ᠠᠯᠠᠱᠠ ᠵᠡᠭᠦᠨ ᠬᠤᠰᠢᠭᠤᠨ ᠤ ᠲᠣᠶᠢᠮᠣ ᠪᠠᠶᠢᠳᠠᠯ
ᠨᠡᠶᠢᠲᠡᠯᠡᠭᠰᠡᠨ ᠴᠠᠭ᠄
2024/3/19
            ᠠᠯᠠᠱᠠ ᠵᠡᠭᠦᠨ ᠬᠤᠰᠢᠭᠤᠨ ᠤ ᠶᠡᠷᠦᠩᠬᠡᠢ ᠲᠠᠯᠠᠪᠠᠶ 80412 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠪᠥᠬᠦ ᠠᠶᠢᠮᠠᠭ ᠤᠨ ᠶᠡᠷᠦᠩᠬᠡᠢ ᠲᠠᠯᠠᠪᠠᠶ ᠶᠢᠨ 30% ᠰᠢᠬᠠᠮ ᠢ ᠡᠵᠡᠯᠡᠨ᠎ᠡ︔ 20.3 ᠲᠦᠮᠡᠨ ᠬᠥᠮᠥᠨ ᠠᠮᠠ ᠲᠠᠢ ᠪᠠᠶᠢᠵᠤ᠂ ᠪᠥᠬᠦ ᠠᠶᠢᠮᠠᠭ ᠤᠨ ᠶᠡᠷᠦᠩᠬᠡᠢ ᠬᠥᠮᠥᠨ ᠠᠮᠠ ᠶᠢᠨ 78%᠎ ᠶᠢ ᠡᠵᠡᠯᠡᠨ᠎ᠡ︔ 15 ᠰᠤᠮᠤ ᠪᠠᠯᠭᠠᠰᠤ᠂ 4 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ 139 ᠭᠠᠴᠠᠭ᠎ᠠ᠂ 36 ᠨᠡᠶᠢᠭᠡᠮ ᠲᠣᠭᠤᠷᠢᠭ ᠢ ᠬᠠᠷᠢᠶᠠᠯᠠᠭᠤᠯᠪᠠ ᠃ ᠬᠢᠲᠠᠳ᠂ ᠮᠣᠩᠭᠤᠯ᠂ ᠬᠤᠲᠣᠩ᠂ ᠮᠠᠨᠵᠤ ᠵᠡᠷᠭᠡ 35 ᠦᠨᠳᠦᠰᠦᠲᠡᠨ ᠲᠠᠢ᠂ ᠴᠥᠭᠡᠨ ᠲᠣᠭᠠᠲᠤ ᠦᠨᠳᠦᠰᠦᠲᠡᠨ ᠤ ᠬᠥᠮᠥᠨ ᠠᠮᠠ 5.2 ᠲᠦᠮᠡ ᠪᠠᠶᠢᠵᠤ᠂ ᠪᠥᠬᠦ ᠬᠤᠰᠢᠭᠤᠨ ᠤ ᠪᠥᠬᠦ ᠬᠥᠮᠥᠨ ᠠᠮᠠ ᠶᠢᠨ 25.6%᠎ ᠶᠢ ᠡᠵᠡᠯᠡᠨ᠎ᠡ᠃   ᠵᠡᠭᠦᠨ ᠲᠠᠯ᠎ᠠ ᠪᠠᠷ ᠢᠶᠠᠨ ᠨᠢᠩᠰᠢᠶᠠ ᠲᠠᠢ ᠵᠠᠬ᠎ᠠ ᠨᠡᠶᠢᠯᠡᠵᠦ᠂ ᠪᠠᠷᠠᠭᠤᠨ᠂ ᠡᠮᠦᠨ᠎ᠡ ᠲᠠᠯ᠎ᠠ ᠪᠠᠷ ᠢᠶᠠᠨ ᠭᠠᠨᠰᠤ ᠲᠠᠢ ᠬᠥᠷᠰᠢᠯᠡᠵᠦ᠂ ᠬᠤᠶᠢᠲᠤ ᠲᠠᠯ᠎ᠠ ᠪᠠᠷ ᠢᠶᠠᠨ ᠮᠣᠩᠭᠤᠯ ᠤᠯᠤᠰ ᠲᠠᠢ ᠵᠠᠬ᠎ᠠ ᠨᠡᠶᠢᠯᠡᠵᠦ᠂ ᠬᠢᠯᠢ ᠶᠢᠨ ᠱᠤᠭᠤᠮ ᠤᠨ ᠣᠷᠳᠣ ᠨᠢ 188.7 ᠺᠢᠯᠣᠮᠧᠲᠷ ᠪᠣᠯᠣᠨ᠎ᠠ᠃ 2016 ᠣᠨ ᠳᠤ ᠥᠯᠵᠡᠢ ᠬᠢᠯᠢ ᠶᠢᠨ ᠪᠣᠭᠤᠮᠲᠠ ᠶᠢ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠴᠣᠬᠤᠯᠠᠪᠤᠷᠢᠯᠠᠨ ᠪᠠᠶᠢᠭᠤᠯᠵᠤ᠂ 2020 ᠣᠨ ᠳᠤ ᠵᠥᠪᠰᠢᠶᠡᠷᠡᠯ ᠢᠶᠠᠷ ᠲᠦᠷ ᠴᠠᠭ ᠤᠨ ᠨᠡᠭᠡᠭᠡᠯᠲᠡ ᠬᠢᠯᠭᠡᠪᠡ᠃ ᠠᠯᠠᠱᠠ ᠠᠶᠢᠮᠠᠭ ᠤᠨ ᠵᠡᠬᠦᠨ ᠪᠠᠶ᠎ᠠ ᠪᠠᠷ ᠪᠠᠶᠢᠵᠤ᠂ ᠤᠮᠠᠷᠠᠳᠤ ᠦᠷᠭᠡᠷᠢᠭ ᠤᠨ 37。24、 — 41。52、᠂ ᠵᠡᠬᠦᠨ ᠦᠷᠭᠡᠷᠢᠭ ᠤᠨ 103。 21、 — 106。51、᠎ ᠳᠤ ᠤᠷᠤᠰᠢᠨ᠎ᠠ᠃           ᠵᠡᠬᠦᠨ ᠬᠤᠶᠢᠳᠤ ᠳᠠᠯ᠎ᠠ ᠪᠠᠷ ᠢᠶᠠᠨ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠠᠶᠠᠨᠨᠠᠭᠤᠷ ᠬᠤᠳᠠ ᠶᠢᠨ ᠤᠷᠠᠳ ᠤᠨ ᠬᠤᠶᠢᠳᠤ ᠬᠤᠰᠢᠭᠤ᠂ ᠳ᠋ᠧᠩᠺᠸᠤ ᠰᠢᠶᠠᠨ ᠲᠠᠢ ᠵᠠᠯᠭᠠᠯᠳᠤᠵᠤ᠂ ᠵᠡᠬᠦᠨ ᠳᠠᠯ᠎ᠠ ᠪᠠᠷ ᠢᠶᠠᠨ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠷᠳᠤᠰ ᠬᠤᠳᠠ ᠶᠢᠨ ᠤᠳᠤᠭ ᠬᠤᠰᠢᠭᠤ᠂ ᠦᠬᠠᠢ ᠬᠤᠳᠠ ᠲᠠᠢ ᠬᠦᠷᠰᠢᠯᠡᠵᠤ᠂ ᠵᠡᠬᠦᠨ ᠡᠮᠤᠨ᠎ᠡ ᠳᠠᠯ᠎ᠠ ᠪᠠᠷ ᠢᠶᠠᠨ ᠨᠢᠩᠰᠢᠶᠠ ᠶᠢᠨ ᠬᠤᠳᠤᠩ ᠦᠨᠳᠤᠰᠤᠳᠡᠨ ᠤ ᠦᠪᠡᠷᠳᠡᠭᠡᠨ ᠵᠠᠰᠠᠬᠤ ᠤᠷᠤᠨ ᠤ ᠱᠢ ᠽᠦᠢ ᠱᠠᠨ ᠬᠤᠳᠠ᠂ ᠫᠢᠩ ᠯᠦᠸᠧ ᠰᠢᠶᠠᠨ᠂ ᠢᠷᠭᠠᠢ ᠬᠤᠳᠠ᠂ ᠶᠦᠩ ᠨᠢᠩ ᠰᠢᠶᠠᠨ᠂ ᠴᠢᠩ ᠲᠦᠩ ᠰᠢᠶᠠ ᠬᠤᠳᠠ ᠲᠠᠢ ᠵᠠᠬ᠎ᠠ ᠨᠡᠶᠢᠯᠠᠵᠤ᠂ ᠡᠮᠤᠨ᠎ᠡ ᠳᠠᠯ᠎ᠠ ᠪᠠᠷ ᠢᠶᠠᠨ ᠨᠢᠩᠰᠢᠶᠠ ᠶᠢᠨ ᠬᠤᠳᠤᠩ ᠦᠨᠳᠤᠰᠤᠳᠡᠨ ᠤ ᠳᠡᠷᠡᠰᠤᠨ ᠬᠤᠲᠠ᠂ ᠵᠦᠩ ᠨᠢᠩ ᠰᠢᠶᠠᠨ᠂ ᠭᠠᠨᠰᠤ ᠮᠤᠵᠢ ᠶᠢᠨ ᠵᠢᠩ ᠲᠠᠢ ᠰᠢᠶᠠᠨ᠂ ᠬᠦ᠋ ᠯᠠᠩ ᠰᠢᠶᠠᠨ ᠲᠠᠢ ᠵᠠᠯᠭᠠᠯᠳᠤᠵᠤ᠂ ᠪᠠᠷᠠᠭᠤᠨ ᠳᠠᠯ᠎ᠠ ᠪᠠᠷ ᠢᠶᠠᠨ ᠭᠠᠨᠰᠤ ᠮᠤᠵᠢ ᠶᠢᠨ ᠡᠤ ᠸᠧᠢ ᠬᠤᠳᠠ᠂ ᠮᠢᠨ ᠴᠢᠨ ᠰᠢᠶᠠᠨ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠯᠠᠱᠠ ᠠᠶᠢᠮᠠᠭ ᠤᠨ ᠠᠯᠠᠱᠠ ᠪᠠᠷᠠᠭᠤᠨ ᠬᠤᠰᠢᠭᠤ ᠲᠠᠢ ᠬᠦᠷᠰᠢᠯᠡᠵᠤ ᠪᠠᠶᠢᠳᠠᠭ᠃             ᠵᠢᠷᠭᠤᠳᠤᠭᠠᠷ ᠤᠳᠠᠭᠠᠨ ᠤ ᠪᠦᠬᠦ ᠤᠯᠤᠰ ᠤᠨ ᠬᠦᠮᠤᠨ ᠠᠮᠠ ᠶᠢᠨ ᠪᠠᠶᠢᠴᠠᠭᠠᠯᠳᠠ ᠪᠠᠷ ᠠᠯᠠᠱᠠ ᠵᠡᠬᠦᠨ ᠬᠤᠰᠢᠭᠤᠨ ᠳᠤ ᠪᠠᠶᠢᠩᠭᠤ ᠰᠠᠭᠤᠭ᠎ᠠ ᠬᠦᠮᠤᠨ ᠠᠮᠠ 173494 ᠪᠠᠶᠢᠵᠤ᠂ ᠬᠤᠳᠠ ᠪᠠᠯᠭᠠᠰᠤᠨ ᠳᠤ ᠰᠠᠭᠤᠭ᠎ᠠ ᠬᠦᠮᠤᠨ ᠠᠮᠠ 129242 ᠪᠠᠶᠢᠵᠤ᠂ ᠪᠦᠬᠦ ᠬᠦᠮᠤᠨ ᠠᠮᠠ ᠶᠢᠨ 74.49%᠎ ᠶᠢ ᠡᠵᠡᠯᠡᠵᠤ᠂ ᠬᠦᠳᠡᠭᠡ ᠳᠤᠰᠬᠤᠨ ᠮᠠᠯᠵᠢᠬᠤ ᠤᠷᠤᠨ ᠤ ᠬᠦᠮᠤᠨ ᠠᠮᠠ 44252 ᠪᠠᠶᠢᠵᠤ᠂ ᠪᠦᠬᠦ ᠬᠦᠮᠤᠨ ᠠᠮᠠ ᠶᠢᠨ 25.51%᠎ ᠶᠢ ᠡᠵᠡᠯᠡᠵᠡᠢ᠃                   ᠤᠳᠤ ᠠᠯᠠᠱᠠ ᠵᠡᠬᠦᠨ ᠬᠤᠰᠢᠭᠤᠨ ᠳᠤ ᠮᠤᠩᠭᠤᠯ᠂ ᠭᠢᠳᠡᠳ᠂ ᠬᠤᠳᠤᠩ᠂ ᠮᠠᠨᠵᠤ᠂ ᠳᠦᠪᠡᠳ ᠵᠡᠷᠭᠡ 28 ᠦᠨᠳᠤᠰᠤᠳᠡᠨ ᠤᠷᠤᠰᠢᠨ ᠠᠮᠢᠳᠤᠷᠠᠵᠤ ᠪᠠᠶᠢᠳᠠᠭ᠃ ᠤᠳᠤ ᠪᠦᠬᠦ ᠬᠤᠰᠢᠭᠤᠨ ᠳᠤ ᠪᠠᠶᠠᠨᠬᠤᠳᠠ᠂ ᠵᠢᠷᠠᠳᠠᠢ᠂ ᠵᠡᠬᠦᠨ ᠪᠠᠯ᠂ ᠪᠠᠷᠠᠭᠤᠨ ᠪᠠᠯ᠂ ᠤᠯᠠᠨᠪᠤᠯᠠᠭ᠂ ᠤᠨᠳᠤᠷᠤᠯᠳᠤ᠂ ᠦᠯᠵᠡᠢ᠂ ᠪᠠᠶᠠᠨᠨᠢᠷᠤᠭᠤᠨ᠂ ᠡᠷᠭᠡᠬᠠᠰᠢᠬ᠎ᠠ᠂ ᠢᠩᠭᠡᠨ᠂ ᠴᠣᠭᠲᠤᠬᠦ᠋ᠷᠢᠶ᠎ᠡ ᠵᠡᠷᠭᠡ 11 ᠰᠤᠮᠤ ᠪᠠᠯᠭᠠᠰᠤ ᠪᠣᠢ᠃       ᠠᠯᠠᠱᠠ ᠨᠤᠲᠤᠭ ᠥᠨᠢ ᠤᠳᠠᠭᠠᠨ ᠲᠡᠦᠬᠡ ᠰᠣᠶᠣᠯ ᠲᠠᠢ᠃ ᠮᠣᠩᠭᠤᠯ ᠲᠥᠪᠡᠳ ᠬᠡᠯᠡ ᠪᠠ ᠡᠷᠲᠡᠨ ᠤ ᠰᠠᠨᠰᠺᠷᠢᠲ ᠬᠡᠯᠡᠨ ᠤ ᠠᠯᠳᠠᠷᠲᠤ ᠡᠷᠳᠡᠮᠲᠡᠨ᠂ ᠪᠤᠷᠬᠠᠨ ᠤ ᠰᠤᠷᠭᠠᠯ ᠤᠨ ᠶᠡᠭᠡ ᠪᠠᠭᠰᠢ ᠠᠭᠸᠠᠩᠳᠠᠨᠳᠠᠷ ᠤᠨ ᠲᠥᠷᠥᠭᠰᠡᠨ ᠨᠤᠲᠤᠭ᠂ ᠵᠢᠷᠭᠤᠳᠤᠭᠠᠷ ᠳᠦᠷᠢ ᠶᠢᠨ ᠳᠠᠯᠠᠶ ᠯᠠᠮᠠ ᠼᠠᠩᠶᠠᠩᠵᠠᠮᠰᠤ ᠶᠢᠨ ᠨᠢᠷᠸᠠᠨ ᠳᠦᠷᠢ ᠦᠵᠡᠭᠦᠯᠦᠭᠰᠡᠨ ᠭᠠᠵᠠᠷ ᠪᠣᠯᠣᠨ᠎ᠠ᠃ ᠡᠨᠡ ᠪᠣᠯ ᠮᠣᠩᠭᠤᠯ ᠲᠥᠪᠡᠳ ᠬᠡᠯᠡ ᠪᠠ ᠡᠷᠲᠡᠨ ᠤ ᠰᠠᠨᠰᠺᠷᠢᠲ ᠬᠡᠯᠡᠨ ᠤ ᠠᠯᠳᠠᠷᠲᠤ ᠡᠷᠳᠡᠮᠲᠡᠨ᠂ ᠪᠤᠷᠬᠠᠨ ᠤ ᠰᠤᠷᠭᠠᠯ ᠤᠨ ᠶᠡᠭᠡ ᠪᠠᠭᠰᠢ ᠠᠭᠸᠠᠩᠳᠠᠨᠳᠠᠷ ᠤᠨ ᠨᠤᠲᠤᠭ ᠪᠣᠯᠣᠨ᠎ᠠ᠃ ᠡᠩᠬᠡ ᠠᠮᠤᠭᠤᠯᠠᠩ ᠤᠨ ᠭᠤᠴᠢᠨ ᠵᠢᠷᠭᠤᠳᠤᠭᠠᠷ ᠣᠨ ︵1697 ᠣᠨ︶᠎ ᠳᠤ ᠠᠯᠠᠱᠠ ᠶᠢᠨ ᠬᠤᠱᠣᠳ ᠬᠤᠰᠢᠭᠤ ᠶᠢ ᠪᠠᠶᠢᠭᠤᠯᠵᠤ᠂ ᠨᠠᠶᠢᠷᠠᠯᠲᠤ ᠲᠥᠪ ᠤᠨ ᠠᠷᠪᠠᠳᠤᠭᠠᠷ ᠣᠨ ︵1732 ᠣᠨ︶᠎ ᠳᠤ ᠬᠤᠰᠢᠭᠤᠨ ᠤ ᠣᠷᠳᠣᠨ ᠢᠶᠠᠨ ᠬᠤᠯᠠᠳᠠᠭᠢᠨ ᠢ ᠲᠣᠭᠲᠠᠭᠠᠭᠴᠢ ᠬᠤᠷᠢᠶ᠎ᠠ ︵ᠣᠳᠣ ᠶᠢᠨ ᠪᠠᠶᠠᠨᠬᠤᠲᠠ︶᠎ ᠳᠤ ᠨᠡᠭᠦᠯᠭᠡᠪᠡ᠃ 1949 ᠣᠨ ᠳᠤ ᠠᠯᠠᠱᠠ ᠶᠢᠨ ᠬᠤᠱᠣᠳ ᠬᠤᠰᠢᠭᠤ ᠨᠠᠶᠢᠷᠠᠮᠳᠠᠯ ᠢᠶᠠᠷ ᠴᠢᠯᠦᠭᠡᠯᠡᠭᠳᠡᠪᠡ᠃ 1961 ᠣᠨ ᠤ 4 ᠰᠠᠷ᠎ᠠ ᠳᠤ ᠠᠯᠠᠱᠠ ᠬᠤᠰᠢᠭᠤ ᠶᠢ ᠵᠡᠭᠦᠨ ᠪᠠᠷᠠᠭᠤᠨ ᠬᠤᠶᠠᠷ ᠬᠤᠰᠢᠭᠤ ᠪᠣᠯᠭᠠᠨ ᠬᠤᠪᠢᠶᠠᠪᠠ᠃ 1969 ᠣᠨ ᠳᠤ ᠠᠯᠠᠱᠠ ᠵᠡᠭᠦᠨ ᠬᠤᠰᠢᠭᠤ ᠶᠢ ᠨᠢᠩᠰᠢᠶᠠ ᠳᠤ ᠬᠠᠷᠢᠶᠠᠯᠠᠭᠤᠯᠵᠤ᠂ 1979 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠢᠨ᠎ᠡ ᠪᠠᠷ ᠬᠠᠷᠢᠶᠠᠯᠠᠭᠤᠯᠵᠤ᠂ 1980 ᠣᠨ ᠤ 5 ᠰᠠᠷ᠎ᠠ ᠶᠢᠨ 1᠎ ᠤ ᠡᠳᠦᠷ ᠵᠢᠩᠬᠢᠨᠢ ᠪᠠᠷ ᠪᠠᠶᠢᠭᠤᠯᠤᠭᠳᠠᠭᠰᠠᠨ ᠠᠯᠠᠱᠠ ᠠᠶᠢᠮᠠᠭ ᠲᠤ ᠬᠠᠷᠢᠶᠠᠯᠠᠭᠤᠯᠪᠠ᠃       ᠠᠮᠢ ᠠᠬᠤᠢ ᠶᠢᠨ ᠣᠷᠴᠢᠨ ᠲᠣᠭᠤᠷᠢᠨ ᠬᠡᠪᠡᠷᠡᠭ ᠪᠠᠶᠢᠳᠠᠭ᠃ ᠴᠠᠭ ᠠᠭᠤᠷ ᠤᠨ ᠲᠤᠭ᠎ᠠ ᠪᠠᠷᠢᠮᠲᠠ ᠶᠢᠨ ᠪᠦᠷᠢᠳᠬᠡᠯ ᠢ ᠦᠨᠳᠦᠰᠦᠯᠡᠪᠡᠯ᠂ ᠪᠦᠭᠦ ᠬᠤᠰᠢᠭᠤᠨ ᠤ ᠵᠢᠯ ᠤᠨ ᠳᠤᠮᠳᠠᠴᠢ ᠬᠤᠷ᠎ᠠ ᠲᠤᠨᠤᠳᠠᠰᠤ ᠶᠢᠨ ᠬᠡᠮᠵᠢᠶ᠎ᠡ 107.4 — 225.2 ᠮᠢᠯᠢᠮᠧᠲᠷ᠂ ᠠᠭᠤᠷᠰᠢᠯᠲᠠ ᠶᠢᠨ ᠬᠡᠮᠵᠢᠶ᠎ᠡ 2264 — 3087 ᠮᠢᠯᠢᠮᠧᠲᠷ᠂ ᠵᠢᠯ ᠤᠨ ᠬᠢᠷᠠᠭᠤ ᠦᠭᠡᠢ ᠬᠤᠭᠤᠴᠠᠭ᠎ᠠ 322 — 335 ᠡᠳᠦᠷ᠂ ᠵᠢᠯ ᠤᠨ ᠳᠤᠮᠳᠠᠴᠢ ᠠᠭᠠᠷ ᠤᠨ ᠳᠤᠯᠠᠭᠠᠨ 8 — 9.8℃ ᠪᠣᠯᠣᠨ᠎ᠠ᠃ ᠲᠡᠭᠷᠢ᠂ ᠤᠯᠠᠭᠠᠨᠪᠤᠬ᠎ᠠ ᠪᠠ ᠬᠤᠶᠠᠷ ᠶᠡᠭᠡ ᠡᠯᠡᠰᠦᠨ ᠴᠥᠯ ᠪᠥᠬᠦ ᠬᠢᠯᠢ ᠪᠠᠷ ᠬᠥᠨᠳᠡᠯᠢᠰᠴᠦ᠂ ᠡᠯᠡᠰᠦᠷᠬᠡᠭ ᠭᠠᠵᠠᠷ ᠤᠨ ᠲᠠᠯᠠᠪᠠᠶ ᠨᠢ 3917 ᠲᠦᠮᠡᠨ ᠮᠦ ᠪᠣᠯᠣᠨ᠎ᠠ᠃ ᠪᠡᠯᠴᠢᠭᠡᠷ ᠤᠨ ᠲᠠᠯᠠᠪᠠᠶ 5480.5 ᠲᠦᠮᠡᠨ ᠮᠦ ᠳᠤ ᠬᠥᠷᠪᠡ᠃ ᠣᠶᠢᠲᠤ ᠭᠠᠵᠠᠷ ᠤᠨ ᠲᠠᠯᠠᠪᠠᠶ 1028.3 ᠲᠦᠮᠡᠨ ᠮᠦ᠂ ᠴᠢᠭᠢᠭᠯᠢᠭ ᠭᠠᠵᠠᠷ ᠤᠨ ᠲᠠᠯᠠᠪᠠᠶ 128.8 ᠲᠦᠮᠡᠨ ᠮᠦ ᠪᠣᠯᠣᠨ᠎ᠠ᠃ ᠲᠠᠷᠢᠶᠠᠨ ᠭᠠᠵᠠᠷ ᠤᠨ ᠲᠠᠯᠠᠪᠠᠶ 73.6 ᠲᠦᠮᠡᠨ ᠮᠦ᠃       ᠳᠤᠮᠳᠠᠳᠤ ᠤᠯᠤᠰ ᠤᠨ ᠲᠡᠮᠡᠭᠡᠨ ᠤ ᠨᠤᠲᠤᠭ᠂ ᠠᠩᠬᠠᠳᠠᠭᠴᠢ ︽ᠳᠤᠮᠳᠠᠳᠤ ᠤᠯᠤᠰ ᠤᠨ ᠦᠵᠡᠮᠦᠷᠢ ᠶᠢᠨ ᠴᠢᠯᠠᠭᠤᠨ ᠤ ᠬᠤᠲᠠ︾ ᠬᠡᠮᠡᠭᠳᠡᠵᠦ᠂ ᠪᠥᠬᠦ ᠳᠡᠯᠡᠬᠡᠢ ᠶᠢᠨ ᠴᠣᠷ ᠤᠨ ᠭᠠᠭᠴᠠ ᠡᠯᠡᠰᠦᠨ ᠴᠥᠯ ᠤᠨ ᠳᠡᠯᠡᠬᠡᠢ ᠶᠢᠨ ᠭᠠᠵᠠᠷ ᠰᠢᠨᠵᠢᠯᠡᠭᠡᠨ ᠤ ᠴᠡᠴᠡᠷᠯᠢᠭ ᠪᠣᠯᠪᠠ᠃ 2023 ᠣᠨ ᠳᠤ᠂ ᠥᠯᠵᠡᠢ ᠰᠤᠮᠤ ᠲᠦᠷᠦᠭᠦᠦ ᠪᠦᠯᠦᠭ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ ᠪᠠᠷ ᠦᠨᠡᠯᠡᠭᠳᠡᠵᠦ᠂ ᠬᠤᠱᠣᠳ ᠵᠠᠩ ᠦᠢᠯᠡ ᠶᠢᠨ ᠰᠣᠶᠣᠯ ᠤᠨ ᠵᠡᠭᠡᠯᠢ ᠥᠪᠡᠷᠲᠡᠭᠡᠨ ᠵᠠᠰᠠᠬᠤ ᠣᠷᠣᠨ ᠤ ᠲᠦᠷᠦᠭᠦᠦ ᠪᠦᠯᠦᠭ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠵᠡᠭᠡᠯᠢ ᠲᠣᠭᠤᠷᠢᠭ ᠢᠶᠠᠷ ᠦᠨᠡᠯᠡᠭᠳᠡᠵᠦ ᠂ ᠬᠤᠯᠠᠳᠠᠭᠢᠨ ᠢ ᠲᠣᠭᠲᠠᠭᠠᠭᠴᠢ ᠬᠤᠷᠢᠶ᠎ᠠ ᠶᠢᠨ ᠡᠷᠲᠡᠨ ᠤ ᠬᠤᠳᠠ ᠶᠢᠨ ᠵᠤᠭᠠᠴᠠᠯ ᠤᠨ ᠣᠷᠣᠨ ᠲᠦᠷᠦᠭᠦᠦ ᠪᠦᠯᠦᠭ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠵᠤᠭᠠᠴᠠᠯ ᠤᠨ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠢᠶᠠᠷ ᠦᠨᠡᠯᠡᠭᠳᠡᠵᠦ᠂ ᠪᠠᠶᠠᠨᠬᠤᠲᠠ ᠪᠠᠯᠭᠠᠰᠤ ᠶᠢᠨ ᠪᠠᠶᠠᠨᠬᠥ᠋ᠳᠡᠭᠡ ᠭᠠᠴᠠᠭ᠎ᠠ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠪᠦᠯᠦᠭ ᠤᠨ ᠬᠥᠳᠡᠭᠡ ᠲᠣᠰᠬᠤᠨ ᠤ ᠵᠤᠭᠠᠴᠠᠯ ᠤᠨ ᠭᠤᠣᠯᠳᠠᠯᠭ᠎ᠠ ᠲᠠᠢ ᠲᠣᠰᠬᠤᠨ ᠢᠶᠠᠷ ᠦᠨᠡᠯᠡᠭᠳᠡᠪᠡ᠃       ᠪᠠᠶᠢᠭᠠᠯᠢ ᠶᠢᠨ ᠡᠬᠢ ᠪᠠᠶᠠᠯᠢᠭ ᠡᠯᠪᠡᠭ ᠳᠡᠯᠪᠡᠭ ᠪᠠᠶᠢᠳᠠᠭ᠃ ᠴᠠᠭᠠᠨ ᠭᠤᠶᠣᠣ᠂ ᠤᠯᠠᠭᠠᠨ ᠭᠤᠶᠣᠣ ᠶᠠᠩ ᠵᠡᠷᠭᠡ ᠥᠪᠡᠷᠮᠢᠴᠡ ᠣᠨᠴᠠᠯᠢᠭ ᠲᠠᠢ ᠡᠯᠡᠰᠦᠨ ᠤ ᠤᠷᠭᠤᠮᠠᠯ ᠡᠯᠪᠡᠭ ᠭᠠᠷᠳᠠᠭ᠃ ᠮᠠᠯ ᠤᠨ ᠲᠤᠭ᠎ᠠ ᠲᠣᠯᠣᠭᠠᠢ 78.4 ᠲᠦᠮᠡ ᠳᠤ ᠬᠦᠷᠴᠦ᠂ ᠡᠭᠦᠨ ᠳᠤ ᠠᠯᠠᠱᠠ ᠶᠢᠨ ᠬᠤᠶᠠᠷ ᠪᠥᠬᠦᠲᠦ ᠲᠡᠮᠡᠭᠡᠨ ᠤ ᠲᠤᠭ᠎ᠠ 4.8 ᠲᠦᠮᠡ ᠳᠤ ᠬᠦᠷᠴᠦ᠂ ᠴᠠᠭᠠᠨ ᠨᠣᠯᠤᠥᠷ ᠤᠨ ᠢᠮᠠᠭᠠᠨ ᠤ ᠲᠤᠭ᠎ᠠ 30.3 ᠲᠦᠮᠡ ᠪᠠᠶᠢᠵᠤ᠂ ᠣᠷᠣᠨ ᠨᠤᠲᠤᠭ ᠤᠨ ᠰᠢᠯᠢᠳᠡᠭ ᠡᠭᠦᠯᠳᠡᠷ ᠤᠨ ᠮᠠᠯ ᠤᠨ ᠡᠭᠦᠯᠳᠡᠷ ᠪᠣᠯᠵᠠᠢ᠃ ᠥᠩᠭᠡ ᠦᠵᠡᠮᠵᠢ ᠶᠢᠨ ᠡᠨᠧᠷᠭᠢ ᠶᠢ ᠨᠡᠭᠡᠭᠡᠨ ᠠᠰᠢᠭᠯᠠᠬᠤ ᠳᠠᠯᠳᠠ ᠬᠦᠴᠦᠨ ᠶᠡᠭᠡ ᠪᠠᠶᠢᠵᠤ᠂ ᠰᠠᠯᠬᠢᠨ ᠤ ᠡᠨᠧᠷᠭᠢ ᠶᠢᠨ ᠪᠠᠶᠠᠯᠢᠭ ᠪᠠᠷᠤᠭ 0.9 ᠳ᠋ᠦᠩᠰᠢᠭᠤᠷ ᠺᠢᠯᠣᠸᠠᠲ ᠲᠤ ᠬᠦᠷᠴᠡᠢ᠃ 2023 ᠣᠨ ᠤ ᠰᠡᠭᠦᠯᠴᠢ ᠪᠣᠯᠲᠠᠯ᠎ᠠ᠂ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠲᠣᠣᠷ ᠢ 372.9 ᠲᠦᠮᠡᠨ ᠺᠢᠯᠣᠸᠠᠲ ᠲᠤ ᠨᠡᠶᠢᠯᠡᠭᠦᠯᠪᠡ᠂ ᠡᠭᠦᠨ ᠳᠤ ᠰᠠᠯᠬᠢᠨ ᠬᠦᠴᠦᠨ ᠤ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠲᠣᠣᠷ ᠢ 307.2 ᠲᠦᠮᠡᠨ ᠺᠢᠯᠣᠸᠠᠲ ᠲᠤ ᠨᠡᠶᠢᠯᠡᠭᠦᠯᠵᠦ᠂ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠲᠣᠣᠷ ᠢ 65.7 ᠲᠦᠮᠡᠨ ᠺᠢᠯᠣᠸᠠᠲ ᠲᠤ ᠨᠡᠶᠢᠯᠡᠭᠦᠯᠪᠡ᠃ ᠨᠢᠭᠡᠨᠲᠡ 55 ᠵᠦᠢᠯ ᠤᠨ ᠠᠭᠤᠷᠬᠠᠢ ᠶᠢᠨ ᠭᠠᠷᠤᠯᠲᠠ ᠶᠢ ᠢᠯᠡᠷᠡᠭᠦᠯᠵᠦ᠂ ᠡᠭᠦᠨ ᠤ ᠳᠣᠲᠣᠷ᠎ᠠ ᠨᠡᠭᠦᠷᠡᠰᠦᠨ ᠠᠭᠤᠷᠬᠠᠢ ᠶᠢᠨ ᠡᠬᠢ ᠪᠠᠶᠠᠯᠢᠭ ᠤᠨ ᠬᠡᠮᠵᠢᠶ᠎ᠡ 7.4 ᠳ᠋ᠦᠩᠰᠢᠭᠤᠷ ᠲᠣᠨ ᠳᠤ ᠬᠦᠷᠴᠡᠢ︔ ᠠᠯᠲᠠᠨ ᠤ ᠠᠭᠤᠷᠬᠠᠢ ᠶᠢᠨ ᠬᠠᠳᠠᠭᠠᠯᠠᠯᠲᠠ ᠶᠢᠨ ᠡᠬᠢ ᠪᠠᠶᠠᠯᠢᠭ ᠤᠨ ᠬᠡᠮᠵᠢᠶ᠎ᠡ ᠨᠢ 70.8 ᠲᠣᠨ ︵ᠲᠡᠮᠦᠷᠯᠢᠭ ᠤᠨ ᠬᠡᠮᠵᠢᠶ᠎ᠡ︶︔ ᠪᠣᠷᠵᠢᠨ ᠴᠢᠯᠠᠭᠤᠯᠢᠭ ᠤᠨ ᠠᠭᠤᠷᠬᠠᠢ ᠶᠢᠨ ᠡᠬᠢ ᠪᠠᠶᠠᠯᠢᠭ ᠤᠨ ᠬᠡᠮᠵᠢᠶ᠎ᠡ ᠨᠢ ᠪᠠᠷᠤᠭ 1.7 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠨ᠎ᠠ︔ ᠳᠠᠪᠤᠰᠤᠨ ᠠᠭᠤᠷᠬᠠᠢ ᠶᠢᠨ ᠬᠠᠳᠠᠭᠠᠯᠠᠯᠲᠠ ᠶᠢᠨ ᠡᠬᠢ ᠪᠠᠶᠠᠯᠢᠭ ᠤᠨ ᠬᠡᠮᠵᠢᠶ᠎ᠡ 6881.7 ᠲᠦᠮᠡᠨ ᠲᠣᠨ ᠳᠤ ᠬᠦᠷᠴᠡᠢ︔ ᠪᠠᠯ ᠴᠢᠯᠠᠭᠤᠨ ᠤ ᠠᠭᠤᠷᠬᠠᠢ ᠶᠢᠨ ᠡᠬᠢ ᠪᠠᠶᠠᠯᠢᠭ ᠤᠨ ᠬᠡᠮᠵᠢᠶ᠎ᠡ ᠨᠢ ᠪᠠᠷᠤᠭ 1.3 ᠳ᠋ᠦᠩᠰᠢᠭᠤᠷ ᠲᠣᠨ ︵ᠬᠦᠳᠡᠷ ᠤᠨ ᠬᠡᠮᠵᠢᠶ᠎ᠡ︶︔ ᠴᠢᠯᠠᠭᠤᠨ ᠲᠤᠰᠤᠨ ᠤ ᠬᠠᠶᠢᠨ ᠲᠣᠳᠣᠯᠠᠭᠰᠠᠨ ᠬᠠᠳᠠᠭᠠᠯᠠᠭᠳᠠᠴᠠ ᠶᠢ 3505 ᠲᠦᠮᠡᠨ ᠲᠣᠨ ᠳᠤ ᠬᠦᠷᠭᠡᠵᠦ᠂ 449 ᠲᠦᠮᠡᠨ ᠲᠣᠨ ᠤ ᠬᠠᠳᠠᠭᠠᠯᠠᠭᠳᠠᠴᠠ ᠶᠢ ᠬᠢᠵᠠᠭᠠᠷᠯᠠᠨ᠎ᠠ᠃       2023 ᠣᠨ ᠳᠤ᠂ ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠠᠳᠠᠯᠢ ᠬᠤᠭᠤᠴᠠᠭᠠᠨ ᠤ ᠬᠢ ᠠᠴᠠ 7%᠎ ᠪᠠᠷ ᠨᠡᠮᠡᠭᠳᠡᠪᠡ︔ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 3.5% ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 6.3% ᠨᠡᠮᠡᠭᠳᠡᠪᠡ︔ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠎ ᠬᠢ ᠠᠴᠠ 11.7% ᠨᠡᠮᠡᠭᠳᠡᠪᠡ︔ ᠭᠤᠷᠪᠠᠨ ᠠᠵᠤ ᠦᠢᠯᠡᠰ ᠤᠨ ᠪᠦᠲᠦᠴᠡ ᠶᠢᠨ ᠬᠠᠷᠢᠴᠠᠯ ᠨᠢ 9.6᠄ 50᠄ 40.4 ᠪᠣᠯᠣᠨ᠎ᠠ᠃            
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号