| ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ | ᠬᠢᠨᠠᠯᠲᠠ ᠬᠠᠮᠢᠶᠠᠷᠤᠯᠲᠠ ᠶᠢᠨ ᠠᠵᠢᠯ ᠢ ᠤᠯᠠᠮ ᠵᠢᠷᠤᠮᠵᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ | ᠬᠥᠭᠵᠢᠭᠦᠯᠬᠦ ᠲᠥᠷᠥᠯ ᠵᠦᠢᠯ ᠤᠨ ᠪᠠᠷᠢᠯᠭ᠎ᠠ ᠳᠠᠭᠤᠰᠴᠤ ᠲᠤᠰᠢᠶᠠᠨ ᠥᠭᠬᠦ ᠶᠢ ᠪᠠᠲᠤᠯᠠᠨ᠂ ᠤᠷᠢᠳᠴᠢᠯᠠᠨ | ᠬᠤᠳᠠᠯᠳᠤᠬᠤ ᠲᠠᠸᠠᠷ ᠤᠨ ᠭᠡᠷ ᠪᠠᠶᠢᠰᠢᠩ ᠤᠨ ᠠᠷᠠᠯᠵᠢᠶᠠᠨ ᠤ ᠲᠤᠬᠠᠢ ᠶᠢᠨ ᠬᠥᠮᠥᠨ ᠤ ᠬᠠᠤᠯᠢ ᠶᠣᠰᠣᠨ ᠤ ᠡᠷᠬᠡ | ᠠᠰᠢᠭ ᠢ ᠬᠠᠮᠠᠭᠠᠯᠠᠵᠤ᠂ ᠮᠠᠨ ᠤ ᠬᠤᠰᠢᠭᠤᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠰᠠᠶᠢᠨ | ᠣᠷᠴᠢᠯ ᠪᠠ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠃ ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠬᠤᠲᠠ ᠶᠢᠨ ᠭᠡᠷ ᠬᠥᠷᠥᠩᠭᠡ ᠶᠢᠨ ᠬᠠᠮᠢᠶᠠᠷᠤᠯᠲᠠ ᠶᠢᠨ ᠬᠠᠤᠯᠢ ᠶᠢ ᠦᠨᠳᠦᠰᠦᠯᠡᠪᠡᠯ ︽ᠬᠤᠲᠠ ᠶᠢᠨ ᠭᠡᠷ | ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠡᠵᠡᠩᠨᠡᠬᠦ ᠬᠠᠮᠢᠶᠠᠷᠤᠯᠲᠠ ᠶᠢᠨ ᠳᠦᠷᠢᠮ︾ ︽ᠬᠤᠲᠠ ᠶᠢᠨ ᠲᠠᠸᠠᠷ ᠤᠨ | ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠬᠠᠮᠢᠶᠠᠷᠤᠯᠲᠠ ᠶᠢᠨ ᠠᠷᠭ᠎ᠠ︾ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠡᠵᠡᠩᠨᠡᠬᠦ | ᠬᠠᠮᠢᠶᠠᠷᠤᠯᠲᠠ ᠶᠢᠨ ᠳᠦᠷᠢᠮ︾ ︽ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠶᠠᠮᠤᠨ ᠤ ᠠᠷᠠᠳ ᠤᠨ ᠪᠠᠩᠬᠢ ᠶᠢᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠲᠠᠸᠠᠷ ᠤᠨ | ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠵᠢᠷᠤᠮᠵᠢᠭᠤᠯᠬᠤ | ᠲᠤᠬᠠᠢ ᠰᠠᠨᠠᠯ︾ ︵ᠭᠡᠷ ᠪᠠᠷᠢᠬᠤ ﹇2022﹈ 16 ᠳ᠋ᠤᠭᠠᠷ ᠲᠣᠭᠠᠲᠤ︶ ᠵᠡᠷᠭᠡ ᠬᠠᠮᠢᠶ᠎ᠠ ᠪᠦᠬᠦᠢ ᠲᠣᠭᠲᠠᠭᠠᠯ ᠢ | ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠪᠥᠬᠦ ᠬᠤᠰᠢᠭᠤᠨ ᠤ ᠬᠡᠪᠴᠢᠶᠡᠨ ᠳᠤ ᠤᠷᠢᠳᠴᠢᠯᠠᠨ ᠬᠤᠳᠠᠯᠳᠤᠬᠤ ᠶᠢ | ᠵᠥᠪᠰᠢᠶᠡᠷᠡᠭᠰᠡᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ︵ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠲᠥᠷᠥᠯ ᠵᠦᠢᠯ ᠪᠠᠭᠲᠠᠬᠤ ᠦᠭᠡᠢ︶ ᠤᠨ | ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠲᠤᠰᠢᠶᠠᠨ ᠬᠠᠳᠠᠭᠠᠯᠠᠭᠤᠯᠬᠤ᠂ ᠬᠡᠷᠡᠭᠯᠡᠬᠦ ᠵᠢᠴᠢ ᠬᠢᠨᠠᠯᠲᠠ | ᠬᠠᠮᠢᠶᠠᠷᠤᠯᠲᠠ ᠶᠢᠨ ᠠᠵᠢᠯ ᠳᠤ ᠲᠣᠰ ᠠᠷᠭ᠎ᠠ ᠲᠣᠬᠢᠷᠠᠨ᠎ᠠ᠃ | ᠭᠤᠷᠪᠠᠳᠤᠭᠠᠷ ᠵᠦᠢᠯ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ | ᠬᠢᠨᠠᠯᠲᠠ ᠬᠠᠮᠢᠶᠠᠷᠤᠯᠲᠠ ᠳᠤ ︽ᠲᠤᠰᠬᠠᠢ ᠲᠠᠩᠰᠠᠨ ᠡᠷᠦᠭᠡ ᠳᠤ ᠲᠤᠰᠬᠠᠢ ᠬᠠᠳᠠᠭᠠᠯᠠᠬᠤ᠂ ᠲᠤᠰᠬᠠᠢ ᠵᠣᠭᠤᠰ ᠢ | ᠲᠤᠰᠬᠠᠢ ᠵᠦᠢᠯ ᠳᠤ ᠬᠡᠷᠡᠭᠯᠡᠬᠦ᠂ ᠪᠦᠬᠦ ᠶᠠᠪᠤᠴᠠ ᠶᠢ ᠬᠢᠨᠠᠨ ᠬᠠᠮᠢᠶᠠᠷᠬᠤ᠂ ᠵᠠᠩᠭᠢᠯᠠᠭ᠎ᠠ ᠶᠢᠨ ᠴᠡᠭ ᠲᠤ ᠬᠢᠵᠠᠭᠠᠷᠯᠠᠬᠤ︾ | ᠵᠠᠷᠴᠢᠮ ᠢ ᠵᠢᠷᠤᠮᠯᠠᠨ᠎ᠠ᠃ | ᠳᠥᠷᠪᠡᠳᠦᠭᠡᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠲᠠᠸᠠᠷ ᠤᠨ ᠭᠡᠷ ᠪᠠᠶᠢᠰᠢᠩ ᠢ ᠤᠷᠢᠳᠴᠢᠯᠠᠨ | ᠬᠤᠳᠠᠯᠳᠤᠬᠤ ᠪᠡᠯᠡ ᠮᠥᠩᠭᠦ ᠭᠡᠳᠡᠭ ᠨᠢ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ | ᠤᠳ ︽ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠪᠣᠷᠣᠯᠠᠭᠤᠯᠬᠤ ᠵᠥᠪᠰᠢᠶᠡᠷᠡᠯ ᠤᠨ ᠦᠨᠡᠮᠯᠡᠯ︾ ᠤᠨ | ᠤᠷᠢᠳᠴᠢᠯᠠᠨ ᠬᠤᠳᠠᠯᠳᠤᠬᠤ ᠲᠠᠸᠠᠷ ᠤᠨ ᠭᠡᠷ ᠪᠠᠶᠢᠰᠢᠩ ᠢ ᠣᠯᠬᠤ ᠳᠤ᠂ ᠭᠡᠷ ᠪᠠᠶᠢᠰᠢᠩ ᠬᠤᠳᠠᠯᠳᠤᠨ | ᠠᠪᠤᠭᠴᠢ ᠠᠴᠠ ᠬᠤᠷᠢᠶᠠᠭᠰᠠᠨ ᠪᠥᠬᠦ ᠭᠡᠷ ᠪᠠᠶᠢᠰᠢᠩ ᠬᠤᠳᠠᠯᠳᠤᠨ ᠠᠪᠬᠤ ᠵᠣᠭᠤᠰ ︵ᠪᠣᠯᠵᠣᠭᠠᠨ ᠤ ᠮᠥᠩᠭᠦ᠂ | ᠵᠣᠭᠤᠰ ᠴᠤᠭᠯᠠᠭᠤᠯᠬᠤ ᠶᠢ ᠵᠥᠪᠰᠢᠶᠡᠷᠡᠬᠦ᠂ ᠠᠩᠬ᠎ᠠ ᠤᠳᠠᠭ᠎ᠠ ᠵᠣᠭᠤᠰ ᠲᠤᠰᠢᠶᠠᠬᠤ᠂ ᠬᠤᠭᠤᠴᠠᠭ᠎ᠠ ᠬᠤᠪᠢᠶᠠᠨ | ᠵᠣᠭᠤᠰ ᠲᠤᠰᠢᠶᠠᠬᠤ᠂ ᠨᠢᠭᠡ ᠤᠳᠠᠭ᠎ᠠ ᠶᠢᠨ ᠴᠢᠨᠠᠷᠲᠠᠢ ᠵᠣᠭᠤᠰ ᠲᠤᠰᠢᠶᠠᠬᠤ᠂ ᠪᠠᠩᠬᠢ ᠶᠢᠨ ᠪᠠᠷᠢᠴᠠᠭᠠᠲᠤ ᠵᠢᠭᠡᠯᠡᠯᠭᠡ᠂ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ᠂ ᠬᠤᠳᠠᠯᠳᠤᠭ᠎ᠠ᠂ ᠲᠡᠷᠭᠡᠨ | ᠵᠣᠭᠰᠣᠭᠠᠯ᠂ ᠬᠠᠳᠠᠭᠠᠯᠠᠬᠤ ᠭᠡᠷ᠂ ᠲᠡᠷᠭᠡᠨ ᠬᠥᠮᠥᠷᠭᠡ ᠵᠡᠷᠭᠡ ᠭᠡᠷ ᠪᠠᠶᠢᠰᠢᠩ ᠬᠤᠳᠠᠯᠳᠤᠨ ᠠᠪᠬᠤ ᠵᠣᠭᠤᠰ | ᠪᠠᠭᠲᠠᠨ᠎ᠠ︶ ᠢ ᠵᠢᠭᠠᠵᠤ ᠪᠤᠢ᠃ | ᠲᠠᠪᠤᠳᠤᠭᠠᠷ ᠵᠦᠢᠯ ᠠᠯᠠᠱᠠ ᠵᠡᠭᠦᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︵ᠳᠣᠷᠣᠭᠰᠢ ᠬᠢᠨᠠᠨ ᠬᠠᠮᠢᠶᠠᠷᠬᠤ ᠰᠠᠯᠠᠭ᠎ᠠ ᠮᠥᠴᠢᠷ ᠭᠡᠵᠦ | ᠲᠣᠪᠴᠢᠯᠠᠨ᠎ᠠ︶ ᠪᠣᠯ ᠠᠯᠠᠱᠠ ᠵᠡᠭᠦᠨ ᠬᠤᠰᠢᠭᠤᠨ ᠤ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ | ᠪᠡᠯᠡ ᠮᠥᠩᠭᠦ ᠶᠢᠨ ᠬᠢᠨᠠᠨ ᠬᠠᠮᠢᠶᠠᠷᠬᠤ ᠰᠠᠯᠠᠭ᠎ᠠ ᠮᠥᠴᠢᠷ ᠪᠣᠯᠣᠨ᠎ᠠ᠃ ᠪᠥᠬᠦ ᠬᠤᠰᠢᠭᠤᠨ ᠤ ᠲᠠᠸᠠᠷ ᠤᠨ ᠭᠡᠷ | ᠪᠠᠶᠢᠰᠢᠩ ᠤᠨ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠨ ᠬᠠᠮᠢᠶᠠᠷᠤᠯᠲᠠ ᠶᠢ ᠵᠣᠬᠢᠶᠠᠨ ᠪᠠᠶᠢᠭᠤᠯᠬᠤ᠂ | ᠵᠣᠬᠢᠴᠠᠭᠤᠯᠬᠤ᠂ ᠵᠢᠯᠤᠭᠤᠳᠬᠤ ᠪᠠ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠂ ᠡᠭᠦᠨ ᠳᠤ ᠪᠣᠳᠠᠲᠠᠢ ᠬᠠᠮᠢᠶ᠎ᠠ | ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠲᠣᠭᠲᠠᠭᠠᠬᠤ᠂ ᠤᠷᠢᠳᠴᠢᠯᠠᠨ ᠬᠤᠳᠠᠯᠳᠤᠬᠤ ᠪᠡᠯᠡ | ᠮᠥᠩᠭᠦ ᠶᠢ ᠭᠠᠷᠭᠠᠨ ᠠᠪᠬᠤ ᠶᠢ ᠬᠢᠨᠠᠨ ᠬᠠᠮᠢᠶᠠᠷᠬᠤ᠂ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠨ | ᠬᠠᠮᠢᠶᠠᠷᠤᠯᠲᠠ ᠶᠢᠨ ᠡᠯ᠎ᠡ ᠲᠠᠯ᠎ᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ | ᠬᠢᠨᠠᠯᠲᠠ ᠬᠠᠮᠢᠶᠠᠷᠤᠯᠲᠠ ᠶᠠᠪᠤᠭᠤᠯᠤᠨ᠎ᠠ᠃ | ᠵᠢᠷᠭᠤᠳᠤᠭᠠᠷ ᠵᠦᠢᠯ ᠲᠣᠰ ᠠᠷᠭ᠎ᠠ ᠳᠤ ᠬᠡᠯᠡᠵᠦ ᠪᠠᠶᠢᠭ᠎ᠠ ᠬᠢᠨᠠᠨ ᠬᠠᠮᠢᠶᠠᠷᠬᠤ ᠪᠠᠩᠬᠢ ᠭᠡᠳᠡᠭ ᠨᠢ | ᠢᠯᠡ ᠪᠠᠷ ᠳᠠᠭᠠᠭᠠᠴᠢᠯᠠᠯᠲᠠ ᠵᠠᠷᠯᠠᠬᠤ ᠠᠷᠭ᠎ᠠ ᠮᠠᠶ᠋ᠢᠭ ᠢᠶᠠᠷ ᠳᠡᠮᠵᠢᠨ ᠣᠷᠣᠵᠤ ᠢᠷᠡᠭᠰᠡᠨ ᠲᠠᠸᠠᠷ ᠤᠨ ᠭᠡᠷ | ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠬᠢᠨᠠᠨ ᠬᠠᠮᠢᠶᠠᠷᠬᠤ ᠲᠤᠬᠠᠶᠢᠯᠠᠭᠰᠠᠨ ᠠᠵᠢᠯ ᠢ ᠳᠠᠭᠠᠭᠠᠨ | ᠠᠪᠴᠤ ᠳᠡᠶᠢᠯᠬᠦ ᠪᠠᠩᠬᠢ᠂ ᠬᠢᠨᠠᠨ ᠬᠠᠮᠢᠶᠠᠷᠬᠤ ᠰᠠᠯᠠᠭ᠎ᠠ ᠮᠥᠴᠢᠷ᠂ ᠭᠡᠷ ᠪᠠᠶᠢᠰᠢᠩ ᠭᠠᠵᠠᠷ ᠬᠥᠷᠥᠩᠭᠡ ᠶᠢᠨ | ᠨᠡᠭᠡᠭᠡᠯᠲᠡ ᠶᠢᠨ ᠠᠵᠤ ᠠᠬᠤᠶᠢᠯᠠᠯ ᠯᠤᠭ᠎ᠠ ︽ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ | ᠮᠥᠩᠭᠦ ᠶᠢ ᠬᠢᠨᠠᠨ ᠬᠠᠮᠢᠶᠠᠷᠬᠤ ᠵᠥᠪᠯᠡᠯᠴᠡᠭᠡᠷ︾ ᠢ ᠲᠣᠭᠲᠠᠭᠠᠬᠤ ᠶᠢᠨ ᠬᠠᠮᠲᠤ ᠪᠡᠯᠡ ᠮᠥᠩᠭᠦ ᠶᠢ ᠬᠢᠨᠠᠨ ᠬᠠᠮᠢᠶᠠᠷᠬᠤ | ᠲᠠᠩᠰᠠᠨ ᠡᠷᠦᠬᠡ ᠪᠠᠶᠢᠭᠤᠯᠤᠭᠰᠠᠨ ᠪᠠᠩᠬᠢ ᠶᠢ ᠵᠢᠭᠠᠵᠤ ᠪᠣᠶ᠃ | ᠳᠣᠯᠣᠳᠤᠭᠠᠷ ᠵᠦᠢᠯ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠢ ᠤᠷᠢᠳᠴᠢᠯᠠᠨ | ᠬᠤᠳᠠᠯᠳᠤᠬᠤ ᠪᠡᠯᠡ ᠮᠥᠩᠭᠦ ᠳᠤ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ | ᠭᠤᠣᠯᠳᠠᠯᠭ᠎ᠠ ᠲᠠᠢ ᠬᠢᠨᠠᠨ ᠬᠠᠮᠢᠶᠠᠷᠬᠤ ᠪᠡᠯᠡ ᠮᠥᠩᠭᠦ ᠪᠠ ᠭᠤᠣᠯᠳᠠᠯᠭ᠎ᠠ ᠲᠠᠢ ᠪᠤᠰᠤ ᠬᠢᠨᠠᠨ ᠬᠠᠮᠢᠶᠠᠷᠬᠤ ᠪᠡᠯᠡ | ᠮᠥᠩᠭᠦ ᠭᠡᠵᠦ ᠬᠤᠪᠢᠶᠠᠨ᠎ᠠ᠃ | ᠭᠤᠣᠯᠳᠠᠯᠭ᠎ᠠ ᠲᠠᠢ ᠬᠢᠨᠠᠨ ᠬᠠᠮᠢᠶᠠᠷᠬᠤ ᠪᠡᠯᠡ ᠮᠥᠩᠭᠦ ᠭᠡᠳᠡᠭ ᠨᠢ ᠤᠷᠢᠳᠴᠢᠯᠠᠨ ᠬᠤᠳᠠᠯᠳᠤᠬᠤ ᠲᠠᠸᠠᠷ ᠤᠨ | ᠭᠡᠷ ᠪᠠᠶᠢᠰᠢᠩ ᠤᠨ ᠪᠠᠷᠢᠯᠭ᠎ᠠ ᠶᠢᠨ ᠠᠵᠢᠯ ᠬᠢᠬᠦ᠂ ᠲᠥᠬᠦᠭᠡᠷᠦᠮᠵᠢ ᠤᠭᠰᠠᠷᠠᠬᠤ᠂ ᠮᠠᠲ᠋ᠧᠷᠢᠶᠠᠯ ᠬᠤᠳᠠᠯᠳᠤᠨ ᠠᠪᠬᠤ | ᠪᠠ ᠵᠦᠢᠯᠡᠰ ᠤᠨ ᠢᠵᠢ ᠪᠦᠷᠢᠳᠦᠭᠦᠯᠬᠦ ᠪᠠᠷᠢᠯᠭ᠎ᠠ ᠳᠤ ᠬᠡᠷᠡᠭᠰᠡᠬᠦ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠤᠨ | ᠨᠡᠶᠢᠯᠡᠪᠦᠷᠢ ᠶᠢ ᠵᠢᠭᠠᠵᠤ ᠪᠠᠶᠢᠨ᠎ᠠ᠃ ᠬᠢᠨᠠᠨ ᠬᠠᠮᠢᠶᠠᠷᠤᠯᠲᠠ ᠶᠢᠨ ᠬᠡᠷᠡᠭᠵᠢᠭᠦᠯᠬᠦ ᠪᠠᠷᠢᠮᠵᠢᠶ᠎ᠠ ᠶᠢ ᠬᠢᠨᠠᠨ ᠬᠠᠮᠢᠶᠠᠷᠬᠤ | ᠰᠠᠯᠠᠭ᠎ᠠ ᠮᠥᠴᠢᠷ ᠠᠴᠠ ᠣᠷᠣᠨ ᠪᠦᠰᠡ ᠶᠢᠨ ᠪᠠᠷᠢᠯᠭ᠎ᠠ ᠶᠢᠨ ᠪᠦᠲᠦᠴᠡ᠂ ᠶᠡᠷᠦᠩᠬᠡᠢ ᠳᠠᠪᠬᠤᠷᠭ᠎ᠠ ᠶᠢᠨ ᠲᠤᠭ᠎ᠠ᠂ | ᠬᠡᠷᠡᠭᠴᠡᠭᠡ ᠵᠡᠷᠭᠡ ᠬᠦᠴᠦᠨ ᠵᠦᠢᠯ ᠲᠠᠢ ᠤᠶᠠᠯᠳᠤᠭᠤᠯᠤᠨ ᠶᠡᠷᠦᠩᠬᠡᠶᠢᠯᠡᠨ ᠬᠡᠮᠵᠢᠨ ᠲᠣᠭᠲᠠᠭᠠᠵᠤ᠂ ᠲᠣᠭᠲᠠᠮᠠᠯ | ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠬᠢᠵᠦ ᠨᠡᠶᠢᠲᠡᠯᠡᠨ᠎ᠡ᠃ ᠣᠲᠣ ᠶᠢᠨ ᠬᠡᠷᠡᠭᠵᠢᠭᠦᠯᠵᠦ ᠪᠠᠶᠢᠭ᠎ᠠ ᠬᠢᠨᠠᠨ | ᠬᠠᠮᠢᠶᠠᠷᠬᠤ ᠪᠠᠷᠢᠮᠵᠢᠶ᠎ᠠ ᠪᠣᠯ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ | ᠪᠠᠷᠢᠯᠭ᠎ᠠ ᠶᠢᠨ ᠭᠡᠷ᠎ᠡ ᠶᠢᠨ ᠦᠨ᠎ᠡ ᠬᠠᠩᠰᠢ ᠶᠢᠨ ᠳᠤᠮᠳᠠᠴᠢ ᠦᠨ᠎ᠡ ᠳᠡᠭᠡᠷ᠎ᠡ ᠢᠵᠢ ᠪᠦᠷᠢᠳᠦᠭᠰᠡᠨ ᠪᠠᠷᠢᠯᠭ᠎ᠠ ᠶᠢᠨ | ᠵᠠᠷᠤᠳᠠᠯ ᠤᠨ ᠳᠤᠮᠳᠠᠴᠢ ᠦᠨ᠎ᠡ ᠶᠢ 10% ᠪᠠᠷ ᠥᠰᠬᠡᠨ᠎ᠡ᠃ ᠭᠤᠣᠯᠳᠠᠯᠭ᠎ᠠ ᠲᠠᠢ ᠬᠢᠨᠠᠨ ᠬᠠᠮᠢᠶᠠᠷᠬᠤ ᠪᠡᠯᠡ | ᠮᠥᠩᠭᠦ ᠶᠢ ᠭᠤᠣᠯᠳᠠᠭᠤ ᠲᠥᠷᠥᠯ ᠵᠦᠢᠯ ᠤᠨ ᠪᠠᠷᠢᠯᠭ᠎ᠠ ᠶᠢᠨ ᠮᠠᠲ᠋ᠧᠷᠢᠶᠠᠯ᠂ ᠲᠥᠬᠦᠭᠡᠷᠦᠮᠵᠢ ᠪᠡᠯᠡᠳᠬᠡᠮᠵᠢ᠂ | ᠪᠠᠷᠢᠯᠭ᠎ᠠ ᠶᠢᠨ ᠵᠣᠭᠤᠰ᠂ ᠬᠥᠯᠥᠰᠦᠨ ᠠᠵᠢᠯᠴᠢᠨ ᠤ ᠴᠠᠯᠢᠩ᠂ ᠬᠠᠤᠯᠢ ᠪᠠᠷ ᠲᠣᠭᠲᠠᠭᠠᠭᠰᠠᠨ ᠭᠠᠶᠢᠯᠢ ᠰᠦᠢᠳᠬᠡᠯ | ᠵᠡᠷᠭᠡ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠰᠢᠭᠤᠳ ᠵᠠᠷᠤᠳᠠᠯ ᠳᠤ ᠬᠡᠷᠡᠭᠯᠡᠨ᠎ᠡ᠃ | ᠭᠤᠣᠯᠳᠠᠯᠭ᠎ᠠ ᠲᠠᠢ ᠪᠤᠰᠤ ᠬᠢᠨᠠᠨ ᠬᠠᠮᠢᠶᠠᠷᠬᠤ ᠪᠡᠯᠡ ᠮᠥᠩᠭᠦ ᠭᠡᠳᠡᠭ ᠨᠢ ᠬᠢᠨᠠᠨ ᠬᠠᠮᠢᠶᠠᠷᠬᠤ ᠲᠠᠩᠰᠠᠨ | ᠡᠷᠦᠬᠡ ᠶᠢᠨ ᠳᠣᠲᠣᠷᠠᠬᠢ ᠭᠤᠣᠯᠳᠠᠯᠭ᠎ᠠ ᠲᠠᠢ ᠬᠢᠨᠠᠨ ᠬᠠᠮᠢᠶᠠᠷᠬᠤ ᠲᠤᠭ᠎ᠠ ᠬᠡᠮᠵᠢᠶ᠎ᠡ ᠠᠴᠠ ᠭᠠᠳᠠᠨᠠᠬᠢ ᠪᠡᠯᠡ ᠮᠥᠩᠭᠦ ᠶᠢ | ᠵᠢᠭᠠᠵᠤ ᠪᠣᠶ᠃ ᠭᠤᠣᠯᠳᠠᠯᠭ᠎ᠠ ᠲᠠᠢ ᠪᠤᠰᠤ ᠬᠢᠨᠠᠯᠲᠠ ᠬᠠᠮᠢᠶᠠᠷᠤᠯᠲᠠ ᠶᠢᠨ ᠪᠡᠯᠡ ᠮᠥᠩᠭᠦ ᠶᠢ ᠭᠡᠷ ᠪᠠᠶᠢᠰᠢᠩ ᠭᠠᠵᠠᠷ | ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠠᠴᠠ ᠭᠠᠷᠭᠠᠨ ᠠᠪᠴᠤ ᠬᠡᠷᠡᠭᠯᠡᠵᠦ᠂ ᠲᠥᠷᠥᠯ ᠵᠦᠢᠯ ᠤᠨ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠪᠠ ᠲᠣᠰ ᠲᠥᠷᠥᠯ ᠵᠦᠢᠯ ᠤᠨ ᠵᠢᠭᠡᠯᠡᠯᠭᠡ ᠶᠢ ᠪᠤᠴᠠᠭᠠᠬᠤ ᠵᠡᠷᠭᠡ ᠳᠤ | ᠤᠷᠢᠳᠠᠪᠠᠷ ᠬᠡᠷᠡᠭᠯᠡᠵᠦ ᠪᠣᠯᠣᠨ᠎ᠠ᠃ | ᠨᠠᠢᠮᠠᠳᠤᠭᠠᠷ ᠵᠦᠢᠯ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠢ ᠤᠷᠢᠳᠴᠢᠯᠠᠨ | ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠤᠭᠤᠴᠠᠭ᠎ᠠ ᠬᠢᠵᠠᠭᠠᠷ ᠨᠢ ᠲᠥᠷᠥᠯ ᠵᠦᠢᠯ ᠳᠤ ︽ | ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠪᠣᠷᠣᠯᠠᠭᠤᠯᠬᠤ ᠵᠥᠪᠰᠢᠶᠡᠷᠡᠯ ᠤᠨ ᠦᠨᠡᠮᠯᠡᠯ︾ ᠬᠢᠨᠠᠨ ᠣᠯᠭᠤᠬᠤ ᠠᠴᠠ | ᠡᠬᠢᠯᠡᠵᠦ᠂ ᠲᠥᠷᠥᠯ ᠵᠦᠢᠯ ᠳᠤ ᠭᠡᠷ ᠪᠠᠶᠢᠰᠢᠩ ᠤᠨ ᠥᠮᠴᠢᠯᠡᠬᠦ ᠡᠷᠬᠡ ᠶᠢ ᠠᠩᠬ᠎ᠠ ᠤᠳᠠᠭ᠎ᠠ ᠳᠠᠩᠰᠠᠯᠠᠭᠤᠯᠬᠤ | ᠨᠥᠬᠦᠴᠡᠯ ᠢ ᠭᠦᠢᠴᠡᠳᠬᠡᠭᠰᠡᠨ ᠤ ᠲᠠᠷᠠᠭ᠎ᠠ ᠳᠠᠭᠤᠰᠤᠨ᠎ᠠ᠃ | ᠬᠤᠶᠠᠳᠤᠭᠠᠷ ᠪᠦᠯᠦᠭ ᠡ᠊ᠩ ᠤᠨ ᠲᠣᠭᠲᠠᠭᠠᠯ | ᠶᠢᠰᠦᠳᠦᠭᠡᠷ ᠵᠦᠢᠯ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠨᠢ | ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠵᠥᠪᠰᠢᠶᠡᠷᠡᠯ ᠢ ᠭᠤᠶᠤᠴᠢᠯᠠᠬᠤ ᠠᠴᠠ ᠡᠮᠦᠨ᠎ᠡ᠂ | ᠳᠠᠭᠠᠭᠠᠴᠢᠯᠠᠯᠲᠠ ᠣᠯᠣᠭᠰᠠᠨ ᠪᠠᠩᠬᠢ ᠶᠢ ᠰᠣᠩᠭᠤᠨ ᠬᠢᠨᠠᠨ ᠬᠠᠮᠢᠶᠠᠷᠬᠤ ᠪᠠᠩᠬᠢ ᠪᠣᠯᠭᠠᠵᠤ᠂ ᠨᠢᠭᠡ ᠬᠢᠨᠠᠨ | ᠬᠠᠮᠢᠶᠠᠷᠬᠤ ᠲᠥᠷᠥᠯ ᠵᠦᠢᠯ ᠳᠤ ᠵᠥᠪᠬᠡᠨ ᠨᠢᠭᠡ ᠯᠡ ᠬᠢᠨᠠᠨ ᠬᠠᠮᠢᠶᠠᠷᠬᠤ ᠳᠠᠩᠰᠠᠨ ᠡᠷᠦᠬᠡ ᠭᠠᠷᠭᠠᠵᠤ ᠪᠣᠯᠬᠤ | ᠵᠠᠷᠴᠢᠮ ᠶᠣᠰᠣᠭᠠᠷ᠂ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ | ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠤᠰᠬᠠᠢ ᠲᠠᠩᠰᠠᠨ ᠡᠷᠦᠬᠡ ︵ᠳᠣᠷᠣᠭᠰᠢ ᠬᠢᠨᠠᠨ ᠬᠠᠮᠢᠶᠠᠷᠬᠤ ᠲᠠᠩᠰᠠᠨ | ᠡᠷᠦᠬᠡ ᠭᠡᠵᠦ ᠲᠣᠪᠴᠢᠯᠠᠨ᠎ᠠ︶ ᠶᠢ ᠪᠠᠶᠢᠭᠤᠯᠬᠤ ᠳᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ | ᠠᠬᠤᠶᠢᠯᠠᠯ ᠳᠤ ᠤᠷᠢᠳᠴᠢᠯᠠᠨ ᠬᠤᠳᠠᠯᠳᠤᠬᠤ ᠲᠥᠷᠥᠯ ᠵᠦᠢᠯ ᠣᠯᠠᠨ ᠪᠠᠶᠢᠪᠠᠯ᠂ ᠲᠠᠸᠠᠷ ᠤᠨ ᠭᠡᠷ ᠪᠠᠶᠢᠰᠢᠩ ᠢ | ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠲᠤᠰᠬᠠᠢ ᠲᠠᠩᠰᠠᠨ ᠡᠷᠦᠬᠡ ᠶᠢ ᠲᠣᠰ ᠲᠣᠰ ᠪᠠᠶᠢᠭᠤᠯᠬᠤ ᠶᠢᠨ | ᠬᠠᠮᠲᠤ᠂ ᠬᠢᠨᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ ᠬᠠᠮᠢᠶᠠᠷᠬᠤ ᠪᠠᠩᠬᠢ ᠯᠤᠭ᠎ᠠ ᠬᠠᠮᠲᠤᠪᠠᠷ ︽ᠲᠠᠸᠠᠷ ᠤᠨ ᠭᠡᠷ | ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯᠴᠡᠭᠡᠷ︾ ᠢ | ᠲᠣᠭᠲᠠᠭᠠᠬᠤ ᠬᠡᠷᠡᠭᠲᠡᠢ᠃ | ︽ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠬᠢᠨᠠᠨ ᠬᠠᠮᠢᠶᠠᠷᠬᠤ | ᠵᠥᠪᠯᠡᠯᠴᠡᠭᠡᠷ︾ ᠲᠤ ᠳᠣᠣᠷᠠᠬᠢ ᠠᠭᠤᠯᠭ᠎ᠠ ᠶᠢ ᠪᠠᠭᠲᠠᠭᠠᠬᠤ ᠬᠡᠷᠡᠭᠲᠡᠢ᠄ | ︵ᠨᠢᠭᠡ︶ ᠲᠤᠬᠠᠢ ᠶᠢᠨ ᠬᠥᠮᠥᠨ ᠤ ᠨᠡᠷᠡᠶᠢᠳᠦᠯ᠂ ᠬᠠᠶ᠋ᠢᠭ︔ | ︵ᠬᠤᠶᠠᠷ︶ ᠬᠢᠨᠠᠨ ᠬᠠᠮᠢᠶᠠᠷᠬᠤ ᠲᠥᠷᠥᠯ ᠵᠦᠢᠯ ᠤᠨ ᠨᠡᠷᠡᠶᠢᠳᠦᠯ᠂ ᠣᠷᠣᠨ ᠪᠠᠶᠢᠷᠢ᠃ | ︵ᠭᠤᠷᠪᠠ︶ ᠬᠢᠨᠠᠨ ᠬᠠᠮᠢᠶᠠᠷᠬᠤ ᠲᠠᠩᠰᠠᠨ ᠡᠷᠥᠭᠡ ᠶᠢᠨ ᠨᠡᠷᠡᠶᠢᠳᠦᠯ᠂ ᠲᠠᠩᠰᠠᠨ ᠤ ᠨᠣᠮᠧᠷ᠃ | ︵ᠳᠥᠷᠪᠡ︶ ᠬᠢᠨᠠᠨ ᠬᠠᠮᠢᠶᠠᠷᠬᠤ ᠲᠥᠷᠥᠯ ᠵᠦᠢᠯ ᠤᠨ ᠬᠡᠪᠴᠢᠶ᠎ᠡ᠃ | ︵ᠲᠠᠪᠤ︶ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠬᠡᠷᠡᠭᠯᠡᠬᠦ | ᠲᠥᠯᠥᠪᠯᠡᠭᠡ︔ | ︵ᠵᠢᠷᠭᠤᠭ᠎ᠠ︶ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ | ᠭᠤᠣᠯᠳᠠᠯᠭ᠎ᠠ ᠲᠠᠢ ᠬᠢᠨᠠᠨ ᠬᠠᠮᠢᠶᠠᠷᠬᠤ ᠲᠤᠭ᠎ᠠ ᠬᠡᠮᠵᠢᠶ᠎ᠡ ᠶᠢ ᠲᠣᠭᠲᠠᠭᠠᠬᠤ ᠪᠠ ᠬᠡᠷᠡᠭᠯᠡᠬᠦ ᠲᠥᠯᠥᠪᠯᠡᠭᠡ︔ | ︵ᠲᠤᠯᠤᠭ᠎ᠠ︶ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ | ᠬᠠᠮᠢᠶᠠᠷᠤᠯᠲᠠ ᠶᠢ ᠬᠦᠴᠦᠨ ᠦᠭᠡᠢ ᠪᠣᠯᠭᠠᠬᠤ ᠨᠥᠬᠦᠴᠡᠯ︔ | ︵ᠨᠠᠢᠮᠠ︶ ᠭᠡᠷ᠎ᠡ ᠶᠢ ᠵᠥᠷᠢᠴᠡᠭᠰᠡᠨ ᠬᠠᠷᠢᠭᠤᠴᠠᠯᠭ᠎ᠠ︔ | ︵ᠶᠢᠰᠦ︶ ᠮᠠᠷᠭᠤᠯᠳᠤᠭᠠᠨ ᠢ ᠰᠢᠢᠳᠪᠦᠷᠢᠯᠡᠬᠦ ᠠᠷᠭ᠎ᠠ ᠮᠠᠶ᠋ᠢᠭ︔ | ︵ᠠᠷᠪᠠ︶ ᠪᠤᠰᠤᠳ ᠪᠣᠯᠵᠣᠯ᠃ | ᠠᠷᠪᠠᠳᠤᠭᠠᠷ ᠵᠦᠢᠯ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠳ | ᠬᠢᠨᠠᠨ ᠬᠠᠮᠢᠶᠠᠷᠬᠤ ᠲᠠᠩᠰᠠᠨ ᠡᠷᠦᠬᠡ ᠪᠠᠶᠢᠭᠤᠯᠵᠤ᠂ ᠬᠢᠨᠠᠨ ᠬᠠᠮᠢᠶᠠᠷᠬᠤ ᠪᠠᠩᠬᠢ ᠳᠤ ᠳᠣᠣᠷᠠᠬᠢ ᠮᠠᠲ᠋ᠧᠷᠢᠶᠠᠯ ᠤᠳ ᠢ | ᠬᠠᠩᠭᠠᠨ᠎ᠠ᠄ | ︵ᠨᠢᠭᠡ︶ ᠲᠠᠩᠰᠠᠨ ᠡᠷᠦᠭᠡ ᠶᠢᠨ ᠵᠠᠷᠤᠯᠭ᠎ᠠ ᠶᠢ ᠬᠢᠨᠠᠨ ᠬᠠᠮᠢᠶᠠᠷᠬᠤ ᠭᠤᠶᠤᠴᠢᠯᠠᠯ ᠤᠨ ᠬᠦᠰᠦᠨᠦᠭᠲᠦ︔ | ︵ᠬᠤᠶᠠᠷ︶ ᠠᠵᠤ ᠠᠬᠤᠶᠢᠯᠠᠯ ᠬᠠᠤᠯᠢ ᠶᠢᠨ ᠬᠥᠮᠥᠨ ᠤ ᠡᠵᠡᠩᠨᠡᠯᠲᠡ ᠶᠢᠨ ᠦᠨᠡᠮᠯᠡᠯ︔ | ︵ᠭᠤᠷᠪᠠ︶ ᠦᠨᠳᠦᠰᠦᠨ ᠬᠠᠳᠠᠭᠠᠯᠠᠮᠵᠢ ᠶᠢᠨ ᠲᠡᠩᠰᠠᠠ ᠤ ᠲᠡᠩᠰᠠ ᠪᠠᠶᠢᠭᠤᠯᠬᠤ ᠵᠥᠪᠰᠢᠶᠡᠷᠡᠯ ᠤᠨ | ᠦᠨᠡᠮᠯᠡᠯ︔ | ︵ᠳᠥᠷᠪᠡ︶ ᠨᠠᠶᠢᠳᠠᠯᠭ᠎ᠠ ᠶᠢᠨ ᠪᠢᠴᠢᠭ᠂ ᠭᠠᠷᠳᠠᠨ ᠭᠦᠢᠴᠡᠳᠭᠡᠭᠴᠢ ᠶᠢᠨ ᠪᠡᠶ᠎ᠡ ᠶᠢᠨ ᠬᠢᠷᠢ ᠬᠡᠮ ᠤᠨ | ᠭᠡᠷᠡᠴᠢ︔ | ︵ᠲᠠᠪᠤ︶ ᠬᠢᠨᠠᠨ ᠬᠠᠮᠢᠶᠠᠷᠬᠤ ᠪᠠᠩᠬᠢ ᠶᠢᠨ ᠬᠠᠩᠭᠠᠯᠭᠠᠬᠤ ᠪᠠᠷ ᠱᠠᠭᠠᠷᠳᠠᠭᠰᠠᠨ ᠪᠤᠰᠤᠳ ᠮᠠᠲ᠋ᠧᠷᠢᠶᠠᠯ᠃ | ᠠᠷᠪᠠᠨ ᠨᠢᠭᠡᠳᠦᠭᠡᠷ ᠵᠦᠢᠯ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ ᠠᠰᠢᠭᠯᠠᠬᠤ | ᠠᠵᠤ ᠠᠬᠤᠶᠢᠯᠠᠯ ᠤᠳ ︽ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠬᠢᠨᠠᠨ | ᠬᠠᠮᠢᠶᠠᠷᠬᠤ ᠵᠥᠪᠯᠡᠯᠴᠡᠭᠡᠷ︾ ᠲᠤ ᠭᠠᠷ ᠤᠨ ᠦᠰᠦᠭ ᠵᠢᠷᠤᠬᠤ ᠠᠴᠠ ᠡᠮᠦᠨ᠎ᠡ᠂ ᠬᠢᠨᠠᠨ ᠬᠠᠮᠢᠶᠠᠷᠬᠤ ᠰᠠᠯᠠᠭ᠎ᠠ | ᠮᠥᠴᠢᠷ ᠲᠤ ᠳᠣᠣᠷᠠᠬᠢ ᠮᠠᠲ᠋ᠧᠷᠢᠶᠠᠯ ᠤᠳ ᠢ ᠬᠠᠩᠭᠠᠬᠤ ᠬᠡᠷᠡᠭᠲᠡᠢ : | ︵ᠨᠢᠭᠡ︶ ᠬᠢᠨᠠᠨ ᠬᠠᠮᠢᠶᠠᠷᠬᠤ ᠲᠥᠷᠥᠯ ᠵᠦᠢᠯ ᠤᠨ ᠤᠷᠢᠳᠴᠢᠯᠠᠨ ᠬᠤᠳᠠᠯᠳᠤᠬᠤ ᠲᠠᠸᠠᠷ ᠤᠨ ᠭᠡᠷ | ᠪᠠᠶᠢᠰᠢᠩ ᠤᠨ ᠪᠠᠷᠢᠯᠭ᠎ᠠ ᠪᠠᠷᠢᠬᠤ᠂ ᠲᠥᠬᠦᠭᠡᠷᠦᠮᠵᠢ ᠤᠭᠰᠠᠷᠠᠭᠤᠯᠬᠤ᠂ ᠮᠠᠲ᠋ᠧᠷᠢᠶᠠᠯ ᠬᠤᠳᠠᠯᠳᠤᠨ ᠠᠪᠬᠤ ᠪᠠ | ᠲᠥᠷᠥᠯ ᠵᠦᠢᠯ ᠤᠨ ᠢᠵᠢ ᠪᠦᠷᠢᠳᠦᠭᠦᠯᠬᠦ ᠪᠠᠷᠢᠯᠭ᠎ᠠ ᠳᠤ ᠬᠡᠷᠡᠭᠰᠡᠬᠦ ᠪᠦᠲᠦᠭᠡᠨ ᠪᠠᠶᠢᠭᠤᠯᠬᠤ ᠵᠠᠷᠤᠳᠠᠯ ᠤᠨ ᠪᠠᠷᠢᠯᠭ᠎ᠠ | ᠶᠢᠨ ᠲᠥᠰᠥᠪ ᠤᠨ ᠪᠢᠴᠢᠭ ᠬᠠᠩᠭᠠᠬᠤ᠃ | ︵ᠬᠤᠶᠠᠷ︶ ᠬᠢᠨᠠᠨ ᠬᠠᠮᠢᠶᠠᠷᠬᠤ ᠲᠥᠷᠥᠯ ᠵᠦᠢᠯ ᠤᠨ ᠪᠠᠷᠢᠯᠭ᠎ᠠ ᠶᠢᠨ ᠠᠬᠢᠴᠠ ᠶᠢᠨ ᠲᠥᠯᠥᠪᠯᠡᠭᠡ ᠶᠢᠨ | ᠬᠦᠰᠦᠨᠦᠭᠲᠦ᠃ | ︵ᠭᠤᠷᠪᠠ︶ ᠲᠥᠷᠥᠯ ᠵᠦᠢᠯ ᠤᠨ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠬᠡᠷᠡᠭᠯᠡᠬᠦ | ᠲᠥᠯᠥᠪᠯᠡᠭᠡ ᠶᠢ ᠬᠢᠨᠠᠨ ᠬᠠᠮᠢᠶᠠᠷᠤᠨ᠎ᠠ᠃ | ︵ᠳᠥᠷᠪᠡ︶ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠨᠢ ᠪᠠᠷᠢᠯᠭ᠎ᠠ ᠶᠢᠨ | ᠲᠥᠷᠥᠯ ᠵᠦᠢᠯ ᠤᠨ ᠬᠠᠮᠢᠶ᠎ᠠ ᠪᠦᠬᠦᠢ ᠭᠡᠷ᠎ᠡ ᠶᠢ ᠬᠠᠤᠯᠢ ᠶᠣᠰᠣᠭᠠᠷ ᠬᠤᠪᠢᠷᠠᠭᠤᠯᠬᠤ ᠳᠤ ᠭᠦᠷᠪᠡᠯ᠂ | ᠬᠤᠪᠢᠷᠠᠭᠤᠯᠤᠭᠰᠠᠨ ᠤ ᠳᠠᠷᠠᠭᠠᠬᠢ ᠪᠠᠷᠢᠯᠭ᠎ᠠ ᠶᠢᠨ ᠲᠥᠰᠥᠪ ᠤᠨ ᠪᠢᠴᠢᠭ ᠢᠶᠠᠨ ᠬᠢᠨᠠᠨ ᠬᠠᠮᠢᠶᠠᠷᠬᠤ ᠰᠠᠯᠠᠭ᠎ᠠ | ᠮᠥᠴᠢᠷ ᠲᠤ ᠲᠤᠰᠢᠶᠠᠬᠤ ᠬᠡᠷᠡᠭᠲᠡᠢ᠃ | ︵ᠲᠠᠪᠤ︶ ᠬᠠᠩᠭᠠᠬᠤ ᠴᠢᠬᠤᠯᠠᠲᠠᠢ ᠪᠤᠰᠤᠳ ᠮᠠᠲ᠋ᠧᠷᠢᠶᠠᠯ᠃ | ᠠᠷᠪᠠᠨ ᠬᠤᠶᠠᠳᠤᠭᠠᠷ ᠵᠦᠢᠯ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ ᠠᠰᠢᠭᠯᠠᠬᠤ | ᠠᠵᠤ ᠠᠬᠤᠶᠢᠯᠠᠯ ︽ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠪᠣᠷᠣᠯᠠᠭᠤᠯᠬᠤ ᠵᠥᠪᠰᠢᠶᠡᠷᠡᠯ ᠤᠨ ᠦᠨᠡᠮᠯᠡᠯ︾ ᠢ | ᠭᠤᠶᠤᠴᠢᠯᠠᠨ ᠭᠦᠢᠴᠡᠳᠬᠡᠬᠦ ᠳᠡᠭᠡᠨ ︽ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ | ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯᠴᠡᠭᠡᠷ︾ ᠢ ᠲᠤᠰᠢᠶᠠᠬᠤ ᠬᠡᠷᠡᠭᠲᠡᠢ᠃ ᠭᠡᠷ ᠪᠠᠶᠢᠰᠢᠩ ᠭᠠᠵᠠᠷ | ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠨᠢ ︽ᠲᠠᠸᠠᠷ ᠤᠨ ᠭᠡᠷ ᠪᠠᠶᠢᠰᠢᠩ ᠢ ᠤᠷᠢᠳᠴᠢᠯᠠᠨ | ᠪᠣᠷᠣᠯᠠᠭᠤᠯᠬᠤ ᠵᠥᠪᠰᠢᠶᠡᠷᠡᠯ ᠤᠨ ᠦᠨᠡᠮᠯᠡᠯ︾ ᠢ ᠣᠯᠣᠭᠰᠠᠨ ᠤ ᠳᠠᠷᠠᠭ᠎ᠠ᠂ ᠠᠰᠠᠷ ᠬᠤᠳᠠᠯᠳᠤᠬᠤ ᠲᠠᠯᠠᠪᠤᠷ ᠤᠨ | ᠢᠯᠡᠷᠬᠡᠢ ᠭᠠᠵᠠᠷ ᠲᠤ ︽ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠪᠣᠷᠣᠯᠠᠭᠤᠯᠬᠤ ᠵᠥᠪᠰᠢᠶᠡᠷᠡᠯ ᠤᠨ ᠦᠨᠡᠮᠯᠡᠯ︾ | ︽ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠬᠢᠨᠠᠨ ᠬᠠᠮᠢᠶᠠᠷᠬᠤ ᠵᠥᠪᠯᠡᠯᠴᠡᠭᠡᠷ︾ | ᠵᠢᠴᠢ ᠬᠢᠨᠠᠨ ᠬᠠᠮᠢᠶᠠᠷᠬᠤ ᠲᠠᠩᠰᠠᠨ ᠡᠷᠦᠬᠡ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠬᠡᠷᠡᠭᠲᠡᠢ᠃ | ᠭᠤᠷᠪᠠᠳᠤᠭᠠᠷ ᠪᠦᠯᠦᠭ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠲᠤᠰᠢᠶᠠᠨ ᠬᠠᠳᠠᠭᠠᠯᠠᠭᠤᠯᠬᠤ | ᠪᠠ ᠬᠡᠷᠡᠭᠯᠡᠵᠦ ᠬᠠᠮᠢᠶᠠᠷᠬᠤ | ᠠᠷᠪᠠᠨ ᠭᠤᠷᠪᠠᠳᠤᠭᠠᠷ ᠵᠦᠢᠯ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠪᠥᠬᠦᠳᠡ ᠶᠢ ᠪᠡᠯᠡ | ᠮᠥᠩᠭᠦ ᠶᠢᠨ ᠬᠢᠨᠠᠨ ᠬᠠᠮᠢᠶᠠᠷᠬᠤ ᠬᠡᠪᠴᠢᠶᠡᠨ ᠳᠤ ᠣᠷᠣᠭᠤᠯᠵᠤ᠂ ᠵᠣᠬᠢᠴᠠᠩᠭᠤᠢ ᠬᠢᠨᠠᠨ ᠬᠠᠮᠢᠶᠠᠷᠬᠤ ᠲᠠᠩᠰᠠᠨ | ᠡᠷᠦᠭᠡ ᠳᠤ ᠬᠠᠳᠠᠭᠠᠯᠠᠬᠤ ᠬᠡᠷᠡᠭᠲᠡᠢ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ ᠠᠰᠢᠭᠯᠠᠬᠤ ᠠᠵᠤ | ᠠᠬᠤᠶᠢᠯᠠᠯ ᠭᠡᠷ ᠪᠠᠶᠢᠰᠢᠩ ᠬᠤᠳᠠᠯᠳᠤᠨ ᠠᠪᠬᠤ ᠵᠣᠭᠤᠰ ᠢ ᠶᠠᠮᠠᠷᠪᠠ ᠠᠷᠭ᠎ᠠ ᠮᠠᠶ᠋ᠢᠭ ᠢᠶᠠᠷ ᠰᠢᠭᠤᠳ ᠬᠤᠷᠢᠶᠠᠵᠤ | ᠪᠣᠯᠬᠤ ᠦᠭᠡᠢ᠃ | ᠠᠷᠪᠠᠨ ᠳᠥᠷᠪᠡᠳᠦᠭᠡᠷ ᠵᠦᠢᠯ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ | ᠬᠠᠮᠢᠶᠠᠷᠤᠯᠲᠠ ᠶᠢᠨ ᠬᠤᠭᠤᠴᠠᠭᠠᠨ ᠳᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ | ᠠᠬᠤᠶᠢᠯᠠᠯ ᠤᠨ ᠨᠡᠷᠡᠶᠢᠳᠦᠯ ᠢ ᠬᠤᠪᠢᠷᠠᠭᠤᠯᠬᠤ᠂ ᠲᠥᠷᠥᠯ ᠵᠦᠢᠯ ᠢ ᠰᠢᠯᠵᠢᠭᠦᠯᠦᠨ ᠥᠭᠬᠦ ᠵᠡᠷᠭᠡ ᠪᠠᠶᠢᠳᠠᠯ ᠭᠠᠷᠪᠠᠯ᠂ | ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠨᠢ ᠤᠷᠢᠳᠴᠢᠯᠠᠨ ᠬᠤᠳᠠᠯᠳᠤᠬᠤ ᠪᠡᠯᠡ | ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠦᠬᠦᠢ ᠬᠤᠪᠢᠷᠠᠭᠤᠯᠬᠤ ᠭᠠᠷᠳᠠᠮ ᠢ ᠭᠦᠢᠴᠡᠳᠬᠡᠬᠦ ᠬᠡᠷᠡᠭᠲᠡᠢ᠃ | ᠠᠷᠪᠠᠨ ᠲᠠᠪᠤᠳᠤᠭᠠᠷ ᠵᠦᠢᠯ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ | ᠮᠥᠩᠭᠦ ᠶᠢ ᠪᠥᠬᠦᠳᠡ ᠶᠢ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠲᠤᠰᠬᠠᠢ | ᠲᠠᠩᠰᠠᠨ ᠡᠷᠦᠭᠡ ᠳᠤ ᠬᠠᠳᠠᠭᠠᠯᠠᠬᠤ ᠶᠢᠨ ᠬᠠᠮᠲᠤ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠲᠡᠭᠦᠨ ᠤ ᠳᠣᠲᠣᠷᠠᠬᠢ | ᠵᠦᠢᠯᠡᠰ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠪᠡᠯᠡ ᠮᠥᠩᠭᠦ ᠶᠢ ᠬᠢᠨᠠᠨ ᠬᠠᠮᠢᠶᠠᠷᠴᠤ᠂ | ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠤᠷᠢᠳᠠᠪᠠᠷ | ᠬᠡᠷᠡᠭᠯᠡᠬᠦ ᠶᠢ ᠪᠠᠲᠤᠯᠠᠬᠤ ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠭᠡᠷ ᠬᠤᠳᠠᠯᠳᠤᠨ ᠠᠪᠤᠭᠴᠢ ᠨᠢ ︽ᠲᠠᠸᠠᠷ ᠤᠨ ᠭᠡᠷ ᠪᠠᠶᠢᠰᠢᠩ ᠢ | ᠬᠤᠳᠠᠯᠳᠤᠭᠠᠯᠠᠬᠤ ᠭᠡᠷ᠎ᠡ︾ ᠳᠤ ᠪᠣᠯᠵᠣᠨ ᠲᠣᠭᠲᠠᠭᠠᠭᠰᠠᠨ ᠵᠣᠭᠤᠰ ᠲᠤᠰᠢᠶᠠᠬᠤ ᠵᠣᠭᠤᠰ ᠤᠨ ᠲᠤᠭ᠎ᠠ᠂ ᠠᠷᠭ᠎ᠠ | ᠮᠠᠶ᠋ᠢᠭ ᠵᠢᠴᠢ ᠴᠠᠭ ᠤᠨ ᠬᠢᠵᠠᠭᠠᠷ ᠶᠣᠰᠣᠭᠠᠷ᠂ ᠭᠡᠷ ᠬᠤᠳᠠᠯᠳᠤᠨ ᠠᠪᠬᠤ ᠪᠦᠬᠦ ᠵᠣᠭᠤᠰ ᠢ ︽ᠲᠠᠸᠠᠷ ᠤᠨ ᠭᠡᠷ | ᠪᠠᠶᠢᠰᠢᠩ ᠢ ᠬᠤᠳᠠᠯᠳᠤᠭᠠᠯᠠᠬᠤ ᠭᠡᠷ᠎ᠡ︾ ᠳᠤ ᠲᠣᠳᠣᠷᠬᠠᠢ ᠲᠡᠮᠳᠡᠭᠯᠡᠭᠰᠡᠨ ᠪᠡᠯᠡ ᠮᠥᠩᠭᠦ ᠶᠢᠨ ᠬᠢᠨᠠᠯᠲᠠ | ᠬᠠᠮᠢᠶᠠᠷᠤᠯᠲᠠ ᠶᠢᠨ ᠲᠠᠩᠰᠠᠨ ᠡᠷᠦᠭᠡ ᠳᠤ ᠰᠢᠭᠤᠳ ᠬᠠᠳᠠᠭᠠᠯᠠᠬᠤ ᠬᠡᠷᠡᠭᠲᠡᠢ᠃ | ᠬᠢᠨᠠᠨ ᠬᠠᠮᠢᠶᠠᠷᠬᠤ ᠪᠠᠩᠬᠢ ᠠᠴᠠ ᠨᠢᠭᠡᠨᠲᠡ ᠲᠤᠰᠢᠶᠠᠨ ᠬᠠᠳᠠᠭᠠᠯᠠᠭᠤᠯᠤᠭᠰᠠᠨ ᠭᠡᠷ ᠪᠠᠶᠢᠰᠢᠩ ᠬᠤᠳᠠᠯᠳᠤᠨ | ᠠᠪᠬᠤ ᠵᠣᠭᠤᠰ ᠤᠨ ᠮᠡᠳᠡᠭᠡ ᠵᠠᠩᠭᠢ ᠶᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠭᠡᠷ ᠪᠠᠶᠢᠰᠢᠩ ᠬᠤᠳᠠᠯᠳᠤᠨ | ᠠᠪᠤᠭᠴᠢ ᠳᠤ ᠵᠣᠭᠤᠰ ᠲᠤᠰᠢᠶᠠᠭᠰᠠᠨ ᠬᠠᠷᠢᠭᠤ ᠬᠠᠭᠤᠳᠠᠰᠤ ᠪᠢᠴᠢᠵᠦ ᠥᠭᠬᠦ ᠬᠡᠷᠡᠭᠲᠡᠢ᠃ | ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠨᠢ ᠵᠣᠭᠤᠰ ᠲᠤᠰᠢᠶᠠᠭᠰᠠᠨ | ᠬᠠᠷᠢᠭᠤ ᠬᠠᠭᠤᠳᠠᠰᠤ ᠪᠠᠷ ᠢᠶᠠᠨ ᠭᠡᠷ ᠪᠠᠶᠢᠰᠢᠩ ᠬᠤᠳᠠᠯᠳᠤᠨ ᠠᠪᠤᠭᠴᠢ ᠳᠤ ᠵᠣᠭᠤᠰ ᠲᠤᠰᠢᠶᠠᠭᠰᠠᠨ ᠫᠢᠶᠣᠣ | ᠪᠠᠷᠢᠮᠲᠠ ᠬᠢᠵᠦ ᠥᠭᠬᠦ ᠶᠢᠨ ᠬᠠᠮᠲᠤ᠂ ᠵᠣᠭᠤᠰ ᠲᠤᠰᠢᠶᠠᠭᠰᠠᠨ ᠬᠠᠷᠢᠭᠤ ᠬᠠᠭᠤᠳᠠᠰᠤ ᠵᠡᠷᠭᠡ ᠬᠠᠮᠢᠶ᠎ᠠ ᠪᠦᠬᠦᠢ | ᠮᠠᠲ᠋ᠧᠷᠢᠶᠠᠯ ᠢᠶᠠᠷ ᠢᠶᠠᠨ ᠲᠠᠸᠠᠷ ᠤᠨ ᠭᠡᠷ ᠪᠠᠶᠢᠰᠢᠩ ᠤᠨ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ | ᠳᠠᠩᠰᠠᠯᠠᠭᠤᠯᠬᠤ ᠭᠠᠷᠳᠠᠮ ᠢ ᠭᠦᠢᠴᠡᠳᠬᠡᠨ᠎ᠡ᠃ | ᠠᠷᠪᠠᠨ ᠳᠣᠯᠣᠳᠤᠭᠠᠷ ᠵᠦᠢᠯ ᠭᠡᠷ ᠬᠤᠳᠠᠯᠳᠤᠨ ᠠᠪᠤᠭᠴᠢ ᠲᠠᠸᠠᠷ ᠤᠨ ᠭᠡᠷ ᠪᠠᠶᠢᠰᠢᠩ ᠤᠨ ᠵᠢᠭᠡᠯᠡᠯᠭᠡ | ᠭᠤᠶᠤᠴᠢᠯᠠᠭᠰᠠᠨ ᠪᠠᠶᠢᠪᠠᠯ᠂ ᠪᠠᠷᠢᠴᠠᠭᠠᠲᠤ ᠵᠢᠭᠡᠯᠡᠯᠭᠡ ᠶᠢᠨ ᠪᠠᠩᠬᠢ ᠵᠢᠴᠢ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢᠨ ᠬᠠᠮᠢᠶᠠᠷᠤᠯᠲᠠ ᠶᠢᠨ ᠲᠥᠪ ᠨᠢ ᠵᠣᠭᠤᠰ ᠵᠢᠭᠡᠯᠡᠬᠦ ᠭᠡᠷ᠎ᠡ ᠳᠤ ᠪᠣᠯᠵᠣᠨ ᠲᠣᠭᠲᠠᠭᠰᠠᠨ ᠴᠠᠭ ᠪᠠ | ᠵᠣᠭᠤᠰ ᠤᠨ ᠲᠤᠭ᠎ᠠ ᠶᠣᠰᠣᠭᠠᠷ ᠵᠢᠭᠡᠯᠡᠯᠭᠡ ᠶᠢ ᠬᠢᠨᠠᠨ ᠬᠠᠮᠢᠶᠠᠷᠬᠤ ᠲᠠᠩᠰᠠᠨ ᠡᠷᠦᠭᠡ ᠳᠤ ᠰᠢᠭᠤᠳ ᠬᠤᠪᠢᠶᠠᠷᠢᠯᠠᠨ | ᠰᠢᠯᠵᠢᠭᠦᠯᠬᠦ ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠪᠦᠲᠦᠭᠡᠨ ᠪᠠᠶᠢᠭᠤᠯᠤᠯᠲᠠ ᠶᠢᠨ ᠵᠦᠢᠯᠡᠰ ᠨᠢ ᠳᠣᠣᠷ᠎ᠠ ᠵᠢᠭᠰᠠᠭᠠᠭᠰᠠᠨ | ᠨᠥᠬᠦᠴᠡᠯ ᠳᠤ ᠨᠡᠶᠢᠴᠡᠭᠰᠡᠨ ᠪᠠᠶᠢᠪᠠᠯ᠂ ᠭᠡᠷ ᠪᠠᠶᠢᠰᠢᠩ ᠭᠠᠵᠠᠷ ᠬᠥᠷᠥᠩᠭᠡ ᠶᠢ ᠨᠡᠭᠡᠭᠡᠨ ᠠᠰᠢᠭᠯᠠᠬᠤ ᠠᠵᠤ | ᠠᠬᠤᠶᠢᠯᠠᠯ ᠨᠢ ᠬᠢᠨᠠᠨ ᠬᠠᠮᠢᠶᠠᠷᠬᠤ ᠪᠡᠯᠡ ᠮᠥᠩᠭᠦ ᠰᠢᠯᠵᠢᠭᠦᠯᠦᠨ ᠥᠭᠭᠦᠭᠦᠯᠬᠦ ᠪᠠᠷ ᠭᠤᠶᠤᠴᠢᠯᠠᠵᠤ ᠪᠣᠯᠣᠨ᠎ᠠ᠄ | ︵ᠨᠢᠭᠡ︶ ᠭᠠᠵᠠᠷ ᠳᠡᠭᠡᠷᠡᠬᠢ ᠵᠢᠷᠭᠤᠭᠠᠨ ᠳᠠᠪᠬᠤᠷᠭ᠎ᠠ ᠠᠴᠠ ᠳᠣᠷᠣᠭᠰᠢᠬᠢ ︵ᠲᠤᠰ ᠲᠤᠭ᠎ᠠ ᠶᠢ | ᠪᠠᠭᠲᠠᠭᠠᠨ᠎ᠠ︶ ᠪᠠᠷᠢᠯᠭ᠎ᠠ ᠶᠢᠨ ᠭᠤᠣᠯ ᠴᠣᠭᠴᠠ ᠶᠢᠨ ᠪᠦᠲᠦᠴᠡ ᠶᠢᠨ ᠬᠤᠶᠠᠷ ᠬᠤᠪᠢ ᠶᠢᠨ ᠨᠢᠭᠡ ᠶᠢ ᠪᠡᠶᠡᠯᠡᠭᠦᠯᠬᠦ᠃ | ᠵᠢᠷᠭᠤᠭᠠᠨ ᠳᠠᠪᠬᠤᠷᠭ᠎ᠠ ᠠᠴᠠ ᠳᠡᠭᠡᠭᠰᠢᠬᠢ ︵ᠲᠣᠰ ᠲᠤᠭ᠎ᠠ ᠶᠢ ᠪᠠᠭᠲᠠᠭᠠᠨ᠎ᠠ︶ ᠪᠠᠷᠢᠯᠭ᠎ᠠ ᠶᠢᠨ ᠭᠤᠣᠯ | ᠴᠣᠭᠴᠠ ᠶᠢᠨ ᠪᠦᠲᠦᠴᠡ ᠶᠢᠨ ᠭᠤᠷᠪᠠᠨ ᠤ ᠬᠤᠶᠠᠷ ᠬᠤᠪᠢ ᠶᠢ ᠭᠤᠣᠯᠳᠠᠯᠭ᠎ᠠ ᠲᠠᠢ ᠬᠢᠨᠠᠨ ᠬᠠᠮᠢᠶᠠᠷᠬᠤ ᠪᠡᠯᠡ | ᠮᠥᠩᠭᠦ ᠶᠢᠨ ᠶᠡᠷᠦᠩᠬᠡᠢ ᠲᠣᠭᠠᠨ ᠤ 50% ᠶᠢ ᠰᠢᠯᠵᠢᠭᠦᠯᠦᠨ ᠥᠭᠬᠦ ᠶᠢ ᠨᠡᠶᠢᠲᠡ ᠭᠤᠶᠤᠴᠢᠯᠠᠵᠤ ᠪᠣᠯᠣᠨ᠎ᠠ︔ | ︵ᠬᠤᠶᠠᠷ︶ ᠪᠠᠷᠢᠯᠭ᠎ᠠ ᠶᠢᠨ ᠭᠤᠣᠯ ᠴᠣᠭᠴᠠ ᠶᠢᠨ ᠪᠦᠲᠦᠴᠡ ᠶᠢᠨ ᠳᠡᠭᠡᠳᠦ ᠬᠢᠵᠠᠭᠠᠷ ᠢ ᠪᠡᠶᠡᠯᠡᠭᠦᠯᠵᠦ᠂ | ᠭᠤᠣᠯᠳᠠᠯᠭ᠎ᠠ ᠲᠠᠢ ᠬᠢᠨᠠᠨ ᠬᠠᠮᠢᠶᠠᠷᠬᠤ ᠪᠡᠯᠡ ᠮᠥᠩᠭᠦ ᠶᠢᠨ ᠶᠡᠷᠦᠩᠬᠡᠢ ᠲᠣᠭᠠᠨ ᠤ 65% ᠶᠢ ᠰᠢᠯᠵᠢᠭᠦᠯᠦᠨ | ᠥᠭᠬᠦ ᠶᠢ ᠨᠡᠶᠢᠲᠡ ᠭᠤᠶᠤᠴᠢᠯᠠᠵᠤ ᠪᠣᠯᠣᠨ᠎ᠠ︔ | ︵ᠭᠤᠷᠪᠠ︶ ᠪᠠᠷᠢᠯᠭ᠎ᠠ ᠶᠢᠨ ᠭᠠᠳᠠᠷ ᠨᠢᠭᠤᠷ ᠤᠨ ᠵᠠᠰᠠᠯ ᠴᠢᠮᠡᠭᠯᠡᠯ ᠵᠢᠴᠢ ᠡᠭᠦᠳᠡ ᠴᠣᠩᠬᠤ ᠶᠢ | ᠤᠭᠰᠠᠷᠠᠬᠤ ᠶᠢ ᠪᠡᠶᠡᠯᠡᠭᠦᠯᠬᠦ ᠳᠤ᠂ ᠭᠤᠣᠯᠳᠠᠯᠭ᠎ᠠ ᠲᠠᠢ ᠬᠢᠨᠠᠨ ᠬᠠᠮᠢᠶᠠᠷᠬᠤ ᠪᠡᠯᠡ ᠮᠥᠩᠭᠦ ᠶᠢᠨ ᠶᠡᠷᠦᠩᠬᠡᠢ ᠲᠤᠭ᠎ᠠ ᠶᠢᠨ | 80% ᠶᠢ ᠰᠢᠯᠵᠢᠭᠦᠯᠦᠨ ᠥᠭᠬᠦ ᠶᠢ ᠨᠡᠶᠢᠲᠡ ᠭᠤᠶᠤᠴᠢᠯᠠᠵᠤ ᠪᠣᠯᠣᠨ᠎ᠠ︔ | ︵ᠳᠥᠷᠪᠡ︶ ᠤᠰᠤ᠂ ᠴᠠᠬᠢᠯᠭᠠᠨ᠂ ᠬᠡᠢ᠂ ᠳᠤᠯᠠᠭᠠᠯᠠᠬᠤ᠂ ᠭᠠᠯ ᠤᠨᠲᠠᠷᠠᠭᠠᠬᠤ᠂ ᠬᠠᠲᠠᠭᠤᠷᠠᠭᠤᠯᠬᠤ᠂ | ᠨᠣᠭᠤᠭᠠᠷᠠᠭᠤᠯᠬᠤ᠂ ᠭᠡᠷᠡᠯᠲᠦᠭᠦᠯᠬᠦ ᠵᠡᠷᠭᠡ ᠢᠵᠢ ᠪᠦᠷᠢᠳᠦᠭᠦᠯᠬᠦ ᠢᠨᠵᠧᠨᠧᠷᠢᠩ ᠢ ᠪᠡᠶᠡᠯᠡᠭᠦᠯᠵᠦ᠂ ᠰᠢᠯᠭᠠᠨ | ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠬᠡᠷᠡᠭᠯᠡᠬᠦ ᠨᠥᠬᠦᠴᠡᠯ ᠢ ᠪᠦᠷᠢᠳᠦᠭᠦᠯᠦᠭᠰᠡᠨ ᠪᠠᠶᠢᠪᠠᠯ᠂ ᠭᠤᠣᠯᠳᠠᠯᠭ᠎ᠠ ᠲᠠᠢ | ᠬᠢᠨᠠᠨ ᠬᠠᠮᠢᠶᠠᠷᠬᠤ ᠪᠡᠯᠡ ᠮᠥᠩᠭᠦ ᠶᠢᠨ ᠶᠡᠷᠦᠩᠬᠡᠢ ᠲᠣᠭᠠᠨ ᠤ 90% ᠶᠢ ᠰᠢᠯᠵᠢᠭᠦᠯᠦᠨ ᠥᠭᠬᠦ ᠶᠢ ᠨᠡᠶᠢᠲᠡ | ᠭᠤᠶᠤᠴᠢᠯᠠᠵᠤ ᠪᠣᠯᠣᠨ᠎ᠠ︔ | ︵ᠲᠠᠪᠤ︶ ᠬᠢᠨᠠᠨ ᠬᠠᠮᠢᠶᠠᠷᠬᠤ ᠲᠥᠷᠥᠯ ᠵᠦᠢᠯ ᠨᠢ ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ | ᠠᠵᠢᠯ ᠳᠠᠭᠤᠰᠤᠭᠰᠠᠨ ᠢ ᠰᠢᠯᠭᠠᠨ ᠠᠪᠬᠤ ᠶᠢ ᠳᠠᠩᠰᠠᠯᠠᠬᠤ ᠬᠦᠰᠦᠨᠦᠭᠲᠦ︾ ᠵᠢᠴᠢ ᠪᠠᠷᠢᠯᠭ᠎ᠠ ᠶᠢᠨ ᠠᠵᠢᠯ | ᠳᠠᠭᠤᠰᠤᠭᠰᠠᠨ ᠢ ᠬᠠᠮᠲᠤᠷᠠᠨ ᠰᠢᠯᠭᠠᠨ ᠠᠪᠬᠤ ᠶᠢ ᠳᠠᠩᠰᠠᠯᠠᠭᠰᠠᠨ ᠢ ᠭᠡᠷᠡᠴᠢᠯᠡᠬᠦ ᠪᠢᠴᠢᠭ ᠮᠠᠲ᠋ᠧᠷᠢᠶᠠᠯ ᠢ ᠣᠯᠵᠤ᠂ | ᠲᠥᠷᠥᠯ ᠵᠦᠢᠯ ᠢ ᠭᠦᠢᠴᠡᠳᠬᠡᠬᠦ ᠭᠡᠷ ᠪᠠᠶᠢᠰᠢᠩ ᠤᠨ ᠥᠮᠴᠢᠯᠡᠬᠦ ᠡᠷᠬᠡ ᠶᠢ ᠠᠩᠬ᠎ᠠ ᠤᠳᠠᠭ᠎ᠠ ᠳᠠᠩᠰᠠᠯᠠᠬᠤ | ᠨᠥᠬᠦᠴᠡᠯ ᠳᠤ ᠬᠦᠷᠦᠭᠰᠡᠨ ᠤ ᠳᠠᠷᠠᠭ᠎ᠠ ᠬᠢᠨᠠᠨ ᠬᠠᠮᠢᠶᠠᠷᠬᠤ ᠶᠢ ᠳᠠᠭᠤᠰᠬᠠᠵᠤ᠂ ᠬᠢᠨᠠᠨ ᠬᠠᠮᠢᠶᠠᠷᠬᠤ ᠲᠠᠩᠰᠠᠨ | ᠡᠷᠦᠬᠡ ᠶᠢᠨ ᠪᠡᠯᠡ ᠮᠥᠩᠭᠦ ᠶᠢ ᠪᠦᠬᠦᠨ ᠢ ᠲᠤᠰᠢᠶᠠᠵᠤ ᠳᠠᠭᠤᠰᠬᠠᠬᠤ ᠬᠡᠷᠡᠭᠲᠡᠢ᠃ | ᠠᠷᠪᠠ ᠶᠢᠰᠦᠳᠦᠭᠡᠷ ᠵᠦᠢᠯ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ ᠠᠰᠢᠭᠯᠠᠬᠤ | ᠠᠵᠤ ᠠᠬᠤᠶᠢᠯᠠᠯ ᠬᠢᠨᠠᠨ ᠬᠠᠮᠢᠶᠠᠷᠬᠤ ᠪᠡᠯᠡ ᠮᠥᠩᠭᠦ ᠶᠢ ᠬᠡᠷᠡᠭᠯᠡᠬᠦ ᠪᠠᠷ ᠭᠤᠶᠤᠴᠢᠯᠠᠬᠤ ᠳᠠᠭᠠᠨ ᠬᠢᠨᠠᠨ ᠬᠠᠮᠢᠶᠠᠷᠬᠤ | ᠰᠠᠯᠠᠭ᠎ᠠ ᠮᠥᠴᠢᠷ ᠲᠤ ᠳᠣᠣᠷ᠎ᠠ ᠵᠢᠭᠰᠠᠭᠠᠭᠰᠠᠨ ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠢ᠄ | ︵ᠨᠢᠭᠡ︶ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠰᠢᠯᠵᠢᠭᠦᠯᠦᠨ | ᠥᠭᠴᠦ ᠬᠡᠷᠡᠭᠯᠡᠭᠦᠯᠬᠦ ᠭᠤᠶᠤᠴᠢᠯᠠᠯ ᠤᠨ ᠬᠦᠰᠦᠨᠦᠭᠲᠦ︔ | ︵ᠬᠤᠶᠠᠷ︶ ᠪᠡᠯᠡ ᠮᠥᠩᠭᠦ ᠶᠢ ᠬᠡᠷᠡᠭᠯᠡᠬᠦ ᠡᠯ᠎ᠡ ᠵᠠᠩᠭᠢᠯᠠᠭ᠎ᠠ ᠶᠢᠨ ᠴᠡᠭ ᠤᠨ ᠭᠡᠷᠡᠴᠢᠯᠡᠬᠦ ᠪᠢᠴᠢᠭ ᠮᠠᠲ᠋ᠧᠷᠢᠶᠠᠯ | ︔ | ︵ᠭᠤᠷᠪᠠ︶ ᠪᠠᠩᠬᠢ ᠶᠢᠨ ᠬᠠᠩᠭᠠᠭᠰᠠᠨ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠲᠤᠰᠢᠶᠠᠨ | ᠬᠠᠳᠠᠭᠠᠯᠠᠭᠤᠯᠬᠤ᠂ ᠵᠠᠷᠤᠯᠭ᠎ᠠ ᠶᠢᠨ ᠲᠠᠩᠰᠠ ᠬᠠᠷᠭᠤᠭᠤᠯᠬᠤ ᠬᠠᠭᠤᠳᠠᠰᠤ ᠶᠢ ᠬᠢᠨᠠᠨ ᠬᠠᠮᠢᠶᠠᠷᠤᠨ᠎ᠠ︔ | ︵ᠳᠥᠷᠪᠡ︶ ᠳᠡᠭᠡᠷ᠎ᠡ ᠨᠢᠭᠡ ᠵᠠᠩᠭᠢᠯᠠᠭ᠎ᠠ ᠶᠢᠨ ᠴᠡᠭ ᠤᠨ ᠪᠡᠯᠡ ᠮᠥᠩᠭᠦ ᠶᠢ ᠬᠡᠷᠡᠭᠯᠡᠭᠰᠡᠨ ᠭᠡᠷᠡᠴᠢ᠃ | ᠬᠤᠷᠢᠳᠤᠭᠠᠷ ᠵᠦᠢᠯ ᠬᠢᠨᠠᠨ ᠬᠠᠮᠢᠶᠠᠷᠬᠤ ᠰᠠᠯᠠᠭ᠎ᠠ ᠮᠥᠴᠢᠷ ᠨᠢ ᠭᠡᠷ ᠪᠠᠶᠢᠰᠢᠩ ᠭᠠᠵᠠᠷ ᠬᠥᠷᠥᠩᠭᠡ ᠶᠢᠨ | ᠨᠡᠭᠡᠭᠡᠯᠲᠡ ᠶᠢᠨ ᠠᠵᠤ ᠠᠬᠤᠶᠢᠯᠠᠯ ᠤᠨ ᠵᠣᠭᠤᠰ ᠬᠡᠷᠡᠭᠯᠡᠬᠦ ᠭᠤᠶᠤᠴᠢᠯᠠᠯ ᠢ ᠭᠥᠯᠢᠶᠡᠨ ᠠᠪᠤᠭᠰᠠᠨ ᠤ ᠳᠠᠷᠠᠭ᠎ᠠ᠂ ᠬᠢᠨᠠᠨ | ᠬᠠᠮᠢᠶᠠᠷᠬᠤ ᠵᠥᠪᠯᠡᠯᠴᠡᠭᠡᠷ ᠲᠤ ᠪᠣᠯᠵᠣᠨ ᠲᠣᠭᠲᠠᠭᠰᠠᠨ ᠪᠠ ᠲᠣᠰ ᠠᠷᠭ᠎ᠠ ᠶᠢᠨ ᠲᠣᠭᠲᠠᠭᠠᠯ ᠶᠣᠰᠣᠭᠠᠷ 3 | ᠠᠵᠢᠯᠯᠠᠬᠤ ᠡᠳᠦᠷ ᠤᠨ ᠳᠣᠲᠣᠷ᠎ᠠ ᠬᠢᠨᠠᠨ ᠬᠠᠷᠭᠤᠭᠤᠯᠵᠤ᠂ ᠨᠥᠬᠦᠴᠡᠯ ᠳᠤ ᠨᠡᠶᠢᠴᠡᠭᠰᠡᠨ ᠪᠠᠶᠢᠪᠠᠯ᠂ ᠰᠢᠯᠵᠢᠭᠦᠯᠦᠨ | ᠥᠭᠬᠦ ᠶᠢ ᠵᠥᠪᠰᠢᠶᠡᠷᠡᠭᠰᠡᠨ ᠭᠡᠷᠡᠴᠢ ᠬᠢᠵᠦ ᠥᠭᠬᠦ ᠬᠡᠷᠡᠭᠲᠡᠢ︔ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ | ᠪᠠᠶᠢᠪᠠᠯ᠂ ᠤᠷᠢᠳᠴᠢᠯᠠᠨ ᠬᠤᠳᠠᠯᠳᠤᠬᠤ ᠪᠡᠯᠡ ᠮᠥᠩᠭᠦ ᠬᠡᠷᠡᠭᠯᠡᠬᠦ ᠶᠢ ᠬᠢᠨᠠᠨ ᠵᠥᠪᠰᠢᠶᠡᠷᠡᠬᠦ ᠦᠭᠡᠢ᠄ | ︵ᠨᠢᠭᠡ︶ ᠤᠷᠢᠳᠴᠢᠯᠠᠨ ᠬᠤᠳᠠᠯᠳᠤᠬᠤ ᠪᠦᠬᠦ ᠪᠡᠯᠡ ᠮᠥᠩᠭᠦ ᠶᠢ ᠬᠢᠨᠠᠨ ᠬᠠᠮᠢᠶᠠᠷᠬᠤ ᠲᠠᠩᠰᠠᠨ ᠡᠷᠦᠭᠡ ᠳᠤ | ᠲᠣᠭᠲᠠᠭᠠᠯ ᠶᠣᠰᠣᠭᠠᠷ ᠡᠰᠡ ᠬᠠᠳᠠᠭᠠᠯᠠᠭᠰᠠᠨ︔ | ︵ᠬᠤᠶᠠᠷ︶ ᠭᠤᠶᠤᠴᠢᠯᠠᠭᠰᠠᠨ ᠪᠡᠯᠡ ᠮᠥᠩᠭᠦ ᠨᠢ ᠲᠤᠰ ᠠᠷᠭ᠎ᠠ ᠶᠢᠨ ᠠᠷᠪᠠᠨ ᠨᠠᠢᠮᠠᠳᠤᠭᠠᠷ ᠵᠦᠢᠯ ᠳᠤ | ᠲᠣᠭᠲᠠᠭᠠᠭᠰᠠᠨ ᠬᠡᠷᠡᠭᠯᠡᠬᠦ ᠵᠣᠭᠤᠰ ᠤᠨ ᠲᠤᠭ᠎ᠠ ᠠᠴᠠ ᠬᠡᠲᠦᠷᠡᠭᠰᠡᠨ︔ | ︵ᠭᠤᠷᠪᠠ︶ ᠲᠤᠰ ᠵᠦᠢᠯᠡᠰ ᠲᠤ ᠬᠡᠷᠡᠭᠯᠡᠬᠦ ᠠᠴᠠ ᠡᠮᠦᠨ᠎ᠡ ᠬᠡᠷᠡᠭᠯᠡᠭᠰᠡᠨ ᠵᠣᠭᠤᠰ ᠢ ᠱᠠᠭᠠᠷᠳᠠᠯᠭ᠎ᠠ ᠶᠣᠰᠣᠭᠠᠷ | ᠡᠰᠡ ᠬᠡᠷᠡᠭᠯᠡᠭᠰᠡᠨ︔ | ︵ᠳᠥᠷᠪᠡ︶ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠡᠳ | ᠰᠢᠯᠵᠢᠭᠦᠯᠦᠨ ᠥᠭᠬᠦ ᠳᠤ ᠲᠣᠬᠢᠷᠠᠮᠵᠢ ᠦᠭᠡᠢ ᠪᠤᠰᠤᠳ ᠪᠠᠶᠢᠳᠠᠯ᠃ | ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠬᠡᠷᠡᠭᠯᠡᠬᠦ ᠶᠢ ᠬᠢᠨᠠᠨ ᠵᠥᠪᠰᠢᠶᠡᠷᠡᠭᠰᠡᠨ ᠦᠭᠡᠢ ᠪᠠᠶᠢᠪᠠᠯ᠂ | ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠳᠤ ᠪᠢᠴᠢᠭ ᠤᠨ | ᠲᠣᠳᠣᠷᠬᠠᠶᠢᠯᠠᠯᠲᠠ ᠬᠢᠵᠦ ᠥᠭᠬᠦ ᠬᠡᠷᠡᠭᠲᠡᠢ᠃ | ᠬᠤᠷᠢᠨ ᠨᠢᠭᠡᠳᠦᠭᠡᠷ ᠵᠦᠢᠯ ᠬᠢᠨᠠᠨ ᠬᠠᠮᠢᠶᠠᠷᠬᠤ ᠪᠠᠩᠬᠢ ᠨᠢ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ | ᠬᠢᠵᠦ ᠥᠭᠭᠦᠭᠰᠡᠨ ᠰᠢᠯᠵᠢᠭᠦᠯᠦᠨ ᠥᠭᠬᠦ ᠶᠢ ᠵᠥᠪᠰᠢᠶᠡᠷᠡᠭᠰᠡᠨ ᠭᠡᠷᠡᠴᠢ ᠶᠢ ᠦᠨᠳᠦᠰᠦᠯᠡᠨ᠂ 2 ᠠᠵᠢᠯᠯᠠᠬᠤ | ᠡᠳᠦᠷ ᠤᠨ ᠳᠣᠲᠣᠷ᠎ᠠ ᠬᠡᠷᠡᠭᠯᠡᠬᠦ ᠶᠢ ᠬᠢᠨᠠᠨ ᠵᠥᠪᠰᠢᠶᠡᠷᠡᠭᠰᠡᠨ ᠬᠢᠨᠠᠨ ᠬᠠᠮᠢᠶᠠᠷᠬᠤ ᠪᠡᠯᠡ ᠮᠥᠩᠭᠦ ᠶᠢ ᠰᠢᠯᠵᠢᠭᠦᠯᠦᠨ | ᠥᠭᠬᠦ ᠬᠡᠷᠡᠭᠲᠡᠢ᠃ | ᠬᠤᠷᠢᠨ ᠬᠤᠶᠠᠳᠤᠭᠠᠷ ᠵᠦᠢᠯ ᠬᠢᠨᠠᠨ ᠬᠠᠮᠢᠶᠠᠷᠬᠤ ᠪᠠᠩᠬᠢ ᠨᠢ ︽ᠲᠠᠸᠠᠷ ᠤᠨ ᠭᠡᠷ ᠪᠠᠶᠢᠰᠢᠩ ᠢ | ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠬᠢᠨᠠᠨ ᠬᠠᠮᠢᠶᠠᠷᠬᠤ ᠵᠥᠪᠯᠡᠯᠴᠡᠭᠡᠷ︾ ᠢ ᠴᠢᠩᠭ᠎ᠠ ᠵᠢᠷᠤᠮᠯᠠᠨ᠂ | ᠲᠤᠰᠬᠠᠢ ᠬᠥᠮᠥᠨ ᠵᠢᠭᠠᠨ ᠲᠣᠭᠲᠠᠭᠠᠵᠤ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠬᠢᠨᠠᠨ ᠬᠠᠮᠢᠶᠠᠷᠬᠤ ᠠᠵᠢᠯ ᠢ | ᠬᠠᠷᠢᠭᠤᠴᠠᠭᠤᠯᠵᠤ᠂ ᠬᠢᠨᠠᠨ ᠬᠠᠮᠢᠶᠠᠷᠬᠤ ᠲᠠᠩᠰᠠᠨ ᠡᠷᠦᠬᠡ ᠶᠢ ᠬᠢᠨᠠᠨ ᠡᠵᠡᠮᠳᠡᠬᠦ ᠶᠢ ᠰᠠᠶᠢᠲᠤᠷ ᠬᠢᠵᠦ᠂ ᠬᠢᠨᠠᠨ | ᠬᠠᠮᠢᠶᠠᠷᠬᠤ ᠰᠠᠯᠠᠭ᠎ᠠ ᠮᠥᠴᠢᠷ ᠯᠦᠭᠡ ᠲᠣᠭᠲᠠᠮᠠᠯ ᠬᠤᠭᠤᠴᠠᠭ᠎ᠠ ᠲᠠᠢ ᠪᠠᠷ ᠲᠠᠩᠰᠠ ᠬᠠᠷᠭᠤᠭᠤᠯᠵᠤ᠂ ᠬᠢᠨᠠᠨ | ᠬᠠᠮᠢᠶᠠᠷᠬᠤ ᠰᠠᠯᠠᠭ᠎ᠠ ᠮᠥᠴᠢᠷ ᠲᠠᠢ ᠬᠠᠮᠵᠢᠯᠴᠠᠨ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠬᠢᠨᠠᠨ ᠬᠠᠮᠢᠶᠠᠷᠬᠤ | ᠠᠵᠢᠯ ᠢ ᠥᠷᠨᠢᠭᠦᠯᠬᠦ ᠬᠡᠷᠡᠭᠲᠡᠢ᠃ ᠬᠢᠨᠠᠨ ᠬᠠᠮᠢᠶᠠᠷᠬᠤ ᠪᠠᠩᠬᠢ ᠨᠢ ᠭᠡᠷ ᠪᠠᠶᠢᠰᠢᠩ ᠭᠠᠵᠠᠷ ᠬᠥᠷᠥᠩᠭᠡ ᠶᠢᠨ | ᠨᠡᠭᠡᠭᠡᠯᠲᠡ ᠶᠢᠨ ᠠᠵᠤ ᠠᠬᠤᠶᠢᠯᠠᠯ ᠳᠤ ᠲᠣᠭᠲᠠᠭᠠᠯ ᠠᠴᠠ ᠵᠥᠷᠢᠴᠡᠨ ᠭᠤᠣᠯᠳᠠᠯᠭ᠎ᠠ ᠲᠠᠢ ᠬᠢᠨᠠᠨ ᠬᠠᠮᠢᠶᠠᠷᠬᠤ ᠲᠤᠭ᠎ᠠ | ᠬᠡᠮᠵᠢᠶ᠎ᠡ ᠶᠢᠨ ᠳᠣᠲᠣᠷᠠᠬᠢ ᠪᠡᠯᠡ ᠮᠥᠩᠭᠦ ᠶᠢ ᠨᠡᠭᠦᠯᠭᠡᠨ ᠬᠡᠷᠡᠭᠯᠡᠭᠰᠡᠨ ᠠᠰᠠᠭᠤᠳᠠᠯ ᠣᠷᠣᠰᠢᠵᠤ ᠪᠠᠶᠢᠬᠤ ᠶᠢ ᠣᠯᠵᠤ | ᠮᠡᠳᠡᠪᠡᠯ᠂ ᠰᠢᠯᠵᠢᠭᠦᠯᠦᠨ ᠥᠭᠬᠦ ᠪᠠᠨ ᠳᠠᠷᠤᠶᠢᠬᠠᠨ ᠵᠣᠭᠰᠤᠭᠠᠬᠤ ᠶᠢᠨ ᠬᠠᠮᠲᠤ ᠬᠢᠨᠠᠨ ᠬᠠᠮᠢᠶᠠᠷᠬᠤ ᠰᠠᠯᠠᠭ᠎ᠠ | ᠮᠥᠴᠢᠷ ᠲᠤ ᠮᠡᠳᠡᠭᠳᠡᠵᠦ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠨᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ | ᠬᠢᠨᠠᠨ ᠬᠠᠮᠢᠶᠠᠷᠬᠤ ᠲᠠᠩᠰᠠᠨ ᠡᠷᠦᠭᠡ ᠶᠢ ᠠᠷᠠᠳ ᠤᠨ ᠰᠢᠭᠦᠬᠦ ᠬᠤᠷᠢᠶ᠎ᠠ ᠴᠡᠪᠳᠡᠭᠯᠡᠭᠰᠡᠨ ᠪᠠᠶᠢᠪᠠᠯ᠂ ᠬᠢᠨᠠᠨ | ᠬᠠᠮᠢᠶᠠᠷᠬᠤ ᠪᠠᠩᠬᠢ ᠨᠢ ᠬᠢᠨᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠮᠡᠳᠡᠭᠳᠡᠬᠦ ᠬᠡᠷᠡᠭᠲᠡᠢ᠃ | ᠬᠤᠷᠢᠨ ᠭᠤᠷᠪᠠᠳᠤᠭᠠᠷ ᠵᠦᠢᠯ ᠬᠢᠨᠠᠨ ᠬᠠᠮᠢᠶᠠᠷᠬᠤ ᠲᠥᠷᠥᠯ ᠵᠦᠢᠯ ᠨᠢ ᠭᠡᠷ ᠪᠠᠶᠢᠰᠢᠩ ᠤᠨ ᠥᠮᠴᠢᠯᠡᠬᠦ | ᠡᠷᠬᠡ ᠶᠢ ᠠᠩᠬ᠎ᠠ ᠤᠳᠠᠭ᠎ᠠ ᠳᠠᠩᠰᠠᠯᠠᠭᠤᠯᠬᠤ ᠨᠥᠬᠦᠴᠡᠯ ᠢ ᠪᠡᠶᠡᠯᠡᠭᠦᠯᠦᠭᠰᠡᠨ ᠤ ᠲᠠᠷᠠᠭ᠎ᠠ᠂ ᠭᠡᠷ ᠪᠠᠶᠢᠰᠢᠩ ᠭᠠᠵᠠᠷ | ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠨᠢ ᠬᠠᠮᠢᠶ᠎ᠠ ᠪᠦᠬᠦᠢ ᠭᠡᠷᠡᠴᠢᠯᠡᠬᠦ ᠪᠢᠴᠢᠭ ᠮᠠᠲ᠋ᠧᠷᠢᠶᠠᠯ ᠢᠶᠠᠨ | ᠠᠪᠴᠤ ᠬᠢᠨᠠᠨ ᠬᠠᠮᠢᠶᠠᠷᠬᠤ ᠰᠠᠯᠠᠭ᠎ᠠ ᠮᠥᠴᠢᠷ ᠲᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠬᠦᠴᠦᠨ ᠦᠭᠡᠢ | ᠪᠣᠯᠭᠠᠬᠤ ᠪᠠᠷ ᠭᠤᠶᠤᠴᠢᠯᠠᠵᠤ ᠪᠣᠯᠣᠨ᠎ᠠ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠨᠢ 3 ᠠᠵᠢᠯᠯᠠᠬᠤ ᠡᠳᠦᠷ ᠤᠨ | ᠳᠣᠲᠣᠷ᠎ᠠ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠤᠭᠰᠠᠨ ᠪᠠᠶᠢᠳᠠᠯ ᠨᠢ ᠦᠨᠡᠨ ᠪᠣᠳᠠᠲᠠᠢ ᠪᠠᠶᠢᠪᠠᠯ᠂ ᠬᠢᠨᠠᠨ | ᠬᠠᠮᠢᠶᠠᠷᠬᠤ ᠪᠠᠩᠬᠢ ᠳᠤ ᠮᠡᠳᠡᠭᠳᠡᠵᠦ ᠬᠢᠨᠠᠨ ᠬᠠᠮᠢᠶᠠᠷᠬᠤ ᠲᠠᠩᠰᠠᠨ ᠡᠷᠥᠭᠡ ᠶᠢᠨ ᠬᠢᠨᠠᠯᠲᠠ ᠬᠠᠮᠢᠶᠠᠷᠤᠯᠲᠠ ᠶᠢ ᠬᠦᠴᠦᠨ | ᠦᠭᠡᠢ ᠪᠣᠯᠭᠠᠬᠤ ᠬᠡᠷᠡᠭᠲᠡᠢ᠃ | ᠳᠥᠷᠪᠡᠳᠦᠭᠡᠷ ᠪᠦᠯᠦᠭ ᠬᠠᠤᠯᠢ ᠶᠢᠨ ᠬᠠᠷᠢᠭᠤᠴᠠᠯᠭ᠎ᠠ | ᠬᠤᠷᠢᠨ ᠳᠥᠷᠪᠡᠳᠦᠭᠡᠷ ᠵᠦᠢᠯ ᠬᠢᠨᠠᠨ ᠬᠠᠮᠢᠶᠠᠷᠬᠤ ᠰᠠᠯᠠᠭ᠎ᠠ ᠮᠥᠴᠢᠷ ᠤᠳ ᠡᠳᠦᠷ ᠲᠤᠲᠤᠮ ᠤᠨ | ᠵᠢᠯᠤᠭᠤᠳᠬᠤ᠂ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠵᠦ᠂ ᠤᠷᠢᠳᠴᠢᠯᠠᠨ ᠬᠤᠳᠠᠯᠳᠤᠬᠤ ᠲᠥᠷᠥᠯ ᠵᠦᠢᠯ ᠤᠨ | ᠲᠣᠭᠤᠷᠢᠨ ᠪᠠᠶᠢᠴᠠᠭᠠᠬᠤ ᠳᠦᠷᠢᠮ ᠢ ᠪᠠᠶᠢᠭᠤᠯᠬᠤ ᠬᠡᠷᠡᠭᠲᠡᠢ᠃ | ᠬᠤᠷᠢᠨ ᠲᠠᠪᠤᠳᠤᠭᠠᠷ ᠵᠦᠢᠯ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ | ᠠᠬᠤᠶᠢᠯᠠᠯ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ | ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠤᠨ᠎ᠠ᠂ ᠬᠤᠭᠤᠴᠠᠭ᠎ᠠ ᠬᠡᠲᠦᠷᠡᠲᠡᠯ᠎ᠡ | ᠴᠡᠭᠴᠡᠯᠡᠨ ᠰᠠᠶᠢᠵᠢᠷᠠᠭᠤᠯᠤᠭᠰᠠᠨ ᠦᠭᠡᠢ ᠪᠠᠶᠢᠪᠠᠯ᠂ ᠤᠷᠢᠳᠴᠢᠯᠠᠨ ᠬᠤᠳᠠᠯᠳᠤᠬᠤ ᠲᠥᠷᠥᠯ ᠵᠦᠢᠯ ᠤᠨ ᠪᠡᠯᠡ | ᠮᠥᠩᠭᠦ ᠭᠠᠷᠭᠠᠨ ᠠᠪᠬᠤ ᠶᠢ ᠲᠦᠷ ᠵᠣᠭᠰᠣᠭᠠᠵᠤ᠂ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ | ᠪᠣᠷᠣᠯᠠᠭᠤᠯᠬᠤ ᠶᠢ ᠬᠠᠭᠠᠵᠤ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠬᠦ ᠶᠢᠨ ᠬᠠᠮᠲᠤ᠂ | ᠲᠡᠭᠦᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠠᠵᠤ ᠠᠬᠤᠶᠢᠯᠠᠯ ᠤᠨ ᠢᠲᠡᠭᠡᠮᠵᠢ ᠶᠢᠨ | ᠮᠡᠳᠡᠭᠡ ᠵᠠᠩᠭᠢ ᠶᠢᠨ ᠰᠢᠰᠲ᠋ᠧᠮ ᠳᠤ ᠲᠡᠮᠳᠡᠭᠯᠡᠨ ᠣᠷᠣᠭᠤᠯᠵᠤ᠂ ᠨᠡᠶᠢᠭᠡᠮ ᠨᠡᠶᠢᠲᠡ ᠳᠤ ᠵᠠᠷᠯᠠᠨ ᠨᠡᠶᠢᠲᠡᠯᠡᠨ᠎ᠡ︔ | ᠦᠶᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠠᠯᠠᠱᠠ | ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ | ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ ᠤᠨ ᠲᠠᠰ ᠢ ᠪᠠᠭᠤᠷᠠᠭᠤᠯᠬᠤ ᠪᠤᠶᠤ ᠨᠡᠭᠡᠭᠡᠨ ᠬᠥᠭᠵᠢᠭᠦᠯᠬᠦ ᠬᠢᠷᠢ ᠬᠡᠮ ᠢ ᠨᠢ ᠬᠦᠴᠦᠨ | ᠦᠭᠡᠢ ᠪᠣᠯᠭᠠᠬᠤ ᠶᠢ ᠰᠠᠨᠠᠭᠤᠯᠤᠨ᠎ᠠ᠃ | ︵ᠨᠢᠭᠡ︶ ᠶᠠᠰᠤ ᠴᠢᠨᠠᠷ ᠤᠨ ᠠᠶᠤᠯ ᠦᠭᠡᠢ ᠶᠢᠨ ᠬᠦᠨᠳᠦ ᠶᠡᠭᠡ ᠲᠠᠯᠳᠠ ᠭᠡᠮ ᠣᠷᠣᠰᠢᠵᠤ ᠪᠠᠶᠢᠬᠤ᠃ | ︵ᠬᠤᠶᠠᠷ︶ ᠬᠤᠭᠤᠴᠠᠭ᠎ᠠ ᠶᠣᠰᠣᠭᠠᠷ ᠲᠤᠰᠢᠶᠠᠭᠰᠠᠨ ᠦᠭᠡᠢ ᠪᠤᠶᠤ ᠬᠤᠭᠤᠴᠠᠭ᠎ᠠ ᠶᠣᠰᠣᠭᠠᠷ ᠲᠤᠰᠢᠶᠠᠵᠤ | ᠳᠡᠶᠢᠯᠬᠦ ᠦᠭᠡᠢ ᠲᠦᠭᠰᠢᠭᠦᠷᠢ ᠣᠷᠣᠰᠢᠵᠤ ᠪᠠᠶᠢᠬᠤ᠃ | ︵ᠭᠤᠷᠪᠠ︶ ᠬᠠᠤᠯᠢ ᠲᠣᠭᠲᠠᠭᠠᠯ ᠠᠴᠠ ᠵᠥᠷᠢᠴᠡᠭᠰᠡᠨ ᠬᠦᠨᠳᠦ ᠨᠣᠴᠢᠲᠠᠢ ᠥᠢᠯᠡ ᠠᠵᠢᠯᠯᠠᠭ᠎ᠠ ᠲᠠᠢ | ᠪᠠᠶᠢᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠨᠥᠯᠥᠭᠡᠯᠡᠭᠰᠡᠨ᠃ | ︵ᠳᠥᠷᠪᠡ︶ ᠲᠤᠰ ᠠᠷᠭ᠎ᠠ ᠶᠢᠨ ᠲᠣᠭᠲᠠᠭᠠᠯ ᠶᠣᠰᠣᠭᠠᠷ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ | ᠬᠤᠷᠢᠶᠠᠨ ᠬᠠᠳᠠᠭᠠᠯᠠᠵᠤ᠂ ᠭᠠᠷᠭᠠᠨ ᠠᠪᠤᠭᠰᠠᠨ ᠦᠭᠡᠢ᠃ | ︵ᠲᠠᠪᠤ︶ ᠪᠤᠰᠤᠳ ᠨᠡᠷ᠎ᠡ ᠪᠠᠷ ᠭᠡᠷ ᠪᠠᠶᠢᠰᠢᠩ ᠬᠤᠳᠠᠯᠳᠤᠨ ᠠᠪᠬᠤ ᠵᠣᠭᠤᠰ ᠢ ᠬᠡᠯᠪᠡᠷᠢ ᠶᠢ ᠨᠢ | ᠥᠭᠡᠷᠡᠲᠦᠭᠦᠯᠦᠨ ᠬᠤᠷᠢᠶᠠᠵᠤ᠂ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠠᠴᠠ | ᠵᠠᠶᠢᠯᠠᠭᠰᠠᠨ︔ | ︵ᠵᠢᠷᠭᠤᠭ᠎ᠠ︶ ᠬᠤᠳᠠᠯ ᠬᠠᠭᠤᠷᠮᠠᠭ ᠭᠡᠷᠡᠴᠢᠯᠡᠬᠦ ᠮᠠᠲ᠋ᠧᠷᠢᠶᠠᠯ ᠬᠠᠩᠭᠠᠵᠤ ᠲᠠᠸᠠᠷ ᠤᠨ ᠭᠡᠷ ᠪᠠᠶᠢᠰᠢᠩ ᠢ | ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠬᠡᠷᠡᠭᠯᠡᠬᠦ ᠪᠠᠷ ᠭᠤᠶᠤᠴᠢᠯᠠᠭᠰᠠᠨ︔ | ︵ᠲᠤᠯᠤᠭ᠎ᠠ︶ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ | ᠲᠣᠭᠲᠠᠭᠠᠯ ᠢ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃ | ᠬᠤᠷᠢᠨ ᠵᠢᠷᠭᠤᠳᠤᠭᠠᠷ ᠵᠦᠢᠯ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠨᠢ ᠲᠣᠭᠲᠠᠭᠠᠯ ᠶᠣᠰᠣᠭᠠᠷ | ᠲᠠᠸᠠᠷ ᠤᠨ ᠭᠡᠷ ᠪᠠᠶᠢᠰᠢᠩ ᠤᠨ ᠤᠷᠢᠳᠴᠢᠯᠠᠨ ᠬᠤᠷᠢᠶᠠᠭᠰᠠᠨ ᠵᠣᠭᠤᠰ ᠢ ᠬᠡᠷᠡᠭᠯᠡᠭᠰᠡᠨ ᠦᠭᠡᠢ ᠪᠣᠯ ᠬᠢᠨᠠᠨ | ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠭᠤᠯᠬᠤ ᠶᠢᠨ | ᠬᠠᠮᠲᠤ ᠬᠠᠤᠯᠢ ᠠᠴᠠ ᠵᠥᠷᠢᠴᠡᠵᠦ ᠣᠯᠣᠭᠰᠠᠨ ᠠᠰᠢᠭ ᠣᠯᠵᠠᠪᠤᠷᠢ ᠶᠢᠨ ᠬᠢᠨᠢ 3 ᠲᠠᠬᠢᠨ ᠠᠴᠠ ᠳᠣᠷᠣᠭᠰᠢ | ᠪᠣᠯᠪᠠᠴᠤ 3 ᠲᠦᠮᠡᠨ ᠲᠥᠭᠦᠷᠢᠭ ᠠᠴᠠ ᠬᠡᠲᠦᠷᠡᠬᠦ ᠦᠭᠡᠢ ᠵᠣᠭᠤᠰ ᠢᠶᠠᠷ ᠲᠣᠷᠭᠠᠬᠤ ᠪᠠᠷ ᠰᠢᠳᠭᠡᠵᠦ ᠪᠣᠯᠣᠨ᠎ᠠ᠃ | ᠬᠤᠷᠢᠨ ᠳᠣᠯᠣᠳᠤᠭᠠᠷ ᠵᠦᠢᠯ ᠬᠢᠨᠠᠨ ᠬᠠᠮᠢᠶᠠᠷᠬᠤ ᠪᠠᠩᠬᠢ ᠳᠤ ᠳᠣᠣᠷᠠᠬᠢ ᠪᠠᠶᠢᠳᠠᠯ ᠤᠨ ᠨᠢᠭᠡ ᠨᠢ | ᠪᠠᠶᠢᠪᠠᠯ᠂ ᠲᠣᠭᠲᠠᠭᠠᠯ ᠠᠴᠠ ᠵᠥᠷᠢᠴᠡᠭᠰᠡᠨ ᠪᠣᠳᠠᠲᠤ ᠶᠠᠪᠤᠳᠠᠯ ᠢ ᠨᠤᠲᠠᠯᠠᠭᠰᠠᠨ ᠡᠳᠦᠷ ᠠᠴᠠ ᠡᠬᠢᠯᠡᠨ 3 ᠵᠢᠯ ᠤᠨ | ᠳᠣᠲᠣᠷ᠎ᠠ ᠪᠦᠬᠦ ᠬᠤᠰᠢᠭᠤᠨ ᠳᠤ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ | ᠬᠢᠨᠠᠨ ᠬᠠᠮᠢᠶᠠᠷᠤᠯᠲᠠ ᠶᠢᠨ ᠠᠵᠢᠯ ᠢ ᠥᠷᠨᠢᠭᠦᠯᠵᠦ ᠪᠣᠯᠬᠤ ᠦᠭᠡᠢ᠂ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ | ᠨᠢ ᠲᠡᠭᠦᠨ ᠯᠦᠭᠡ ︽ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯᠴᠡᠭᠡᠷ︾ ᠢ ᠳᠠᠭᠢᠵᠤ ᠲᠣᠭᠲᠠᠬᠤ ᠦᠭᠡᠢ᠂ ᠡᠭᠦᠨ ᠤ ᠬᠠᠮᠲᠤ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠡᠭᠦᠨ ᠤ ᠲᠣᠭᠲᠠᠭᠠᠯ ᠠᠴᠠ ᠵᠥᠷᠢᠴᠡᠭᠰᠡᠨ ᠵᠦᠢᠯᠡᠰ ᠢ ᠳᠤᠮᠳᠠᠳᠤ | ᠤᠯᠤᠰ ᠤᠨ ᠠᠷᠠᠳ ᠤᠨ ᠪᠠᠩᠬᠢ ᠶᠢᠨ ᠠᠯᠠᠱᠠ ᠠᠶᠢᠮᠠᠭ ᠤᠨ ᠲᠥᠪ ᠰᠠᠯᠪᠤᠷᠢ ᠪᠠᠩᠬᠢ᠂ ᠳᠤᠮᠳᠠᠳᠤ ᠤᠯᠤᠰ ᠤᠨ | ᠪᠠᠩᠬᠢ ᠶᠢᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠠᠯᠠᠱᠠ ᠶᠢᠨ ᠬᠢᠨᠠᠯᠲᠠ ᠬᠠᠮᠢᠶᠠᠷᠤᠯᠲᠠ ᠶᠢᠨ | ᠬᠤᠪᠢᠶᠠᠷᠢ ᠲᠣᠪᠴᠢᠶ᠎ᠠ ᠳᠤ ᠬᠠᠭᠤᠯᠤᠨ ᠬᠦᠷᠭᠡᠵᠦ᠂ ᠬᠢᠨᠠᠯᠲᠠ ᠬᠠᠮᠢᠶᠠᠷᠤᠯᠲᠠ ᠶᠢᠨ ᠪᠠᠩᠬᠢ ᠶᠢᠨ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠬᠦ ᠶᠢᠨ ᠬᠠᠮᠲᠤ ᠭᠡᠷ᠎ᠡ ᠵᠥᠷᠢᠴᠡᠭᠰᠡᠨ | ︵ᠨᠢᠭᠡ︶ ᠵᠢᠭᠡᠯᠡᠯᠭᠡ ᠶᠢᠨ ᠪᠠᠩᠬᠢ ᠨᠢ ᠭᠡᠷ ᠪᠠᠶᠢᠰᠢᠩ ᠬᠤᠳᠠᠯᠳᠤᠨ ᠠᠪᠤᠭᠴᠢ ᠶᠢᠨ ᠪᠠᠷᠢᠴᠠᠭᠠᠲᠤ ᠵᠢᠭᠡᠯᠡᠯᠭᠡ | ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢ ᠬᠢᠨᠠᠨ ᠬᠠᠮᠢᠶᠠᠷᠬᠤ | ᠲᠠᠩᠰᠠᠨ ᠡᠷᠦᠬᠡ ᠳᠤ ᠲᠣᠭᠲᠠᠭᠠᠯ ᠶᠣᠰᠣᠭᠠᠷ ᠲᠠᠷᠬᠠᠭᠠᠭᠰᠠᠨ ᠦᠭᠡᠢ ᠮᠥᠷᠲᠡᠭᠡᠨ ᠴᠡᠭᠴᠡᠯᠡᠨ ᠰᠠᠶᠢᠵᠢᠷᠠᠭᠤᠯᠬᠤ ᠳᠤ | ᠥᠯᠥ ᠬᠠᠮᠵᠢᠯᠴᠠᠭᠰᠠᠨ︔ | ︵ᠬᠤᠶᠠᠷ︶ ᠬᠢᠨᠠᠨ ᠬᠠᠮᠢᠶᠠᠷᠬᠤ ᠪᠠᠩᠬᠢ ᠨᠢ ︽ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ | ᠪᠡᠯᠡ ᠮᠥᠩᠭᠦ ᠶᠢ ᠬᠢᠨᠠᠨ ᠬᠠᠮᠢᠶᠠᠷᠬᠤ ᠵᠥᠪᠯᠡᠯᠴᠡᠭᠡᠷ︾ ᠢ ᠵᠥᠷᠢᠴᠡᠵᠦ᠂ ᠭᠡᠷ ᠪᠠᠶᠢᠰᠢᠩ ᠬᠤᠳᠠᠯᠳᠤᠨ ᠠᠪᠬᠤ | ᠵᠣᠭᠤᠰ ᠢ ᠲᠣᠭᠲᠠᠭᠠᠯ ᠠᠴᠠ ᠵᠥᠷᠢᠴᠡᠨ ᠬᠤᠷᠢᠶᠠᠨ ᠬᠠᠳᠠᠭᠠᠯᠠᠵᠤ᠂ ᠬᠤᠪᠢᠶᠠᠷᠢᠯᠠᠨ ᠰᠢᠯᠵᠢᠭᠦᠯᠬᠦ ᠪᠤᠶᠤ ᠪᠡᠯᠡ | ᠮᠥᠩᠭᠦ ᠶᠢ ᠬᠢᠨᠠᠨ ᠬᠠᠮᠢᠶᠠᠷᠬᠤ ᠲᠠᠩᠰᠠᠨ ᠡᠷᠦᠬᠡ ᠳᠤ ᠨᠡᠬᠡᠮᠵᠢᠯᠡᠨ ᠲᠤᠰᠢᠶᠠᠯᠭᠠᠬᠤ ᠳᠤ ᠥᠯᠥ ᠬᠠᠮᠵᠢᠯᠴᠠᠭᠰᠠᠨ᠃ | ᠬᠤᠷᠢᠨ ᠨᠠᠢᠮᠠᠳᠤᠭᠠᠷ ᠵᠦᠢᠯ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ᠂ ᠬᠠᠶᠢᠨ ᠪᠠᠶᠢᠴᠠᠭᠠᠬᠤ᠂ | ᠵᠢᠷᠤᠭᠯᠠᠨ ᠲᠥᠯᠥᠪᠯᠡᠬᠦ ᠵᠡᠷᠭᠡ ᠨᠢᠭᠡᠴᠡ ᠨᠦᠭᠦᠳ ᠬᠤᠳᠠᠯ ᠬᠠᠭᠤᠷᠮᠠᠭ ᠭᠡᠷᠡᠴᠢ ᠬᠠᠩᠭᠠᠬᠤ ᠪᠤᠶᠤ ᠪᠤᠰᠤᠳ ᠠᠷᠭ᠎ᠠ | ᠮᠠᠶ᠋ᠢᠭ ᠢᠶᠠᠷ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠢ ᠬᠠᠪᠰᠤᠷᠴᠤ ᠲᠣᠭᠲᠠᠭᠠᠯ | ᠠᠴᠠ ᠵᠥᠷᠢᠴᠡᠨ ᠤᠷᠢᠳᠴᠢᠯᠠᠨ ᠬᠤᠳᠠᠯᠳᠤᠬᠤ ᠪᠡᠯᠡ ᠮᠥᠩᠭᠦ ᠭᠠᠷᠭᠠᠨ ᠠᠪᠤᠭᠰᠠᠨ ᠪᠠᠶᠢᠪᠠᠯ᠂ ᠬᠢᠨᠠᠨ ᠬᠠᠮᠢᠶᠠᠷᠬᠤ | ᠰᠠᠯᠠᠭ᠎ᠠ ᠮᠥᠴᠢᠷ ᠠᠴᠠ ᠬᠠᠮᠢᠶ᠎ᠠ ᠪᠦᠬᠦᠢ ᠬᠠᠷᠢᠭᠤᠴᠠᠯᠭᠠᠲᠤ ᠨᠢᠭᠡᠴᠡ ᠪᠠ ᠬᠠᠷᠢᠭᠤᠴᠠᠯᠭᠠᠲᠠᠨ ᠢ ᠬᠠᠤᠯᠢ ᠶᠣᠰᠣᠭᠠᠷ | ᠰᠢᠢᠳᠪᠦᠷᠢᠯᠡᠵᠦ᠂ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠨᠢ ᠠᠵᠤ ᠠᠬᠤᠶᠢᠯᠠᠯ ᠤᠨ | ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠲᠡᠮᠳᠡᠭᠯᠡᠨ ᠣᠷᠣᠭᠤᠯᠬᠤ ᠶᠢᠨ ᠬᠠᠮᠲᠤ ᠨᠡᠶᠢᠭᠡᠮ ᠳᠤ ᠢᠯᠡ | ᠨᠡᠶᠢᠲᠡᠯᠡᠨ᠎ᠡ᠃ | ᠬᠤᠷᠢ ᠶᠢᠰᠦᠳᠦᠭᠡᠷ ᠵᠦᠢᠯ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠤᠷᠢᠳᠴᠢᠯᠠᠨ | ᠬᠤᠳᠠᠯᠳᠤᠬᠤ ᠪᠡᠯᠡ ᠮᠥᠩᠭᠦ ᠭᠤᠶᠤᠴᠢᠯᠠᠬᠤ ᠲᠤᠬᠠᠶᠢᠯᠠᠭᠰᠠᠨ ᠠᠵᠢᠯ ᠳᠤ ︽ᠨᠢᠭᠡ ᠴᠣᠩᠬᠤ ᠪᠠᠷ ᠭᠥᠯᠢᠶᠡᠨ ᠠᠪᠴᠤ | ᠰᠢᠢᠳᠪᠦᠷᠢᠯᠡᠬᠦ︾ ᠶᠢ ᠬᠡᠷᠡᠭᠵᠢᠭᠦᠯᠵᠦ᠂ ︽ᠬᠠᠮᠤᠭ ᠤᠨ ᠠᠷᠪᠢᠨ ᠳᠠᠭᠠᠨ ᠨᠢᠭᠡ ᠯᠡ ᠤᠳᠠᠭ᠎ᠠ ᠳᠤ ᠭᠦᠶᠦᠯᠭᠡᠬᠦ︾ | ᠦᠢᠯᠡᠴᠢᠯᠡᠭᠡᠨ ᠤ ᠵᠠᠷᠴᠢᠮ ᠢ ᠪᠠᠷᠢᠮᠲᠠᠯᠠᠨ᠂ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠵᠣᠭᠤᠰ ᠬᠡᠷᠡᠭᠯᠡᠬᠦ | ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠨ᠎ᠡ᠃ ᠭᠤᠶᠤᠴᠢᠯᠠᠬᠤ ᠵᠦᠢᠯᠡᠰ ᠢ ᠠᠮᠠᠯᠠᠯᠲᠠ ᠶᠢᠨ | ᠬᠤᠭᠤᠴᠠᠭᠠᠨ ᠳᠤ ᠦᠯᠦ ᠭᠦᠢᠴᠡᠳᠬᠡᠵᠦ ᠳᠠᠭᠤᠰᠬᠠᠭᠰᠠᠨ︔ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠨ | ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ ᠪᠤᠰᠤ ᠪᠤᠶᠤ ᠬᠠᠤᠯᠢ ᠪᠠᠷ ᠲᠣᠭᠲᠠᠭᠠᠭᠰᠠᠨ ᠬᠡᠯᠪᠡᠷᠢ ᠳᠤ | ᠨᠡᠶᠢᠴᠡᠬᠦ ᠦᠭᠡᠢ᠂ ᠨᠢᠭᠡ ᠯᠡ ᠤᠳᠠᠭ᠎ᠠ ᠳᠤ ᠮᠡᠳᠡᠭᠳᠡᠭᠰᠡᠨ ᠦᠭᠡᠢ ᠪᠠᠷ ᠨᠥᠬᠦᠪᠦᠷᠢᠯᠡᠨ ᠵᠠᠯᠠᠷᠠᠭᠤᠯᠬᠤ ᠪᠤᠶᠤ | ᠵᠠᠯᠠᠷᠠᠭᠤᠯᠬᠤ ᠴᠢᠬᠤᠯᠠᠲᠠᠢ ᠪᠠᠶᠢᠪᠠᠯ᠂ ᠨᠢᠭᠡᠴᠡ ᠠᠴᠠ ᠵᠠᠷᠯᠢᠭᠳᠠᠨ ᠵᠠᠯᠠᠷᠠᠭᠤᠯᠤᠨ᠎ᠠ᠃ | ᠭᠤᠴᠢᠳᠤᠭᠠᠷ ᠵᠦᠢᠯ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠠᠵᠢᠯᠲᠠᠨ | ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ᠂ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ | ᠬᠠᠮᠢᠶᠠᠷᠤᠯᠲᠠ ᠶᠢᠨ ᠠᠵᠢᠯ ᠤᠨ ᠳᠤᠮᠳᠠ ᠡᠭᠦᠷᠭᠡ ᠲᠤᠰᠢᠶᠠᠯ ᠳᠠᠭᠠᠨ ᠣᠰᠣᠯᠳᠠᠭᠰᠠᠨ᠂ ᠡᠷᠬᠡ ᠲᠤᠰᠢᠶᠠᠯ ᠢᠶᠠᠨ | ᠳᠤᠷ᠎ᠠ ᠪᠠᠷ ᠢᠶᠠᠨ ᠬᠡᠷᠡᠭᠯᠡᠭᠰᠡᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠵᠡᠷᠭᠡ ᠦᠶᠯᠡ | ᠠᠵᠢᠯᠯᠠᠭ᠎ᠠ ᠲᠠᠢ ᠪᠠᠶᠢᠪᠠᠯ᠂ ᠬᠠᠤᠯᠢ ᠶᠣᠰᠣᠭᠠᠷ ᠰᠢᠳᠬᠡᠯ ᠥᠭᠭᠦᠨ᠎ᠡ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ | ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠲᠠᠪᠤᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | ᠭᠤᠴᠢᠨ ᠨᠢᠭᠡᠳᠦᠭᠡᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠵᠢᠩᠬᠢᠨᠢ ᠪᠠᠷ | ᠬᠡᠷᠡᠭᠵᠢᠭᠦᠯᠦᠨ᠎ᠡ᠃ | ᠪᠢᠴᠢᠭ ᠮᠠᠲ᠋ᠧᠷᠢᠶᠠᠯ ᠪᠠᠭᠤᠯᠭᠠᠬᠤ᠄ ᠠᠯᠠᠱᠠ ᠵᠡᠭᠦᠨ ᠬᠤᠰᠢᠭᠤᠨ ᠤ ᠲᠠᠸᠠᠷ ᠤᠨ ᠭᠡᠷ ᠪᠠᠶᠢᠰᠢᠩ ᠢ | ᠤᠷᠢᠳᠴᠢᠯᠠᠨ ᠬᠤᠳᠠᠯᠳᠤᠬᠤ ᠬᠠᠮᠢᠶᠠᠷᠤᠯᠲᠠ ᠶᠢᠨ ᠠᠷᠭ᠎ᠠ᠃ doc | ᠠᠯᠠᠱᠠ ᠵᠡᠭᠦᠨ ᠬᠤᠰᠢᠭᠤᠨ ᠤ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ | ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ᠃ | ᠲᠥᠷᠥ ᠶᠢᠨ ᠪᠣᠳᠣᠯᠭ᠎ᠠ ᠶᠢᠨ ᠲᠠᠶᠢᠯᠤᠮᠵᠢ᠄ ︽ᠲᠥᠷᠥ ᠶᠢᠨ ᠪᠣᠳᠣᠯᠭ᠎ᠠ ᠶᠢᠨ ᠲᠠᠶᠢᠯᠤᠮᠵᠢ︾ ︽ᠠᠯᠠᠱᠠ | ᠵᠡᠭᠦᠨ ᠬᠤᠰᠢᠭᠤᠨ ᠤ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠬᠢᠨᠠᠯᠲᠠ ᠬᠠᠮᠢᠶᠠᠷᠤᠯᠲᠠ ᠶᠢᠨ | ᠠᠷᠭ᠎ᠠ︾ ᠶᠢᠨ ᠲᠠᠶᠢᠯᠤᠮᠵᠢ | 【 ᠲᠥᠷᠥ ᠶᠢᠨ ᠪᠣᠳᠣᠯᠭ᠎ᠠ ᠶᠢᠨ ᠲᠠᠶᠢᠯᠤᠮᠵᠢ 】 ︽ᠠᠯᠠᠱᠠ ᠵᠡᠭᠦᠨ ᠬᠤᠰᠢᠭᠤᠨ ᠤ ᠲᠠᠸᠠᠷ ᠤᠨ ᠭᠡᠷ | ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢᠨ | ᠲᠠᠶᠢᠯᠤᠮᠵᠢ | ᠮᠡᠳᠡᠭᠡ ᠵᠠᠩᠭᠢ ᠶᠢᠨ ᠢᠷᠡᠯᠲᠡ᠄ ᠠᠯᠠᠱᠠ ᠵᠡᠭᠦᠨ ᠬᠤᠰᠢᠭᠤᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ | | |