︽ᠭᠤᠷᠪᠠ ᠶᠢ ᠠᠳᠬᠤᠵᠤ ᠭᠤᠷᠪᠠ ᠶᠢ ᠠᠳᠠᠯᠢᠳᠬᠠᠬᠤ ᠭᠤᠷᠪᠠ ᠶᠢ ᠳᠡᠭᠡᠭᠰᠢᠯᠡᠭᠦᠯᠦᠨ ᠡᠭᠦᠷᠭᠡᠯᠡᠯ ᠢᠶᠠᠨ ᠳᠡᠭᠡᠭᠰᠢᠯᠡᠭᠦᠯᠵᠦ ᠬᠥᠭᠵᠢᠯᠲᠡ ᠶᠢ ᠠᠬᠢᠭᠤᠯᠬᠤ︾ ᠨᠡᠶᠢᠲᠡᠯᠢᠭ ᠵᠢᠱᠢᠶ᠎ᠡ
ᠨᠡᠶᠢᠲᠡᠯᠡᠭᠰᠡᠨ ᠴᠠᠭ᠄
2024/3/19
      ᠰᠡᠳᠬᠢᠯ ᠢᠶᠠᠨ ᠨᠢᠭᠡᠳᠬᠡᠨ ᠰᠦᠭ ᠰᠦᠨᠡᠰᠦ ᠶᠢ ᠱᠤᠭᠤᠵᠤ ᠦᠨᠳᠦᠰᠦᠨ ᠵᠦᠢᠯ ᠢ ᠪᠠᠲᠤᠳᠬᠠᠬᠤ᠂ ᠵᠠᠩ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ ᠦᠨᠡᠨᠴᠢ ᠰᠢᠳᠤᠷᠭᠤ ᠶᠢ ᠴᠢᠩᠭᠠᠳᠬᠠᠬᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠪᠠᠷ ᠬᠥᠭᠵᠢᠯᠲᠡ ᠶᠢ ᠠᠬᠢᠭᠤᠯᠬᠤ᠂ ᠵᠣᠷᠢᠯᠲᠠ ᠪᠠᠨ ᠦᠢᠯᠡᠳᠦᠯᠭᠡᠵᠢᠭᠦᠯᠵᠦ ᠠᠷᠠᠳ ᠲᠤ ᠪᠤᠶᠠᠨ ᠦᠢᠯᠡᠳᠬᠦ᠂ ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠵᠦ ᠰᠢᠨ᠎ᠡ ᠰᠤᠷᠲᠠᠯ ᠢ ᠪᠤᠢ ᠪᠣᠯᠭᠠᠬᠤ ᠪᠣᠳᠠᠲᠠᠢ ᠬᠠᠷᠠᠯᠲᠠ ᠶᠢ ᠪᠡᠶᠡᠯᠡᠭᠦᠯᠬᠦ ᠶᠢ ᠪᠠᠲᠤᠯᠠᠬᠤ ᠶᠢᠨ ᠲᠥᠯᠥᠭᠡ᠂ ᠠᠯᠠᠱᠠ ᠵᠡᠭᠦᠨ ᠬᠤᠰᠢᠭᠤ ᠨᠢ ᠪᠥᠬᠦ ᠬᠤᠰᠢᠭᠤᠨ ᠤ ᠬᠡᠪᠴᠢᠶᠡᠨ ᠳᠤ ︽ᠭᠤᠷᠪᠠ ᠶᠢ ᠠᠳᠬᠤᠵᠤ ᠭᠤᠷᠪᠠ ᠶᠢ ᠠᠳᠠᠯᠢᠳᠬᠠᠬᠤ ᠭᠤᠷᠪᠠ ᠶᠢ ᠳᠡᠭᠡᠭᠰᠢᠯᠡᠭᠦᠯᠦᠨ ᠡᠭᠦᠷᠭᠡᠯᠡᠯ ᠢᠶᠠᠨ ᠳᠡᠭᠡᠭᠰᠢᠯᠡᠭᠦᠯᠵᠦ ᠬᠥᠭᠵᠢᠯᠲᠡ ᠶᠢ ᠠᠬᠢᠭᠤᠯᠬᠤ︾ ᠨᠡᠶᠢᠲᠡᠯᠢᠭ ᠵᠢᠱᠢᠶ᠎ᠡ ᠰᠣᠩᠭᠤᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠡᠯ᠎ᠡ ᠨᠢᠭᠡᠴᠡ᠂ ᠰᠠᠯᠠᠭ᠎ᠠ ᠮᠥᠴᠢᠷ ᠢ ᠬᠥᠲᠥᠯᠥᠨ ᠵᠢᠯᠤᠭᠤᠳᠴᠤ ᠪᠠᠶᠢᠭᠠᠳ ᠰᠠᠨᠠᠭᠠᠴᠢᠯᠠᠭ᠎ᠠ ᠠᠴᠠ ᠪᠠᠨ ᠲᠥᠷᠥᠯ ᠵᠦᠢᠯ ᠢᠶᠠᠨ ᠢᠯᠡ ᠪᠣᠯᠭᠠᠬᠤ᠂ ᠦᠢᠯᠡᠴᠢᠯᠡᠭᠡ ᠪᠠᠨ ᠢᠯᠡ ᠪᠣᠯᠭᠠᠬᠤ ᠦᠷ᠎ᠡ ᠪᠦᠲᠦᠮᠵᠢ ᠪᠠᠨ ᠢᠯᠡ ᠪᠣᠯᠭᠠᠵᠤ᠂ ᠠᠳᠠᠯᠢᠳᠬᠠᠨ ᠰᠤᠷᠤᠯᠴᠠᠵᠤ ᠬᠥᠭᠡᠭᠡᠵᠦ ᠭᠦᠢᠴᠡᠨ ᠳᠠᠪᠠᠵᠤ ᠭᠠᠷᠬᠤ᠂ ᠲᠡᠷᠢᠭᠦᠨ ᠳᠤ ᠣᠷᠣᠬᠤ ᠪᠠᠷ ᠴᠢᠷᠮᠠᠶᠢᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠠᠢ᠃ ᠵᠣᠬᠢᠶᠠᠨ ᠪᠠᠶᠢᠭᠤᠯᠤᠨ ᠲᠠᠨᠢᠯᠴᠠᠭᠤᠯᠬᠤ᠂ ᠲᠥᠪᠯᠡᠷᠡᠭᠦᠯᠦᠨ ᠰᠢᠯᠭᠠᠷᠠᠭᠤᠯᠬᠤ᠂ ᠰᠠᠨᠠᠯ ᠬᠤᠷᠢᠶᠠᠬᠤ᠂ ᠶᠠᠷᠢᠯᠴᠠᠨ ᠵᠥᠪᠳᠡᠬᠦ ᠰᠠᠭᠤᠷᠢᠨ ᠳᠡᠭᠡᠷ᠎ᠡ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠴᠦᠯᠯᠡᠷᠭᠡᠭᠵᠢᠯ ᠢ ᠵᠠᠰᠠᠬᠤ᠂ ᠥᠷᠢ ᠥᠭᠴᠡᠭᠡ ᠶᠢ ᠠᠷᠢᠯᠭᠠᠬᠤ ᠵᠡᠷᠭᠡ ᠭᠤᠣᠯᠳᠠᠯᠭ᠎ᠠ ᠲᠠᠢ ᠡᠭᠦᠷᠭᠡ ᠶᠢᠨ ᠳᠤᠮᠳᠠ ᠴᠣᠯᠭᠤᠷᠠᠨ ᠭᠠᠷᠤᠭᠰᠠᠨ ᠬᠦᠴᠢᠷ ᠢ ᠰᠥᠷᠦᠨ ᠤᠷᠤᠭᠰᠢᠯᠠᠬᠤ᠂ ᠵᠠᠮ ᠨᠡᠭᠡᠭᠡᠨ ᠤᠷᠤᠭᠰᠢᠯᠠᠬᠤ᠂ ᠪᠣᠳᠠᠲᠠᠢ ᠪᠠᠷ ᠴᠠᠭᠠᠷᠠᠭᠰᠠᠨ᠂ ᠰᠤᠷᠲᠠᠯ ᠢᠶᠠᠷ ᠰᠢᠯᠢᠳᠡᠭ ᠰᠠᠶᠢᠨ᠂ ᠢᠯᠡᠷᠡᠯ ᠢᠶᠠᠷ ᠲᠣᠪᠣᠶᠢᠮ᠎ᠠ ᠨᠢᠭᠡ ᠪᠦᠯᠦᠭ ᠬᠠᠮᠲᠤ ᠨᠡᠶᠢᠲᠡ ᠪᠠ ᠬᠤᠪᠢ ᠬᠥᠮᠥᠨ ᠢ ᠰᠣᠩᠭᠤᠨ ᠭᠠᠷᠭᠠᠪᠠ᠃ ᠣᠳᠣᠬᠠᠨ ᠳᠤ᠂ 20 ᠬᠠᠮᠲᠤ ᠨᠡᠶᠢᠲᠡ᠂ 60 ᠬᠤᠪᠢ ᠬᠥᠮᠥᠨ ᠢᠷᠠᠭᠤ ᠠᠯᠳᠠᠷ ᠤᠨ ᠰᠠᠮᠪᠠᠷ᠎ᠠ ᠳᠤ ᠲᠣᠳᠣᠷᠠᠵᠤ ᠪᠠᠶᠢᠨ᠎ᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号