ᠬᠡᠥᠬᠡᠳ ᠲᠤ ᠪᠠᠭ᠋ᠠᠨ ︽ᠬᠦᠴᠢᠷ︾ ᠠᠮᠰᠠᠭᠤᠯᠪᠠᠯ ᠵᠦᠢᠲᠠᠢ
ᠨᠡᠶᠢᠲᠡᠯᠡᠭᠰᠡᠨ ᠴᠠᠭ᠄
2024/3/21
                                                  ᠣᠳᠤ ᠶᠢᠨ ᠬᠡᠥᠬᠡᠳ ᠤᠨ ᠣᠯᠠᠩᠬᠢ ᠨᠢ ᠦᠷ᠎ᠡ ᠶᠢᠨ ᠭᠠᠭᠴᠠ ᠦᠨᠳᠦᠰᠦ ᠪᠣᠯᠬᠤ ᠪᠣᠯᠬᠤᠷ ᠨᠠᠭᠠᠳᠤᠮ ᠤᠨ ᠵᠦᠢᠯ ᠨᠢ ᠭᠡᠷ ᠳᠦᠭᠦᠷᠡᠩ᠂ ᠡᠮᠦᠰᠬᠦ ᠬᠤᠪᠴᠠᠰᠤ ᠨᠢ ᠠᠪᠳᠠᠷ᠎ᠠ ᠳᠦᠭᠦᠷᠡᠩ ᠪᠠᠨᠶᠢᠵᠤ᠂ ᠢᠳᠡᠬᠦ ᠤᠤᠭᠤᠬᠤ ᠵᠦᠢᠯ ᠨᠢ ᠴᠦ ᠦᠨᠢᠶᠡᠨ ᠰᠦ᠂ ᠪᠤᠭᠤᠳᠠᠢ ᠶᠢᠨ ᠰᠢᠮ᠎ᠡ᠂ ᠴᠣᠺᠣᠯᠠᠳ᠋ ᠰᠢᠬᠢᠷ᠂ ᠰᠢᠮ᠎ᠡ ᠲᠡᠭᠦᠯᠳᠡᠷ ᠤᠮᠳᠠᠭᠠᠨ ᠭᠡᠳ ᠡᠯᠳᠡᠪ ᠵᠦᠢᠯ ᠤᠨ ᠪᠠᠶᠢᠳᠠᠭ᠃ ᠡᠨᠡᠬᠡᠨ ᠢᠶᠠᠷ ᠵᠣᠭᠰᠤᠬᠤ ᠦᠭᠡᠢ᠂ ᠬᠡᠥᠬᠡᠳ ᠨᠢ ᠰᠤᠷᠭᠠᠭᠤᠯᠢ ᠳᠤ ᠰᠠᠭᠤᠪᠠᠯ ᠭᠡᠷ ᠤᠨ ᠠᠬᠠᠮᠠᠳ ᠨᠢ ᠪᠣᠭᠴᠤ ᠶᠢ ᠨᠢ ᠡᠭᠦᠷᠴᠦ ᠬᠦᠷᠭᠡᠬᠦ᠂ ᠲᠣᠰᠬᠤ᠂ ᠰᠤᠷᠭᠠᠭᠤᠯᠢ ᠶᠢᠨ ᠬᠢᠨ ᠡᠷᠡᠭᠦᠯ ᠬᠠᠮᠠᠭᠠᠯᠠᠯ ᠠᠷᠢᠭᠤᠨ ᠴᠡᠪᠡᠷ ᠤᠨ ᠠᠵᠢᠯ ᠬᠢᠪᠡᠯ ᠭᠡᠷ ᠤᠨ ᠠᠬᠠᠮᠠᠳ ᠨᠢ ᠬᠡᠥᠬᠡᠳ ᠢᠶᠠᠨ ᠣᠷᠣᠯᠠᠨ ᠬᠢᠬᠦ᠂ ᠨᠡᠩ ᠴᠢᠨᠠᠭᠰᠢᠯᠠᠨ ᠬᠦᠮᠦᠨ ᠬᠦᠯᠦᠰᠦᠯᠡᠨ ᠵᠢᠵᠢᠭᠦᠷ ᠢ ᠨᠢ ᠬᠢᠯᠭᠡᠬᠦ᠂ ᠭᠡᠷ ᠲᠤ ᠪᠠᠨ ᠨᠢᠭᠤᠷ ᠭᠠᠷ ᠲᠣᠯᠣᠭᠠᠢ ᠲᠦᠷᠦᠭᠦᠦ ᠳᠤ ᠨᠢ ᠬᠦᠷᠲᠡᠯ᠎ᠡ ᠡᠴᠢᠭᠡ ᠡᠬᠡ ᠨᠢ ᠤᠬᠢᠶᠠᠵᠤ ᠥᠭᠬᠦ ᠦᠵᠡᠭᠳᠡᠯ ᠵᠦᠩᠳᠡᠭᠡᠨ ᠪᠠᠶᠢᠳᠠᠭ᠃ ᠡᠳᠡᠭᠡᠷ ᠨᠢ ᠬᠡᠥᠬᠡᠳ ᠤᠨ ᠪᠡᠶ᠎ᠡ ᠰᠡᠳᠭᠢᠴᠡ ᠶᠢᠨ ᠡᠷᠡᠭᠦᠯ ᠢᠶᠠᠷ ᠬᠦᠭᠵᠢᠬᠦ ᠳᠤ ᠲᠤᠶᠢᠯ ᠤᠨ ᠠᠰᠢᠭ ᠦᠭᠡᠢ ᠪᠠᠶᠢᠳᠠᠭ᠃           ︽ᠡᠷᠬᠡ ᠶᠢ ᠰᠤᠷᠬᠤ ᠪᠠᠷ ᠪᠡᠷᠬᠡ ᠶᠢ ᠰᠤᠷ︾ ᠭᠡᠵᠦ ᠠᠷᠠᠳ ᠤᠨ ᠰᠡᠴᠡᠨ ᠦᠭᠡᠨ ᠳᠤ ᠪᠠᠶᠢᠳᠠᠭ ᠪᠢᠯᠡ᠃ ᠡᠷᠲᠡ ᠡᠳᠦᠭᠡ ᠳᠤᠮᠳᠠᠳᠤ ᠭᠠᠳᠠᠭᠠᠳᠤ ᠶᠢᠨ ᠠᠯᠢ ᠣᠯᠠᠨ ᠨᠡᠷᠡᠲᠦ ᠬᠦᠮᠦᠰ ᠤᠨ ᠦᠢᠯᠡ ᠶᠠᠪᠤᠳᠠᠯ ᠨᠢ ᠶᠠᠳᠠᠭᠤ ᠬᠦᠮᠦᠨ ᠤ ᠬᠡᠥᠬᠡᠳ ᠡᠷᠲᠡ ᠠᠲᠠᠯ ᠳᠤ ᠣᠷᠣᠵᠤ᠂ ᠬᠠᠲᠠᠭᠤᠵᠢᠯᠲᠠᠢ ᠣᠷᠴᠢᠨ ᠲᠣᠭᠤᠷᠢᠨ ᠠᠴᠠ ᠴᠢᠳᠠᠪᠤᠷᠢᠲᠠᠨ ᠭᠠᠷᠳᠠᠭ ᠭᠡᠰᠡᠨ ᠡᠶᠢᠮᠦ ᠨᠢᠭᠡᠨ ᠦᠨᠡᠨ ᠶᠣᠰᠤ ᠶᠢ ᠲᠣᠲᠣᠷᠬᠠᠢ ᠢᠯᠡᠳᠭᠡᠵᠦ ᠪᠢᠯᠡ᠃ ᠬᠡᠥᠬᠡᠳ ᠤᠨ ᠪᠡᠶ᠎ᠡ ᠰᠡᠳᠭᠢᠴᠡ ᠶᠢᠨ ᠦᠰᠦᠯᠲᠡ ᠪᠣᠶᠢᠵᠢᠯᠲᠠ ᠶᠢ ᠬᠠᠷᠰᠢᠯᠠᠬᠤ ᠦᠭᠡᠢ ᠪᠠᠶᠢᠳᠠᠯ ᠳᠣᠣᠷ᠎ᠠ ᠬᠡᠥᠬᠡᠳ ᠲᠤ ᠵᠢᠭᠠᠬᠠᠨ ︽ᠬᠦᠴᠢᠷ︾ ᠠᠮᠰᠠᠭᠤᠯᠬᠤ ᠨᠢ ᠴᠢᠬᠤᠯᠠ ᠎ ᠲᠠᠢ ᠪᠦᠭᠡᠳ ᠡᠨᠡ ᠨᠢ ᠲᠡᠳᠡᠨ ᠤ ᠢᠷᠡᠭᠡᠳᠦᠢ ᠶᠢᠨ ᠠᠵᠢᠯ ᠦᠢᠯᠡᠰ ᠲᠤ ᠪᠠᠨ ᠠᠮᠵᠢᠯᠲᠠ ᠣᠯᠬᠤ ᠲᠠᠢ ᠨᠢ ᠰᠢᠭᠤᠳ ᠬᠠᠷᠢᠴᠠᠭ᠎ᠠ ᠲᠠᠢ ᠶᠤᠮ᠃ ᠪᠠᠭ᠎ᠠ ᠶᠢᠨ ᠦᠶ᠎ᠡ ᠳᠤ ᠨᠢ ᠪᠠᠭ᠎ᠠ ᠰᠠᠭ᠎ᠠ ᠬᠦᠴᠢᠷ ᠠᠮᠰᠠᠭᠤᠯᠬᠤ ᠨᠢ ᠲᠡᠳᠡᠨ ᠤ ᠰᠥᠰᠦ ᠵᠣᠷᠢᠭ ᠢ ᠬᠦᠮᠦᠵᠢᠭᠦᠯᠦᠨ ᠬᠠᠲᠠᠭᠤᠵᠢᠭᠤᠯᠵᠤ᠂ ᠬᠤᠵᠢᠮ ᠤᠨ ᠡᠳᠦᠷ ᠬᠦᠴᠢᠷ ᠵᠣᠪᠠᠭᠤᠷᠢ ᠲᠤᠯᠭᠠᠷᠠᠬᠤ ᠦᠶ᠎ᠡ ᠳᠤ ᠵᠣᠷᠢᠭ ᠮᠤᠬᠤᠷᠠᠵᠤ ᠵᠣᠪᠠᠭ᠋ᠤ ᠦᠭᠡᠢ ᠪᠣᠯᠤᠨ᠎ᠠ᠃            ᠲᠡᠭᠡᠪᠡᠯ ᠬᠡᠥᠬᠡᠳ ᠲᠤ ᠶᠠᠭᠠᠬᠢᠵᠤ ︽ᠬᠦᠴᠢᠷ︾ ᠠᠮᠰᠠᠭᠤᠯᠬᠤ ᠪᠣᠢ︖            ᠶᠠᠭᠤᠨ ᠤ ᠡᠮᠦᠨ᠎ᠡ᠂ ᠲᠡᠳᠡᠨᠡᠷ ᠲᠤ ᠦᠵᠡᠯ ᠰᠠᠨᠠᠭᠠᠨ ᠤ ᠬᠦᠮᠦᠵᠢᠯ ᠬᠢᠬᠦ ᠶᠢᠨ ᠬᠠᠮᠲᠤ᠂ ᠬᠠᠲᠠᠭᠤᠵᠢᠨ ᠪᠣᠯᠪᠠᠰᠤᠷᠠᠬᠤ ᠣᠷᠴᠢᠨ ᠲᠣᠭᠤᠷᠢᠨ ᠢ ᠪᠣᠢ ᠪᠣᠯᠭᠠᠵᠤ ᠥᠭᠬᠦ ᠬᠡᠷᠡᠭᠲᠡᠢ᠃ ᠵᠢᠱᠢᠶᠡᠯᠡᠪᠡᠯ ᠰᠤᠷᠤᠯᠴᠠᠬᠤ ᠲᠠᠯ᠎ᠠ ᠪᠠᠷ᠂ ᠲᠡᠳᠡᠨ ᠢ ᠥᠪᠡᠰᠦᠪᠡᠨ ᠪᠣᠭᠴᠤ ᠪᠠᠨ ᠡᠭᠦᠷᠴᠦ ᠰᠤᠷᠭᠠᠭᠤᠯᠢ ᠳᠤ ᠪᠠᠨ ᠣᠴᠢᠬᠤ ︵1.2 ᠳ᠋ᠤᠭᠠᠷ ᠣᠨ ᠤ ᠪᠠᠭ᠎ᠠ ᠰᠤᠷᠤᠭᠴᠢ ᠪᠣᠯ ᠭᠡᠷ ᠤᠨ ᠠᠬᠠᠮᠠᠳ ᠪᠠᠷᠠᠭᠠᠳᠠᠨ ᠳᠠᠭᠠᠨ᠎ᠠ︶ ᠪᠠ ᠡᠷᠡᠭᠦᠯ ᠬᠠᠮᠠᠭᠠᠯᠠᠯ ᠤᠨ ᠬᠦᠳᠡᠯᠭᠡᠭᠡᠨ ᠳᠤ ᠣᠷᠤᠯᠴᠠᠭᠤᠯᠬᠤ ᠬᠡᠷᠡᠭᠲᠡᠢ᠃ ᠢᠳᠡᠵᠦ ᠤᠤᠭᠤᠯᠭᠠᠬᠤ ᠲᠠᠯ᠎ᠠ ᠪᠠᠷ ᠬᠠᠷ᠎ᠠ ᠤᠰᠤ ᠬᠠᠷᠠᠰᠤ ᠪᠤᠳᠠᠭ᠎ᠠ ᠢᠳᠡᠭᠦᠯᠬᠦ ᠪᠠ ᠰᠢᠮ᠎ᠡ ᠲᠡᠵᠢᠭᠡᠯ ᠲᠠᠢ ᠢᠳᠡᠭᠡᠨ ᠢᠳᠡᠭᠦᠯᠬᠦ ᠶᠢ ᠤᠶᠠᠯᠳᠤᠭᠤᠯᠬᠤ ᠬᠡᠷᠡᠭᠲᠡᠢ᠃ ᠬᠡᠥᠬᠡᠳ ᠲᠤ ᠨᠢᠭᠡ ᠯᠠ ᠬᠥᠭ ᠢᠶᠠᠷ ︽ᠦᠨ᠎ᠡ ᠲᠠᠢ᠂ ᠨᠠᠷᠢᠯᠢᠭ᠂ ᠬᠤᠪᠣᠷ︾ ᠢᠳᠡᠭᠡᠨ ᠢᠳᠡᠭᠦᠯᠬᠦ ᠨᠢ ᠬᠡᠥᠬᠡᠳ ᠤᠨ ᠪᠠᠭ᠎ᠠ ᠠᠴᠠ ᠢᠶᠠᠨ ᠠᠵᠢᠯᠴᠢ ᠠᠷᠪᠢᠴᠢ ᠰᠠᠶᠢᠬᠠᠨ ᠰᠤᠷᠲᠠᠯ ᠲᠠᠢ ᠪᠣᠯᠬᠤ ᠳᠤ ᠠᠰᠢᠭ ᠦᠭᠡᠢ ᠪᠠᠷ ᠦᠯᠦ ᠪᠠᠷᠠᠨ᠂ ᠬᠡᠥᠬᠡᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠴᠦ ᠠᠰᠢᠭ ᠦᠭᠡᠢ ᠶᠤᠮ᠃ ᠡᠮᠦᠰᠭᠡᠵᠦ ᠵᠡᠭᠦᠯᠭᠡᠬᠦ ᠲᠠᠯ᠎ᠠ ᠪᠠᠷ ︽ᠰᠢᠨ᠎ᠡ ᠤᠷᠤᠰᠬᠰᠯ︾᠎ ᠢ ᠰᠠᠯᠤᠯ ᠦᠭᠡᠢ ᠲᠠᠭᠠᠨ᠂ ᠲᠠᠰᠤᠷᠠᠯ ᠦᠭᠡᠢ ᠰᠢᠨᠡᠳᠭᠡᠭᠰᠡᠨ ᠤ ᠬᠡᠷᠡᠭ ᠦᠭᠡᠢ᠂ ᠴᠡᠪᠡᠷ ᠲᠡᠭᠰᠢ ᠪᠦᠭᠡᠳ ᠡᠪᠲᠡᠢ ᠯᠠ ᠶᠤᠮ ᠪᠣᠯ ᠪᠣᠯᠴᠢᠬᠠᠬᠤ ᠶᠤᠮ᠃ ᠭᠠᠷ ᠦᠵᠦᠭᠦᠷ ᠵᠠᠷᠤᠬᠤ ᠵᠣᠭᠤᠰ ᠥᠭᠬᠦ ᠲᠠᠯ᠎ᠠ ᠪᠠᠷ᠂ ᠵᠠᠷᠤᠯᠭ᠎ᠠ ᠶᠢ ᠨᠢ ᠪᠠᠭᠠᠰᠬᠠᠵᠤ᠂ ᠵᠣᠬᠢᠬᠤ ᠬᠡᠮᠵᠢᠶ᠎ᠡ ᠪᠠᠷ ᠬᠢᠵᠠᠭᠠᠷᠯᠠᠬᠤ ᠬᠡᠷᠡᠭᠲᠡᠢ᠃ ︽ᠭᠠᠭᠴᠠᠬᠠᠨ︾ ᠭᠡᠳ ᠭᠠᠷ ᠰᠠᠷᠪᠠᠶᠢᠪᠠᠯ ᠥᠭᠭᠦᠭᠡᠳ ᠯᠠ ᠪᠠᠶᠢᠵᠤ ᠪᠣᠯᠬᠤ ᠦᠭᠡᠢ᠃ ᠳᠠᠷᠠᠭᠠᠯᠠᠪᠠᠯ ᠬᠡᠥᠬᠡᠳ ᠢᠶᠠᠨ ᠠᠯᠢ ᠴᠢᠳᠠᠬᠤ ᠪᠠᠷ ᠭᠡᠷ ᠵᠠᠭᠤᠷ᠎ᠠ ᠶᠢᠨ ᠬᠦᠳᠡᠯᠮᠦᠷᠢ ᠳᠤ ᠴᠢᠳᠠᠯ ᠤᠨ ᠬᠢᠷᠢ ᠪᠠᠷ ᠨᠢ ᠣᠷᠣᠯᠴᠠᠭᠤᠯᠵᠤ᠂ ᠲᠡᠳᠡᠨ ᠤ ᠬᠦᠳᠡᠯᠮᠦᠷᠢ ᠶᠢᠨ ᠦᠵᠡᠯᠲᠡ ᠶᠢ ᠎ ᠨᠢ ᠬᠦᠮᠦᠵᠢᠭᠦᠯᠬᠦ ᠬᠡᠷᠡᠭᠲᠡᠢ᠃            ᠶᠡᠷᠦᠩᠬᠡᠶᠢᠯᠡᠪᠡᠯ᠂ ᠬᠡᠥᠬᠡᠳ ᠲᠤ ᠵᠢᠭᠠᠬᠠᠨ ︽ᠬᠦᠴᠢᠷ︾ ᠠᠮᠰᠠᠭᠤᠯᠬᠤ ᠨᠢ ᠲᠤᠩ ᠠᠰᠢᠭ ᠲᠠᠢ ᠶᠤᠮ᠂ ᠡᠨᠡ ᠨᠢ ᠲᠡᠳᠡᠨ ᠳᠤ ᠶᠢᠷᠲᠢᠨᠴᠦ ᠶᠢᠨ ᠵᠢᠷᠭᠠᠯ ᠢ ᠦᠨᠢᠳᠡ ᠡᠳ᠋ᠯᠡᠭᠦᠯᠬᠦ ᠶᠢᠨ ᠲᠦᠯᠦᠭᠡ ᠶᠤᠮ᠃                    
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号