︽ᠤᠰᠤᠨ ᠤ ᠪᠣᠭᠤᠮᠢ︾᠎ ᠶᠢ ᠡᠪᠳᠡᠵᠦ ︽ᠤᠰᠤᠨ ᠤ ᠬᠥᠳᠡᠯᠭᠡᠬᠦ ᠬᠦᠴᠦᠨ︾᠎ ᠢ ᠬᠥᠭᠵᠢᠭᠡᠨ᠎ᠡ
ᠨᠡᠶᠢᠲᠡᠯᠡᠭᠰᠡᠨ ᠴᠠᠭ᠄
2024/3/22
         - ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠰᠠᠨᠠᠯ︾᠎ ᠢ ᠲᠤᠭᠤᠰᠢᠯᠠᠭᠤᠯᠤᠨ           ᠨᠠᠶᠢᠳᠠᠪᠤᠷᠢᠵᠢᠭᠤᠯᠵᠤ ᠪᠣᠳᠠᠲᠠᠶᠢᠵᠢᠭᠤᠯᠬᠤ ᠶᠢ ᠠᠬᠢᠭᠤᠯᠬᠤ ᠲᠤᠬᠠᠢ ᠰᠢᠷᠢᠰ ᠥᠭᠦᠯᠡᠮᠵᠢ18                           ᠬᠠ ᠯᠢ ᠴᠢᠨ      ᠤᠰᠤ ᠪᠣᠯ ᠠᠮᠢ ᠨᠠᠰᠤᠨ ᠤ ᠡᠬᠢ᠂ ᠦᠢᠯᠡᠳᠪᠦᠷᠢᠯᠡᠯ ᠤᠨ ᠴᠢᠬᠤᠯᠠ ᠡᠯᠧᠮᠧᠨ᠋ᠲ᠂ ᠠᠮᠢ ᠠᠬᠤᠢ ᠶᠢᠨ ᠰᠠᠭᠤᠷᠢ ᠮᠥᠨ᠃      ᠥᠪᠥᠷ ᠮᠣᠩᠭᠤᠯ ᠪᠣᠯ ᠤᠰᠤ ᠬᠦᠨᠳᠦ ᠨᠣᠴᠢᠲᠠᠢ ᠲᠤᠲᠠᠭᠳᠠᠵᠤ ᠪᠠᠶᠢᠭ᠎ᠠ ᠭᠠᠵᠠᠷ ᠣᠷᠣᠨ ᠪᠠᠶᠢᠵᠤ᠂ ᠤᠰᠤᠨ ᠤ ᠡᠬᠢ ᠪᠠᠶᠠᠯᠢᠭ ᠲᠤᠲᠠᠭᠳᠠᠵᠤ᠂ ᠣᠷᠣᠨ ᠪᠦᠰᠡ ᠲᠡᠩᠴᠡᠭᠦᠷᠢ ᠦᠭᠡᠢ ᠪᠠᠶᠢᠬᠤ ᠨᠢ ᠪᠦᠭᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠤᠷᠲᠤ ᠬᠤᠭᠤᠴᠠᠭ᠎ᠠ ᠪᠠᠷ ᠬᠢᠵᠠᠭᠠᠷᠯᠠᠵᠤ ᠪᠠᠶᠢᠨ᠎ᠠ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ ᠨᠢ ᠤᠰᠤᠨ ᠤ ᠡᠬᠢ ᠪᠠᠶᠠᠯᠢᠭ ᠤᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠬᠤ ᠶᠢ ᠴᠢᠬᠤᠯᠠᠴᠢᠯᠠᠨ᠂ ᠪᠢᠳᠡᠨ ᠤ ︽ᠤᠰᠤᠨ ᠤ ᠪᠣᠭᠤᠮᠢ︾᠎ ᠶᠢ ᠦᠨᠳᠦᠰᠦᠨ ᠠᠴᠠ ᠨᠢ ᠰᠢᠢᠳᠪᠦᠷᠢᠯᠡᠵᠦ᠂ ︽ᠤᠰᠤᠨ ᠤ ᠬᠥᠳᠡᠯᠭᠡᠬᠦ ᠬᠦᠴᠦᠨ︾᠎ ᠢ ᠪᠠᠳᠠᠷᠠᠭᠤᠯᠬᠤ ᠳᠤ ᠴᠢᠭᠯᠡᠯ ᠪᠠ ᠠᠷᠭ᠎ᠠ ᠵᠠᠮ ᠢ ᠲᠣᠳᠣᠷᠬᠠᠶᠢᠯᠠᠵᠤ ᠥᠭᠴᠡᠢ᠃      ᠮᠠᠨ ᠤ ᠣᠷᠣᠨ ᠤ ᠤᠰᠤᠨ ᠤ ᠡᠬᠢ ᠪᠠᠶᠠᠯᠢᠭ ᠤᠨ ︽ᠬᠡᠮᠵᠢᠶ᠎ᠡ︾ ᠪᠠ ︽ᠬᠡᠷᠡᠭᠯᠡᠬᠦ︾ ᠲᠠᠯ᠎ᠠ ᠪᠠᠷ ᠴᠥᠮ ᠳᠤᠲᠠᠭᠤᠳᠠᠯ ᠲᠠᠢ ᠪᠠᠶᠢᠵᠤ᠂ ᠡᠷᠬᠡᠪᠰᠢ ᠡᠬᠢ ᠰᠤᠷᠪᠤᠯᠵᠢ ᠶᠢ ᠨᠡᠭᠡᠭᠡᠨ ᠤᠰᠤ ᠶᠢ ᠨᠡᠮᠡᠭᠳᠡᠭᠦᠯᠬᠦ ᠪᠠ ᠤᠰᠤ ᠶᠢ ᠠᠷᠪᠢᠯᠠᠨ ᠬᠡᠷᠡᠭᠯᠡᠬᠦ ᠶᠢ ᠵᠡᠷᠭᠡ ᠪᠠᠷ ᠬᠦᠴᠦᠯᠡᠬᠦ ᠶᠢ ᠪᠠᠷᠢᠮᠲᠠᠯᠠᠨ᠂ ᠤᠰᠤ ᠬᠡᠷᠡᠭᠯᠡᠬᠦ ᠠᠷᠭ᠎ᠠ ᠭᠡᠯᠪᠡᠷᠢ ᠪᠦᠳᠦᠭᠦᠯᠢᠭ᠂ ᠦᠷ᠎ᠡ ᠪᠦᠲᠦᠮᠵᠢ ᠥᠨᠳᠥᠷ ᠪᠢᠰᠢ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠤᠰᠤ ᠬᠡᠷᠡᠭᠯᠡᠬᠦ ᠦᠵᠡᠯᠲᠡ ᠪᠠᠨ ᠲᠦᠷᠭᠡᠳᠬᠡᠨ ᠬᠤᠪᠢᠷᠠᠭᠤᠯᠵᠤ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢᠶᠠᠨ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠪᠠᠨ ᠪᠠᠭᠠᠰᠬᠠᠬᠤ᠂ ᠬᠤᠲᠠ ᠪᠠᠯᠭᠠᠰᠤ ᠶᠢᠨ ᠤᠰᠤ ᠠᠷᠪᠢᠯᠠᠬᠤ ᠰᠦᠢᠳᠦᠯ ᠢᠶᠠᠨ ᠪᠠᠭᠠᠰᠬᠠᠬᠤ ᠶᠢ ᠠᠬᠢᠭᠤᠯᠬᠤ ᠬᠡᠷᠡᠭᠲᠡᠢ᠃ ᠪᠦᠲᠦᠮᠵᠢᠲᠡᠶ ᠪᠥᠭᠡᠳ ᠲᠤᠰᠠᠲᠠᠢ ᠲᠣᠭᠲᠠᠴᠠ ᠪᠠᠷ ᠤᠷᠮᠠᠰᠢᠭᠤᠯᠤᠨ ᠬᠢᠵᠠᠭᠠᠷᠯᠠᠵᠤ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠣᠨᠣᠪᠴᠢᠲᠠᠶ ᠪᠠᠷ ᠨᠥᠬᠦᠪᠦᠷᠢ ᠥᠭᠬᠦ ᠪᠠ ᠤᠰᠤ ᠠᠷᠪᠢᠯᠠᠭᠰᠠᠨ ᠢ ᠱᠠᠩᠨᠠᠨ ᠬᠥᠬᠢᠭᠦᠯᠬᠦ ᠲᠣᠭᠲᠠᠴᠠ ᠶᠢ ᠪᠠᠶᠢᠭᠤᠯᠬᠤ ᠬᠡᠷᠡᠭᠲᠡᠢ᠃ ᠠᠶᠢᠮᠠᠭ ᠬᠤᠲᠠ ᠶᠢᠨ ᠬᠤᠭᠤᠷᠣᠨᠳᠣᠭᠢ ᠤᠰᠤᠨ ᠤ ᠡᠷᠬᠡ ᠶᠢᠨ ᠠᠷᠠᠯᠵᠢᠶ᠎ᠠ ᠶᠢ ᠠᠬᠢᠭᠤᠯᠵᠤ᠂ ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢ ᠬᠠᠤᠯᠢ ᠲᠣᠭᠲᠠᠭᠠᠯ ᠶᠣᠰᠣᠭᠠᠷ ᠥᠷᠨᠢᠭᠦᠯᠬᠦ ᠬᠡᠷᠡᠭᠲᠡᠢ᠃      ᠠᠷᠭ᠎ᠠ ᠪᠦᠭᠦᠨ ᠢ ᠰᠦᠪᠡᠭᠴᠢᠯᠡᠨ ᠬᠤᠷᠣᠭᠳᠠᠯ ᠢ ᠪᠠᠭᠠᠰᠬᠠᠬᠤ ᠶᠢᠨ ᠳᠠᠭᠠᠤ ᠪᠠᠰᠠ ᠠᠷᠭ᠎ᠠ ᠪᠦᠭᠦᠨ ᠢ ᠰᠦᠪᠡᠭᠴᠢᠯᠡᠨ ᠭᠠᠷᠭᠠᠯᠲᠠ ᠶᠢ ᠨᠡᠮᠡᠭᠳᠡᠭᠦᠯᠬᠦ ᠬᠡᠷᠡᠭᠲᠡᠢ᠃ ᠤᠯᠤᠰ ᠤᠨ ᠤᠰᠤᠨ ᠲᠣᠣᠷ ᠤᠨ ᠭᠤᠣᠯᠯᠠᠭᠴᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠠᠢ ᠤᠶᠠᠯᠳᠤᠭᠤᠯᠤᠨ ᠨᠢᠭᠡ ᠪᠦᠯᠦᠭ ︽ᠲᠠᠲᠠᠬᠤ᠂ ᠲᠣᠬᠢᠷᠠᠭᠤᠯᠬᠤ᠂ ᠬᠠᠳᠠᠭᠠᠯᠠᠬᠤ︾ ᠢᠨᠵᠧᠨᠧᠷᠢᠩ ᠢ ᠲᠥᠯᠥᠪᠵᠢᠭᠦᠯᠦᠨ ᠬᠡᠷᠡᠭᠵᠢᠭᠦᠯᠵᠦ᠂ ᠠᠷᠭ᠎ᠠ ᠪᠦᠭᠦᠨ ᠢ ᠰᠦᠪᠡᠭᠴᠢᠯᠡᠵᠦ ᠠᠭᠤᠷᠬᠠᠢ ᠶᠢᠨ ᠬᠤᠳᠳᠤᠭ ᠤᠨ ᠤᠰᠤ᠂ ᠰᠦᠩ ᠬᠠᠯᠢᠶ᠎ᠠ ᠦᠶᠡᠷ ᠤᠨ ᠤᠰᠤ᠂ ᠠᠭᠤᠯᠠᠨ ᠦᠶᠡᠷ ᠵᠡᠷᠭᠡ ᠠᠰᠢᠭᠯᠠᠵᠤ ᠪᠤᠯᠬᠤ ᠤᠰᠤ ᠶᠢ ᠭᠦᠢᠴᠡᠳ ᠬᠡᠷᠡᠭᠯᠡᠨ᠂ ᠨᠡᠭᠦᠷᠡᠰᠦᠨ ᠠᠭᠤᠷᠬᠠᠢ ᠶᠢᠨ ᠪᠣᠬᠢᠷᠳᠤᠯ ᠦᠭᠡᠢ ᠪᠠᠷ ᠤᠰᠤ ᠶᠢ ᠬᠠᠮᠠᠭᠠᠯᠠᠵᠤ ᠨᠡᠭᠡᠭᠡᠨ ᠮᠠᠯᠲᠠᠬᠤ ᠪᠠ ᠠᠭᠤᠷᠬᠠᠢ ᠶᠢᠨ ᠬᠤᠳᠳᠤᠭ ᠤᠨ ᠤᠰᠤ ᠶᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠵᠤ᠂ ᠠᠭᠤᠷᠬᠠᠢ ᠶᠢᠨ ᠬᠤᠳᠳᠤᠭ ᠤᠨ ᠤᠰᠤ ᠶᠢ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠠᠮᠢ ᠠᠬᠤᠢ ᠶᠢᠨ ᠤᠰᠤ ᠨᠥᠬᠦᠪᠦᠷᠢᠯᠡᠬᠦ ᠪᠠ ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠶᠢ ᠵᠣᠷᠢᠭᠵᠢᠭᠤᠯᠬᠤ ᠬᠡᠷᠡᠭᠲᠡᠢ᠃ ᠡᠭᠦᠨ ᠤ ᠬᠠᠮᠲᠤ᠂ ᠭᠠᠵᠠᠷ ᠳᠣᠣᠷᠠᠬᠢ ᠤᠰᠤᠨ ᠤ ᠬᠠᠮᠠᠭᠠᠯᠠᠯᠲᠠ ᠶᠢ ᠴᠢᠩᠭᠠᠳᠬᠠᠵᠤ᠂ ᠪᠠᠷᠠᠭᠤᠨ ᠯᠢᠶᠣᠤᠾᠧ ᠭᠤᠣᠯ᠂ ᠣᠷᠳᠣᠰ ᠤᠨ ᠳᠡᠨᠵᠢ ᠭᠠᠵᠠᠷ ᠤᠨ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠬᠤ ᠶᠢ ᠵᠠᠰᠠᠬᠤ ᠶᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠢ᠃      ᠤᠰᠤᠨ ᠤ ᠡᠬᠢ ᠪᠠᠶᠠᠯᠢᠭ ᠨᠢ ᠦᠯᠦ ᠮᠡᠳᠡᠬᠦ ᠳᠤᠮᠳᠠ ᠪᠠᠭᠠᠰᠴᠤ᠂ ᠬᠠᠳᠠᠭᠠᠯᠠᠬᠤ ᠳᠤ ᠬᠦᠴᠢᠷ ᠪᠠᠶᠢᠳᠠᠭ᠃ ᠤᠰᠤᠨ ᠤ ᠲᠤᠬᠠᠢ ᠰᠠᠨᠠᠭᠠᠰᠢᠷᠠᠬᠤ ᠤᠬᠠᠮᠰᠠᠷ᠂ ᠤᠰᠤᠨ ᠤ ᠬᠢᠮᠤᠷᠠᠯ ᠤᠨ ᠤᠬᠠᠮᠰᠠᠷ ᠢ ᠴᠢᠩᠭᠠᠳᠬᠠᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠤᠰᠤᠨ ᠤ ᠡᠬᠢ ᠪᠠᠶᠠᠯᠢᠭ ᠤᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠪᠠᠯ ᠰᠠᠶ᠋ᠢ ᠮᠠᠨ ᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠲᠠᠰᠤᠷᠠᠯᠲᠠ ᠦᠭᠡᠢ ︽ᠤᠰᠤᠨ ᠤ ᠬᠥᠳᠡᠯᠭᠡᠬᠦ ᠬᠦᠴᠦᠨ︾ ᠬᠠᠩᠭᠠᠵᠤ ᠴᠢᠳᠠᠨ᠎ᠠ᠃            
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号