᠭᠴᠦ ᠬᠡᠷᠡᠭᠯᠡᠭᠦᠯᠦᠭᠰᠡᠨ ᠤ ᠲᠠᠷᠠᠭ᠎ᠠ᠂ ᠬᠤᠳᠠᠯᠳᠤᠨ ᠠᠪᠤᠭᠴᠢ ᠨᠢ ᠪᠡᠶᠡᠴᠢ ᠴᠣᠭᠴᠠ ᠶᠢᠨ ᠪᠦᠲᠦᠴᠡ ᠶᠢᠨ ᠶᠠᠰᠤ ᠴᠢᠨᠠᠷ ᠨᠢ ᠬᠢᠷᠢ ᠲᠡᠩᠴᠡᠭᠰᠡᠨ ᠦᠭᠡᠢ ᠭᠡᠵᠦ ᠦᠵᠡᠪᠡᠯ᠂ ᠶᠠᠰᠤ ᠴᠢᠨᠠᠷ ᠲᠤ ᠬᠢᠨᠠᠯᠲᠠ ᠲᠠᠯᠪᠢᠬᠤ ᠨᠢᠭᠡᠴᠢ ᠳᠤ ᠲᠠᠬᠢᠨ ᠬᠢᠨᠠᠨ ᠰᠢᠯᠭᠠᠭᠤᠯᠬᠤ ᠪᠠᠷ ᠭᠤᠶᠤᠴᠢᠯᠠᠵᠤ ᠪᠣᠯᠣᠨ᠎ᠠ᠂ ᠬᠢᠨᠠᠨ ᠰᠢᠯᠭᠠᠭᠠᠳ ᠪᠡᠶᠡᠴᠢ ᠴᠣᠭᠴᠠ ᠶᠢᠨ ᠪᠦᠲᠦᠴᠡ ᠨᠢ ᠦᠨᠡᠬᠡᠷ ᠬᠢᠷᠢ ᠲᠡᠩᠴᠡᠭᠰᠡᠨ ᠦᠭᠡᠢ ᠪᠠᠶᠢᠪᠠᠯ᠂ ᠬᠤᠳᠠᠯᠳᠤᠨ ᠠᠪᠤᠭᠴᠢ ᠨᠢ ᠭᠡᠷ ᠪᠠᠶᠢᠰᠢᠩ ᠢᠶᠠᠨ ᠪᠤᠴᠠᠭᠠᠬᠤ ᠡᠷᠬᠡ ᠲᠠᠢ︔ ᠬᠤᠳᠠᠯᠳᠤᠨ ᠠᠪᠤᠭᠴᠢ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠨᠢ ᠬᠠᠤᠯᠢ ᠶᠣᠰᠣᠭᠠᠷ ᠳᠦᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃       ᠠᠷᠪᠠᠨ ᠲᠠᠪᠤᠳᠤᠭᠠᠷ ᠵᠦᠢᠯ    ᠤᠷᠢᠳᠴᠢᠯᠠᠨ ᠬᠤᠳᠠᠯᠳᠤᠬᠤ ᠲᠠᠸᠠᠷ ᠤᠨ ᠭᠡᠷ ᠪᠠᠶᠢᠰᠢᠩ ᠢ ᠲᠤᠰᠢᠶᠠᠨ ᠥᠭᠴᠦ ᠬᠡᠷᠡᠭᠯᠡᠭᠦᠯᠦᠭᠰᠡᠨ ᠡᠳᠦᠷ ᠠᠴᠠ ᠡᠬᠢᠯᠡᠨ 90 ᠡᠳᠦᠷ ᠤᠨ ᠳᠣᠲᠣᠷ᠎ᠠ᠂ ᠬᠤᠳᠠᠯᠳᠤᠨ ᠠᠪᠤᠭᠴᠢ ᠬᠠᠤᠯᠢ ᠶᠣᠰᠣᠭᠠᠷ ᠠᠯᠠᠱᠠ ᠵᠡᠭᠦᠨ ᠬᠤᠰᠢᠭᠤᠨ ᠤ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠲᠤ ᠬᠦᠷᠴᠦ ᠡᠷᠬᠡ ᠶᠢᠨ ᠬᠠᠷᠢᠶᠠᠯᠠᠯ ᠤᠨ ᠳᠠᠩᠰᠠᠯᠠᠯᠲᠠ ᠬᠢᠯᠭᠡᠬᠦ ᠬᠡᠷᠡᠭᠲᠡᠢ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠬᠠᠮᠵᠢᠯᠴᠠᠬᠤ ᠬᠡᠷᠡᠭᠲᠡᠢ ᠪᠥᠭᠡᠳ ᠴᠢᠬᠤᠯᠠ ᠪᠦᠬᠦᠢ ᠭᠡᠷᠡᠴᠢᠯᠡᠬᠦ ᠪᠢᠴᠢᠭ ᠮᠠᠲ᠋ᠧᠷᠢᠶᠠᠯ ᠬᠠᠩᠭᠠᠬᠤ ᠬᠡᠷᠡᠭᠲᠡᠢ᠃       ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠤᠨ ᠰᠢᠯᠲᠠᠭᠠᠨ ᠠᠴᠠ ᠪᠣᠯᠵᠤ᠂ ᠬᠤᠳᠠᠯᠳᠤᠨ ᠠᠪᠤᠭᠴᠢ ᠨᠢ ᠭᠡᠷ ᠪᠠᠶᠢᠰᠢᠩ ᠢ ᠲᠤᠰᠢᠶᠠᠨ ᠥᠭᠭᠦᠭᠰᠡᠨ ᠡᠳᠦᠷ ᠠᠴᠠ ᠡᠬᠢᠯᠡᠨ 90 ᠡᠳᠦᠷ ᠤᠨ ᠳᠣᠲᠣᠷ᠎ᠠ ᠦᠯᠦ ᠬᠥᠳᠡᠯᠬᠦ ᠬᠥᠷᠥᠩᠭᠡ ᠶᠢᠨ ᠡᠷᠬᠡ ᠶᠢᠨ ᠳᠠᠩᠰᠠᠯᠠᠯᠲᠠ ᠶᠢᠨ ᠦᠨᠡᠮᠯᠡᠯ ᠢ ᠣᠯᠣᠭᠰᠠᠨ ᠦᠭᠡᠢ ᠪᠠᠶᠢᠪᠠᠯ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠪᠣᠯᠣᠨ ᠬᠤᠳᠠᠯᠳᠤᠨ ᠠᠪᠤᠭᠴᠢ ᠨᠢ ᠣᠨᠴᠠᠭᠠᠶ ᠪᠣᠯᠵᠣᠯ ᠲᠠᠢ ᠪᠠᠶᠢᠬᠤ ᠶᠢ ᠭᠠᠷᠭᠠᠪᠠᠯ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠨᠢ ︽ᠲᠠᠸᠠᠷ ᠤᠨ ᠭᠡᠷ ᠪᠠᠶᠢᠰᠢᠩ ᠢ ᠬᠤᠳᠠᠯᠳᠤᠭᠠᠯᠠᠬᠤ ᠭᠡᠷ᠎ᠡ ︵ᠤᠷᠢᠳᠴᠢᠯᠠᠨ ᠬᠤᠳᠠᠯᠳᠤᠬᠤ︶︾᠎ ᠶᠢᠨ ᠪᠣᠯᠵᠣᠯ ᠶᠣᠰᠣᠭᠠᠷ ᠪᠣᠯᠵᠤᠭ᠎ᠠ ᠶᠢ ᠵᠥᠷᠢᠴᠡᠭᠰᠡᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃       ᠠᠷᠪᠠᠨ ᠵᠢᠷᠭᠤᠳᠤᠭᠠᠷ ᠵᠦᠢᠯ    ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠨᠢ ︽ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠪᠣᠷᠣᠯᠠᠭᠤᠯᠬᠤ ᠵᠥᠪᠰᠢᠶᠡᠷᠡᠯ ᠤᠨ ᠦᠨᠡᠮᠯᠡᠯ︾ ᠣᠯᠣᠭᠰᠠᠨ ᠦᠭᠡᠢ ᠪᠠᠷ ᠲᠠᠸᠠᠷ ᠤᠨ ᠭᠡᠷ ᠪᠠᠶᠢᠰᠢᠩ ᠢ ᠳᠤᠷ᠎ᠠ ᠪᠠᠷ ᠢᠶᠠᠨ ᠤᠷᠢᠳᠴᠢᠯᠠᠨ ᠬᠤᠳᠠᠯᠳᠤᠭᠰᠠᠨ ᠪᠠᠶᠢᠪᠠᠯ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠎ ᠨᠢ ᠬᠤᠷᠢᠶᠠᠨ ᠠᠪᠴᠤ᠂ ᠨᠢᠭᠡᠨᠲᠡ ᠬᠤᠷᠢᠶᠠᠨ ᠠᠪᠤᠭᠰᠠᠨ ᠤᠷᠢᠳᠴᠢᠯᠠᠨ ᠲᠤᠰᠢᠶᠠᠭᠰᠠᠨ ᠵᠣᠭᠤᠰ ᠤᠨ 1%᠎ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠭᠡᠵᠦ ᠪᠣᠯᠣᠨ᠎ᠠ᠃       ᠠᠷᠪᠠᠨ ᠳᠣᠯᠣᠳᠤᠭᠠᠷ ᠵᠦᠢᠯ    ᠨᠡᠭᠡᠭᠡᠨ ᠠᠰᠢᠭᠯᠠᠬᠤ ᠠᠵᠤ ᠠᠬᠤᠶᠢᠯᠠᠯ ᠨᠢ ᠬᠤᠯᠪᠣᠭᠳᠠᠯ ᠪᠦᠬᠦᠢ ᠪᠠᠶᠢᠳᠠᠯ ᠢ ᠨᠢᠭᠤᠨ ᠳᠠᠯᠳᠠᠯᠠᠵᠤ᠂ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠭᠰᠠᠨ ᠪᠤᠶᠤ ᠮᠡᠬᠡᠯᠡᠬᠦ᠂ ᠬᠡᠭᠡᠯᠢ ᠲᠦᠯᠬᠢᠬᠦ ᠵᠡᠷᠭᠡ ᠵᠦᠢ ᠪᠤᠰᠤ ᠠᠷᠭ᠎ᠠ ᠪᠠᠷᠢᠯ ᠢᠶᠠᠷ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠵᠥᠪᠰᠢᠶᠡᠷᠡᠯ ᠢ ᠣᠯᠣᠭᠰᠠᠨ ᠪᠠᠶᠢᠪᠠᠯ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠤᠷᠢᠳᠴᠢᠯᠠᠨ ᠬᠤᠳᠠᠯᠳᠤᠬᠤ ᠶᠢ ᠨᠢ ᠵᠠᠷᠯᠢᠭᠳᠠᠨ ᠵᠣᠭᠰᠣᠭᠠᠵᠤ᠂ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠵᠥᠪᠰᠢᠶᠡᠷᠡᠯ ᠢ ᠨᠢ ᠬᠦᠴᠦᠨ ᠦᠭᠡᠢ ᠪᠣᠯᠭᠠᠵᠤ᠂ 3 ᠲᠦᠮᠡᠨ ᠲᠥᠭᠦᠷᠢᠭ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠨ᠎ᠡ᠃       ᠠᠷᠪᠠᠨ ᠨᠠᠢᠮᠠᠳᠤᠭᠠᠷ ᠵᠦᠢᠯ    ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠵᠢᠯᠲᠠᠨ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠬᠠᠮᠢᠶᠠᠷᠤᠯᠲᠠ ᠶᠢᠨ ᠠᠵᠢᠯ ᠤᠨ ᠳᠤᠮᠳᠠ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠵᠤ᠂ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠨ᠂ ᠡᠷᠬᠡ ᠪᠠᠨ ᠠᠰᠢᠭᠯᠠᠨ ᠠᠮᠢ ᠪᠠᠨ ᠪᠣᠷᠳᠣᠭᠰᠠᠨ ᠪᠠᠶᠢᠪᠠᠯ᠂ ᠪᠠᠶᠢᠭ᠎ᠠ ᠨᠢᠭᠡᠴᠢ ᠪᠤᠶᠤ ᠳᠡᠭᠡᠳᠦ ᠱᠠᠲᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠵᠠᠰᠠᠭ ᠵᠠᠬᠢᠷᠭᠠᠨ ᠤ ᠰᠢᠳᠬᠡᠯ ᠥᠭᠭᠦᠨ᠎ᠡ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠠᠴᠠ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃       ᠠᠷᠪᠠ ᠶᠢᠰᠦᠳᠦᠭᠡᠷ ᠵᠦᠢᠯ    ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号