ᠤᠯᠠᠨ ᠲᠦᠮᠡᠨ ᠳᠡᠭᠡᠨ ᠤᠷᠤᠯᠭ᠎ᠠ ᠨᠡᠮᠡᠭᠳᠡᠭᠦᠯᠵᠦ ᠠᠰᠢᠭ ᠬᠦᠷᠲᠡᠭᠡᠬᠦ ᠪᠠᠷ ᠮᠡᠷᠡᠶᠢᠵᠦ ᠶᠠᠪᠤᠨ᠎ᠠ
ᠨᠡᠶᠢᠲᠡᠯᠡᠭᠰᠡᠨ ᠴᠠᠭ᠄
2024/3/18
       ᠮᠠᠤ ᠲᠦᠮᠡᠨ       ︽ᠰᠠᠶ᠋ᠢᠬᠠᠨ ᠪᠢᠳᠠ 2022 ᠣᠨ ᠪᠣᠯᠣᠨ 2023 ᠣᠨ ᠤ ᠬᠤᠷᠰᠢᠶᠠᠵᠢᠯ ᠤᠨ ᠠᠰᠢᠭ ᠤᠷᠤᠯᠭ᠎ᠠ ᠶᠢᠨ ᠬᠤᠪᠢᠶᠠᠷᠢᠯᠠᠯᠲᠠ ᠪᠠᠨ ᠬᠢᠭᠰᠡᠨ᠂ ᠭᠠᠴᠠᠭᠠᠨ ᠤ 80 ᠡᠷᠦᠭᠡ ᠶᠢᠨ 169 ᠬᠥᠮᠥᠨ ᠳᠤ ᠨᠡᠶᠢᠳᠡ 27.3 ᠲᠦᠮᠡᠨ ᠲᠥᠭᠦᠷᠢᠭ ᠤᠨ ᠠᠰᠢᠭ ᠬᠦᠷᠲᠡᠭᠡᠭᠰᠡᠨ ᠶᠤᠮ︾ ᠭᠡᠵᠦ ᠡᠵᠡᠨ᠎ᠡ ᠬᠤᠰᠢᠭᠤᠨ ᠤ ᠦᠩᠳᠤᠭᠤᠤᠯ ᠰᠤᠮᠤᠨ ᠤ ᠬᠡᠷᠡᠯᠳᠦ ᠭᠠᠴᠠᠭᠠᠨ ᠤ ᠱᠦᠵᠢ᠂ ᠭᠠᠴᠠᠭᠠᠨ ᠳᠠᠷᠤᠭ᠎ᠠ ᠪᠠᠶᠠᠨᠰᠠᠩ ᠨᠢᠳᠤᠨᠤᠨ ᠵᠢᠯ ᠤᠨ ᠠᠵᠢᠯ ᠤᠨ ᠠᠮᠵᠢᠯᠲᠠ ᠪᠠᠨ ᠳᠥᠭᠦᠮᠬᠡᠨ ᠳ᠋ᠦᠩᠨᠡᠵᠦ ᠶᠠᠷᠢᠯ᠎ᠠ᠃      2018 ᠣᠨ ᠳᠤ ᠪᠠᠶᠠᠨᠰᠠᠩ ᠭᠠᠴᠠᠭᠠᠨ ᠤ ᠱᠦᠵᠢ᠂ ᠭᠠᠴᠠᠭᠠᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠰᠡᠨ ᠤ ᠳᠠᠷᠠᠭ᠎ᠠ᠂ ᠬᠠᠮᠲᠤ ᠨᠡᠶᠢᠳᠡ ᠶᠢᠨ ᠠᠵᠤ ᠠᠬᠤᠢ ᠶᠢᠨ ᠬᠦᠴᠦᠨ ᠢ ᠪᠤᠵᠠᠭᠠᠶᠢᠷᠠᠭᠤᠯᠤᠨ᠂ ᠮᠠᠯᠴᠢᠨ ᠲᠦᠮᠡᠨ ᠤ ᠠᠰᠢᠭ ᠤᠷᠤᠯᠭ᠎ᠠ ᠶᠢ ᠨᠡᠮᠡᠭᠳᠡᠭᠦᠯᠬᠦ ᠶᠢᠨ ᠲᠥᠯᠥᠭᠡ ᠭᠠᠴᠠᠭᠠᠨ ᠤ ᠪᠠᠨ ᠬᠠᠮᠲᠤ ᠶᠢᠨ ᠠᠵᠤ ᠠᠬᠤᠢ ᠶᠢᠨ ᠬᠤᠪᠢᠴᠠᠭᠠᠳᠤ ᠬᠤᠷᠰᠢᠶᠠᠵᠢᠯ ᠢ ᠡᠭᠦᠰᠬᠡᠨ ᠪᠠᠶᠢᠭᠤᠯᠤᠭᠰᠠᠨ ᠪᠥᠭᠡᠳ ᠠᠶᠢᠮᠠᠭ ᠤᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ᠂ ᠡᠵᠡᠨ᠎ᠡ ᠬᠤᠰᠢᠭᠤᠨ ᠤ ᠰᠢᠭᠦᠬᠦ ᠬᠤᠷᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠵᠡᠷᠭᠡ ᠬᠠᠪᠰᠤᠷᠤᠨ ᠲᠡᠳᠬᠦᠬᠦ ᠨᠢᠭᠡᠴᠢ ᠶᠢᠨ ᠬᠠᠪᠰᠤᠷᠤᠯᠭ᠎ᠠ ᠳᠡᠮᠵᠢᠯᠭᠡ ᠳᠣᠣᠷ᠎ᠠ᠂ ᠭᠠᠴᠠᠭᠠᠨ ᠤ ᠨᠡᠶᠢᠳᠡ ᠶᠢᠨ ᠪᠡᠯᠴᠢᠭᠡᠷ ᠲᠤ ᠵᠠᠭ ᠳᠠᠷᠢᠵᠤ ᠡᠬᠢᠯᠡᠭᠰᠡᠨ ᠪᠠᠶᠢᠨ᠎ᠠ᠃ ᠢᠩᠭᠢᠭᠡᠳ 6 ᠵᠢᠯ ᠤᠨ ᠬᠤᠭᠤᠴᠠᠭᠠᠨ ᠳᠤ ᠨᠡᠶᠢᠳᠡ 1600 ᠭᠠᠷᠤᠢ ᠮᠦ ᠵᠠᠭ ᠲᠠᠷᠢᠭᠠᠳ᠂ ᠵᠠᠭ ᠤᠨ ᠦᠨᠳᠦᠰᠦᠨ ᠳᠤᠨᠢ ᠴᠠᠭᠠᠨ ᠭᠤᠶᠣᠣ ᠪᠣᠶᠢᠵᠢᠭᠤᠯᠬᠤ ᠠᠵᠢᠯ ᠢ ᠴᠤ ᠭᠠᠷᠳᠠᠨ ᠬᠢᠵᠡᠢ᠃      ᠨᠢᠭᠡᠨ ᠨᠠᠮ ᠤᠨ ᠭᠡᠰᠢᠭᠦᠨ᠂ ᠣᠨᠴᠠᠭᠠᠶᠢᠯᠠᠨ ᠭᠠᠴᠠᠭᠠᠨ ᠤ ︽ᠬᠤᠶᠠᠷ ᠵᠥᠪᠯᠡᠯ︾  ᠤᠨ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ᠂ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠵᠤ᠂ ᠬᠠᠮᠲᠤ ᠨᠡᠶᠢᠳᠡ ᠶᠢᠨ ᠠᠰᠢᠭ ᠬᠥᠷᠥᠩᠭᠡ ᠶᠢ ᠨᠡᠮᠡᠭᠳᠡᠭᠦᠯᠬᠦ ᠪᠠᠷ ᠲᠠᠮᠵᠢᠨ ᠤᠯᠠᠨ ᠲᠦᠮᠡᠨ ᠳᠤ ᠪᠣᠳᠠᠲᠠᠢ ᠠᠰᠢᠭ ᠬᠦᠷᠲᠡᠭᠡᠬᠦ ᠪᠠᠷ ᠡᠭᠦᠷᠭᠡ ᠬᠠᠷᠢᠭᠤᠴᠠᠯᠭ᠎ᠠ ᠪᠠᠨ ᠪᠤᠯᠭᠠᠬᠰᠠᠨ ᠠᠴᠠ ᠪᠠᠶᠠᠨᠰᠠᠩ ᠭᠠᠴᠠᠭᠠᠨ ᠤ ᠪᠠᠨ ᠪᠣᠳᠠᠲᠤ ᠪᠠᠶᠢᠳᠠᠯ ᠢ ᠦᠨᠳᠦᠰᠦᠯᠡᠨ᠂ ᠵᠠᠭ ᠳᠠᠷᠢᠵᠤ ᠨᠥᠬᠦᠪᠦᠷᠢ ᠭᠦᠷᠳᠡᠭᠦ ᠠᠴᠠ ᠭᠠᠳᠠᠨ᠎ᠠ ᠪᠠᠰᠠ ᠪᠤᠰᠤᠳ ᠵᠦᠢᠯ ᠤᠨ ᠠᠷᠭ᠎ᠠ ᠠᠪᠴᠠᠯ ᠠᠪᠤᠭᠰᠠᠨ ᠪᠠᠶᠢᠨ᠎ᠠ᠃ ᠲᠡᠷᠡ ᠶᠠᠭᠤᠨ ᠤ ᠤᠷᠢᠳ 33 ᠲᠦᠮᠡᠨ ᠲᠥᠭᠦᠷᠢᠭ ᠢᠶᠠᠷ ᠲᠣᠮᠣ ᠠᠴᠢᠶᠠᠨ ᠤ ᠮᠠᠰᠢᠨ ᠬᠤᠳᠠᠯᠳᠤᠨ ᠠᠪᠴᠤ᠂ ᠠᠭᠤᠷᠬᠠᠢ ᠶᠢᠨ ᠭᠠᠵᠠᠷ ᠠᠶᠠᠨ ᠲᠡᠭᠡᠭᠡᠪᠦᠷᠢ ᠭᠢᠯᠭᠡᠵᠤ ᠤᠷᠤᠯᠭ᠎ᠠ ᠡᠭᠦᠳᠴᠡᠢ᠃ ᠡᠭᠦᠨ ᠤ ᠵᠡᠷᠭᠡᠴᠡᠭᠡᠪᠡᠷ ᠲᠡᠷᠡ ᠪᠠᠰᠠ ᠪᠡᠭᠡᠵᠢᠩ - ᠰᠢᠨᠵᠢᠶᠠᠩ ᠤᠨ ᠲᠦᠷᠭᠡᠨ ᠤ ᠵᠠᠮ᠂ ᠯᠢᠨᠾᠧ - ᠬᠠᠮᠢ ᠶᠢᠨ ᠲᠡᠮᠦᠷ ᠵᠠᠮ ᠭᠠᠴᠠᠭᠠᠨ ᠤ ᠬᠢᠵᠠᠭᠠᠷ ᠢᠶᠠᠷ ᠲᠤᠭᠤᠯᠵᠤ ᠪᠠᠶᠢᠬᠤ ᠠᠰᠢᠭ ᠲᠠᠢ ᠨᠥᠬᠦᠴᠡᠯ ᠢ ᠡᠵᠡᠮᠳᠡᠨ᠂ ᠬᠥᠳᠡᠭᠡ ᠳᠤᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠤᠨ 125 ᠲᠦᠮᠡᠨ ᠲᠥᠭᠦᠷᠢᠭ ᠤᠨ ᠪᠡᠯᠡ ᠤᠷᠤᠭᠤᠯᠤᠯᠳᠠ ᠪᠠᠷ ᠠᠵᠤ ᠠᠬᠤᠶᠢᠯᠠᠯ ᠲᠠᠢ ᠬᠤᠷᠰᠢᠨ ᠪᠠᠷᠠᠭᠠᠨ ᠤ ᠭᠦᠢᠯᠭᠡᠭᠡᠨ ᠤ ᠺᠤᠮᠫᠠᠨᠢ ᠪᠠᠶᠢᠭᠤᠯᠵᠤ᠂ ᠠᠰᠢᠭ ᠬᠤᠪᠢᠶᠠᠷᠢᠯᠠᠬᠤ ᠬᠡᠯᠡᠯᠴᠡᠭᠡᠷ ᠲᠣᠭᠲᠠᠵᠠᠢ᠃      ᠣᠶᠢᠷ᠎ᠠ ᠶᠢᠨ ᠬᠤᠶᠠᠷ ᠵᠢᠯ ᠳᠤ ᠭᠠᠩ ᠬᠠᠭᠰᠠᠷᠠᠭᠠᠨ ᠬᠡᠴᠡᠭᠦᠳᠡᠭᠰᠡᠨ ᠠᠴᠠ ᠮᠠᠯᠴᠢᠳ ᠤᠨ ᠡᠪᠡᠰᠦ ᠪᠣᠷᠳᠣᠭᠠᠨ ᠤ ᠬᠡᠷᠡᠭᠴᠡᠭᠡ ᠱᠠᠭᠠᠷᠳᠠᠯᠭ᠎ᠠ ᠮᠡᠳᠡᠭᠳᠡᠮ᠎ᠡ ᠳᠡᠭᠡᠭᠰᠢᠯᠡᠵᠦ᠂ ᠵᠠᠷᠤᠯᠭ᠎ᠠ ᠮᠥᠩᠭᠦ ᠶᠢᠨ ᠳᠠᠷᠤᠭᠠᠰᠤ ᠨᠡᠮᠡᠭᠳᠡᠭᠰᠡᠨ ᠪᠠᠶᠢᠨ᠎ᠠ᠃ ᠡᠨᠡ ᠬᠦ ᠪᠠᠶᠢᠳᠠᠯ ᠳᠤ ᠴᠢᠭᠯᠡᠭᠦᠯᠦᠨ᠂ ᠪᠠᠶᠠᠨᠰᠠᠩ ᠰᠠᠨᠠᠭᠠᠴᠢᠯᠠᠭ᠎ᠠ ᠠᠴᠠ ᠪᠠᠨ ᠠᠶᠢᠮᠠᠭ ᠬᠤᠰᠢᠭᠤᠨ ᠤ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠲᠠᠢ ᠬᠠᠷᠢᠴᠠᠨ᠂ ᠡᠪᠡᠰᠦ ᠪᠣᠷᠳᠤᠭ᠎ᠠ ᠡᠷᠢᠬᠦ᠂ ᠦᠨ᠎ᠡ ᠬᠠᠩᠰᠢ ᠲᠣᠬᠢᠷᠠᠯᠴᠠᠬᠤ᠂ ᠲᠡᠭᠡᠭᠡᠵᠦ ᠵᠥᠭᠡᠭᠡᠪᠦᠷᠢᠯᠡᠬᠦ ᠵᠡᠷᠭᠡ ᠠᠵᠢᠯ ᠢ ᠢᠳᠡᠪᠬᠢᠯᠡᠨ ᠬᠢᠵᠦ᠂ ᠭᠠᠴᠠᠭᠠᠨ ᠠᠴᠠ 30% ᠶᠢ ᠬᠠᠷᠢᠭᠤᠴᠠᠬᠤ᠂ ᠰᠤᠮᠤᠨ ᠠᠴᠠ 20% ᠶᠢ ᠬᠠᠷᠢᠭᠤᠴᠠᠵᠤ᠂ ᠮᠠᠯᠴᠢᠳ ᠬᠠᠭᠠᠰ ᠢ ᠨᠢ ᠬᠠᠷᠢᠭᠤᠴᠠᠬᠤ ᠵᠡᠷᠭᠡ ᠭᠡᠯᠪᠡᠷᠢ ᠪᠠᠷ ᠳᠣᠣᠷ᠎ᠠ ᠦᠨ᠎ᠡ ᠲᠠᠢ ᠲᠡᠵᠢᠭᠡᠯ ᠡᠪᠡᠰᠦ᠂ ᠮᠥᠬᠦᠯᠢᠭᠲᠦ ᠪᠣᠷᠳᠤᠭ᠎ᠠ ᠶᠢ ᠮᠠᠯᠴᠢᠳ ᠲᠠᠭᠠᠨ ᠬᠠᠩᠭᠠᠨ ᠥᠭᠴᠦ᠂ ᠮᠠᠯ ᠰᠦᠷᠦᠭ ᠢᠶᠠᠨ ᠮᠡᠨᠳᠤ ᠰᠠᠶᠢᠬᠠᠨ ᠥᠩᠭᠡᠷᠡᠭᠦᠯᠬᠦ ᠳᠤ ᠲᠦᠰᠢᠭ ᠪᠣᠯᠤᠭᠰᠠᠨ ᠪᠠᠶᠢᠨ᠎ᠠ᠃       ︽ᠡᠨᠡ ᠡᠪᠦᠯ ᠠᠴᠠ ᠨᠠᠭᠠᠰᠢ ᠶᠡᠷᠦᠨᠢ ᠳᠡᠮᠡᠢ ᠴᠠᠰᠤ ᠴᠢᠭᠢᠭ ᠣᠷᠣᠭᠰᠠᠨ ᠦᠭᠡᠢ᠂ ᠢᠷᠡᠬᠦ ᠬᠠᠪᠤᠷ ᠢᠶᠠᠷ ᠮᠠᠯ ᠤᠨ ᠬᠦᠴᠦ ᠲᠡᠩᠬᠡᠭᠡ ᠮᠠᠭᠤᠳᠠᠬᠤ ᠪᠠᠶᠢᠬ᠎ᠠ᠃ ᠪᠢᠳᠠ ᠨᠢᠭᠡᠨᠲᠡ ᠲᠡᠵᠢᠭᠡᠯ ᠪᠣᠷᠳᠤᠭ᠎ᠠ ᠬᠠᠷᠢᠯᠴᠠᠬᠤ᠂ ᠬᠤᠳᠠᠯᠳᠤᠨ ᠠᠪᠬᠤ ᠠᠵᠢᠯ ᠢᠶᠠᠨ ᠡᠬᠢᠯᠡᠭᠦᠯᠬᠦ ᠪᠠᠷ ᠪᠡᠯᠡᠬᠡᠨ ᠪᠣᠯᠣᠭᠠᠳ ᠪᠤᠢ︾ ᠭᠡᠵᠦ ᠪᠠᠶᠠᠨᠰᠠᠩ ᠳᠠᠷᠠᠭᠠᠴᠢ ᠶᠢᠨ ᠠᠯᠬᠤᠮ ᠤᠨ ᠠᠵᠢᠯ ᠢᠶᠠᠨ ᠪᠠᠶᠢᠷᠢᠯᠠᠭᠤᠯᠬᠤ ᠶᠢᠨ ᠳᠠᠭᠠᠤ 2024 ᠣᠨ ᠤ ᠬᠤᠷᠰᠢᠶᠠᠵᠢᠯ ᠤᠨ ᠢᠶᠠᠨ ᠠᠰᠢᠭ ᠤᠷᠤᠯᠭ᠎ᠠ ᠶᠢᠨ ᠲᠤᠬᠠᠢ ᠴᠤ ᠮᠠᠰᠢ ᠢᠲᠡᠭᠡᠯ ᠲᠠᠢ ᠪᠠᠶᠢᠵᠤ᠂ ᠲᠥᠰᠥᠪᠯᠡᠭᠰᠡᠨ ᠢᠶᠠᠷ ᠪᠣᠯ ᠳᠡᠭᠡᠷ᠎ᠡ ᠵᠢᠯ ᠤᠨ ᠤᠷᠤᠯᠭ᠎ᠠ ᠠᠴᠠ ᠳᠠᠪᠠᠭ᠋ᠤ ᠪᠠᠶᠢᠬ᠎ᠠ ᠭᠡᠵᠦ ᠪᠤᠳᠤᠵᠤ ᠪᠠᠶᠢᠨ᠎ᠠ᠂ ᠭᠠᠴᠠᠭᠠᠨ ᠤ ︽ᠬᠤᠶᠠᠷ ᠵᠥᠪᠯᠡᠯ︾  ᠤᠨ ᠬᠢᠨ ᠢᠶᠠᠨ ᠳᠠᠶᠢᠴᠢᠯᠠᠨ᠂ ᠮᠠᠯᠴᠢᠨ ᠲᠦᠮᠡᠨ ᠳᠡᠭᠡᠨ ᠤᠯᠠᠮ ᠰᠠᠶᠢᠨ ᠦᠢᠯᠡᠴᠢᠯᠡᠵᠦ᠂ ᠨᠡᠩ ᠶᠡᠭᠡ ᠠᠰᠢᠭ ᠤᠷᠤᠯᠭ᠎ᠠ ᠬᠦᠷᠲᠡᠭᠡᠬᠦ ᠪᠠᠷ ᠴᠢᠷᠮᠠᠶᠢᠵᠤ ᠶᠠᠪᠤᠬᠤ ᠪᠣᠯ ᠮᠢᠨᠤ ᠦᠨᠡᠨ ᠰᠡᠳᠬᠢᠯ ᠤᠨ ᠬᠦᠰᠡᠯ ᠬᠥᠭᠡᠭᠡᠴᠡᠯᠳᠦᠯ ᠮᠥᠨ ᠭᠡᠵᠦ ᠪᠢᠯᠡ᠃      
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号