ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠲᠣᠬᠤᠨᠢᠭᠤᠯᠵᠤ ᠬᠥᠮᠥᠰ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2024/3/18
      ᠭᠠᠴᠠᠭ᠎ᠠ ᠶᠢᠨ ᠠᠬᠠᠮᠠᠳ ᠨᠠᠰᠤᠲᠠᠶᠢᠴᠤᠳ ᠲᠤ ᠪᠠᠶᠠᠷ ᠤᠨ ᠡᠳᠦᠷ ᠤᠨ ᠣᠷᠴᠢᠨ ᠵᠢᠴᠢ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠲᠡᠭᠡᠬᠦ ᠵᠣᠷᠢᠯᠭ᠎ᠠ ᠪᠠᠷ᠂ ᠣᠶᠢᠷ᠎ᠠ ᠳᠤ᠂ ᠪᠠᠶᠠᠨᠲᠠᠯ᠎ᠠ ᠭᠠᠴᠠᠭ᠎ᠠ ᠶᠢᠨ ︽ᠬᠤᠶᠠᠷ ᠵᠥᠪᠯᠡᠯ︾ ᠤᠨ ᠬᠢᠨ ᠰᠠᠭᠤᠭ᠎ᠠ ᠭᠠᠵᠠᠷ ᠤᠨ ᠠᠵᠤ ᠠᠬᠤᠶᠢᠯᠠᠯ ᠠᠯᠠᠱᠠ ᠠᠶᠢᠮᠠᠭ ᠤᠨ ᠬᠤᠩ ᠴᠧᠩ ᠳ᠋ᠡ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠲᠠᠢ ᠬᠠᠮᠲᠤᠷᠠᠨ ᠪᠠᠶᠠᠨᠲᠠᠯ᠎ᠠ ᠭᠠᠴᠠᠭ᠎ᠠ ᠶᠢᠨ 70 ᠨᠠᠰᠤᠨ ᠠᠴᠠ ᠳᠡᠭᠡᠭᠰᠢᠬᠢ 18 ᠠᠬᠠᠮᠠᠳ ᠨᠠᠰᠤᠲᠠᠨ ᠳᠤ ᠴᠠᠭᠠᠨ ᠰᠠᠷ᠎ᠠ ᠶᠢᠨ ᠬᠠᠯᠠᠮᠵᠢᠯᠠᠯ ᠪᠠ ᠢᠷᠦᠭᠡᠯ ᠳᠡᠪᠰᠢᠭᠦᠯᠵᠡᠢ᠃
     ᠰᠤᠷᠪᠤᠯᠵᠢᠯᠠᠬᠤ ᠶᠠᠪᠤᠴᠠ ᠳᠤ᠂ ᠭᠠᠴᠠᠭᠠᠨ ᠤ ︽ᠬᠤᠶᠠᠷ ᠵᠥᠪᠯᠡᠯ︾ ᠵᠢᠴᠢ ᠰᠠᠭᠤᠭ᠎ᠠ ᠠᠵᠤ ᠠᠬᠤᠶᠢᠯᠠᠯ ᠤᠨ ᠬᠢᠨ ᠨᠠᠰᠤᠲᠠᠶᠢᠴᠤᠳ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠠᠮᠢᠳᠤᠷᠠᠯ ᠤᠨ ᠣᠶᠢᠷ᠎ᠠ ᠶᠢᠨ ᠪᠠᠶᠢᠳᠠᠯ᠂ ᠪᠡᠶ᠎ᠡ ᠶᠢᠨ ᠪᠠᠶᠢᠳᠠᠯ᠂ ᠠᠮᠢᠳᠤᠷᠠᠯ ᠤᠨ ᠳᠤᠮᠳᠠ ᠬᠦᠴᠢᠷᠳᠡᠯ ᠣᠷᠣᠰᠢᠵᠤ ᠪᠠᠶᠢᠬᠤ ᠡᠰᠡᠬᠦ ᠵᠡᠷᠭᠡ ᠠᠰᠠᠭᠤᠳᠠᠯ ᠢ ᠨᠠᠷᠢᠨ ᠠᠰᠠᠭᠤᠨ ᠯᠠᠪᠯᠠᠵᠤ᠂ ᠲᠡᠳᠡᠨ ᠳᠤ ᠰᠢᠨ᠎ᠡ ᠵᠢᠯ ᠤᠨ ᠪᠠᠶᠠᠷ ᠬᠦᠷᠭᠡᠬᠦ ᠶᠢᠨ ᠬᠠᠮᠲᠤ ᠪᠤᠳᠠᠭ᠎ᠠ᠂ ᠭᠤᠯᠢᠷ᠂ ᠲᠣᠰᠣ᠂ ᠬᠠᠳᠠᠭ ᠵᠢᠴᠢ ᠬᠡᠪ ᠤᠨ ᠴᠠᠢ ᠬᠦᠷᠭᠡᠵᠦ᠂ ᠲᠡᠳᠡᠨ ᠳᠤ ᠦᠨᠡᠨ ᠬᠦ ᠬᠠᠯᠠᠭᠤᠨ ᠳᠤᠯᠠᠭᠠᠨ ᠪᠠ ᠬᠠᠶᠢᠷ᠎ᠠ ᠬᠠᠯᠠᠮᠵᠢ ᠬᠦᠷᠲᠡᠭᠡᠭᠰᠡᠨ ᠪᠠᠶᠢᠨ᠎ᠠ᠃ ᠡᠭᠦᠨ ᠤ ᠵᠡᠷᠭᠡ ᠳᠤ᠂ ᠣᠯᠠᠨ ᠢᠶᠠᠷ ᠢᠶᠠᠨ ᠪᠡᠶ᠎ᠡ ᠪᠠᠨ ᠬᠢᠴᠢᠶᠡᠵᠦ᠂ ᠬᠤᠪᠢ ᠬᠥᠮᠥᠨ ᠤ ᠪᠡᠶ᠎ᠡ ᠪᠠᠨ ᠬᠠᠮᠠᠭᠠᠯᠠᠬᠤ ᠪᠠ ᠬᠦᠢᠲᠡᠨ ᠠᠴᠠ ᠰᠡᠷᠭᠡᠶᠢᠯᠡᠵᠦ ᠳᠤᠯᠠᠭᠠᠯᠠᠬᠤ ᠶᠢ ᠠᠩᠬᠠᠷᠴᠤ᠂ ᠬᠦᠢᠲᠡᠨ ᠤ ᠤᠯᠠᠷᠢᠯ ᠳᠤ ᠴᠠᠬᠢᠯᠭᠠᠨ ᠢ ᠠᠮᠤᠷ ᠲᠦᠪᠰᠢᠨ ᠢᠶᠠᠷ ᠬᠡᠷᠡᠭᠯᠡᠵᠦ᠂ ᠳᠤᠯᠠᠭᠠᠨ ᠪᠦᠯᠢᠶᠡᠨ᠂ ᠥᠯᠵᠡᠢ ᠪᠡᠯᠭᠡ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠰᠠᠨᠠᠭᠤᠯᠵᠤ ᠪᠠᠶᠢᠨ᠎ᠠ᠃
 
ᠢᠷᠡᠯᠲᠡ᠄ ᠪᠠᠶᠠᠨᠬᠤᠲᠠ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号