ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠡᠨᠡ ᠬᠦ ︽ᠵᠠᠩᠭᠢᠯᠠᠭ᠎ᠠ︾᠎ ᠶᠢ ᠪᠠᠲᠤ ᠠᠳᠬᠤᠰᠤᠭᠠᠢ
ᠨᠡᠶᠢᠲᠡᠯᠡᠭᠰᠡᠨ ᠴᠠᠭ᠄
2024/3/21
      - ︽ᠵᠢᠷᠭᠤᠭᠠᠨ ᠢᠨᠵᠧᠨᠧᠷᠢᠩ︾᠎ ᠢ ᠪᠦᠭᠦ ᠬᠦᠴᠦᠨ ᠢᠶᠠᠷ ᠢᠶᠠᠨ       ᠰᠠᠶᠢᠲᠤᠷ ᠠᠳᠬᠤᠬᠤ ᠲᠤᠬᠠᠢ ᠵᠢᠷᠭᠤᠭᠠᠨᠲᠠ ᠥᠭᠦᠯᠡᠬᠦ ᠨᠢ                   ᠵᠢᠢ ᠬᠠᠢ ᠶᠠᠩ            ᠶᠡᠭᠡ ᠨᠡᠭᠡᠭᠡᠯᠲᠡ ᠦᠭᠡᠢ ᠪᠣᠯ ᠶᠡᠭᠡ ᠬᠥᠭᠵᠢᠯᠲᠡ ᠪᠠᠶᠢᠵᠤ ᠴᠢᠳᠠᠬᠤ ᠦᠭᠡᠢ ᠶᠤᠮ᠃ ᠥᠪᠥᠷ ᠮᠣᠩᠭᠤᠯ ᠤᠨ ᠣᠷᠣᠨ ᠪᠦᠰᠡ ᠶᠢᠨ ᠳᠠᠪᠠᠭᠤᠯᠢᠭ ᠢᠯᠡᠷᠬᠡᠢ᠂ ᠨᠡᠭᠡᠭᠡᠯᠲᠡ ᠬᠢᠬᠦ ᠨᠥᠬᠦᠴᠡᠯ ᠤᠯᠠᠨ ᠠᠴᠠ ᠣᠨᠴᠠᠭᠠᠢ᠂ ᠭᠡᠪᠡᠴᠦ ᠭᠠᠳᠠᠭᠠᠳᠤ ᠠᠷᠠᠯᠵᠢᠶ᠎ᠠ ᠪᠣᠯ ᠪᠢᠳᠡᠨ ᠤ ᠳᠤᠲᠠᠭᠤᠳᠠᠯ ᠮᠥᠨ᠂ ︽ᠭᠠᠷ ᠲᠠᠮᠵᠢᠪᠠᠴᠤ ᠠᠰᠢᠭ ᠬᠦᠷᠲᠡᠵᠦ ᠴᠢᠳᠠᠬᠤ ᠦᠭᠡᠢ︾ ᠪᠠᠶᠢᠬᠤ ᠪᠣᠯ ᠮᠠᠨ ᠤ ᠬᠠᠭᠤᠴᠢᠨ ᠠᠷᠬᠠᠭ ᠮᠥᠨ᠂ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠣᠯ ᠪᠢᠳᠡᠨ ᠤ ︽ᠡᠪᠡᠷᠰᠢᠶᠡᠯ ᠴᠡᠭ︾ ᠮᠥᠨ᠃      ᠡᠳᠡᠭᠡᠷ ᠠᠰᠠᠭᠤᠳᠠᠯ ᠢ ᠰᠢᠢᠳᠪᠦᠷᠢᠯᠡᠬᠦ ᠵᠠᠮ ᠬᠠᠮᠢᠭ᠎ᠠ ᠪᠠᠶᠢᠬᠤ ᠪᠤᠢ︖ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ ᠵᠢᠴᠢ ᠪᠦᠭᠦ ᠣᠷᠣᠨ ᠎ ᠤ ᠠᠵᠤ ᠠᠬᠤᠢ ᠶᠢᠨ ᠠᠵᠢᠯ ᠤᠨ ᠬᠤᠷᠠᠯ ᠠᠴᠠ᠄ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠪᠣᠯ ᠪᠦᠭᠦ ᠲᠠᠯ᠎ᠠ ᠶᠢ ᠳᠠᠶᠢᠴᠢᠯᠠᠬᠤ ︽ᠵᠠᠩᠭᠢᠯᠠᠭ᠎ᠠ︾ ᠮᠥᠨ ᠭᠡᠵᠦ ᠲᠣᠳᠣᠷᠬᠠᠢ ᠳᠤᠷᠠᠳᠴᠠᠢ᠃      ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠰᠠᠶᠢᠲᠤᠷ ᠠᠳᠬᠤᠬᠤ ᠨᠢ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠴᠢᠨᠠᠭᠰᠢᠳᠠ ᠬᠥᠭᠵᠢᠭᠡᠵᠦ᠂ ᠥᠨᠳᠥᠷ ᠲᠦᠪᠰᠢᠨ ᠪᠦᠬᠦᠢ ᠨᠡᠭᠡᠭᠡᠯᠲᠡ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠠᠷᠠᠳ ᠣᠯᠠᠨ ᠪᠠ ᠡᠵᠡᠩᠨᠡᠯᠲᠡ ᠶᠢᠨ ᠭᠤᠣᠯ ᠴᠣᠭᠴᠠ ᠳᠤ ᠨᠠᠩ ᠰᠠᠶᠢᠲᠤᠷ ᠠᠰᠢᠭ ᠬᠦᠷᠲᠡᠭᠡᠬᠦ ᠳᠤ ᠠᠰᠢᠭᠲᠠᠢ ᠶᠤᠮ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠶᠡᠷᠦᠩᠬᠡᠢ ᠲᠥᠰᠥᠯ ᠢ ᠱᠠᠯᠠᠪᠳᠠᠨ ᠨᠠᠶᠢᠷᠠᠭᠤᠯᠤᠨ ᠵᠣᠬᠢᠶᠠᠵᠤ᠂ ᠡᠷᠲᠡᠬᠡᠨ ᠬᠥᠳᠡᠯᠦᠯᠴᠡᠨ᠂ ᠲᠦᠷᠭᠡᠨ ᠨᠠᠶᠢᠳᠠᠪᠤᠷᠢᠵᠢᠭᠤᠯᠵᠤ᠂ ᠡᠷᠲᠡᠬᠡᠨ ᠪᠣᠳᠠᠲᠤ ᠠᠬᠢᠴᠠ ᠲᠠᠢ ᠪᠤᠯᠭᠠᠬᠤ ᠪᠠᠷ ᠴᠢᠷᠮᠠᠶᠢᠬᠤ ᠬᠡᠷᠡᠭᠲᠡᠢ᠃ ᠡᠭᠦᠳᠦᠨ ᠪᠠᠶᠢᠭᠤᠯᠬᠤ ᠠᠵᠢᠯ ᠨᠢ ᠨᠢᠭᠡ ᠰᠠᠯᠠᠭ᠎ᠠ ᠮᠥᠴᠢᠷ ᠪᠤᠶᠤ ᠠᠯᠢ ᠬᠡᠳᠦᠨ ᠰᠠᠯᠠᠭ᠎ᠠ ᠮᠥᠴᠢᠷ ᠤᠨ ᠶᠠᠪᠤᠳᠠᠯ ᠪᠢᠰᠢ᠂ ᠡᠯ᠎ᠡ ᠲᠠᠯ᠎ᠠ ᠶᠢᠨ ᠬᠢᠨ ᠵᠠᠪᠠᠯ ᠬᠠᠮᠲᠤ ᠪᠠᠷ ᠬᠢᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠬᠠᠮᠲᠤ ᠪᠠᠷ ᠰᠠᠶᠢᠲᠤᠷ ᠬᠡᠷᠡᠭᠵᠢᠭᠦᠯᠬᠦ ᠬᠡᠷᠡᠭᠲᠡᠢ᠃      ᠥᠭᠡᠷᠡᠴᠢᠯᠡᠯᠲᠡ ᠬᠢᠭᠰᠡᠳ ᠳᠠᠪᠰᠢᠵᠤ᠂ ᠰᠢᠨ᠎ᠡ ᠶᠢ ᠡᠭᠦᠳᠦᠭᠴᠢᠳ ᠬᠦᠴᠦᠷᠬᠡᠭᠵᠢᠮᠦᠢ᠃ ᠴᠢᠯᠦᠭᠡᠲᠦ ᠠᠷᠠᠯᠵᠢᠶᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢᠨ ᠭᠤᠣᠯ ᠡᠭᠦᠷᠭᠡ ᠪᠣᠯ ᠳᠦᠷᠢᠮ ᠤᠨ ᠰᠢᠨ᠎ᠡ ᠶᠢ ᠡᠭᠦᠳᠬᠦ ᠪᠣᠯᠣᠨ᠎ᠠ᠂ ᠪᠢᠳᠡ ᠥᠪᠡᠷ ᠢᠶᠠᠨ ᠶᠠᠭᠤ ᠶᠢ ᠰᠢᠨ᠎ᠡ ᠶᠢ ᠡᠭᠦᠳᠬᠦ᠂ ᠤᠯᠤᠰ ᠠᠴᠠ ᠶᠠᠮᠠᠷ ᠳᠡᠮᠵᠢᠯᠭᠡ ᠣᠯᠬᠤ ᠴᠢᠬᠤᠯᠠᠲᠠᠢ ᠭᠡᠳᠡᠭ ᠢᠶᠠᠨ ᠲᠤᠭᠤᠷᠠᠲᠠᠯ᠎ᠠ ᠰᠤᠳᠤᠯᠵᠤ᠂ ᠤᠯᠤᠰ ᠠᠴᠠ ᠮᠠᠨ ᠤ ᠣᠷᠣᠨ ᠳᠤ ᠣᠯᠭᠤᠬᠤ ᠨᠡᠩ ᠤᠯᠠᠨ ᠡᠵᠡᠨ ᠮᠡᠳᠡᠬᠦ ᠡᠷᠬᠡ ᠶᠢ ᠲᠡᠮᠡᠴᠡᠨ ᠣᠯᠬᠤ ᠬᠡᠷᠡᠭᠲᠡᠢ᠃ ᠰᠢᠨ᠎ᠡ ᠶᠢ ᠡᠭᠦᠳᠬᠦ ᠪᠠᠷ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠭᠤᠣᠯᠳᠠᠯᠭ᠎ᠠ ᠲᠠᠢ ᠬᠢᠯᠢ ᠶᠢᠨ ᠪᠣᠭᠤᠮᠲᠠ ᠶᠢ ᠪᠠᠶᠢᠭᠤᠯᠬᠤ᠂ ᠨᠡᠭᠡᠭᠡᠯᠲᠡ ᠬᠢᠬᠦ ᠲᠠᠪᠴᠠᠩ ᠤᠨ ᠲᠡᠰ ᠢ ᠎ ᠨᠢ ᠳᠡᠭᠡᠭᠰᠢᠯᠡᠭᠦᠯᠭᠦ᠂ ᠳᠣᠲᠣᠷ ᠭᠠᠵᠠᠷ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠎ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠮᠠᠨ ᠤ ᠣᠷᠣᠨ ᠤ ᠭᠠᠳᠠᠭᠠᠳᠤ ᠨᠡᠭᠡᠭᠡᠯᠲᠡ ᠶᠢ ᠨᠡᠩ ᠶᠡᠭᠡ ᠠᠯᠬᠤᠮ ᠢᠶᠠᠷ ᠠᠬᠢᠭᠤᠯᠵᠤ᠂ ᠨᠡᠩ ᠶᠡᠭᠡ ᠰᠢᠪᠲᠤᠯᠤᠯᠲᠠ ᠭᠠᠷᠭᠠᠬᠤ ᠬᠡᠷᠡᠭᠲᠡᠢ᠃      ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠡᠨᠡ ᠬᠦ ︽ᠵᠠᠩᠭᠢᠯᠠᠭ᠎ᠠ︾᠎ ᠶᠢ ᠪᠠᠲᠤ ᠠᠳᠬᠤᠵᠤ᠂ ᠠᠵᠢᠯ ᠤᠨ ᠡᠭᠦᠷᠭᠡ ᠪᠠᠨ ᠨᠠᠷᠢᠯᠢᠭᠵᠢᠭᠤᠯᠤᠨ᠂ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠠᠵᠢᠯ ᠤᠨ ᠬᠠᠮᠲᠤᠷᠠᠯ ᠬᠦᠴᠦᠨ ᠢ ᠨᠢᠭᠲᠠᠷᠠᠭᠤᠯᠤᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠡᠷᠳᠡᠮ ᠴᠢᠳᠠᠪᠤᠷᠢ ᠪᠠᠨ ᠨᠡᠮᠡᠭᠳᠡᠭᠦᠯᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠠᠬᠢᠭᠤᠯᠵᠤ᠂ ᠵᠣᠷᠢᠭᠲᠠᠢ ᠲᠤᠷᠰᠢᠬᠤ᠂ ᠵᠣᠷᠢᠭᠲᠠᠢ ᠰᠢᠪᠲᠤᠯᠤᠯᠲᠠ ᠭᠠᠷᠭᠠᠵᠤ᠂ ᠥᠨᠳᠥᠷ ᠲᠦᠪᠰᠢᠨ ᠪᠦᠬᠦᠢ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠶᠠᠪᠤᠳᠠᠯ ᠢ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠠᠷᠭ᠎ᠠ ᠵᠠᠮ ᠪᠣᠯᠭᠠᠨ ᠰᠦᠪᠡᠭᠴᠢᠯᠡᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠨᠡᠮᠡᠷᠢᠯᠡᠪᠡᠯ ᠤᠮᠠᠷᠠᠲᠤ ᠬᠢᠯᠢ ᠶᠢᠨ ᠡᠬᠡ ᠭᠠᠵᠠᠷ ᠲᠤ ᠠᠮᠢᠵᠢᠷᠠᠯ ᠤᠨ ᠬᠦᠴᠦᠨ ᠪᠠᠳᠠᠷᠠᠵᠤ ᠬᠦᠰᠡᠯ ᠡᠷᠡᠮᠡᠯᠵᠡᠯ ᠎ ᠢᠶᠠᠷ ᠪᠢᠯᠬᠠᠬᠤ ᠪᠣᠯᠣᠨ᠎ᠠ᠃      
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号