ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠲᠠᠨᠢᠵᠤ ᠣᠶᠢᠯᠠᠭᠠᠬᠤ ᠲᠠᠢ ᠤᠶᠠᠯᠳᠤᠭᠤᠯᠵᠤ᠂ ᠨᠠᠮ ᠤᠨ ᠭᠡᠰᠢᠭᠦᠨ ᠤᠯᠠᠨ ᠲᠦᠮᠡᠨ ᠲᠠᠢ ᠬᠠᠮᠲᠤ ᠪᠠᠷ ︽ᠵᠣᠯ ᠵᠢᠷᠭᠠᠯ ᠤᠨ ᠨᠠᠷᠢᠨ ᠵᠢᠭᠰᠠᠭᠠᠯᠲᠠ︾ ᠶᠢ ᠶᠠᠷᠢᠯᠴᠠᠪᠠ
ᠨᠡᠶᠢᠲᠡᠯᠡᠭᠰᠡᠨ ᠴᠠᠭ᠄
2024/3/18
   ᠣᠶᠢᠷ᠎ᠠ ᠶᠢᠨ ᠡᠳᠦᠷ ᠤᠳ ᠲᠤ᠂ ᠹᠦ᠋ ᠯᠢᠨ᠂ ᠹᠦ᠋ ᠴᠢᠤᠸᠠᠨ ᠨᠡᠶᠢᠭᠡᠮ ᠲᠣᠭᠤᠷᠢᠭ ᠤᠨ ᠨᠠᠮ ᠤᠨ ᠡᠭᠦᠷ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠠᠮᠤᠭ ᠠᠴᠠ ᠠᠩᠬᠠᠷᠴᠤ ᠪᠠᠶᠢᠭ᠎ᠠ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ ᠰᠤᠷᠭᠠᠨ ᠬᠥᠮᠦᠵᠢᠯ ᠠᠴᠠ ᠭᠠᠷᠳᠠᠵᠤ᠂ ᠡᠷᠦᠬᠡ ᠳᠤ ᠬᠦᠷᠴᠦ ᠰᠤᠷᠪᠤᠯᠵᠢᠯᠠᠬᠤ᠂ ᠬᠠᠮᠲᠤ ᠪᠠᠷ ᠶᠠᠷᠢᠯᠴᠠᠬᠤ ᠵᠡᠷᠭᠡ ᠬᠡᠯᠪᠡᠷᠢ ᠪᠠᠷ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ︽ᠥᠪᠥᠷ ᠮᠣᠩᠭᠤᠯ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠮᠤᠭ ᠡᠷᠲᠡ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠭᠰᠠᠨ ᠦᠨᠳᠦᠰᠦᠲᠡᠨ ᠤ ᠣᠷᠣᠨ ᠪᠣᠯᠣᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠭᠤᠳ ᠤᠳᠤᠷᠢᠳᠤᠯᠭ᠎ᠠ ᠶᠢᠨ ᠳᠣᠣᠷ᠎ᠠ ᠪᠠᠶᠢᠭᠤᠯᠤᠭᠳᠠᠭᠰᠠᠨ ᠶᠤᠮ᠂ ᠥᠪᠥᠷ ᠮᠣᠩᠭᠤᠯ ᠪᠣᠯ ᠨᠠᠮ ᠤᠨ ᠲᠥᠪ ᠬᠤᠷᠢᠶᠠᠨ ᠤ ᠳᠡᠮᠵᠢᠯᠭᠡ ᠶᠢᠨ ᠳᠣᠣᠷ᠎ᠠ ᠬᠥᠭᠵᠢᠵᠦ ᠢᠷᠡᠭᠰᠡᠨ ᠶᠤᠮ᠂ ᠥᠪᠥᠷ ᠮᠣᠩᠭᠤᠯ ᠤᠨ ᠠᠵᠢᠯ ᠤᠨ ᠳᠤᠮᠳᠠ ᠭᠠᠷᠤᠭᠰᠠᠨ ᠬᠦᠨᠳᠦ ᠶᠡᠭᠡ ᠠᠳᠡᠭᠦᠦ ᠪᠤᠷᠤᠭᠤ ᠶᠢ ᠴᠥᠮ ᠨᠠᠮ ᠤᠨ ᠲᠥᠪ ᠬᠤᠷᠢᠶ᠎ᠠ ᠠᠴᠠ ᠬᠠᠪᠰᠤᠷᠤᠨ ᠵᠠᠯᠠᠷᠠᠭᠤᠯᠤᠭᠰᠠᠨ ᠶᠤᠮ᠃ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠠᠮᠵᠢᠯᠲᠠ ᠪᠦᠲᠦᠮᠵᠢ ᠪᠣᠯ ᠶᠡᠷᠦᠩᠬᠡᠶ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠠ ᠵᠢᠯᠣᠭᠤᠳᠣᠯᠭ᠎ᠠ ᠳᠣᠤᠷ᠎ᠠ ᠣᠯᠤᠭᠰᠠᠨ ᠶᠤᠮ᠃ ᠥᠪᠥᠷ ᠮᠣᠩᠭᠤᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ ᠤ ᠬᠤᠪᠢ ᠳᠤ ᠨᠠᠮ ᠤᠨ ᠦᠭᠡ ᠶᠢ ᠰᠣᠨᠣᠰᠬᠤ ᠲᠠᠯ᠎ᠠ ᠪᠠᠷ ᠵᠢᠱᠢᠶᠡᠴᠢ ᠪᠣᠯᠤᠭᠰᠠᠨ ᠶᠤᠮ᠃︾ ᠭᠡᠬᠦ ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠲᠠᠨᠢᠵᠤ ᠣᠶᠢᠯᠠᠭᠠᠬᠤ ᠲᠠᠢ ᠤᠶᠠᠯᠳᠤᠭᠤᠯᠵᠤ᠂ ᠨᠠᠮ ᠤᠨ ᠭᠡᠰᠢᠭᠦᠨ ᠤᠯᠠᠨ ᠲᠦᠮᠡᠨ ᠲᠠᠢ ᠬᠠᠮᠲᠤ ᠪᠠᠷ ︽ᠵᠣᠯ ᠵᠢᠷᠭᠠᠯ ᠤᠨ ᠨᠠᠷᠢᠨ ᠵᠢᠭᠰᠠᠭᠠᠯᠲᠠ︾ ᠶᠢ ᠶᠠᠷᠢᠯᠴᠠᠪᠠ᠃
     ᠤᠬᠠᠭᠤᠯᠤᠨ ᠲᠠᠶᠢᠯᠪᠤᠷᠢᠯᠠᠬᠤ ᠶᠠᠪᠤᠴᠠ ᠳᠤ᠂ ᠨᠠᠮ ᠤᠨ ᠡᠭᠦᠷ ᠤᠨ ᠱᠦᠵᠢ ᠨᠠᠮ ᠤᠨ ᠭᠡᠰᠢᠭᠦᠨ ᠪᠣᠯᠣᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠠᠢ ᠶᠠᠷᠢᠯᠴᠠᠬᠤ ᠬᠤᠷᠠᠯ ᠥᠷᠨᠢᠭᠦᠯᠵᠦ᠂ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠦᠢᠯᠡᠳᠪᠦᠷᠢᠯᠡᠯ ᠤᠨ ᠳᠤᠮᠳᠠᠬᠢ ᠬᠦᠴᠢᠷᠳᠡᠯ ᠢ ᠠᠰᠠᠭᠤᠨ ᠯᠠᠪᠯᠠᠵᠤ᠂ ᠲᠡᠳᠡᠨ ᠳᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠢ ᠮᠡᠳᠡᠷᠡᠭᠦᠯᠬᠦ ᠶᠢᠨ ᠬᠠᠮᠲᠤ ᠬᠠᠮᠲᠤ ᠶᠢᠨ ᠰᠤᠷᠤᠯᠴᠠᠯᠭ᠎ᠠ ᠥᠷᠨᠢᠭᠦᠯᠵᠦ᠂ ︽ᠥᠪᠥᠷ ᠮᠣᠩᠭᠤᠯ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠮᠤᠭ ᠡᠷᠲᠡ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠭᠰᠠᠨ ᠦᠨᠳᠦᠰᠦᠲᠡᠨ ᠤ ᠣᠷᠣᠨ ᠪᠣᠯᠣᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠭᠤᠳ ᠤᠳᠤᠷᠢᠳᠤᠯᠭ᠎ᠠ ᠶᠢᠨ ᠳᠣᠣᠷ᠎ᠠ ᠪᠠᠶᠢᠭᠤᠯᠤᠭᠳᠠᠭᠰᠠᠨ ᠶᠤᠮ᠂ ᠥᠪᠥᠷ ᠮᠣᠩᠭᠤᠯ ᠪᠣᠯ ᠨᠠᠮ ᠤᠨ ᠲᠥᠪ ᠬᠤᠷᠢᠶᠠᠨ ᠤ ᠳᠡᠮᠵᠢᠯᠭᠡ ᠶᠢᠨ ᠳᠣᠣᠷ᠎ᠠ ᠬᠥᠭᠵᠢᠵᠦ ᠢᠷᠡᠭᠰᠡᠨ ᠶᠤᠮ᠂ ᠥᠪᠥᠷ ᠮᠣᠩᠭᠤᠯ ᠤᠨ ᠠᠵᠢᠯ ᠤᠨ ᠳᠤᠮᠳᠠ ᠭᠠᠷᠤᠭᠰᠠᠨ ᠬᠦᠨᠳᠦ ᠶᠡᠭᠡ ᠠᠳᠡᠭᠦᠦ ᠪᠤᠷᠤᠭᠤ ᠶᠢ ᠴᠥᠮ ᠨᠠᠮ ᠤᠨ ᠲᠥᠪ ᠬᠤᠷᠢᠶ᠎ᠠ ᠠᠴᠠ ᠬᠠᠪᠰᠤᠷᠤᠨ ᠵᠠᠯᠠᠷᠠᠭᠤᠯᠤᠭᠰᠠᠨ ᠶᠤᠮ᠃ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠠᠮᠵᠢᠯᠲᠠ ᠪᠦᠲᠦᠮᠵᠢ ᠪᠣᠯ ᠶᠡᠷᠦᠩᠬᠡᠶ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠠ ᠵᠢᠯᠣᠭᠤᠳᠣᠯᠭ᠎ᠠ ᠳᠣᠤᠷ᠎ᠠ ᠣᠯᠤᠭᠰᠠᠨ ᠶᠤᠮ᠃ ᠥᠪᠥᠷ ᠮᠣᠩᠭᠤᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ ᠤ ᠬᠤᠪᠢ ᠳᠤ ᠨᠠᠮ ᠤᠨ ᠦᠭᠡ ᠶᠢ ᠰᠣᠨᠣᠰᠬᠤ ᠲᠠᠯ᠎ᠠ ᠪᠠᠷ ᠵᠢᠱᠢᠶᠡᠴᠢ ᠪᠣᠯᠤᠭᠰᠠᠨ ᠶᠤᠮ᠃︾ ᠭᠡᠬᠦ ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠣᠯᠣᠨ ᠶᠣᠰᠣ ᠤᠴᠢᠷ ᠢ ᠨᠠᠷᠢᠨ ᠲᠠᠶᠢᠯᠪᠤᠷᠢᠯᠠᠵᠠᠢ᠃ ᠠᠷᠪᠠᠨ ᠵᠢᠯ ᠤᠨ ᠲᠤᠷᠰᠢᠬᠢ ᠬᠠᠷᠢᠶᠠᠲᠤ ᠣᠷᠣᠨ ᠤ ᠬᠤᠪᠢᠷᠠᠯᠲᠠ ᠶᠢᠨ ᠲᠤᠬᠠᠢ ᠶᠠᠷᠢᠬᠤ ᠳᠠᠭᠠᠨ ᠤᠯᠠᠨ ᠢᠶᠠᠷ ᠢᠶᠠᠨ ᠡᠮ ᠡᠮᠨᠡᠯᠭᠡ᠂ ᠬᠤᠭᠤᠯᠠ ᠤᠮᠳᠠ᠂ ᠣᠷᠣᠨ ᠰᠠᠭᠤᠴᠠ᠂ ᠶᠠᠪᠤᠵᠤ ᠰᠠᠭᠤᠬᠤ ᠵᠡᠷᠭᠡ ᠡᠯ᠎ᠡ ᠲᠠᠯ᠎ᠠ ᠶᠢᠨ ᠬᠤᠪᠢᠷᠠᠯᠲᠠ ᠠᠴᠠ ᠡᠬᠢᠯᠡᠨ ᠶᠠᠷᠢᠵᠤ᠂ ᠰᠠᠶᠢᠨ ᠴᠠᠭ ᠦᠶ᠎ᠡ ᠶᠢ ᠬᠥᠭᠡᠭᠡᠵᠦ ᠭᠦᠢᠴᠡᠪᠡ᠂ ᠣᠳᠣᠬᠢ ᠪᠠᠶᠢᠳᠠᠯ ᠢᠶᠠᠨ ᠨᠠᠨᠳᠢᠩᠨᠠᠵᠤ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠵᠢᠵᠢᠭ ᠭᠡᠷ ᠪᠦᠯᠢ ᠪᠠᠨ ᠨᠡᠩ ᠰᠠᠶᠢᠨ ᠰᠠᠶᠢᠬᠠᠨ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠰᠡᠳᠬᠢᠯ ᠳᠣᠭᠳᠣᠯᠤᠨ ᠶᠠᠷᠢᠵᠤ ᠪᠠᠶᠢᠯ᠎ᠠ᠃
 
ᠢᠷᠡᠯᠲᠡ᠄ ᠣᠯᠠᠨᠪᠤᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号