ᠠᠯᠠᠱᠠ ᠵᠡᠭᠦᠨ ᠬᠤᠰᠢᠭᠤ᠄ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠳᠤ ᠰᠠᠭᠤᠷᠢᠯᠠᠨ ᠰᠠᠨᠠᠭ᠎ᠠ ᠠᠮᠤᠷ ᠬᠡᠷᠡᠭᠯᠡᠭᠡᠨ ᠤ ᠵᠢᠱᠢᠶ᠎ᠡ ᠦᠵᠡᠭᠦᠯᠬᠦ ᠬᠤᠳᠠᠯᠳᠤᠭᠠᠨ ᠤ ᠲᠣᠭᠤᠷᠢᠭ ᠢ ᠴᠣᠭᠴᠠᠯᠠᠵᠤ ᠪᠣᠢ
ᠨᠡᠶᠢᠲᠡᠯᠡᠭᠰᠡᠨ ᠴᠠᠭ᠄
2024/3/19
         ᠮᠠᠨ ᠤ ᠬᠤᠰᠢᠭᠤᠨ ᠤ ᠨᠡᠯᠢᠶᠡᠳ ᠲᠣᠮᠣ ᠶᠡᠷᠦᠩᠬᠡᠶᠢᠯᠡᠭᠰᠡᠨ ᠴᠢᠨᠠᠷᠲᠠᠢ ᠬᠤᠳᠠᠯᠳᠤᠭᠠᠨ ᠤ ᠲᠣᠭᠤᠷᠢᠭ ᠪᠣᠯᠤᠭᠰᠠᠨ ᠤ ᠬᠤᠪᠢ ᠳᠤ᠂ ᠲᠢᠶᠠᠨ ᠱᠧᠩ ᠠᠭᠤᠳᠠᠮ ᠲᠠᠯᠠᠪᠠᠶ ᠶᠢᠨ ᠰᠠᠨᠠᠭ᠎ᠠ ᠠᠮᠤᠷ ᠬᠡᠷᠡᠭᠯᠡᠭᠡᠨ ᠤ ᠵᠢᠱᠢᠶ᠎ᠡ ᠦᠵᠡᠭᠦᠯᠬᠦ ᠬᠤᠳᠠᠯᠳᠤᠭᠠᠨ ᠤ ᠲᠣᠭᠤᠷᠢᠭ ᠲᠤ ᠣᠲᠣ 60 ᠭᠠᠷᠤᠢ ᠬᠤᠳᠠᠯᠳᠤᠭᠠᠨ ᠤ ᠡᠷᠦᠬᠡ᠂ ᠶᠡᠷᠦᠩᠬᠡᠶᠢᠯᠡᠭᠰᠡᠨ ᠴᠢᠨᠠᠷᠲᠠᠢ ᠬᠡᠲᠦ ᠳᠡᠯᠭᠡᠭᠦᠷ ᠪᠣᠶ᠃ ᠰᠢᠨ ᠯᠢᠶᠠᠨ ᠰᠢᠨ ᠬᠡᠲᠦ ᠳᠡᠯᠭᠡᠭᠦᠷ ᠨᠢ ᠬᠤᠳᠠᠯᠳᠤᠭᠠᠨ ᠤ ᠲᠣᠭᠤᠷᠢᠭ ᠤᠨ ᠵᠢᠱᠢᠶ᠎ᠡ ᠦᠵᠡᠭᠦᠯᠬᠦ ᠨᠢᠭᠡᠴᠡ ᠪᠣᠯᠤᠭᠰᠠᠨ ᠤ ᠬᠤᠪᠢ ᠳᠤ᠂ ︽ᠬᠥᠮᠥᠰ ᠤᠨ ᠦᠢᠯᠡᠴᠢᠯᠡᠭᠡ ᠳᠤ ᠬᠠᠨᠤᠮᠵᠢ ᠦᠭᠡᠢ᠂ ᠲᠠᠸᠠᠷ ᠤᠨ ᠦᠨ᠎ᠡ ᠬᠠᠩᠰᠢ ᠳᠤ ᠬᠠᠨᠤᠮᠵᠢ ᠦᠭᠡᠢ᠂ ᠦᠢᠯᠡᠳᠬᠦᠨ ᠤ ᠰᠢᠨ᠎ᠡ ᠰᠣᠷᠭᠤᠭ ᠲᠤ ᠬᠠᠨᠤᠮᠵᠢ ᠦᠭᠡᠢ ᠪᠠᠶᠢᠪᠠᠯ ᠴᠥᠮ ᠪᠠᠷᠠᠭ᠎ᠠ ᠶᠢ ᠪᠤᠴᠠᠭᠠᠬᠤ ᠰᠢᠯᠲᠠᠭᠠᠨ ᠦᠭᠡᠢ ᠪᠠᠷ ᠰᠣᠯᠢᠵᠤ ᠪᠣᠯᠬᠤ︾ ᠵᠠᠷᠴᠢᠮ ᠳᠤ ᠲᠦᠰᠢᠭᠯᠡᠨ᠂ ᠰᠠᠭᠤᠭᠠᠯᠢ ᠠᠷᠠᠳ ᠤᠨ ᠮᠠᠭᠲᠠᠭᠠᠯ ᠰᠠᠶᠢᠰᠢᠶᠠᠯ ᠢ ᠣᠯᠣᠭᠰᠠᠨ ᠪᠠᠶᠢᠨ᠎ᠠ᠃
     ᠮᠠᠨ ᠤ ᠬᠤᠰᠢᠭᠤ ᠰᠠᠨᠠᠭ᠎ᠠ ᠠᠮᠤᠷ ᠬᠡᠷᠡᠭᠯᠡᠭᠡᠨ ᠤ ᠵᠢᠱᠢᠶ᠎ᠡ ᠦᠵᠡᠭᠦᠯᠬᠦ ᠬᠤᠳᠠᠯᠳᠤᠭᠠᠨ ᠤ ᠲᠣᠭᠤᠷᠢᠭ ᠢ ᠪᠠᠶᠢᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠬᠡᠷᠡᠭᠯᠡᠭᠡᠨ ᠤ ᠬᠠᠩᠭᠠᠯᠭ᠎ᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠵᠤ᠂ ᠬᠡᠷᠡᠭᠯᠡᠭᠡᠨ ᠤ ᠣᠷᠴᠢᠨ ᠲᠣᠭᠤᠷᠢᠨ ᠰᠢᠯᠢᠳᠡᠭ᠂ ᠵᠢᠱᠢᠶ᠎ᠡ ᠦᠵᠡᠭᠦᠯᠬᠦ ᠦᠢᠯᠡᠳᠦᠯ ᠢᠶᠠᠷ ᠰᠠᠶᠢᠨ᠂ ᠨᠡᠶᠢᠭᠡᠮ ᠤᠨ ᠨᠥᠯᠥᠭᠡ ᠪᠠᠷ ᠥᠷᠭᠡᠨ᠂ ᠪᠣᠯᠪᠠᠰᠤᠨ ᠤ ᠬᠡᠮᠵᠢᠶ᠎ᠡ ᠪᠠᠷ ᠥᠨᠳᠥᠷ ᠵᠢᠱᠢᠶ᠎ᠡ ᠦᠵᠡᠭᠦᠯᠬᠦ ᠬᠤᠳᠠᠯᠳᠤᠭᠠᠨ ᠤ ᠲᠣᠭᠤᠷᠢᠭ ᠢ ᠪᠣᠶ ᠪᠣᠯᠭᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠡᠷᠡᠭᠯᠡᠭᠴᠢᠳ ᠤᠨ ᠬᠦᠰᠡᠯ ᠱᠠᠭᠠᠷᠳᠠᠯᠭ᠎ᠠ ᠪᠠᠨ ᠢᠯᠡᠳᠬᠡᠬᠦ᠂ ᠡᠷᠬᠡ ᠠᠰᠢᠭ ᠢᠶᠠᠨ ᠬᠠᠮᠠᠭᠠᠯᠠᠬᠤ ᠪᠠ ᠵᠥᠷᠢᠴᠡᠯ ᠢ ᠠᠷᠢᠯᠭᠠᠬᠤ ᠨᠠᠩ ᠳᠥᠭᠦᠮ ᠳᠥᠲᠡ ᠥᠨᠳᠥᠷ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠬᠡᠷᠡᠭᠯᠡᠭᠡᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠭᠰᠠᠨ ᠪᠠᠶᠢᠨ᠎ᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号