ᠡᠾᠧ ᠱᠤ᠋ ᠶᠢᠩ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠴᠢᠷᠮᠠᠶᠢᠨ ᠲᠡᠮᠡᠴᠡᠭᠴᠢ ᠪᠣᠯᠣᠶ᠎ᠠ
ᠨᠡᠶᠢᠲᠡᠯᠡᠭᠰᠡᠨ ᠴᠠᠭ᠄
2024/3/19
               ᠡᠾᠧ ᠱᠤ᠋ ᠶᠢᠩ 2021 ᠣᠨ ᠳᠤ ᠲᠣᠰᠬᠤᠨ ᠤ ᠠᠷᠠᠳ ᠲᠤ ᠳ᠋ᠦᠩ ᠭᠤᠸᠠᠨ ᠲᠤᠰᠬᠤᠨ ᠤ ᠨᠠᠮ ᠤᠨ ᠡᠭᠦᠷ ᠤᠨ ᠱᠦᠵᠢ ᠪᠠᠷ ᠰᠣᠩᠭᠤᠭᠳᠠᠭᠰᠠᠨ ᠠᠴᠠ ᠨᠠᠰᠢ᠂ ᠬᠠᠮᠤᠭ ᠤᠨ ᠲᠦᠷᠦᠭᠦᠨ ᠳᠤ ᠳ᠋ᠦᠩ ᠭᠤᠸᠠᠨ ᠲᠤᠰᠬᠤᠨ ᠤ ᠤᠳᠤ ᠶᠢᠨ ᠪᠠᠶᠢᠭ᠎ᠠ ᠬᠠᠮᠲᠤ ᠶᠢᠨ ᠡᠳ᠋ ᠬᠥᠷᠥᠩᠭᠡ ᠶᠢᠨ ᠡᠬᠢ ᠪᠠᠶᠠᠯᠢᠭ ᠢ ᠬᠡᠷᠬᠢᠨ ᠠᠮᠢᠯᠠᠭᠤᠯᠵᠤ᠂ ᠲᠣᠰᠬᠤᠨ ᠤ ᠬᠠᠮᠲᠤ ᠶᠢᠨ ᠣᠷᠣᠯᠭ᠎ᠠ ᠶᠢ ᠨᠡᠮᠡᠭᠳᠡᠭᠦᠯᠬᠦ ᠪᠠᠷ ᠲᠥᠯᠥᠪᠵᠢᠭᠦᠯᠵᠦ᠂ ᠲᠣᠰᠬᠤᠨ ᠤ ᠠᠷᠠᠳ ᠲᠤ ᠨᠡᠩ ᠤᠯᠠᠨ ᠠᠰᠢᠭ ᠣᠷᠣᠯᠭ᠎ᠠ ᠣᠯᠭᠤᠵᠠᠢ᠃ ᠪᠠᠶᠢᠴᠠᠭᠠᠨ ᠰᠤᠳᠤᠯᠤᠯᠲᠠ ᠬᠢᠬᠦ ᠪᠠᠷ ᠲᠠᠮᠵᠢᠨ᠂ ᠡᠾᠧ ᠱᠤ᠋ ᠶᠢᠩ ᠲᠤᠰ ᠲᠣᠰᠬᠤᠨ ᠤ ᠪᠠᠨ ᠤᠳᠤ ᠪᠠᠶᠢᠭ᠎ᠠ ᠡᠳ᠋ ᠬᠥᠷᠥᠩᠭᠡ᠂ ᠡᠬᠢ ᠪᠠᠶᠠᠯᠢᠭ ᠲᠤ ᠰᠠᠭᠤᠷᠢᠯᠠᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠬᠢᠬᠦ ᠪᠠᠷ ᠲᠣᠭᠲᠠᠵᠠᠢ᠃ ᠰᠢᠨᠬᠤᠸᠠ ᠵᠡᠭᠡᠯᠢ ᠶᠢᠨ ᠬᠤᠶᠠᠷ ᠳᠡᠯᠭᠡᠭᠦᠷ ᠤᠨ ᠠᠰᠠᠷ ᠢ ᠭᠠᠳᠠᠭᠰᠢ ᠲᠦᠷᠢᠶᠡᠰᠦᠯᠡᠭᠦᠯᠬᠦ᠂ ᠪᠠᠷᠠᠭᠤᠨ ᠪᠡᠯ ᠳᠤ ᠪᠠᠶᠢᠭ᠎ᠠ ᠬᠠᠮᠲᠤ ᠶᠢᠨ ᠲᠠᠷᠢᠶᠠᠨ ᠭᠠᠵᠠᠷ ᠢ ᠭᠠᠳᠠᠭᠰᠢ ᠳᠠᠭᠠᠭᠠᠴᠢᠯᠠᠭᠤᠯᠬᠤ᠂ ᠤᠰᠤᠨ ᠴᠥᠭᠦᠷᠥᠮ᠂ ᠬᠡᠳᠦ ᠳᠡᠯᠭᠡᠭᠦᠷ᠂ ᠡᠮᠨᠡᠯᠭᠡ ᠶᠢᠨ ᠲᠠᠰᠤᠭ ᠢ ᠲᠦᠷᠢᠶᠡᠰᠦᠯᠡᠭᠦᠯᠬᠦ ᠵᠢᠴᠢ ᠬᠠᠮᠲᠤ ᠶᠢᠨ ᠪᠡᠯᠡ ᠮᠥᠩᠭᠦ ᠶᠢ ᠪᠠᠩᠬᠢ ᠳᠤ ᠬᠠᠳᠠᠭᠠᠯᠠᠵᠤ ᠬᠦᠦ ᠮᠥᠩᠭᠦ ᠣᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠨᠡᠶᠢᠳᠡ ᠵᠢᠯ ᠪᠦᠷᠢ 80 ᠭᠠᠷᠤᠢ ᠲᠦᠮᠡᠨ ᠲᠥᠭᠦᠷᠢᠭ ᠨᠡᠮᠡᠭᠳᠡᠭᠦᠯᠵᠡᠢ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号