ᠢᠩᠭᠡᠨ ᠰᠤᠮᠤ
ᠨᠡᠶᠢᠲᠡᠯᠡᠭᠰᠡᠨ ᠴᠠᠭ᠄
2024/3/19
         ᠢᠩᠭᠡᠨ ᠰᠤᠮᠤ ᠪᠣᠯ ᠠᠯᠠᠱᠠ ᠵᠡᠭᠦᠨ ᠬᠤᠰᠢᠭᠤᠨ ᠤ ᠬᠤᠶᠢᠲᠤ ᠪᠡᠶ᠎ᠡ ᠳᠤ ᠪᠠᠶᠢᠷᠢᠯᠠᠵᠤ᠂ ᠵᠡᠭᠦᠨᠰᠢ ᠪᠠᠨ ᠣᠯᠠᠨᠪᠤᠯᠠᠭ ᠪᠠᠯᠭᠠᠰᠤ᠂ ᠤᠷᠠᠳ ᠤᠨ ᠬᠤᠶᠢᠲᠤ ᠬᠤᠰᠢᠭᠤ ᠲᠠᠢ ᠵᠠᠯᠭᠠᠯᠳᠤᠵᠤ᠂ ᠡᠮᠦᠨᠡᠰᠢ ᠪᠠᠨ ᠵᠢᠷᠠᠲᠠᠢ ᠪᠠᠯᠭᠠᠰᠤ ᠲᠠᠢ ᠵᠠᠯᠭᠠᠯᠳᠤᠵᠤ᠂ ᠪᠠᠷᠠᠭᠤᠨᠰᠢ ᠪᠠᠨ ᠥᠯᠵᠡᠢ ᠰᠤᠮᠤ ᠲᠠᠢ ᠬᠥᠷᠰᠢᠯᠡᠵᠦ᠂ ᠤᠮᠠᠷᠠᠰᠢ ᠪᠠᠨ ᠮᠣᠩᠭᠤᠯ ᠤᠯᠤᠰ ᠲᠠᠢ ᠵᠠᠬ᠎ᠠ ᠨᠡᠶᠢᠯᠡᠵᠦ᠂ ᠶᠡᠷᠦᠩᠬᠡᠢ ᠲᠠᠯᠠᠪᠠᠢ ᠨᠢ 6573 ᠲᠡᠭᠰᠢ ᠳᠥᠷᠪᠡᠯᠵᠢᠨ ᠺᠢᠯᠤᠮᠥᠲᠷ ᠲᠤ ᠬᠦᠷᠴᠦ᠂ ᠬᠢᠯᠢ ᠶᠢᠨ ᠱᠤᠭᠤᠮ ᠤᠨ ᠤᠷᠳᠤ ᠨᠢ 103.69 ᠺᠢᠯᠤᠮᠥᠲᠷ ᠲᠤ ᠬᠦᠷᠴᠡᠢ᠃ ᠪᠦᠬᠦ ᠰᠤᠮᠤ 382 ᠡᠷᠦᠬᠡ᠂ 984 ᠬᠥᠮᠥᠨ ᠪᠠᠶᠢᠨ᠎ᠠ᠃ ᠮᠣᠩᠭᠤᠯ ᠦᠨᠳᠦᠰᠦᠲᠡᠨ ᠤ ᠬᠥᠮᠥᠨ ᠠᠮᠠ 88%  ᠎ ᠶᠢ ᠡᠵᠡᠯᠡᠳᠡᠭ᠃
     2022 ᠣᠨ ᠳᠤ ᠮᠠᠯᠴᠢᠳ ᠤᠨ ᠬᠥᠮᠥᠨ ᠪᠦᠷᠢ ᠶᠢᠨ ᠳᠤᠮᠳᠠᠴᠢ ᠴᠡᠪᠡᠷ ᠣᠷᠣᠯᠭ᠎ᠠ 2.5 ᠲᠦᠮᠡᠨ ᠲᠥᠭᠦᠷᠢᠭ ᠲᠤ ᠬᠥᠷᠪᠡ᠃ 2022 ᠣᠨ ᠳᠤ ᠡᠯ᠎ᠡ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠨᠡᠶᠢᠲᠡ ᠣᠷᠣᠯᠭ᠎ᠠ ᠨᠢ ᠴᠥᠮ 10 ᠲᠦᠮᠡᠨ ᠲᠥᠭᠦᠷᠢᠭ ᠠᠴᠠ ᠳᠡᠭᠡᠭᠰᠢ ᠳᠤ ᠬᠥᠷᠪᠡ᠃ 2021 ᠣᠨ ᠳᠤ ᠡᠳ᠋ ᠤᠨ ᠵᠠᠰᠠᠭ ᠤᠨ ᠣᠷᠣᠯᠭ᠎ᠠ ᠶᠢ 117 ᠲᠦᠮᠡᠨ ᠲᠥᠭᠦᠷᠢᠭ ᠪᠡᠶᠡᠯᠡᠭᠦᠯᠵᠦ᠂ ᠮᠠᠯ ᠤᠨ ᠲᠤᠭ᠎ᠠ ᠲᠣᠯᠣᠭᠠᠢ 49335 ᠬᠦᠷᠴᠦ᠂ ᠡᠭᠦᠨ ᠳᠤ ᠲᠡᠮᠡᠭᠡ 4301᠂ ᠬᠤᠨᠢ 44963᠂ ᠦᠬᠡᠷ ᠮᠣᠷᠢ 71 ᠪᠠᠶᠢᠨ᠎ᠠ᠃ ᠰᠤᠮᠤ ᠶᠢᠨ ᠨᠠᠮ ᠤᠨ ᠬᠤᠷᠢᠶ᠎ᠠ ᠳᠤ ᠨᠡᠶᠢᠲᠡ 4 ᠨᠠᠮ ᠤᠨ ᠡᠭᠦᠷ ᠪᠣᠶ᠂ ᠡᠭᠦᠨ ᠳᠤ ᠭᠠᠴᠠᠭᠠᠨ ᠤ ᠨᠠᠮ ᠤᠨ ᠡᠭᠦᠷ 3᠂ ᠪᠠᠶᠢᠭᠤᠯᠭ᠎ᠠ ᠶᠢᠨ ᠨᠠᠮ ᠤᠨ ᠡᠭᠦᠷ 1᠂ ᠨᠡᠶᠢᠲᠡ 94 ᠨᠠᠮ ᠤᠨ ᠭᠡᠰᠢᠭᠦᠨ ᠲᠠᠢ᠃         ᠢᠩᠭᠡᠨ ᠰᠤᠮᠤ ᠪᠣᠯ ᠠᠯᠠᠱᠠ ᠶᠢᠨ ᠬᠠᠴᠢᠨ ᠴᠢᠯᠠᠭᠤᠨ ᠤ ᠭᠤᠣᠯ ᠭᠠᠷᠤᠯᠲᠠ ᠶᠢᠨ ᠣᠷᠣᠨ ᠤ ᠨᠢᠭᠡ ᠪᠠᠶᠢᠵᠤ᠂ ᠬᠠᠴᠢᠨ ᠴᠢᠯᠠᠭᠤᠨ ᠤ ᠲᠥᠷᠥᠯ ᠵᠦᠢᠯ ᠮᠠᠰᠢ ᠣᠯᠠᠨ ᠪᠠᠶᠢᠵᠤ᠂ ᠬᠤᠷᠢᠶᠠᠨ ᠬᠠᠳᠠᠭᠠᠯᠠᠬᠤ ᠦᠨ᠎ᠡ ᠥᠷᠲᠡᠭ ᠢᠶᠠᠷ ᠲᠤᠶᠢᠯ ᠤᠨ ᠶᠡᠭᠡ ᠪᠠᠶᠢᠳᠠᠭ᠃           2022 ᠣᠨ ᠳᠤ᠂ ᠴᠤᠭᠯᠠᠭ᠎ᠠ ᠮᠠᠶᠢᠮᠠᠢ ᠳᠤ ᠠᠩᠬ᠎ᠠ ᠤᠳᠠᠭ᠎ᠠ ᠴᠠᠬᠢᠮ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢ ᠨᠡᠮᠡᠵᠦ᠂ ᠴᠤᠭᠯᠠᠭ᠎ᠠ ᠮᠠᠶᠢᠮᠠᠢ ᠶᠢᠨ ᠲᠤᠬᠠᠢ ᠶᠢᠨ ᠲᠠᠯᠠᠪᠠᠢ᠂ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠬᠦᠷ ᠬᠥᠭᠵᠢᠶᠡᠨ ᠲᠠᠢ ᠶᠠᠪᠤᠭᠳᠠᠵᠤ᠂ ᠭᠠᠭᠴᠠ ᠲᠠᠯᠠᠪᠠᠢ ᠶᠢᠨ ᠰᠢᠭᠤᠳ ᠨᠡᠪᠲᠡᠷᠡᠭᠦᠯᠭᠡ ᠶᠢᠨ ᠪᠣᠷᠤᠯᠠᠭᠤᠯᠭ᠎ᠠ ᠶᠢᠨ ᠬᠡᠮᠵᠢᠶ᠎ᠡ 4 ᠲᠦᠮᠡ ᠭᠠᠷᠤᠢ ᠲᠥᠭᠦᠷᠢᠭ ᠲᠤ ᠬᠦᠷᠴᠡᠢ᠃ ᠢᠩᠭᠡᠨ ᠰᠤᠮᠤ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ + ᠰᠦᠯᠵᠢᠶᠡᠨ ᠭᠠᠳᠠᠨᠠᠬᠢ ᠴᠤᠭᠯᠠᠭ᠎ᠠ ᠮᠠᠶᠢᠮᠠᠢ ᠶᠢᠨ ᠬᠡᠯᠪᠡᠷᠢ ᠪᠠᠷ ᠮᠠᠯᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃       ᠬᠤᠷᠰᠢᠶ᠎ᠠ ᠪᠠᠶᠢᠭᠤᠯᠤᠭᠳᠠᠭᠰᠠᠨ ᠠᠴᠠ ᠨᠠᠰᠢ᠂ ᠲᠤᠬᠠᠢ ᠶᠢᠨ ᠭᠠᠵᠠᠷ ᠤᠨ ᠠᠮᠢᠳᠤ ᠮᠠᠯ᠂ ᠮᠢᠬᠠᠨ ᠤ ᠵᠦᠢᠯ᠂ ᠴᠠᠭᠠᠨ ᠭᠤᠶᠣᠣ᠂ ᠤᠯᠠᠭᠠᠨ ᠭᠤᠶᠣᠣ᠂ ᠬᠠᠴᠢᠨ ᠴᠢᠯᠠᠭᠤ᠂ ᠭᠠᠷ ᠤᠷᠠᠯᠠᠯ ᠤᠨ ᠪᠦᠲᠦᠭᠡᠭᠳᠡᠬᠦᠨ ᠢ ᠬᠤᠳᠠᠯᠳᠤᠨ ᠠᠪᠴᠤ ᠪᠣᠷᠣᠯᠠᠭᠤᠯᠬᠤ ᠪᠠ ᠪᠣᠯᠪᠠᠰᠤᠷᠠᠭᠤᠯᠵᠤ᠂ ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠵᠠᠢ᠃      ᠣᠳᠣᠬᠠᠨ ᠳᠤ᠂ ᠢᠩᠭᠡᠨ ᠰᠤᠮᠤ ᠶᠢᠨ ᠶᠡᠷᠦᠩᠬᠡᠶᠢᠯᠡᠭᠰᠡᠨ ᠰᠤᠷᠭᠠᠨ ᠬᠥᠮᠦᠵᠢᠯ ᠤᠨ ᠵᠠᠬ᠎ᠠ ᠳᠡᠯᠭᠡᠭᠦᠷ ᠪᠠ ᠨᠡᠪᠴᠢᠭᠦᠯᠬᠦ ᠰᠠᠭᠤᠷᠢᠨ ᠭᠠᠵᠠᠷ ᠲᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ᠂ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠬᠠᠳᠠᠭᠠᠯᠠᠬᠤ ᠣᠷᠣᠨ᠂ ᠦᠨᠳᠦᠰᠦᠲᠡᠨ ᠤ ᠭᠠᠷ ᠤᠷᠠᠯᠠᠯ ᠤᠨ ᠣᠷᠣᠨ᠂ ᠬᠠᠴᠢᠨ ᠴᠢᠯᠠᠭᠤ ᠡᠳ᠋ᠰᠢᠭᠦᠯᠦᠨ ᠪᠣᠯᠪᠠᠰᠤᠷᠠᠭᠤᠯᠬᠤ ᠣᠷᠣᠨ᠂ ᠡᠯᠡᠰᠦ ᠦᠢᠯᠡᠳᠪᠦᠷᠢᠯᠡᠬᠦ ᠣᠷᠣᠨ᠂ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠪᠣᠳᠠᠲᠤ ᠴᠣᠭᠴᠠ + ᠰᠦᠯᠵᠢᠶᠡᠨ ᠤ ᠳᠡᠯᠭᠡᠭᠦᠷ ᠵᠡᠷᠭᠡ ᠵᠢᠷᠭᠤᠭᠠᠨ ᠶᠡᠭᠡ ᠴᠢᠳᠠᠮᠵᠢᠲᠤ ᠣᠷᠣᠨ ᠲᠠᠢ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号