ᠵᠦᠪ ᠣᠨᠣᠪᠴᠢᠲᠠᠢ ᠭᠡᠷ ᠤᠨ ᠬᠦᠮᠦᠵᠢᠯ
ᠨᠡᠶᠢᠲᠡᠯᠡᠭᠰᠡᠨ ᠴᠠᠭ᠄
2024/3/21
                                            ᠨᠢᠭᠡ᠃ ᠬᠡᠥᠬᠡᠳ ᠤᠨ ᠳᠤᠷᠠᠳᠤᠭᠰᠠᠨ ᠬᠦᠰᠡᠯ ᠱᠠᠭᠠᠷᠳᠠᠯᠭ᠎ᠠ ᠶᠢ ᠵᠦᠢ ᠶᠣᠰᠤᠨ ᠳᠤ ᠨᠡᠶᠢᠴᠡᠬᠦ᠂ ᠦᠯᠦ ᠨᠡᠶᠢᠴᠡᠬᠦ ᠶᠢ ᠬᠠᠶᠢᠬᠤᠷᠤᠯ ᠦᠭᠡᠢ ᠠᠪᠤᠨ ᠳᠣᠣᠷ᠎ᠠ ᠪᠠᠨ ᠬᠠᠩᠭᠠᠵᠤ ᠪᠣᠯᠬᠤ ᠦᠭᠡᠢ᠃ ᠬᠠᠷᠢᠨ ᠵᠣᠬᠢᠰᠲᠠᠢ ᠬᠤᠶᠢᠰᠢᠯᠠᠭᠤᠯᠵᠤ ᠂ ᠠᠯᠭᠤᠷᠯᠠᠨ᠂ ᠪᠠᠶᠢᠳᠠᠯ ᠢ ᠦᠵᠡᠵᠦ ᠠᠯᠬᠤᠮ ᠳᠠᠷᠠᠭ᠎ᠠ ᠲᠠᠢ ᠰᠢᠢᠳᠪᠦᠷᠢᠯᠡᠵᠦ ᠪᠣᠯᠤᠨ᠎ᠠ᠃ ᠡᠭᠦᠨ ᠳᠤ ᠵᠠᠩᠭᠢᠯᠠᠭ᠎ᠠ ᠨᠢ ᠬᠡᠥᠬᠡᠳ ᠢ ᠰᠠᠨᠠᠭᠠᠴᠢᠯᠠᠭ᠎ᠠ ᠲᠠᠢ ᠬᠠᠳᠠᠭᠠᠰᠤ ᠮᠦᠷᠭᠦᠭᠦᠯᠵᠦ᠂ ᠠᠮᠢᠳᠤᠷᠠᠯ ᠤᠨ ᠭᠠᠰᠢᠭᠤᠨ ᠨᠢᠱᠤᠭᠤᠨ ᠡᠯᠳᠡᠪ ᠠᠮᠲᠠ ᠶᠢ ᠠᠮᠲᠠᠯᠠᠭᠤᠯᠤᠨ᠂ ᠠᠮᠢᠳᠤᠷᠠᠯ ᠢ ᠪᠡᠶᠡᠴᠡᠯᠡᠨ ᠣᠶᠢᠯᠠᠭᠤᠯᠤᠨ᠎ᠠ᠃ ᠢᠩᠬᠢᠪᠡᠯ ᠬᠡᠥᠬᠡᠳ ᠡᠴᠢᠭᠡ ᠡᠬᠡ ᠠᠴᠠ ᠪᠠᠨ ᠬᠦᠰᠡᠵᠦ ᠱᠠᠭᠠᠷᠳᠠᠭᠰᠠᠨ ᠵᠦᠢᠯ ᠢᠶᠠᠨ ᠠᠶᠠᠨᠳᠠᠭᠠᠨ ᠲᠡᠪᠴᠢᠵᠦ᠂ ᠪᠣᠰᠤᠳᠴᠢ ᠨᠦᠬᠦᠴᠡᠯ ᠳᠤ ᠵᠣᠬᠢᠴᠠᠨ᠂ ᠰᠡᠳᠭᠢᠯ ᠰᠠᠨᠠᠭ᠎ᠠ ᠨᠢ ᠲᠣᠭᠲᠠᠪᠤᠷᠢᠵᠢᠵᠤ ᠲᠠᠶᠢᠪᠤᠷᠢᠰᠢᠬᠤ ᠶᠤᠮ᠃            ᠬᠤᠶᠠᠷ᠃ ᠭᠡᠷ ᠪᠦᠯᠢ ᠶᠢᠨ ᠰᠡᠳᠭᠢᠯᠭᠡ ᠶᠢᠨ ᠬᠦᠮᠦᠵᠢᠯ ᠢ ᠤᠮᠳᠤᠭᠠᠶᠢᠯᠠᠵᠤ ᠪᠣᠯᠬᠤ ᠦᠭᠡᠢ᠃ ᠬᠡᠥᠬᠡᠳ ᠢ ᠬᠠᠷ᠎ᠠ ᠪᠠᠭ᠎ᠠ ᠠᠴᠠ ᠨᠢ ᠭᠡᠷ ᠪᠦᠯᠢ᠂ ᠡᠴᠢᠭᠡ ᠡᠬᠡ᠂ ᠥᠪᠡᠷ ᠤᠨ ᠪᠡᠶ᠎ᠡ᠂ ᠥᠷᠦᠭᠡᠯ ᠪᠣᠰᠤᠳ ᠲᠤ ᠬᠠᠷᠢᠭᠤᠴᠠᠬᠤ ᠣᠪᠣᠷ ᠰᠡᠳᠭᠢᠯᠭᠡ ᠲᠠᠢ ᠪᠣᠯᠭᠠᠨ ᠬᠦᠮᠦᠵᠢᠭᠦᠯᠵᠦ᠂ ᠡᠭᠦᠷᠭᠡ ᠪᠠ ᠬᠠᠷᠢᠭᠤᠴᠠᠯᠭ᠎ᠠ ᠶᠢᠨ ᠤᠬᠠᠮᠰᠠᠷ ᠢ ᠵᠡᠷᠭᠡ ᠳᠤ ᠨᠢ ᠪᠣᠢ ᠪᠣᠯᠭᠠᠨ᠎ᠠ᠃            ᠭᠤᠷᠪᠠ᠃ ᠨᠡᠶᠢᠭᠡᠮ ᠤᠨ ᠲᠦᠪᠡᠭ ᠪᠣᠳᠤᠯᠢᠶᠠᠨ ᠢ ᠬᠡᠥᠬᠡᠳ ᠲᠤ ᠠᠯᠬᠤᠮ ᠳᠠᠷᠠᠭ᠎ᠠ ᠲᠠᠢ ᠰᠡᠷᠡᠵᠦ ᠣᠶᠢᠯᠠᠭᠤᠯᠤᠨ᠎ᠠ᠃ ᠭᠡᠷ ᠪᠦᠯᠢ ᠲᠣᠲᠤᠷ᠎ᠠ ᠪᠠᠨ ᠨᠡᠶᠢᠭᠡᠮ ᠳᠡᠭᠡᠷᠡᠬᠢ ᠡᠯᠳᠡᠪ ᠦᠵᠡᠭᠳᠡᠯ ︵ᠵᠦᠪ ᠪᠤᠷᠤᠭᠤ︶᠎ ᠢ ᠶᠠᠷᠢᠯᠴᠠᠵᠤ ᠬᠦᠦᠷᠨᠢᠬᠦ ᠪᠠᠷ ᠳᠠᠮᠵᠢᠨ ᠬᠡᠥᠬᠡᠳ ᠤᠨ ᠢᠶᠠᠨ ᠲᠣᠲᠤᠭᠠᠳᠤ ᠶᠢᠷᠲᠢᠨᠴᠦ ᠶᠢ ᠣᠶᠢᠯᠠᠭᠠᠵᠤ᠂ ᠵᠦᠪ ᠪᠤᠷᠤᠭᠤ ᠶᠢ ᠢᠯᠭᠠᠨ ᠲᠠᠨᠢᠬᠤ ᠴᠢᠳᠠᠪᠤᠷᠢ ᠶᠢ ᠬᠦᠮᠦᠵᠢᠭᠦᠯᠦᠨ᠂ ᠪᠤᠷᠤᠭᠤ ᠵᠠᠮ ᠳᠤ ᠬᠡᠯᠪᠡᠶᠢᠬᠦ ᠶᠢ ᠴᠠᠭ ᠢᠮᠠᠭᠲᠠ ᠰᠡᠷᠡᠮᠵᠢᠯᠡᠭᠦᠯᠵᠦ᠂ ᠵᠦᠪ ᠵᠠᠮ ᠢᠶᠠᠷ ᠬᠦᠲᠦᠯᠦᠨ ᠳᠠᠭᠠᠭᠤᠯᠤᠨ᠎ᠠ᠃            ᠳᠥᠷᠪᠡ᠃ ᠬᠡᠥᠬᠡᠳ ᠢ ᠬᠠᠪᠰᠤᠷᠤᠨ ᠵᠦᠪ ᠣᠨᠣᠪᠴᠢᠲᠠᠢ ᠦᠷᠲᠡᠭ ᠤᠨ ᠦᠵᠡᠯᠲᠡ ᠶᠢ ᠪᠣᠢ ᠪᠣᠯᠭᠠᠨ᠎ᠠ᠃ ᠵᠣᠭᠤᠰ ᠮᠦᠩᠭᠦ ᠶᠢ ᠲᠣᠬᠢᠷᠠᠮᠵᠢᠲᠠᠢ ᠭᠠᠵᠠᠷ ᠲᠤ ᠨᠢ ᠵᠣᠬᠢᠰᠲᠠᠢ ᠵᠠᠷᠤᠵᠤ ᠡᠳ᠋ᠯᠡᠬᠦ ᠠᠩᠬᠠᠨ ᠤ ᠤᠬᠠᠮᠰᠠᠷ ᠢ ᠪᠣᠢ ᠪᠣᠯᠭᠠᠵᠤ᠂ ᠵᠣᠭᠤᠰ ᠮᠥᠩᠭᠦ ᠪᠠ ᠶᠣᠰᠤ ᠰᠤᠷᠲᠠᠬᠤᠨ ᠤ ᠬᠤᠭᠤᠷᠤᠨᠳᠤ ᠡᠷᠬᠡᠪᠰᠢ ᠰᠢᠨᠵᠢᠯᠡᠬᠦ ᠤᠬᠠᠭᠠᠨᠴᠢ ᠦᠷᠲᠡᠭ ᠤᠨ ᠦᠵᠡᠯᠲᠡ ᠶᠢ ᠪᠣᠢ ᠪᠣᠯᠭᠠᠬᠤ ᠬᠡᠷᠡᠭᠲᠡᠢ᠃ ᠬᠠᠷᠢᠨ ᠬᠠᠯᠲᠤ ᠭᠡᠪᠡᠯ ᠲᠡᠷᠡ ᠦᠶ᠎ᠡ ᠳᠤ ᠪᠢᠳᠡ ᠶᠠᠭᠠᠬᠢᠵᠤ ᠡᠶᠢᠵᠦ ᠶᠠᠳᠠᠵᠤ ᠵᠦᠳᠡᠵᠦ ᠠᠮᠢᠳᠤᠷᠠᠵᠤ ᠪᠠᠶᠢᠯ᠎ᠠ ᠭᠡᠵᠦ ᠬᠡᠥᠬᠡᠳ ᠢᠶᠠᠨ ᠰᠤᠷᠭᠠᠬᠤ ᠳᠤ ᠲᠡᠳᠡ ᠬᠦᠯᠢᠶᠡᠵᠦ ᠠᠪᠳᠠᠭ ᠦᠭᠡᠢ ᠶᠤᠮ ᠰᠢᠦ᠃ ᠲᠡᠷᠡ ᠴᠠᠭ ᠦᠶ᠎ᠡ ᠨᠢᠭᠡᠨᠲᠡ ᠦᠩᠭᠡᠷᠡᠵᠦ᠂ ᠦᠭᠡᠷᠡᠴᠢᠯᠡᠭᠳᠡᠨ ᠬᠤᠪᠢᠷᠠᠭᠠᠳ ᠥᠭᠡᠷ᠎ᠡ ᠶᠢᠷᠲᠢᠨᠴᠦ ᠪᠣᠯᠤᠭᠰᠠᠨ ᠢ ᠶᠠᠭᠤᠨ ᠦᠭᠦᠯᠡᠬᠦ ᠪᠣᠢ᠃            ᠲᠠᠪᠤ᠃ ᠬᠡᠥᠬᠡᠳ ᠤᠨ ᠡᠷᠬᠢᠮ ᠳᠡᠭᠡᠳᠦ ᠭᠡᠬᠦ ᠪᠤᠶᠤ ᠵᠦᠪ ᠭᠡᠬᠦ ᠶᠣᠰᠤ ᠰᠤᠷᠲᠠᠬᠤᠨ ᠪᠠ ᠢᠲᠡᠭᠡᠯ ᠵᠣᠷᠢᠭ ᠢ ᠪᠠᠭ᠎ᠠ ᠠᠴᠠ ᠨᠢ ᠬᠦᠮᠦᠵᠢᠭᠦᠯᠬᠦ ᠬᠡᠷᠡᠭᠲᠡᠢ᠃ ᠪᠠᠭ᠎ᠠ ᠠᠴᠠ ᠪᠠᠨ ᠬᠡᠯᠡᠬᠦ ᠬᠢᠬᠦ ᠨᠢ ᠨᠢᠭᠡ ᠪᠠᠶᠢᠬᠤ ᠶᠣᠰᠤ ᠰᠤᠷᠲᠠᠬᠤᠨ ᠤ ᠳᠠᠳᠬᠠᠯ ᠬᠦᠮᠦᠵᠢᠯ ᠢ ᠴᠢᠩᠭᠠᠳᠬᠠᠵᠤ᠂ ᠵᠢᠵᠢᠭ ᠰᠠᠵᠢᠭ ᠶᠠᠪᠤᠳᠠᠯ ᠠᠴᠠ ᠡᠬᠢᠯᠡᠨ ᠰᠠᠨᠠᠭᠠᠴᠢᠯᠠᠭ᠎ᠠ ᠲᠠᠢ ᠬᠦᠲᠦᠯᠦᠨ ᠵᠢᠯᠣᠭᠤᠳᠴᠤ᠂ ᠥᠪᠡᠷᠰᠡᠳ ᠢᠶᠠᠨ ᠬᠡᠪ ᠳᠠᠭᠤᠷᠢᠶᠠᠯ ᠪᠣᠯᠬᠤ ᠬᠡᠷᠡᠭᠲᠡᠢ᠃ ᠭᠡᠬᠦ ᠳᠤ ᠦᠩᠭᠡᠷᠡᠭᠰᠡᠨ ᠤ ᠭᠠᠪᠢᠶ᠎ᠠ ᠵᠢᠳᠭᠦᠯ᠂ ᠰᠠᠶᠢᠨ ᠰᠠᠶᠢᠬᠠᠨ ᠪᠠᠶᠢᠭᠰᠠᠨ ᠲᠠᠯ᠎ᠠ ᠪᠠᠨ ᠬᠡᠥᠬᠡᠳ ᠲᠤ ᠪᠠᠨ ᠭᠠᠶᠢᠬᠠᠭᠤᠯᠵᠤ ᠶᠠᠷᠢᠭᠠᠳ ᠪᠠᠶᠢᠬᠤ ᠬᠡᠷᠡᠭ ᠦᠭᠡᠢ ᠶᠤᠮ᠂ ᠬᠡᠥᠬᠡᠳ ᠤᠨ ᠢᠶᠠᠨ ᠶᠠᠷᠢᠬᠤ ᠭᠡᠰᠡᠨ ᠦᠭᠡ ᠶᠢ ᠢᠯᠡᠭᠦᠦ ᠰᠣᠨᠣᠰᠴᠤ᠂ ᠬᠠᠮᠤᠭ ᠡᠴᠦᠰ ᠤᠨ ᠰᠢᠢᠳᠪᠦᠷᠢ ᠭᠠᠷᠭᠠᠬᠤ ᠳᠤ ᠴᠦ ᠬᠡᠥᠬᠡᠳ ᠤᠨ ᠢᠶᠠᠨ ᠰᠠᠨᠠᠯ ᠢ ᠰᠠᠶᠢᠲᠤᠷ ᠪᠣᠳᠣᠯᠬᠢᠯᠠᠪᠠᠯ ᠵᠣᠬᠢᠨ᠎ᠠ᠃            ᠵᠢᠷᠭᠤᠭ᠎ᠠ᠃ ᠬᠡᠥᠬᠡᠳ ᠤᠨ ᠪᠡᠶ᠎ᠡ ᠪᠠᠨ ᠳᠠᠭᠠᠭᠠᠵᠤ ᠰᠡᠳᠭᠢᠬᠦ ᠳᠠᠳᠬᠠᠯ ᠢ ᠬᠦᠮᠦᠵᠢᠭᠦᠯᠦᠨ᠎ᠡ᠃ ᠬᠡᠥᠬᠡᠳ ᠤᠨ ᠵᠦᠪ ᠪᠤᠷᠣᠭᠤ ᠶᠢ ᠮᠠᠭᠠᠳᠯᠠᠵᠤ᠂ ᠰᠠᠶᠢᠨ ᠮᠠᠭᠤ ᠶᠢ ᠢᠯᠭᠠᠨ᠂ ᠵᠦᠪ ᠣᠨᠣᠪᠴᠢᠲᠠᠢ ᠦᠢᠯᠡᠪᠦᠷᠢ ᠠᠪᠬᠤ ᠴᠢᠳᠠᠪᠤᠷᠢ ᠶᠢ ᠪᠠᠭ᠎ᠠ ᠠᠴᠠ ᠨᠢ ᠬᠦᠮᠦᠵᠢᠭᠦᠯᠦᠨ᠎ᠡ᠃ ᠶᠡᠬᠡᠴᠦᠦᠯ ᠬᠡᠥᠬᠡᠳ ᠢ ᠣᠷᠣᠯᠠᠨ ᠰᠡᠳᠭᠢᠬᠦ ᠪᠤᠶᠤ ᠰᠢᠢᠳᠪᠦᠷᠢ ᠭᠠᠷᠭᠠᠬᠤ ᠶᠢ ᠲᠡᠪᠴᠢᠪᠡᠯ ᠵᠣᠬᠢᠨ᠎ᠠ᠃ ᠢᠯᠠᠩᠭᠤᠶ᠎ᠠ ᠬᠡᠥᠬᠡᠳ ᠪᠣᠳᠣᠯ ᠲᠣᠭᠲᠠᠵᠤ ᠳᠡᠶᠢᠯᠦᠭᠡᠳᠦᠢ᠂ ᠡᠷᠡᠭᠡᠯᠵᠡᠵᠦ ᠪᠠᠶᠢᠬᠤ ᠦᠶ᠎ᠡ ᠨᠡᠩ ᠴᠦ ᠬᠦᠯᠢᠴᠡᠩᠭᠦᠢ ᠪᠠᠶᠢᠵᠤ᠂ ᠬᠡᠥᠬᠡᠳ ᠲᠤ ᠰᠡᠳᠭᠢᠬᠦ ᠵᠠᠪ ᠴᠢᠯᠦᠭᠡ ᠪᠠ ᠵᠦᠪ ᠪᠤᠷᠤᠭᠤ ᠶᠢ ᠮᠠᠭᠠᠳᠯᠠᠬᠤ ᠵᠠᠪᠰᠢᠶᠠᠨ ᠣᠯᠭᠤᠪᠠᠯ ᠵᠣᠬᠢᠨ᠎ᠠ᠃            ᠳᠣᠯᠤᠭ᠎ᠠ᠃ ᠬᠡᠥᠬᠡᠳ ᠢ ᠬᠠᠷ᠎ᠠ ᠪᠠᠭ᠎ᠠ ᠠᠴᠠ ᠨᠢ ᠲᠡᠰᠪᠦᠷᠢ ᠬᠠᠲᠠᠭᠤᠵᠢᠯᠲᠠᠢ ᠠᠵᠢᠯᠯᠠᠬᠤ ᠵᠣᠷᠢᠭ ᠰᠠᠨᠠᠭ᠎ᠠ ᠪᠠ ᠵᠠᠩ ᠮᠤᠷᠠᠯ ᠲᠠᠢ ᠪᠣᠯᠭᠠᠨ ᠬᠦᠮᠦᠵᠢᠭᠦᠯᠪᠡᠯ ᠵᠣᠬᠢᠨ᠎ᠠ᠃ ᠣᠳᠤᠬᠠᠨ ᠤ ᠬᠡᠥᠬᠡᠳ ᠨᠡᠶᠢᠭᠡᠮ ᠤᠨ ᠠᠯᠢᠪᠠ ᠲᠥᠭᠡᠷᠢᠭᠳᠡᠭᠦᠯᠦᠯ ᠢ ᠬᠠᠷᠢᠭᠤᠴᠠᠵᠤ ︵ᠡᠰᠡᠷᠭᠦᠴᠡᠵᠦ︶ ᠴᠢᠳᠠᠬᠤ ᠦᠭᠡᠢ ᠪᠠᠶᠢᠳᠠᠭ ᠤᠨ ᠭᠤᠣᠯ ᠰᠢᠯᠲᠠᠭᠠᠨ ᠪᠣᠯ ᠬᠡᠲᠦᠷᠬᠡᠢ ᠨᠤᠮᠤᠢ ᠳᠣᠷᠣᠢ᠂ ᠥᠪᠡᠷ ᠤᠨ ᠦᠵᠡᠯᠲᠡ ᠦᠭᠡᠢ ᠪᠠᠶᠢᠳᠠᠭ ᠲᠤ ᠣᠷᠣᠰᠢᠨ᠎ᠠ᠃ ᠡᠶᠢᠮᠦ ᠠᠴᠠ ᠬᠡᠥᠬᠡᠳ ᠲᠤ ᠢᠲᠡᠭᠡᠯ ᠵᠣᠷᠢᠭ ᠢᠶᠠᠨ ᠳᠠᠪᠲᠠᠨ ᠪᠣᠯᠪᠠᠰᠤᠷᠠᠭᠤᠯᠬᠤ ᠵᠠᠪᠰᠢᠶᠠᠨ ᠣᠯᠭᠤᠵᠤ᠂ ᠰᠠᠶᠢᠨ ᠰᠠᠶᠢᠬᠠᠨ ᠵᠠᠩ ᠮᠤᠷᠠᠯ᠂ ᠲᠡᠰᠪᠦᠷᠢ ᠬᠠᠲᠠᠭᠤᠵᠢᠯ ᠂ ᠢᠲᠡᠭᠡᠯ ᠵᠣᠷᠢᠭ ᠢ ᠪᠠᠭ᠎ᠠ ᠠᠴᠠ ᠨᠢ ᠬᠦᠮᠦᠵᠢᠭᠦᠯᠬᠦ ᠬᠡᠷᠡᠭᠲᠡᠢ᠃            ᠨᠠᠢᠮᠠ᠃ ᠬᠡᠥᠬᠡᠳ ᠤᠨ ᠬᠦᠷᠦᠯᠴᠡᠬᠦ ᠦᠭᠡᠢ ᠲᠠᠯ᠎ᠠ ᠪᠠᠨ ᠵᠣᠷᠢᠭᠲᠠᠢ ᠮᠡᠳᠡᠷᠡᠵᠦ᠂ ᠠᠯᠳᠠᠭ᠎ᠠ ᠪᠤᠷᠤᠭᠤ ᠪᠠᠨ ᠵᠣᠷᠢᠭᠲᠠᠢ ᠵᠠᠯᠠᠷᠠᠭᠤᠯᠬᠤ ᠰᠠᠶᠢᠨ ᠰᠠᠶᠢᠬᠠᠨ ᠳᠠᠳᠬᠠᠯ ᠢ ᠬᠦᠮᠦᠵᠢᠭᠦᠯᠬᠦ ᠬᠡᠷᠡᠭᠲᠡᠢ᠃ ᠬᠡᠥᠬᠡᠳ ᠤᠨ ᠪᠡᠶ᠎ᠡ ᠰᠡᠳᠭᠢᠴᠡ ᠠᠷᠠᠢ ᠪᠣᠶᠢᠵᠢᠵᠤ ᠪᠣᠯᠤᠭᠠᠳᠤᠢ ᠦᠶ᠎ᠡ᠂ ᠦᠷᠭᠦᠯᠵᠢ ᠠᠯᠳᠠᠭ᠎ᠠ ᠲᠤᠳᠠᠭᠳᠠᠯ ᠭᠠᠷᠭᠠᠬᠤ ᠨᠢ ᠵᠦᠩᠳᠡᠭᠡᠨ ᠪᠠᠶᠢᠳᠠᠭ᠃ ᠭᠡᠷ ᠤᠨ ᠠᠬᠠᠮᠠᠳ ᠬᠡᠥᠬᠡᠳ ᠲᠤ ᠠᠯᠳᠠᠭ᠎ᠠ ᠪᠠᠨ ᠵᠠᠯᠠᠷᠠᠭᠤᠯᠬᠤ ᠲᠣᠬᠢᠶᠠᠯ ᠥᠭᠬᠦ ᠬᠡᠷᠡᠭᠲᠡᠢ᠂ ᠬᠠᠷᠢᠨ ᠨᠢᠭᠡ ᠯᠠ ᠬᠥᠭ ᠢᠶᠠᠷ ᠪᠤᠷᠤᠭᠤᠰᠢᠶᠠᠨ ᠵᠢᠮᠡᠯᠡᠵᠦ᠂ ᠬᠠᠷᠢᠶᠠᠵᠤ ᠴᠣᠬᠢᠬᠤ ᠪᠠᠷ ᠵᠦᠪ ᠲᠠᠯ᠎ᠠ ᠶᠢᠨ ᠰᠤᠷᠭᠠᠨ ᠬᠦᠮᠦᠵᠢᠯ ᠢ ᠣᠷᠣᠯᠠᠭᠤᠯᠵᠤ ᠪᠣᠯᠬᠤ ᠦᠭᠡᠢ᠃            ᠶᠢᠰᠦ᠃ ᠭᠡᠷ ᠪᠦᠯᠢ ᠲᠣᠲᠤᠷ᠎ᠠ ᠪᠠᠨ ᠬᠡᠥᠬᠡᠳ ᠢ ᠤᠷᠮᠠᠰᠢᠭᠤᠯᠵᠤ ᠪᠠᠶᠢᠬᠤ ᠬᠡᠷᠡᠭᠲᠡᠢ᠃ ᠭᠡᠬᠦ ᠳᠤ ᠶᠠᠩᠵᠤ ᠪᠦᠷᠢ ᠶᠢᠨ ᠠᠮᠠᠯᠠᠯ ᠲᠠᠯᠪᠢᠵᠤ ᠬᠡᠷᠡᠭ ᠦᠭᠡᠢ᠂ ᠴᠢ ᠰᠤᠷᠤᠯᠭ᠎ᠠ ᠳᠤ ᠪᠠᠨ ᠵᠠᠭᠤᠨ ᠬᠤᠪᠢ ᠣᠯᠪᠠᠯ ᠁ ᠨᠢᠭᠡᠳᠦᠭᠡᠷ ᠨᠡᠷᠡᠰ ᠲᠤ ᠣᠷᠣᠪᠠᠯ ᠴᠢᠮ᠎ᠠ ᠳᠤ ᠬᠡᠳᠦᠢ ᠵᠣᠭᠤᠰ ᠥᠭᠬᠦ᠂ ᠶᠠᠭᠤ ᠶᠠᠭᠤ ᠠᠪᠴᠤ ᠥᠭᠬᠦ ᠭᠡᠮᠡᠨ ᠠᠮᠠᠯᠳᠠᠬᠤ ᠪᠣᠯ ᠬᠡᠥᠬᠡᠳ ᠢ ᠮᠠᠭᠤ ᠵᠠᠩ ᠳᠤ ᠣᠷᠣᠭᠤᠯᠵᠤ ᠬᠤᠵᠢᠮ ᠡᠳ᠋ ᠪᠣᠳᠠᠰ᠂ ᠠᠰᠢᠭ ᠲᠤᠰᠠ ᠠᠴᠠ ᠥᠭᠡᠷ᠎ᠡ ᠶᠠᠭᠤᠮ᠎ᠠ ᠲᠠᠨᠢᠬᠤ ᠦᠭᠡᠢ ᠪᠣᠯᠭᠠᠬᠤ ᠳᠤ ᠬᠦᠷᠭᠡᠬᠦ ᠶᠤᠮ ᠰᠢᠦ᠂ ᠲᠡᠭᠡᠬᠦ ᠶᠢᠨ ᠣᠷᠣᠨ ᠳᠤ ᠰᠠᠶᠢᠨ ᠢ ᠨᠢ ᠴᠠᠭ ᠢᠮᠠᠭᠲᠠ ᠤᠷᠮᠠᠰᠢᠭᠤᠯᠵᠤ᠂ ᠱᠠᠭᠠᠷᠳᠠᠯᠭ᠎ᠠ ᠪᠠᠨ ᠪᠠᠭ᠎ᠠ ᠪᠠᠭ᠎ᠠ ᠪᠠᠷ ᠨᠡᠮᠡᠭᠳᠡᠭᠦᠯᠵᠦ ᠳᠠᠷᠤᠯᠲᠠ ᠥᠭᠴᠦ ᠪᠠᠶᠢᠪᠠᠯ ᠬᠡᠥᠬᠡᠳ ᠤᠨ ᠪᠣᠶᠢᠵᠢᠯᠲᠠ ᠳᠤ ᠠᠰᠢᠭᠲᠠᠢ ᠶᠤᠮ᠃                                            
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号