ᠪᠡᠶ᠎ᠡ ᠪᠣᠯᠪᠠᠰᠤᠷᠠᠭᠤᠯᠬᠤ ᠳᠤ ᠠᠩᠬᠠᠷᠬᠤ ᠵᠦᠢᠯ
ᠨᠡᠶᠢᠲᠡᠯᠡᠭᠰᠡᠨ ᠴᠠᠭ᠄
2024/3/21
                                        ᠠᠯᠢᠪᠠ ᠬᠦᠳᠡᠯᠭᠡᠭᠡᠨ ᠢ ᠬᠢᠬᠦ ᠠᠴᠠ ᠡᠮᠦᠨ᠎ᠡ ᠴᠦᠮ ᠪᠡᠯᠡᠳᠭᠡᠯ ᠬᠦᠳᠡᠯᠭᠡᠭᠡᠨ ᠬᠢᠨ᠎ᠡ᠂ ᠳᠠᠷᠤᠢ ᠪᠡᠶ᠎ᠡ ᠳᠠᠰᠬᠠᠬᠤ ᠬᠦᠳᠡᠯᠭᠡᠭᠡᠨ ᠬᠢᠨ᠎ᠡ᠃ ᠪᠡᠶ᠎ᠡ ᠳᠠᠰᠬᠠᠬᠤ ᠬᠦᠳᠡᠯᠭᠡᠭᠡᠨ ᠪᠣᠯ ᠪᠦᠬᠦ ᠪᠡᠶ᠎ᠡ ᠶᠢᠨ ᠪᠣᠯᠴᠢᠩ᠂ ᠦᠶ᠎ᠡ ᠭᠡᠰᠢᠭᠦᠦ ᠪᠠᠨ ᠬᠦᠭᠵᠢᠶᠡᠨ ᠲᠠᠢ ᠪᠣᠯᠭᠠᠵᠤ᠂ ᠨᠠᠮᠵᠢᠭᠤᠨ ᠪᠠᠶᠢᠳᠠᠯ ᠲᠠᠢ ᠪᠠᠷ ᠬᠦᠳᠡᠯᠭᠡᠭᠡᠨ ᠳᠤ ᠢᠳᠡᠭ ᠢᠳᠡᠭ ᠢᠶᠠᠷ ᠣᠷᠣᠬᠤ ᠳᠤ ᠣᠷᠣᠰᠢᠨ᠎ᠠ᠃ ᠪᠡᠶ᠎ᠡ ᠳᠠᠰᠬᠠᠬᠤ ᠬᠦᠳᠡᠯᠭᠡᠭᠡᠨ ᠶᠡᠭᠡ ᠪᠠᠶᠢᠭᠰᠠᠨ ᠤ ᠬᠡᠷᠡᠭ ᠦᠭᠡᠢ᠂ ᠭᠠᠷ ᠬᠦᠯ ᠢᠶᠠᠨ ᠬᠦᠳᠡᠯᠭᠡᠵᠦ ᠰᠤᠩᠭᠠᠬᠤ᠂ ᠣᠷᠣᠨ ᠳᠤ ᠪᠠᠨ ᠠᠯᠬᠤᠪᠠᠯ ᠪᠣᠯᠴᠢᠬᠠᠨ᠎ᠠ᠃ ᠪᠡᠶ᠎ᠡ ᠳᠠᠰᠬᠠᠬᠤ ᠬᠦᠳᠡᠯᠭᠡᠭᠡᠨ ᠬᠢᠬᠦ ᠦᠭᠡᠢ ᠪᠠᠷ ᠰᠢᠭᠤᠳ ᠰᠢᠷᠦᠭᠦᠨ ᠪᠡᠶ᠎ᠡ ᠶᠢᠨ ᠬᠦᠳᠡᠯᠭᠡᠭᠡᠨ ᠬᠢᠪᠡᠯ ᠪᠤᠯᠴᠢᠩ ᠭᠡᠮᠲᠦᠬᠦ᠂ ᠦᠶ᠎ᠡ ᠭᠡᠰᠢᠭᠦᠦ ᠮᠤᠰᠭᠢᠯᠳᠤᠵᠤ ᠰᠢᠷᠬᠠᠲᠤᠬᠤ ᠮᠡᠲᠦ ᠶᠢᠨ ᠭᠡᠮ ᠣᠯᠤᠨ᠎ᠠ᠃ ᠪᠣᠯᠪᠠᠰᠤᠷᠠᠬᠤ ᠳᠤᠮᠳᠠ ᠴᠠᠭ ᠲᠣᠬᠠᠢ ᠳᠤ ᠨᠢ ᠤᠰᠤ ᠨᠦᠬᠦᠪᠦᠷᠢᠯᠡᠬᠦ ᠶᠢ ᠠᠩᠬᠠᠷᠬᠤ ᠬᠡᠷᠡᠭᠲᠡᠢ᠃ ᠰᠢᠷᠦᠭᠦᠨ ᠪᠡᠶ᠎ᠡ ᠶᠢᠨ ᠲᠠᠮᠢᠷ ᠤᠨ ᠬᠦᠳᠡᠯᠭᠡᠭᠡᠨ ᠬᠢᠬᠦ ᠳᠤ ᠢᠯᠴᠢ ᠭᠠᠷᠴᠤ᠂ ᠬᠦᠯᠦᠰᠦ ᠭᠠᠷᠤᠭᠠᠳ ᠶᠡᠭᠡ ᠬᠡᠮᠵᠢᠶᠡᠨ ᠤ ᠤᠰᠤ ᠰᠦᠢᠳᠬᠦ ᠤᠴᠢᠷ ᠠᠴᠠ ᠲᠡᠷᠡ ᠳᠠᠷᠤᠢ ᠳᠤ ᠨᠢ ᠤᠰᠤ ᠨᠦᠬᠦᠪᠦᠷᠢᠯᠡᠬᠦ ᠬᠡᠷᠡᠭᠲᠡᠢ᠃ ᠶᠡᠷᠦ ᠶᠢᠨ ᠪᠠᠶᠢᠳᠠᠯ ᠳᠣᠣᠷ᠎ᠠ᠂ ᠪᠣᠯᠪᠠᠰᠤᠷᠠᠬᠤ ᠠᠴᠠ ᠡᠮᠦᠨ᠎ᠡ ᠵᠣᠬᠢᠬᠤ ᠬᠡᠮᠵᠢᠶᠡᠨ ᠤ ᠤᠰᠤ ᠤᠭᠤᠤᠵᠤ᠂ ᠪᠣᠯᠪᠠᠰᠤᠷᠠᠬᠤ ᠳᠤᠮᠳᠠ ᠪᠠᠨ ᠮᠦᠨ ᠳᠠᠷᠤᠢ ᠳᠤ ᠵᠣᠬᠢᠬᠤ ᠬᠡᠮᠵᠢᠶᠡᠨ ᠤ ᠤᠰᠤ ᠤᠭᠤᠤᠵᠤ᠂ ᠪᠣᠯᠪᠠᠰᠤᠷᠠᠯ ᠳᠠᠭᠤᠰᠤᠭᠰᠠᠨ ᠤ ᠳᠠᠷᠠᠭ᠎ᠠ ᠪᠠᠰᠠ ᠤᠰᠤ ᠨᠦᠬᠦᠪᠦᠷᠢᠯᠡᠨ᠎ᠡ᠃ ᠪᠣᠯᠪᠠᠰᠤᠷᠠᠬᠤ ᠡᠷᠴᠢᠮ ᠢᠶᠠᠨ ᠢᠳᠡᠭ ᠢᠳᠡᠭ ᠢᠶᠠᠷ ᠳᠡᠭᠡᠭᠰᠢᠯᠡᠭᠦᠯᠦᠨ᠎ᠡ᠃ ᠡᠬᠢᠯᠡᠬᠦ ᠳᠤ ᠪᠠᠨ ᠬᠡᠲᠦᠷᠬᠡᠢ ᠶᠠᠭᠠᠷᠠᠵᠤ ᠪᠣᠯᠬᠤ ᠦᠭᠡᠢ᠃ ᠪᠡᠶ᠎ᠡ ᠴᠣᠭᠴᠠ ᠪᠠᠨ ᠪᠣᠯᠪᠠᠰᠤᠷᠠᠬᠤ ᠲᠦᠷᠦᠯ ᠵᠦᠢᠯ ᠲᠠᠢ ᠢᠳᠡᠭ ᠢᠳᠡᠭ ᠢᠶᠠᠷ ᠵᠣᠬᠢᠴᠠᠭᠰᠠᠨ ᠤ ᠬᠤᠶᠢᠨ᠎ᠠ᠂ ᠬᠦᠳᠡᠯᠭᠡᠭᠡᠨ ᠤ ᠬᠡᠮᠵᠢᠶ᠎ᠡ ᠪᠠᠨ ᠨᠡᠮᠡᠭᠳᠡᠭᠦᠯᠦᠨ᠎ᠡ᠃           ᠪᠣᠯᠪᠠᠰᠤᠷᠠᠵᠤ ᠳᠠᠭᠤᠰᠤᠭᠰᠠᠨ ᠤ ᠳᠠᠷᠠᠭ᠎ᠠ ᠠᠯᠬᠤᠵᠤ ᠭᠢᠰᠭᠢᠬᠦ ᠬᠡᠷᠡᠭᠲᠡᠢ᠂ ᠲᠡᠷᠡ ᠳᠣᠣᠷ᠎ᠠ ᠨᠢ ᠰᠠᠭᠤᠬᠤ ᠪᠤᠶᠤ ᠵᠣᠭᠰᠤᠭᠠᠳ ᠬᠦᠳᠡᠯᠬᠦ ᠦᠭᠡᠢ ᠪᠠᠶᠢᠵᠤ ᠪᠣᠯᠬᠤ ᠦᠭᠡᠢ᠃ ᠡᠰᠡᠪᠡᠰᠦ ᠤᠬᠠᠭᠠᠨ ᠠᠯᠳᠠᠬᠤ ᠮᠡᠲᠡᠶᠢᠭ ᠤᠨ ᠲᠤᠰᠬᠠᠯ ᠭᠠᠷᠴᠤ ᠮᠡᠳᠡᠨ᠎ᠡ᠃                                
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号