ᠪᠠᠢ ᠬᠠᠢ ᠯᠢᠨ ᠠᠯᠠᠱᠠ ᠵᠡᠭᠦᠨ ᠬᠤᠰᠢᠭᠤᠨ ᠳᠤ ᠬᠦᠷᠴᠦ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/3/19
               3 ᠳ᠋ᠤᠭᠠᠷ ᠰᠠᠷ᠎ᠠ ᠶᠢᠨ 14᠎ ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠢ ᠬᠠᠢ ᠯᠢᠨ ᠨᠢᠭᠡ ᠡᠳᠦᠷ ᠤᠨ ᠴᠠᠭ ᠢ ᠠᠰᠢᠭᠯᠠᠨ᠂ ᠪᠠᠶᠠᠨᠬᠤᠲᠠ ᠪᠠᠯᠭᠠᠰᠤ ᠶᠢᠨ ᠬᠤᠲᠠ ᠪᠠᠯᠭᠠᠰᠤᠨ ᠤ ᠲᠥᠯᠦᠪᠵᠢᠭᠦᠯᠭᠡ᠂ ᠭᠠᠵᠠᠷ ᠳᠣᠣᠷᠠᠬᠢ ᠬᠤᠭᠤᠯᠠᠢ ᠶᠢᠨ ᠲᠣᠣᠷ ᠢ ᠰᠢᠯᠢᠳᠡᠭᠵᠢᠭᠦᠯᠬᠦ᠂ ᠪᠠᠶᠢᠰᠢᠩ ᠭᠡᠷ ᠤᠨ ᠲᠣᠭᠤᠷᠢᠭ ᠢ ᠥᠭᠡᠷᠡᠴᠢᠯᠡᠬᠦ᠂ ᠬᠤᠲᠠ ᠪᠠᠯᠭᠠᠰᠤᠨ ᠤ ᠵᠠᠮ ᠢ ᠳᠡᠭᠡᠭᠰᠢᠯᠡᠭᠦᠯᠬᠦ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠳᠤ ᠪᠠᠶᠢᠴᠠᠭᠠᠨ ᠰᠤᠳᠤᠯᠵᠤ᠂ ᠪᠣᠳᠠᠲᠠᠢ ᠭᠠᠵᠠᠷ ᠲᠤᠨᠢ ᠬᠦᠷᠴᠦ ᠪᠠᠶᠢᠴᠠᠭᠠᠨ᠂ ᠦᠨᠳᠦᠰᠦᠨ ᠱᠠᠲᠤ ᠳᠤ ᠰᠠᠨᠠᠭ᠎ᠠ ᠲᠠᠯᠪᠢᠵᠤ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ ᠠᠬᠢᠴᠠ ᠭᠠᠷᠭᠠᠪᠠ᠃
     ᠪᠠᠢ ᠬᠠᠢ ᠯᠢᠨ ᠠᠮᠢ ᠠᠬᠤᠢ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠰ ᠪᠣᠰᠬᠠᠬᠤ ᠬᠦᠷᠢᠶᠡᠯᠡᠩ᠂ ᠠᠯᠠᠱᠠ ᠠᠶᠢᠮᠠᠭ ᠤᠨ ᠪᠡᠶ᠎ᠡ ᠶᠢᠨ ᠲᠠᠮᠢᠷ ᠤᠨ ᠴᠡᠴᠡᠷᠯᠢᠭ᠂ ᠬᠤᠸᠠᠷᠠᠨ ᠤ ᠰᠢᠯᠢ ᠶᠢᠨ ᠠᠮᠢ ᠠᠬᠤᠢ ᠶᠢᠨ ᠴᠡᠴᠡᠷᠯᠢᠭ ᠵᠡᠷᠭᠡ ᠭᠠᠵᠠᠷ ᠲᠤ᠂ ᠲᠦᠷᠦᠯ ᠵᠦᠢᠯ ᠤᠨ ᠲᠥᠯᠦᠪᠵᠢᠭᠦᠯᠭᠡ᠂ ᠭᠠᠵᠠᠷ ᠰᠢᠷᠣᠢ ᠶᠢᠨ ᠬᠠᠩᠭᠠᠯᠭ᠎ᠠ᠂ ᠪᠠᠶᠢᠰᠢᠩ ᠭᠡᠷ ᠤᠨ ᠲᠣᠭᠤᠷᠢᠭ ᠤᠨ ᠥᠭᠡᠷᠡᠴᠢᠯᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠪᠠᠢ ᠬᠠᠢ ᠯᠢᠨ ᠠᠴᠠ᠂ ᠬᠤᠳᠠ ᠪᠠᠯᠭᠠᠰᠤᠨ ᠤ ᠲᠥᠯᠦᠪᠵᠢᠭᠦᠯᠭᠡ ᠨᠢ ᠢᠷᠡᠭᠡᠳᠦᠢ ᠶᠢᠨ ᠬᠥᠭᠵᠢᠯᠲᠡ ᠲᠠᠢ ᠬᠤᠯᠪᠣᠭᠳᠠᠨ᠎ᠠ᠂ ᠠᠯᠤᠰ ᠬᠡᠳᠤ ᠶᠢᠨ ᠬᠠᠷᠠᠴᠠ ᠶᠢ ᠪᠤᠢ ᠪᠣᠯᠭᠠᠵᠤ᠂ ᠠᠵᠤ ᠦᠢᠯᠡᠰ ᠤᠨ ᠬᠥᠭᠵᠢᠯᠲᠡ᠂ ᠦᠢᠯᠡᠳᠪᠦᠷᠢᠯᠡᠯ ᠠᠮᠢᠳᠤᠷᠠᠯ ᠤᠨ ᠠᠮᠢ ᠠᠬᠤᠢ ᠵᠡᠷᠭᠡ ᠴᠢᠳᠠᠪᠬᠢ ᠶᠢᠨ ᠡᠯᠧᠮᠧᠨ᠋ᠲ ᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠵᠦᠢ ᠵᠣᠬᠢᠰᠲᠠᠢ ᠪᠠᠶᠢᠷᠢᠰᠢᠭᠤᠯᠵᠤ᠂ ᠠᠯᠭᠠᠨ ᠴᠢᠨᠡᠭᠡᠨ ᠭᠠᠵᠠᠷ ᠢ ᠴᠤ ᠭᠦᠢᠴᠡᠳ ᠠᠰᠢᠭᠯᠠᠬᠤ ᠮᠥᠷᠲᠡᠭᠡᠨ ᠪᠠᠰᠠ ᠢᠷᠡᠭᠡᠳᠦᠢ ᠶᠢᠨ ᠬᠥᠭᠵᠢᠯᠲᠡ ᠳᠤ ᠣᠷᠣᠨ ᠵᠠᠢ ᠦᠯᠡᠳᠡᠭᠡᠬᠦ ᠬᠡᠷᠡᠭᠲᠡᠢ ᠃ ᠡᠬᠢ ᠪᠠᠶᠠᠯᠢᠭ ᠢ ᠠᠷᠪᠢᠲᠠᠢ ᠡᠷᠴᠢᠮᠯᠢᠭ᠌ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠪᠠᠷᠢᠮᠲᠠᠯᠠᠵᠤ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ᠂ ᠥᠪᠡᠰᠦᠪᠡᠨ ᠭᠡᠷ ᠪᠠᠶᠢᠰᠢᠩ ᠪᠠᠷᠢᠬᠤ ᠵᠡᠷᠭᠡ ᠬᠦᠷᠢᠶᠡᠨ ᠳᠠᠬᠢ ᠦᠯᠡᠳᠡᠭᠳᠡᠯ ᠠᠰᠠᠭᠤᠳᠠᠯ ᠢ ᠲᠦᠷᠭᠡᠪᠴᠢᠯᠡᠨ ᠰᠢᠢᠳᠪᠦᠷᠢᠯᠡᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠤᠯᠠ ᠲᠠᠯᠪᠢᠭᠳᠠᠵᠤ ᠪᠠᠶᠢᠭ᠎ᠠ ᠡᠳ᠋ ᠬᠥᠷᠥᠩᠭᠡ ᠶᠢ ᠡᠷᠭᠢᠯᠲᠡ ᠳᠤ ᠣᠷᠣᠭᠤᠯᠵᠤ᠂ ᠣᠷᠬᠢᠭᠳᠠᠵᠤ ᠬᠠᠶᠠᠭᠳᠠᠭᠰᠠᠨ ᠬᠥᠷᠥᠩᠭᠡ ᠶᠢ ᠡᠷᠭᠢᠯᠲᠡ ᠳᠤ ᠣᠷᠣᠭᠤᠯᠵᠤ᠂ ᠬᠤᠳᠠ ᠬᠥᠳᠡᠭᠡ ᠶᠢᠨ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠲᠠᠰᠤᠷᠠᠯᠳᠠ ᠦᠭᠡᠢ ᠰᠠᠶᠢᠵᠢᠷᠠᠭᠤᠯᠬᠤ ᠬᠡᠷᠡᠭᠲᠡᠢ ᠭᠡᠯ᠎ᠡ᠃      ᠰᠠᠯᠬᠢᠨ ᠬᠦᠴᠦᠨ ᠤ ᠴᠠᠬᠢᠯᠭᠠᠨ᠂ ᠬᠥᠮᠥᠨ ᠪᠣᠯᠣᠨ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠰᠠᠭᠤᠷᠢᠨ᠂ ᠢᠷᠭᠠᠢ ᠠᠴᠠ ᠪᠠᠶᠠᠨᠬᠤᠲᠠ ᠬᠦᠷᠬᠦ ᠰᠠᠯᠪᠤᠷᠢ ᠱᠤᠭᠤᠮ ᠤᠨ ᠲᠡᠮᠦᠷ ᠵᠠᠮ ᠤᠨ ᠭᠠᠯᠲᠤ ᠲᠡᠷᠭᠡᠨ ᠦᠷᠲᠡᠭᠡ᠂ ᠨᠢᠰᠬᠦ ᠣᠩᠭᠤᠴᠠᠨ ᠤ ᠰᠠᠭᠤᠷᠢᠨ ᠭᠠᠵᠠᠷ ᠤᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠪᠠᠢ ᠬᠠᠢ ᠯᠢᠨ ᠠᠴᠠ᠂ ᠲᠦᠷᠦᠯ ᠵᠦᠢᠯ ᠤᠨ ᠲᠥᠯᠦᠪᠵᠢᠭᠦᠯᠭᠡ᠂ ᠠᠵᠢᠯ ᠢᠶᠠᠨ ᠡᠬᠢᠯᠡᠭᠦᠯᠦᠭᠰᠡᠨ ᠪᠠ ᠪᠦᠲᠦᠭᠡᠨ ᠪᠠᠶᠢᠭᠤᠯᠤᠯᠲᠠ ᠶᠢᠨ ᠠᠬᠢᠴᠠ ᠵᠡᠷᠭᠡ ᠪᠠᠶᠢᠳᠠᠯ ᠢ ᠨᠠᠷᠢᠨ ᠬᠢᠨᠠᠮᠠᠭᠠᠢ ᠠᠰᠠᠭᠤᠨ ᠯᠠᠪᠯᠠᠵᠤ᠂ ᠠᠵᠤ ᠠᠬᠤᠶᠢᠯᠠᠯ ᠤᠨ ᠳᠤᠷᠠᠳᠤᠭᠰᠠᠨ ᠬᠦᠴᠢᠷ ᠠᠰᠠᠭᠤᠳᠠᠯ ᠳᠤ ᠴᠢᠭᠯᠡᠭᠦᠯᠦᠨ᠂ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠨᠠᠷᠢᠨ ᠬᠢᠨᠠᠮᠠᠭᠠᠢ ᠰᠤᠳᠤᠯᠵᠤ᠂ ᠱᠠᠯᠠᠪᠳᠠᠨ ᠰᠢᠢᠳᠪᠦᠷᠢᠯᠡᠬᠦ ᠬᠡᠷᠡᠭᠲᠡᠢ᠃ ᠶᠠᠮᠠᠷ ᠲᠦᠷᠦᠯ ᠵᠦᠢᠯ ᠬᠢᠭᠰᠡᠨ ᠴᠦ ᠠᠮᠤᠷ ᠲᠦᠪᠰᠢᠨ ᠤ ᠪᠣᠭᠤᠮᠲᠠ ᠪᠣᠯᠣᠨ ᠴᠢᠨᠠᠷ ᠴᠢᠨᠰᠠᠭ᠎ᠠ ᠶᠢᠨ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠢ᠃ ᠡᠯ᠎ᠡ ᠠᠵᠤ ᠠᠬᠤᠶᠢᠯᠠᠯ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠠᠯᠠᠱᠠ ᠵᠡᠭᠦᠨ ᠬᠤᠰᠢᠭᠤᠨ ᠤ ᠬᠢᠨ ᠬᠠᠷᠢᠶ᠎ᠠ ᠣᠷᠣᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠣᠯᠣᠯᠴᠠᠭ᠎ᠠ ᠪᠠᠨ ᠴᠢᠩᠭᠠᠳᠬᠠᠵᠤ᠂ ᠵᠢᠯᠣᠭᠤᠳᠤᠯᠭ᠎ᠠ ᠪᠠᠨ ᠰᠠᠶᠢᠲᠤᠷ ᠬᠢᠵᠦ᠂ ᠲᠦᠷᠦᠯ ᠵᠦᠢᠯ ᠨᠢᠭᠡᠪᠦᠷᠢ ᠶᠢ ᠦᠨᠡᠨᠬᠦ ᠴᠢᠨᠠᠷ ᠴᠢᠨᠰᠠᠭ᠎ᠠ ᠶᠢᠨ ᠢᠨᠵᠧᠨᠧᠷᠢᠩ ᠪᠣᠯᠭᠠᠨ ᠪᠦᠲᠦᠭᠡᠨ ᠪᠠᠶᠢᠭᠤᠯᠵᠤ᠂ ᠠᠯᠠᠱᠠ ᠵᠡᠭᠦᠨ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠨᠡᠩ ᠤᠯᠠᠨ ᠬᠥᠳᠡᠯᠭᠡᠬᠦ ᠬᠦᠴᠦᠨ ᠨᠡᠮᠡᠷᠢᠯᠡᠬᠦ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃      
 
ᠢᠷᠡᠯᠲᠡ᠄ ᠠᠯᠠᠱᠠ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号