ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢ ᠲᠠᠰ ᠳᠡᠪᠰᠢᠭᠦᠯᠬᠦ ︽ᠨᠠᠶᠢᠷᠠᠯ ᠬᠥᠭᠵᠢᠮ︾᠎ ᠢ ᠰᠠᠶᠢᠲᠤᠷ ᠴᠢᠪᠬᠠᠳᠠᠬᠤ ᠬᠡᠷᠡᠭᠲᠡᠢ
ᠨᠡᠶᠢᠲᠡᠯᠡᠭᠰᠡᠨ ᠴᠠᠭ᠄
2024/3/21
        - ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠰᠠᠨᠠᠯ︾᠎ ᠢ ᠲᠤᠭᠤᠰᠢᠯᠠᠭᠤᠯᠤᠨ       ᠨᠠᠶᠢᠳᠠᠪᠤᠷᠢᠵᠢᠭᠤᠯᠵᠤ ᠪᠣᠳᠠᠲᠠᠶᠢᠵᠢᠭᠤᠯᠬᠤ ᠶᠢ ᠠᠬᠢᠭᠤᠯᠬᠤ ᠲᠤᠬᠠᠢ ᠰᠢᠷᠢᠰ ᠥᠭᠦᠯᠡᠮᠵᠢ 17                     ᠶᠤᠸᠠᠨ ᠪᠦᠦ ᠨᠢᠶᠠᠨ            ᠠᠮᠢ ᠠᠬᠤᠢ ᠪᠣᠯ ᠥᠪᠥᠷ ᠮᠣᠩᠭᠤᠯ ᠤᠨ ᠲᠣᠪᠣᠶᠢᠮ᠎ᠠ ᠳᠠᠪᠠᠭᠤᠯᠢᠭ᠂ ᠪᠣᠬᠢᠷᠳᠤᠯ ᠦᠭᠡᠢ ᠪᠣᠯ ᠥᠪᠥᠷ ᠮᠣᠩᠭᠤᠯ ᠤᠨ ᠢᠯᠠ ᠲᠣᠳᠣ ᠳᠡᠪᠢᠰᠬᠡᠷ ᠥᠩᠭᠡ ᠮᠥᠨ᠃ ᠪᠢᠳᠡ ᠲᠥᠷᠥ ᠶᠢᠨ ᠶᠠᠪᠤᠳᠠᠯ ᠤᠨ ᠬᠤᠷᠢᠶᠠᠨ ᠤ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ ᠳᠠᠬᠢ ︽ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢ ᠶᠡᠭᠡ ᠪᠠᠷ ᠬᠥᠭᠵᠢᠭᠦᠯᠬᠦ︾ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃      ᠥᠪᠥᠷ ᠮᠣᠩᠭᠤᠯ ᠪᠣᠯ ᠮᠠᠨ ᠤ ᠤᠯᠤᠰ ᠤᠨ ᠠᠮᠤ ᠪᠤᠳᠠᠭᠠᠨ ᠤ 13 ᠭᠤᠣᠯ ᠭᠠᠷᠤᠯᠲᠠ ᠶᠢᠨ ᠣᠷᠣᠨ ᠤ ᠨᠢᠭᠡ ᠪᠠ ᠠᠮᠤ ᠪᠤᠳᠠᠭ᠎ᠠ ᠶᠢ ᠶᠡᠭᠡ ᠪᠠᠷ ᠭᠠᠳᠠᠭᠰᠢ ᠭᠠᠷᠭᠠᠬᠤ8 ᠮᠤᠵᠢ ᠥᠪᠡᠷᠲᠡᠭᠡᠨ ᠵᠠᠰᠠᠬᠤ ᠣᠷᠣᠨ ᠤ ᠨᠢᠭᠡ ᠪᠠᠶᠢᠵᠤ᠂ ᠮᠠᠯ ᠠᠵᠤ ᠠᠬᠤᠢ ᠲᠠᠷᠢᠶᠠᠯᠠᠩ ᠤᠨ ᠲᠠᠯ᠎ᠠ ᠪᠠᠷ ᠥᠪᠡᠷᠮᠢᠴᠡ ᠡᠬᠢ ᠪᠠᠶᠠᠯᠢᠭ ᠤᠨ ᠳᠠᠪᠠᠭᠤᠯᠢᠭ ᠲᠠᠢ ᠶᠤᠮ᠃ ᠪᠢᠳᠡ ᠳᠠᠪᠠᠭᠤᠯᠢᠭ ᠢᠶᠠᠨ ᠪᠠᠳᠠᠷᠠᠭᠤᠯᠵᠤ᠂ ᠭᠠᠵᠠᠷ ᠰᠢᠷᠣᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠦᠷ᠎ᠡ ᠎ ᠶᠢᠨ ᠢᠷᠡᠯᠲᠡ᠂ ᠤᠰᠤ᠂ ᠡᠪᠡᠰᠦ ᠪᠡᠯᠴᠢᠭᠡᠷ ᠵᠡᠷᠭᠡ ᠲᠠᠯ᠎ᠠ ᠠᠴᠠ ᠭᠠᠷᠳᠠᠨ᠂ ᠮᠠᠯ ᠠᠵᠤ ᠠᠬᠤᠢ ᠲᠠᠷᠢᠶᠠᠯᠠᠩ ᠤᠨ ᠣᠷᠣᠨ ᠪᠦᠰᠡ ᠶᠢᠨ ᠪᠠᠶᠢᠷᠢᠰᠢᠭᠤᠯᠤᠯᠲᠠ ᠪᠣᠯᠣᠨ ᠦᠢᠯᠡᠳᠪᠦᠷᠢᠯᠡᠯ ᠤᠨ ᠪᠦᠲᠦᠴᠡ ᠶᠢ ᠯᠠᠪᠳᠠᠭᠤᠨ ᠢᠶᠠᠷ ᠰᠢᠯᠢᠳᠡᠭᠵᠢᠭᠦᠯᠵᠦ᠂ ᠮᠠᠯ ᠠᠵᠤ ᠠᠬᠤᠢ ᠲᠠᠷᠢᠶᠠᠯᠠᠩ ᠤᠨ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠬᠤ ᠬᠡᠷᠡᠭᠲᠡᠢ᠃ ᠠᠮᠤ ᠲᠣᠰᠣ ᠵᠡᠷᠭᠡ ᠭᠤᠣᠯ ᠪᠤᠯᠬᠤ ᠲᠠᠷᠢᠮᠠᠯ ᠤᠨ ᠲᠠᠯᠠᠪᠠᠶ ᠨᠢᠭᠡᠴᠢ ᠶᠢᠨ ᠤᠨᠠᠯᠲᠠ ᠶᠢ ᠶᠡᠭᠡ ᠪᠠᠷ ᠨᠡᠮᠡᠭᠳᠡᠭᠦᠯᠬᠦ ᠠᠵᠢᠯᠯᠠᠭ᠎ᠠ ᠶᠢ ᠥᠷᠨᠢᠭᠦᠯᠵᠦ᠂ ᠠᠮᠤ ᠪᠤᠳᠠᠭ᠎ᠠ ︵ᠲᠣᠰᠣ︶᠎ ᠶᠢᠨ ᠭᠠᠷᠤᠯᠲᠠ ᠶᠢᠨ ᠶᠡᠭᠡ ᠰᠢᠶᠠᠨ ᠢ ᠱᠠᠩᠨᠠᠨ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠥᠪᠡᠷᠮᠢᠴᠡ ᠣᠨᠴᠠᠯᠢᠭᠲᠤ ᠳᠠᠪᠠᠭᠤᠯᠢᠭ ᠡᠭᠦᠯᠳᠡᠷ ᠢ ᠪᠣᠶᠢᠵᠢᠭᠤᠯᠬᠤ ᠪᠠ ᠠᠮᠢᠲᠠᠨ ᠤᠷᠭᠤᠮᠠᠯ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ ᠶᠢ ᠠᠵᠤ ᠦᠢᠯᠡᠰᠵᠢᠭᠦᠯᠦᠨ ᠬᠡᠷᠡᠭᠯᠡᠭᠡᠨ ᠳᠤ ᠤᠷᠤᠭᠤᠯᠬᠤ ᠲᠤᠷᠰᠢᠯᠲᠠ ᠶᠢᠨ ᠴᠡᠭ ᠤᠨ ᠠᠵᠢᠯ ᠢ ᠳᠠᠮᠵᠢᠨ᠂ ᠰᠢᠷ᠎ᠠ ᠪᠤᠷᠴᠠᠭ᠂ ᠡᠷᠳᠡᠨᠢ ᠰᠢᠰᠢ᠂ ᠲᠥᠮᠥᠰᠥ ᠶᠢᠨ ᠦᠷ᠎ᠡ ᠪᠣᠶᠢᠵᠢᠭᠤᠯᠬᠤ ᠲᠣᠮᠣ ᠰᠢᠶᠠᠨ ᠢ ᠪᠠᠶᠢᠭᠤᠯᠵᠤ᠂ ᠤᠯᠤᠰ ᠤᠨ ᠴᠢᠬᠤᠯᠠ ︽ᠠᠮᠤ ᠶᠢᠨ ᠰᠠᠩ︾᠎ ᠢ ᠪᠠᠶᠢᠭᠤᠯᠬᠤ ᠬᠡᠷᠡᠭᠲᠡᠢ᠃ ᠤᠯᠠᠮᠵᠢᠯᠠᠯᠲᠤ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠭᠡᠯᠪᠡᠷᠢ ᠶᠢ ᠬᠦᠴᠦᠯᠡᠨ ᠬᠤᠪᠢᠷᠠᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠡᠷᠴᠢᠮᠵᠢᠭᠰᠡᠨ᠂ ᠬᠡᠪᠴᠢᠶᠡᠵᠢᠭᠰᠡᠨ᠂ ᠳᠡᠭᠡᠳᠦ ᠲᠡᠰᠵᠢᠭᠰᠡᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠪᠡᠯᠴᠢᠭᠡᠷ ᠤᠨ ᠮᠠᠯ ᠠᠵᠤ ᠠᠬᠤᠢ ᠶᠢᠨ ᠭᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠮᠠᠯ ᠠᠵᠤ ᠠᠬᠤᠢ ᠶᠢᠨ ᠰᠠᠶᠢᠨ ᠡᠭᠦᠯᠳᠡᠷ ᠲᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠯᠠᠪᠳᠠᠭᠤᠨ ᠢᠶᠠᠷ ᠬᠡᠷᠡᠭᠵᠢᠭᠦᠯᠦᠨ᠂ ᠮᠢᠬᠠᠨ ᠤ ᠦᠬᠡᠷ ᠤᠨ ᠰᠦᠷᠦᠭ ᠎ ᠢ ᠶᠡᠬᠡᠰᠬᠡᠨ ᠴᠢᠨᠠᠷ ᠢ ᠳᠡᠭᠡᠭᠰᠢᠯᠡᠭᠦᠯᠭᠦ ᠪᠠ ᠪᠣᠷᠳᠣᠬᠤ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠰᠠᠭᠠᠯᠢ ᠶᠢᠨ ᠦᠨᠢᠶᠡᠨ ᠤ ᠡᠭᠦᠯᠳᠡᠷ ᠪᠣᠶᠢᠵᠢᠭᠤᠯᠬᠤ ᠬᠠᠮᠲᠤᠷᠠᠭᠰᠠᠨ ᠪᠣᠭᠤᠮᠲᠠ ᠰᠢᠪᠲᠤᠯᠬᠤ ᠠᠵᠢᠯᠯᠠᠭ᠎ᠠ ᠎ ᠶᠢ ᠥᠷᠨᠢᠭᠦᠯᠦᠨ᠂ ᠪᠦᠭᠦ ᠰᠢᠶᠠᠨ ᠢᠶᠠᠷ ᠰᠦ ᠶᠢᠨ ᠦᠢᠯᠡᠰ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠶᠢ ᠠᠬᠢᠭᠤᠯᠵᠤ᠂ ᠪᠦᠭᠦ ᠤᠯᠤᠰ ᠲᠤ ᠬᠠᠨᠳᠤᠭᠤᠯᠤᠭᠰᠠᠨ ᠰᠦ ᠶᠢᠨ ᠦᠢᠯᠡᠰ ᠤᠨ ᠠᠷᠠᠯᠵᠢᠶᠠᠨ ᠤ ᠲᠥᠪ ᠢ ᠪᠠᠶᠢᠭᠤᠯᠬᠤ ᠬᠡᠷᠡᠭᠲᠡᠢ᠃      ᠦᠢᠯᠡᠳᠪᠦᠷᠢᠯᠡᠬᠦ᠂ ᠡᠳ᠋ᠰᠢᠭᠦᠯᠦᠨ ᠪᠤᠯᠪᠠᠰᠤᠷᠠᠭᠤᠯᠬᠤ᠂ ᠪᠣᠷᠣᠯᠠᠭᠤᠯᠬᠤ᠂ ᠲᠦᠷᠦᠯ ᠲᠡᠮᠳᠡᠭ ᠤᠨ ᠪᠦᠭᠦ ᠠᠵᠤ ᠦᠢᠯᠡᠰ ᠤᠨ ᠬᠡᠯᠬᠢᠶ᠎ᠡ ᠶᠢ ᠴᠣᠭᠴᠠᠯᠠᠬᠤ ᠪᠣᠯ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠥᠷᠲᠡᠭ ᠎ ᠢ ᠳᠡᠭᠡᠭᠰᠢᠯᠡᠭᠦᠯᠭᠦ ᠴᠢᠬᠤᠯᠠ ᠠᠷᠭ᠎ᠠ ᠪᠠᠷᠢᠯ ᠪᠣᠯᠣᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠎ ᠢ ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠬᠤ ᠪᠠ ᠪᠣᠬᠢᠷᠳᠤᠯ ᠦᠭᠡᠢ ᠣᠷᠭᠠᠨᠢᠭ ᠲᠥᠷᠥᠯ ᠲᠡᠮᠳᠡᠭ ᠢ ᠴᠣᠭᠴᠠᠯᠠᠬᠤ ᠶᠢ ᠠᠬᠢᠭᠤᠯᠵᠤ᠂ ᠨᠡᠩ ᠤᠯᠠᠨ ᠮᠠᠯ ᠠᠵᠤ ᠠᠬᠤᠢ ᠲᠠᠷᠢᠶᠠᠯᠠᠩ ᠤᠨ ᠲᠥᠷᠥᠯ ᠲᠡᠮᠳᠡᠭ ᠢ ᠠᠯᠳᠠᠷᠰᠢᠭᠤᠯᠵᠤ ᠬᠦᠴᠦᠷᠬᠡᠭᠵᠢᠭᠦᠯᠬᠦ ᠬᠡᠷᠡᠭᠲᠡᠢ᠃ ᠲᠠᠷᠢᠶᠠᠯᠠᠩ ᠤᠨ ᠠᠵᠤ ᠦᠢᠯᠡᠰᠵᠢᠯᠲᠡ ᠶᠢᠨ ᠤᠯᠤᠰ ᠤᠨ ᠭᠤᠣᠯᠳᠠᠯᠭ᠎ᠠ ᠲᠠᠢ ᠳᠠᠭᠠᠭᠤᠯᠤᠭᠴᠢ ᠠᠵᠤ ᠠᠬᠤᠶᠢᠯᠠᠯ ᠢ ᠦᠨᠡᠯᠡᠨ ᠲᠣᠭᠲᠠᠭᠠᠬᠤ ᠠᠵᠢᠯ ᠢ ᠠᠬᠢᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠳᠠᠭᠠᠭᠤᠯᠤᠭᠴᠢ ᠠᠵᠤ ᠠᠬᠤᠶᠢᠯᠠᠯ ᠤᠨ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠬᠤ ᠶᠢ ᠠᠬᠢᠭᠤᠯᠤᠨ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠭᠦ ᠣᠷᠣᠨ ᠪᠠ ᠬᠢᠩᠭᠠᠨ ᠠᠶᠢᠮᠠᠭ ᠤᠨ ᠣᠲᠣ ᠦᠶ᠎ᠡ ᠶᠢᠨ ᠮᠠᠯ ᠠᠵᠤ ᠠᠬᠤᠢ ᠶᠢᠨ ᠲᠤᠷᠰᠢᠯᠲᠠ ᠎ ᠶᠢᠨ ᠣᠷᠣᠨ ᠢ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠬᠡᠷᠡᠭᠲᠡᠢ᠃      ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠨᠢ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠲᠠᠢ ᠬᠤᠯᠪᠣᠭᠳᠠᠵᠤ ᠪᠠᠶᠢᠬᠤ ᠪᠠᠷ ᠪᠠᠷᠠᠬᠤ ᠦᠭᠡᠢ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠲᠠᠢ ᠬᠤᠯᠪᠣᠭᠳᠠᠵᠤ ᠪᠠᠶᠢᠭ᠎ᠠ ᠪᠣᠯᠬᠤᠷ ᠨᠠᠷᠢᠯᠢᠭ ᠣᠨᠣᠴᠠᠲᠠᠢ ᠰᠠᠶᠢᠲᠤᠷ ᠬᠢᠵᠦ᠂ ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ᠃ ᠨᠡᠮᠡᠯᠲᠡ ᠥᠷᠲᠡᠭ ᠢ ᠤᠷᠲᠤᠳᠬᠠᠵᠤ᠂ ᠠᠵᠤ ᠦᠢᠯᠡᠰ ᠤᠨ ᠬᠡᠯᠬᠢᠶ᠎ᠡ ᠶᠢ ᠴᠣᠭᠴᠠᠯᠠᠨ᠂ ︽ᠥᠪᠥᠷ ᠮᠣᠩᠭᠤᠯ︾ ᠨᠡᠷᠡᠮᠵᠢᠳᠦ ᠲᠦᠷᠦᠯ ᠲᠡᠮᠳᠡᠭ ᠢ ᠪᠤᠶ ᠪᠤᠯᠭᠠᠵᠤ᠂ ᠨᠡᠷᠡᠳᠦ ᠲᠡᠮᠳᠡᠭ ᠡᠭᠦᠳᠬᠦ ᠬᠡᠷᠡᠭᠲᠡᠢ ᠁ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢ ᠲᠠᠰ ᠳᠡᠪᠰᠢᠭᠦᠯᠬᠦ ︽ᠨᠠᠶᠢᠷᠠᠯ ᠬᠥᠭᠵᠢᠮ︾᠎ ᠢ ᠰᠠᠶᠢᠲᠤᠷ ᠴᠢᠪᠬᠠᠳᠠᠪᠠᠯ ᠥᠪᠥᠷ ᠮᠣᠩᠭᠤᠯ ᠯᠠᠪᠲᠠᠢ ᠤᠯᠤᠰ ᠣᠷᠣᠨ ᠳᠤ ᠨᠠᠩ ᠲᠣᠭᠲᠠᠭᠤᠨ᠂ ᠨᠠᠩ ᠠᠮᠤᠷ ᠲᠦᠪᠰᠢᠨ᠂ ᠨᠠᠩ ᠣᠯᠠᠨ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠬᠠᠩᠭᠠᠵᠤ ᠴᠢᠳᠠᠬᠤ ᠶᠤᠮ᠃      
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号