ᠬᠡᠥᠬᠡᠳ ᠢ ᠬᠡᠷᠬᠢᠨ ᠰᠤᠷᠭᠠᠵᠤ ᠰᠢᠭᠦᠮᠵᠢᠯᠡᠪᠡᠯ ᠵᠣᠬᠢᠬᠤ ᠪᠣᠢ︖
ᠨᠡᠶᠢᠲᠡᠯᠡᠭᠰᠡᠨ ᠴᠠᠭ᠄
2024/3/21
                                          1. ᠬᠡᠥᠬᠡᠳ ᠤᠨ ᠵᠠᠷᠢᠮ ᠠᠵᠢᠯᠯᠠᠭ᠎ᠠ ᠨᠢ ᠬᠦᠨᠳᠦ ᠨᠣᠴᠢᠲᠠᠢ ᠠᠶᠤᠯ ᠡᠭᠦᠰᠭᠡᠮᠡᠷ ᠪᠣᠯᠣᠭᠰᠠᠨ ᠦᠶ᠎ᠡ ᠳᠤ ᠦᠴᠦᠬᠡᠨ ᠴᠦ ᠡᠷᠡᠭᠡᠯᠵᠡᠯ ᠦᠭᠡᠢ ᠴᠢᠩᠭ᠎ᠠ ᠰᠢᠭᠦᠮᠵᠢᠯᠡᠬᠦ ᠬᠡᠷᠡᠭᠲᠡᠢ᠃           2.ᠲᠣᠬᠠᠢ ᠶᠢᠨ ᠴᠠᠭ ᠲᠤᠨᠢ ᠰᠢᠢᠳᠪᠦᠷᠢᠯᠡᠬᠦ ᠬᠡᠷᠡᠭᠲᠡᠢ᠃ ᠦᠷᠯᠦᠭᠡ ᠶᠢᠨ ᠡᠭᠦᠰᠦᠭᠰᠡᠨ ᠤᠴᠢᠷ ᠢ ᠦᠷᠯᠦᠭᠡ ᠳᠤ ᠨᠢ ᠰᠢᠢᠳᠪᠦᠷᠢᠯᠡᠬᠦ ᠬᠡᠷᠡᠭᠲᠡᠢ᠂ ᠦᠭᠡᠢ ᠪᠣᠯ ᠬᠡᠥᠬᠡᠳ ᠬᠡᠳᠦᠶᠢᠨ ᠮᠠᠷᠲᠠᠴᠢᠬᠠᠭᠰᠠᠨ ᠪᠠᠶᠢᠳᠠᠭ᠃           3.ᠰᠢᠭᠦᠮᠵᠢᠯᠡᠬᠦ ᠦᠶ᠎ᠡ ᠳᠤ ᠭᠡᠷ ᠢᠶᠠᠷ ᠢᠶᠠᠨ ᠰᠠᠨᠠᠯ ᠨᠢᠭᠡᠲᠡᠢ᠂ ᠣᠪᠣᠷ ᠠᠳᠠᠯᠢᠬᠠᠨ ᠪᠠᠶᠢᠬᠤ ᠬᠡᠷᠡᠭᠲᠡᠢ᠃           4.ᠤᠷᠢᠳᠠᠪᠠᠷ ᠰᠠᠶᠢᠰᠢᠶᠠᠵᠦ ᠬᠤᠶᠢᠨ᠎ᠠ ᠨᠢ ᠰᠢᠭᠦᠮᠵᠢᠯᠡᠬᠦ ᠬᠡᠷᠡᠭᠲᠡᠢ᠃ ᠬᠠᠷᠢᠨ ᠬᠠᠷ᠎ᠠ ᠴᠠᠭᠠᠨ ᠢ ᠢᠯᠭᠠᠬᠤ ᠦᠭᠡᠢ᠂ ᠳᠤᠷ᠎ᠠ ᠪᠠᠷ ᠢᠶᠠᠨ ᠰᠢᠭᠦᠮᠵᠢᠯᠡᠵᠦ ᠪᠣᠯᠬᠤ ᠦᠭᠡᠢ᠃ ᠤᠷᠢᠳᠠᠪᠠᠷ ᠰᠠᠶᠢᠨ ᠲᠠᠯ᠎ᠠ ᠶᠢ ᠨᠢ ᠮᠠᠭᠲᠠᠨ ᠰᠠᠶᠢᠰᠢᠶᠠᠵᠤ᠂ ᠳᠠᠷᠠᠭ᠎ᠠ ᠨᠢ ᠪᠤᠷᠤᠭᠤ ᠲᠠᠯ᠎ᠠ ᠶᠢ ᠨᠢ ᠰᠢᠭᠦᠮᠵᠢᠯᠡᠪᠡᠯ ᠵᠣᠬᠢᠨ᠎ᠠ᠃           5.ᠬᠡᠥᠬᠡᠳ ᠢ ᠪᠠᠶᠢᠩᠭᠤ ᠰᠤᠷᠭᠠᠵᠤ ᠪᠠᠶᠢᠬᠤ ᠬᠡᠷᠡᠭᠲᠡᠢ᠃ ᠰᠠᠨᠠᠭᠠᠨ ᠳᠤ ᠣᠷᠣᠪᠠᠯ ᠴᠢᠩᠭ᠎ᠠ ᠰᠤᠷᠭᠠᠵᠤ᠂ ᠰᠠᠨᠠᠭᠠᠨ ᠳᠤ ᠣᠷᠣᠬᠤ ᠦᠭᠡᠢ ᠪᠣᠯ ᠳᠤᠷ᠎ᠠ ᠪᠠᠷ ᠨᠢ ᠲᠠᠯᠪᠢᠬᠤ ᠨᠢ ᠬᠡᠥᠬᠡᠳ ᠢ ᠰᠠᠶᠢᠨ ᠰᠤᠷᠭᠠᠵᠤ ᠳᠡᠶᠢᠯᠬᠦ ᠦᠭᠡᠢ ᠶᠤᠮ᠃           6.ᠰᠢᠭᠦᠮᠵᠢᠯᠡᠬᠦ ᠳᠤ ᠰᠡᠳᠭᠢᠯ ᠬᠦᠳᠡᠯᠵᠦ ᠪᠣᠶᠢᠬᠤ ᠦᠭᠡᠢ᠃ ᠰᠢᠭᠦᠮᠵᠢᠯᠡᠯ ᠪᠣᠯ ᠵᠣᠷᠢᠯᠭ᠎ᠠ ᠪᠢᠰᠢ᠂ ᠬᠠᠷᠢᠨ ᠬᠡᠥᠬᠡᠳ ᠤᠨ ᠪᠤᠷᠤᠭᠤ ᠶᠢ ᠨᠢ ᠮᠡᠳᠡᠭᠦᠯᠵᠦ ᠵᠠᠯᠠᠷᠠᠭᠤᠯᠬᠤ ᠶᠢᠨ ᠲᠥᠯᠦᠭᠡ ᠶᠤᠮ᠃           7.ᠬᠡᠥᠬᠡᠳ ᠢ ᠵᠣᠳᠤᠵᠤ ᠰᠣᠷᠭᠠᠵᠤ ᠪᠣᠶᠢᠬᠤ ᠦᠭᠡᠢ᠃ ᠬᠠᠷᠢᠨ ᠦᠭᠡ ᠶᠠᠷᠢᠶ᠎ᠠ ᠪᠠᠷ ᠰᠤᠷᠭᠠᠵᠤ ᠬᠦᠮᠦᠵᠢᠭᠦᠯᠬᠦ ᠬᠡᠷᠡᠭᠲᠡᠢ᠃ ᠢᠩᠬᠢᠵᠦ ᠬᠢᠬᠦ ᠨᠢ ᠶᠠᠭᠤᠨ ᠳᠤ ᠲᠠᠭᠠᠷᠠᠬᠤ ᠦᠭᠡᠢ ᠭᠡᠳᠡᠭ ᠢ ᠮᠡᠳᠡᠭᠦᠯᠬᠦ ᠶᠢᠨ ᠲᠥᠯᠦᠭᠡ ᠶᠤᠮ᠃           8.ᠰᠢᠭᠦᠮᠵᠢᠯᠡᠭᠡᠳ ᠪᠠᠷᠠᠰᠢ ᠦᠭᠡᠢ ᠪᠠᠶᠢᠵᠤ ᠪᠣᠶᠢᠬᠤ ᠦᠭᠡᠢ᠃ ᠬᠡᠥᠬᠡᠳ ᠢ ᠰᠢᠭᠦᠮᠵᠢᠯᠡᠬᠦ ᠳᠤ ᠰᠢᠭᠤᠳ ᠰᠢᠯᠤᠭᠤᠨ᠂ ᠲᠣᠳᠤ ᠠᠪᠰᠠᠷᠬᠠᠨ ᠪᠠᠶᠢᠪᠠᠯ ᠵᠣᠬᠢᠨ᠎ᠠ᠃           9.ᠬᠤᠭᠤᠯᠠᠨ ᠠᠴᠠ ᠡᠮᠦᠨ᠎ᠡ ᠪᠤᠶᠤ ᠬᠤᠭᠤᠯᠠ ᠢᠳᠡᠬᠦ ᠦᠶ᠎ᠡ ᠳᠤ ᠬᠡᠥᠬᠡᠳ ᠢ ᠪᠢᠲᠡᠬᠡᠢ ᠰᠢᠭᠦᠮᠵᠢᠯᠡᠭᠡᠷᠡᠢ᠂ ᠢᠩᠬᠢᠬᠦ ᠨᠢ ᠬᠡᠥᠬᠡᠳ ᠤᠨ ᠳᠤᠷᠠᠰᠢᠯ ᠢ ᠨᠦᠯᠦᠭᠡᠯᠡᠬᠦ ᠶᠤᠮ᠃           10.ᠭᠦᠨ ᠭᠦᠨᠵᠡᠭᠡᠢ ᠬᠠᠶᠢᠷ᠎ᠠ ᠰᠡᠳᠭᠢᠯᠭᠡ ᠪᠠᠷ ᠬᠡᠥᠬᠡᠳ ᠢ ᠰᠤᠷᠭᠠᠬᠤ ᠬᠡᠷᠡᠭᠲᠡᠢ᠃ ᠴᠢᠩ ᠦᠨᠡᠨᠴᠢ ᠰᠡᠳᠭᠢᠯᠭᠡ ᠪᠠᠷ ᠬᠡᠥᠬᠡᠳ ᠲᠠᠢ ᠣᠶᠢᠷᠠᠲᠤᠵᠤ᠂ ᠲᠣᠲᠣᠨᠤᠰᠤᠭ ᠢᠶᠠᠷ ᠰᠡᠳᠭᠢᠯ ᠰᠠᠨᠠᠭ᠎ᠠ ᠪᠠᠨ ᠰᠣᠯᠢᠯᠴᠠᠪᠠᠯ ᠳᠠᠷᠤᠢ ᠰᠠᠶᠢᠨ ᠦᠷ᠎ᠡ ᠳ᠋ᠦᠩ ᠭᠠᠷᠬᠤ ᠶᠤᠮ᠃                                            
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号