ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2024/3/22
      — 2024 ᠣᠨ ᠤ 3 ᠰᠠᠷ᠎ᠠ ᠶᠢᠨ 5᠎ ᠤ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠳᠡᠭᠡᠷ᠎ᠡ             ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ    ᠯᠢ ᠴᠢᠶᠠᠩ                         ᠲᠥᠯᠥᠭᠡᠯᠡᠭᠴᠢᠳ ᠠ᠋᠄             ᠤᠳᠤ ᠪᠢ ᠲᠦᠷᠦ ᠶᠢᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠ ᠤᠤ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠴᠦ ᠰᠠᠨᠠᠯ ᠢᠶᠠᠨ ᠳᠤᠷᠠᠳᠬᠤ ᠪᠣᠯᠪᠠ ᠤᠤ᠃             ᠨᠢᠭᠡ᠂ 2023 ᠣᠨ ᠤ ᠠᠵᠢᠯ ᠤᠨ ᠡᠷᠭᠢᠴᠡᠭᠦᠯᠦᠯ             ᠥᠩᠭᠡᠷᠡᠭᠰᠡᠨ ᠨᠢᠭᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠬᠤ ᠡᠭᠢᠯᠡᠯᠲᠡ ᠶᠢᠨ ᠵᠢᠯ ᠮᠥᠨ᠂ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠠᠩᠬᠠᠳᠠᠭᠴᠢ ᠵᠢᠯ ᠮᠥᠨ᠃ ᠲᠦᠢᠯ ᠤᠨ ᠲᠦᠪᠡᠭ ᠪᠤᠳᠤᠯᠢᠶᠠᠨᠲᠠᠢ ᠣᠯᠠᠨ ᠤᠯᠤᠰ ᠤᠨ ᠣᠷᠴᠢᠨ ᠨᠥᠬᠦᠴᠡᠯ ᠪᠠ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠢᠬᠦ ᠬᠥᠭᠵᠢᠭᠦᠯᠬᠦ ᠲᠣᠭᠲᠠᠭᠤᠨ ᠪᠠᠶᠢᠯᠭᠠᠬᠤ ᠬᠠᠲᠠᠭᠤ ᠪᠡᠷᠬᠡ ᠨᠦᠰᠡᠷ ᠬᠦᠨᠳᠦ ᠡᠭᠦᠷᠭᠡ ᠶᠢᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠭᠠᠳᠠᠭᠠᠳᠤ ᠳᠠᠷᠤᠯᠲᠠ ᠶᠢ ᠲᠤᠯᠵᠤ᠂ ᠳᠣᠲᠣᠭᠠᠳᠤ ᠶᠢᠨ ᠪᠡᠷᠬᠡᠰᠢᠶᠡᠯ ᠢ ᠢᠯᠠᠨ ᠳᠠᠪᠠᠵᠤ᠂ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠪᠠ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠯᠠᠪᠳᠠᠭᠤᠨ ᠲᠣᠭᠲᠠᠭᠤᠨ ᠢᠶᠠᠷ ᠱᠠᠲᠤ ᠰᠢᠯᠵᠢᠵᠦ᠂ ᠴᠢᠬᠤᠯᠠ ᠶᠡᠭᠡ ᠰᠢᠢᠳᠪᠦᠷᠢᠯᠡᠭᠴᠢ ᠴᠢᠨᠠᠷᠲᠠᠢ ᠢᠯᠠᠯᠲᠠ ᠣᠯᠵᠤ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠭᠤᠣᠯ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠯᠠᠪᠳᠠᠭᠤᠨ ᠪᠠᠲᠤᠲᠠᠢ ᠠᠯᠬᠤᠮ ᠢ ᠠᠯᠬᠤᠪᠠ᠃             — ᠠᠵᠤ ᠠᠬᠤᠢ ᠶᠡᠷᠦᠩᠬᠡᠢ ᠳᠡᠭᠡᠨ ᠰᠡᠷᠭᠦᠨ ᠰᠠᠶᠢᠵᠢᠷᠠᠪᠠ᠃ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠦᠷᠳᠡᠭ 126 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ 5.2%᠎ ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠯᠡᠬᠡᠢ ᠶᠢᠨ ᠭᠤᠣᠯ ᠪᠤᠯᠬᠤ ᠠᠵᠤ ᠠᠬᠤᠢ ᠶᠢᠨ ᠴᠣᠭᠴᠠ ᠶᠢᠨ ᠡᠮᠦᠨ᠎ᠡ ᠡᠩᠨᠡᠭᠡᠨ ᠳᠤ ᠣᠷᠣᠪᠠ᠃ ᠬᠤᠲᠠ ᠪᠠᠯᠭᠠᠰᠤᠨ ᠳᠤ ᠠᠵᠢᠯ ᠣᠯᠣᠭᠰᠠᠨ ᠬᠥᠮᠥᠨ 1244 ᠲᠦᠮᠡ ᠰᠢᠨ᠎ᠡ ᠪᠠᠷ ᠨᠡᠮᠡᠭᠳᠡᠵᠦ᠂ ᠬᠤᠲᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠣᠷᠮ᠎ᠠ ᠳᠤᠮᠳᠠᠴᠢ ᠪᠠᠷ 5.2% ᠪᠣᠯᠪᠠ᠃ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ 0.2%᠎ ᠢᠶᠠᠷ ᠥᠰᠪᠡ᠃ ᠤᠯᠤᠰ ᠤᠨ ᠬᠤᠭᠤᠷᠣᠨᠳᠣᠭᠢ ᠣᠷᠣᠯᠭ᠎ᠠ ᠵᠠᠷᠤᠯᠭ᠎ᠠ ᠦᠨᠳᠦᠰᠦᠨ ᠳᠡᠭᠡᠨ ᠲᠡᠩᠴᠡᠭᠦᠷᠢᠲᠡᠢ ᠪᠠᠶᠢᠨ᠎ᠠ᠃             — ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠴᠢᠬᠤᠯᠠ ᠠᠬᠢᠯᠲᠠ ᠲᠠᠢ ᠪᠣᠯᠪᠠ᠃ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠥᠷᠨᠢᠩᠭᠦᠢ ᠬᠥᠭᠵᠢᠭᠦᠯᠵᠦ᠂ ᠢᠷᠡᠭᠡᠳᠦᠢ ᠶᠢᠨ ᠠᠵᠤ ᠦᠢᠯᠡᠰ ᠢ ᠡᠮᠬᠢ ᠵᠢᠷᠤᠮ ᠲᠠᠢ ᠪᠠᠶᠢᠷᠢᠯᠠᠭᠤᠯᠵᠤ᠂ ᠲᠡᠷᠢᠭᠦᠨ ᠤ ᠦᠢᠯᠡᠳᠬᠦ ᠦᠢᠯᠡᠰ ᠪᠣᠯᠣᠨ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠭᠦᠨᠵᠡᠭᠡᠢ ᠠᠭᠤᠰᠤᠯᠴᠠᠭᠤᠯᠤᠨ᠂ ᠨᠢᠭᠡ ᠪᠦᠯᠦᠭ ᠴᠢᠬᠤᠯᠠ ᠶᠡᠭᠡ ᠠᠵᠤ ᠦᠢᠯᠡᠰ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠳᠡᠯᠡᠬᠡᠢ ᠶᠢᠨ ᠲᠡᠷᠢᠭᠦᠨ ᠤ ᠲᠦᠪᠰᠢᠨ ᠳᠤ ᠭᠦᠷᠪᠡ᠃ ᠤᠯᠤᠰ ᠲᠠᠭᠠᠨ ᠦᠢᠯᠡᠳᠪᠦᠷᠢᠯᠡᠭᠰᠡᠨ ᠲᠣᠮᠣ ᠨᠢᠰᠬᠡᠯ C919᠎ ᠶᠢ ᠬᠤᠳᠠᠯᠳᠤᠭᠠᠨ ᠤ ᠠᠵᠢᠯᠯᠠᠭᠠᠨ ᠳᠤ ᠣᠷᠣᠭᠤᠯᠵᠤ᠂ ᠤᠯᠤᠰ ᠲᠠᠭᠠᠨ ᠦᠢᠯᠡᠳᠪᠦᠷᠢᠯᠡᠭᠰᠡᠨ ᠲᠣᠮᠣ ᠭᠡᠯᠪᠡᠷᠢ ᠶᠢᠨ ᠰᠢᠤᠳᠠᠨ ᠤ ᠬᠥᠯᠭᠡ ᠣᠩᠭᠤᠴᠠ ᠶᠢ ᠠᠮᠵᠢᠯᠲᠠ ᠲᠠᠢ ᠪᠠᠷ ᠦᠢᠯᠡᠳᠴᠦ᠂ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡᠨ ᠤ ᠦᠢᠯᠡᠳᠪᠦᠷᠢᠯᠡᠭᠰᠡᠨ ᠪᠠ ᠪᠣᠷᠣᠯᠠᠭᠤᠯᠤᠭᠰᠠᠨ ᠬᠡᠮᠵᠢᠶ᠎ᠡ ᠶᠢᠨ ᠪᠦᠭᠦ ᠪᠥᠮᠪᠥᠷᠴᠡᠭ ᠲᠤ ᠡᠵᠡᠯᠡᠬᠦ ᠬᠤᠪᠢ ᠶᠢᠨ ᠵᠢᠩ 60%᠎ ᠶᠢ ᠳᠠᠪᠠᠵᠠᠢ᠃             — ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠰᠢᠨ᠎ᠡ ᠰᠢᠪᠲᠤᠯᠤᠯᠲᠠ ᠲᠠᠢ ᠪᠣᠯᠪᠠ᠃ ᠤᠯᠤᠰ ᠤᠨ ᠲᠤᠷᠰᠢᠯᠲᠠ ᠶᠢᠨ ᠲᠠᠰᠤᠭ ᠤᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠠᠬᠢᠭᠤᠯᠪᠠ᠃ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠡᠯᠪᠡᠭ ᠦᠷ᠎ᠡ ᠪᠦᠲᠦᠭᠡᠯ ᠣᠯᠵᠤ᠂ ᠠᠭᠠᠷ ᠤᠨ ᠠᠶᠠᠯᠠᠯ ᠤᠨ ᠬᠥᠳᠡᠯᠭᠡᠭᠦᠷ ᠮᠠᠰᠢᠨ᠂ ᠰᠢᠲᠠᠮᠠᠬᠠᠢ ᠬᠡᠢ ᠶᠢᠨ ᠲᠦᠷᠪᠢᠨ᠂ ᠳᠥᠷᠪᠡᠳᠦᠭᠡᠷ ᠦᠶ᠎ᠡ ᠶᠢᠨ ᠴᠥᠮ᠎ᠡ ᠶᠢᠨ ᠴᠠᠭᠢᠯᠭᠠᠨ ᠤ ᠮᠠᠰᠢᠨ ᠴᠣᠭᠴᠠᠯᠠᠪᠤᠷᠢ ᠵᠡᠷᠭᠡ ᠳᠡᠭᠡᠳᠦ ᠲᠡᠰ ᠤᠨ ᠲᠣᠨᠣᠭᠯᠠᠯ ᠢ ᠰᠤᠳᠤᠯᠤᠨ ᠦᠢᠯᠡᠳᠬᠦ ᠠᠵᠢᠯ ᠲᠦᠷᠭᠡᠨ ᠬᠥᠭᠵᠢᠵᠦ᠂ ᠵᠣᠬᠢᠶᠠᠮᠠᠯ ᠤᠶᠤᠯᠢᠬ᠂ ᠺᠸᠠᠨ᠋ᠲ ᠤᠨ ᠮᠡᠷᠭᠡᠵᠢᠯ ᠵᠡᠷᠭᠡ ᠬᠤᠰᠢᠭᠤᠷᠠᠯ ᠬᠦᠷᠢᠶᠡᠨ ᠳᠠᠬᠢ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠲᠠᠰᠤᠷᠠᠯᠳᠠ ᠦᠭᠡᠢ ᠴᠣᠯᠭᠤᠷᠠᠨ ᠭᠠᠷᠪᠠ᠃ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠲᠣᠬᠢᠷᠠᠭᠰᠠᠨ ᠲᠤᠭ᠎ᠠ 28.6%᠎ ᠪᠠᠷ ᠨᠡᠮᠡᠭᠳᠡᠪᠡ᠃ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠴᠢᠳᠠᠪᠤᠷᠢ ᠦᠷᠭᠦᠯᠵᠢᠯᠡᠨ ᠳᠡᠭᠡᠭᠰᠢᠯᠡᠪᠡ᠃             — ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠦᠨ ᠠᠬᠢᠭᠤᠯᠪᠠ᠃ ᠰᠢᠨ᠎ᠡ ᠨᠢᠭᠡᠨ ᠡᠭᠡᠯᠵᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠪ ᠤᠨ ᠳᠡᠰ ᠳᠠᠪᠬᠤᠷᠭ᠎ᠠ ᠳᠠᠬᠢ ᠥᠭᠡᠷᠡᠴᠢᠯᠡᠯᠲᠡ ᠶᠢ ᠦᠨᠳᠦᠰᠦᠨ ᠳᠡᠭᠡᠨ ᠪᠡᠶᠡᠯᠡᠭᠦᠯᠵᠦ᠂ ᠣᠷᠣᠨ ᠨᠤᠲᠤᠭ ᠤᠨ ᠳᠡᠰ ᠳᠠᠪᠬᠤᠷᠭ᠎ᠠ ᠶᠢᠨ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠶᠠᠪᠤᠭᠳᠠᠭᠤᠯᠪᠠ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠪᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠭᠦ ᠠᠵᠢᠯᠯᠠᠭ᠎ᠠ ᠶᠢ ᠬᠡᠷᠡᠭᠵᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠲᠦᠷᠦ ᠶᠢᠨ ᠪᠣᠳᠣᠯᠭ᠎ᠠ ᠶᠢ ᠨᠡᠶᠢᠲᠡᠯᠡᠪᠡ᠃ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠤᠯᠠᠨ ᠤᠯᠤᠰ ᠤᠨ ᠵᠠᠬ᠎ᠠ ᠳᠡᠯᠭᠡᠭᠦᠷ ᠲᠤ ᠡᠵᠡᠯᠡᠬᠦ ᠭᠠᠳᠠᠭᠠᠳᠤ ᠭᠠᠷᠭᠠᠯᠲᠠ ᠶᠢᠨ ᠬᠤᠪᠢᠲᠠᠴᠠ ᠶᠢᠨ ᠲᠣᠭᠲᠠᠭᠤᠨ ᠪᠠᠶᠢᠳᠠᠯ ᠢ ᠪᠠᠲᠤᠯᠠᠵᠤ᠂ ᠭᠠᠳᠠᠭᠠᠳᠤ ᠪᠡᠯᠡ ᠶᠢ ᠪᠣᠳᠠᠲᠠᠢ ᠬᠡᠷᠡᠭᠯᠡᠬᠦ ᠪᠦᠲᠦᠴᠡ ᠶᠢ ᠰᠢᠯᠢᠳᠡᠭᠵᠢᠭᠦᠯᠵᠦ᠂ ︽ᠨᠢᠭᠡ ᠪᠦᠰᠡ ᠨᠢᠭᠡ ᠵᠠᠮ︾ ᠎ ᠢ ᠬᠠᠮᠲᠤ ᠪᠠᠷ ᠪᠠᠶᠢᠭᠤᠯᠬᠤ ᠶᠢᠨ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ᠂ ᠤᠷᠢᠶᠠᠯᠠᠬᠤ ᠬᠦᠴᠦᠨ ᠢ ᠨᠡᠩ ᠢᠯᠡ ᠲᠣᠳᠣ ᠢᠯᠡᠷᠡᠭᠦᠯᠪᠡ᠃             — ᠠᠮᠤᠷ ᠲᠦᠪᠰᠢᠨ ᠢᠶᠠᠷ ᠬᠥᠭᠵᠢᠭᠦᠯᠬᠦ ᠰᠠᠭᠤᠷᠢ ᠶᠢ ᠪᠠᠲᠤᠳᠬᠠᠨ ᠪᠠᠬᠢᠵᠢᠭᠦᠯᠪᠡ᠃ ᠠᠮᠤ ᠪᠤᠳᠠᠭᠠᠨ ᠤ ᠤᠨᠠᠯᠳᠠ 1.39 ᠲᠦᠮᠡᠨ ᠳ᠋ᠦᠩᠰᠢᠭᠤᠷ ᠵᠢᠩ ᠳᠤ ᠬᠦᠷᠴᠦ᠂ ᠲᠡᠦᠬᠡ ᠶᠢᠨ ᠰᠢᠨ᠎ᠡ ᠲᠡᠮᠳᠡᠭᠯᠡᠯ ᠢ ᠳᠠᠬᠢᠨᠲᠠ ᠡᠭᠦᠳᠪᠡ᠃ ᠡᠨᠧᠷᠭᠢ ᠶᠢᠨ ᠰᠤᠷᠪᠤᠯᠵᠢ ᠡᠬᠢ ᠪᠠᠶᠠᠯᠢᠭ ᠤᠨ ᠬᠠᠩᠭᠠᠯᠭ᠎ᠠ ᠲᠣᠭᠲᠠᠭᠤᠨ ᠪᠠᠶᠢᠨ᠎ᠠ᠃ ᠴᠢᠬᠤᠯᠠ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠪᠡᠶ᠎ᠡ ᠪᠠᠨ ᠳᠠᠭᠠᠭᠠᠵᠤ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠪᠡ᠃ ᠠᠵᠤ ᠠᠬᠤᠢ ᠮᠥᠩᠭᠦᠨ ᠭᠦᠢᠯᠭᠡᠭᠡᠨ ᠤ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠯᠠᠪᠳᠠᠭᠤᠨ ᠢᠶᠠᠷ ᠠᠷᠢᠯᠭᠠᠪᠠ᠃ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠪᠠ᠃             ᠠᠮᠢ ᠠᠬᠤᠢ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠰᠠᠶᠢᠵᠢᠷᠠᠭᠤᠯᠪᠠ᠃ ᠪᠣᠬᠢᠷᠳᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠭᠦᠨᠵᠡᠭᠡᠢ ᠥᠷᠨᠢᠭᠦᠯᠵᠦ᠂ ᠭᠤᠣᠯ ᠪᠤᠯᠬᠤ ᠪᠣᠬᠢᠷᠲᠤᠭᠤᠯᠬᠤ ᠪᠣᠳᠠᠰ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠵᠤ᠂ ᠭᠠᠵᠠᠷ ᠤᠨ ᠭᠠᠳᠠᠷᠭᠤ ᠶᠢᠨ ᠤᠰᠤ ᠪᠠ ᠡᠷᠭᠢ ᠣᠶᠢᠷᠠᠯᠴᠠᠭ᠎ᠠ ᠲᠠᠯᠠᠢ ᠶᠢᠨ ᠣᠷᠣᠨ ᠤ ᠤᠰᠤᠨ ᠤ ᠴᠢᠨᠠᠷ ᠢ ᠦᠷᠭᠦᠯᠵᠢᠯᠡᠨ ᠰᠠᠶᠢᠵᠢᠷᠠᠭᠤᠯᠪᠠ᠃ ︽ᠭᠤᠷᠪᠠᠨ ᠤᠮᠠᠷᠠᠲᠤ︾ ᠎ ᠶᠢᠨ ᠢᠨᠵᠧᠨᠧᠷᠢᠩ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠪᠦᠭᠦ ᠲᠠᠯ᠎ᠠ ᠪᠠᠷ ᠡᠬᠢᠯᠡᠭᠦᠯᠪᠡ᠃ ᠳᠠᠭᠢᠨ ᠡᠭᠦᠰᠴᠦ ᠪᠤᠯᠬᠤ ᠡᠨᠧᠷᠭᠢ ᠶᠢᠨ ᠰᠤᠷᠪᠤᠯᠵᠢ ᠶᠢᠨ ᠴᠠᠭᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠢᠯᠴᠢ ᠶᠢᠨ ᠴᠠᠭᠢᠯᠭᠠᠨ ᠠᠴᠠ ᠲᠡᠦᠬᠡᠲᠦ ᠴᠢᠨᠠᠷᠲᠠᠢ ᠪᠠᠷ ᠳᠠᠪᠠᠵᠤ᠂ ᠪᠦᠭᠦ ᠵᠢᠯ ᠳᠤ ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ ᠪᠦᠭᠦ ᠪᠥᠮᠪᠥᠷᠴᠡᠭ ᠤᠨ ᠬᠠᠭᠠᠰ ᠠᠴᠠ ᠳᠠᠪᠠᠪᠠ᠃             — ᠠᠷᠠᠳ ᠤᠨ ᠠᠮᠢᠳᠤᠷᠠᠯ ᠤᠨ ᠪᠠᠲᠤᠯᠠᠭ᠎ᠠ ᠬᠦᠴᠦᠲᠡᠢ ᠪᠥᠭᠡᠳ ᠪᠦᠲᠦᠮᠵᠢᠲᠡᠢ ᠪᠣᠯᠪᠠ᠃ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ 6.1%᠎ ᠪᠠᠷ ᠨᠡᠮᠡᠭᠳᠡᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠦᠷᠭᠦᠯᠵᠢᠯᠡᠨ ᠪᠠᠭᠠᠰᠪᠠ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠣᠷᠣᠯᠭ᠎ᠠ 8.4%᠎ ᠪᠠᠷ ᠨᠡᠮᠡᠭᠳᠡᠪᠡ᠃ ᠠᠯᠪᠠᠨ ᠵᠢᠷᠤᠮ ᠤᠨ ᠰᠤᠷᠭᠠᠨ ᠬᠥᠮᠦᠵᠢᠯ᠂ ᠨᠠᠰᠤᠵᠢᠯ ᠤᠨ ᠦᠨᠳᠦᠰᠦᠨ ᠠᠰᠠᠷᠠᠮᠵᠢ᠂ ᠦᠨᠳᠦᠰᠦᠨ ᠡᠮᠨᠡᠯᠭᠡ ᠵᠡᠷᠭᠡ ᠶᠢᠨ ᠡᠳ᠋ ᠤᠨ ᠵᠠᠰᠠᠭ ᠤᠨ ᠨᠥᠬᠦᠪᠦᠷᠢ ᠶᠢᠨ ᠡᠷᠴᠢᠮ ᠢ ᠴᠢᠩᠭᠠᠷᠠᠭᠤᠯᠵᠤ᠂ ᠠᠪᠤᠷᠠᠨ ᠲᠤᠰᠠᠯᠠᠯᠲᠠ ᠶᠢᠨ ᠪᠠᠲᠤᠯᠠᠭ᠎ᠠ ᠭᠦᠷᠳᠡᠭᠦ ᠡᠲᠡᠭᠡᠳ ᠤᠨ ᠬᠡᠪᠴᠢᠶ᠎ᠡ ᠶᠢ ᠥᠷᠭᠡᠳᠬᠡᠪᠡ᠃ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠳᠠᠬᠢ ︽ᠨᠠᠰᠤᠲᠠᠨ ᠢ ᠠᠰᠠᠷᠠᠬᠤ ᠪᠠ ᠬᠡᠦᠬᠡᠳ ᠬᠥᠮᠥᠵᠢᠭᠦᠯᠬᠦ︾ ᠲᠤᠰᠬᠠᠢ ᠵᠦᠢᠯ ᠤᠨ ᠨᠡᠮᠡᠯᠲᠡ ᠰᠠᠭᠤᠳᠬᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ 6600 ᠭᠠᠷᠤᠢ ᠲᠦᠮᠡᠨ ᠭᠠᠶᠢᠯᠢ ᠲᠤᠰᠢᠶᠠᠭᠴᠢ ᠠᠰᠢᠭ ᠭᠦᠷᠲᠡᠪᠡ᠃ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠬᠤ ᠪᠠ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠠᠩᠭᠠᠯᠭ᠎ᠠ ᠶᠢ ᠴᠢᠩᠭᠠᠳᠬᠠᠵᠤ᠂ ᠮᠢᠩᠭ᠎ᠠ ᠭᠠᠷᠤᠢ ᠲᠦᠮᠡᠨ ᠭᠡᠷ ᠪᠦᠯᠢ ᠳᠤ ᠠᠰᠢᠭ ᠬᠦᠷᠲᠡᠭᠡᠪᠡ᠃             ᠥᠩᠭᠡᠷᠡᠭᠰᠡᠨ ᠨᠢᠭᠡ ᠵᠢᠯ ᠢ ᠡᠷᠭᠢᠴᠡᠭᠦᠯᠪᠡᠯ᠂ ᠤᠯᠠᠨ ᠳᠠᠪᠬᠤᠷ ᠪᠡᠷᠬᠡᠰᠢᠶᠡᠯ ᠪᠠ ᠰᠢᠯᠭᠠᠯᠲᠠ ᠰᠣᠯᠪᠢᠴᠠᠨ ᠳᠠᠪᠬᠤᠴᠠᠵᠤ᠂ ᠮᠠᠨ ᠤ ᠤᠯᠤᠰ ᠤᠨ ᠠᠵᠤ ᠠᠬᠤᠢ ᠳᠠᠪᠠᠯᠭᠠᠨ ᠮᠠᠶ᠋ᠢᠭ ᠢᠶᠠᠷ ᠬᠥᠭᠵᠢᠵᠦ᠂ ᠨᠤᠭᠤᠷᠠᠯ ᠪᠦᠳᠦᠷᠢᠯ ᠲᠠᠢ ᠪᠠᠷ ᠤᠷᠤᠭᠰᠢᠯᠠᠨ᠂ ᠠᠮᠵᠢᠯᠲᠠ ᠪᠦᠲᠦᠮᠵᠢ ᠶᠢ ᠭᠢᠯᠪᠠᠷ ᠪᠤᠰᠤ ᠪᠠᠷ ᠣᠯᠣᠭᠰᠠᠨ ᠶᠤᠮ᠃ ᠳᠡᠯᠡᠬᠡᠢ ᠶᠢᠨ ᠪᠠᠶᠢᠳᠠᠯ ᠠᠴᠠ ᠠᠪᠴᠤ ᠦᠵᠡᠪᠡᠯ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠳᠣᠷᠪᠢ ᠮᠠᠭᠤᠲᠠᠢ᠂ ᠭᠠᠵᠠᠷ ᠣᠷᠣᠨ ᠤ ᠤᠯᠤᠰ ᠲᠦᠷᠦ ᠶᠢᠨ ᠮᠥᠷᠭᠦᠯᠳᠦᠭᠡᠨ ᠰᠢᠷᠦᠭᠦᠰᠴᠦ᠂ ᠬᠠᠮᠠᠭᠠᠯᠠᠬᠤ ᠦᠵᠡᠯ᠂ ᠭᠠᠭᠴᠠ ᠲᠠᠯᠠᠲᠤ ᠦᠵᠡᠯ ᠳᠡᠭᠡᠭᠰᠢᠯᠡᠵᠦ᠂ ᠮᠠᠨ ᠤ ᠤᠯᠤᠰ ᠤᠨ ᠬᠥᠭᠵᠢᠯᠲᠡ ᠳᠤ ᠦᠵᠡᠭᠦᠯᠭᠦ ᠭᠠᠳᠠᠭᠠᠳᠤ ᠣᠷᠴᠢᠨ ᠨᠥᠬᠦᠴᠡᠯ ᠤᠨ ᠠᠰᠢᠭ ᠦᠭᠡᠢ ᠨᠥᠯᠥᠭᠡ ᠦᠷᠭᠦᠯᠵᠢᠯᠡᠨ ᠶᠡᠬᠡᠰᠴᠦ ᠪᠠᠶᠢᠨ᠎ᠠ᠃ ᠤᠯᠤᠰ ᠤᠨ ᠳᠣᠲᠣᠭᠠᠳᠤ ᠶᠢᠨ ᠪᠠᠶᠢᠳᠠᠯ ᠠᠴᠠ ᠠᠪᠴᠤ ᠦᠵᠡᠪᠡᠯ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠭᠤᠷᠪᠠᠨ ᠵᠢᠯ ᠤᠨ ᠳᠠᠭᠠᠷᠢᠯᠲᠠ ᠶᠢ ᠥᠩᠭᠡᠷᠡᠭᠡᠭᠡᠳ᠂ ᠠᠵᠤ ᠠᠬᠤᠢ ᠶᠢᠨ ᠰᠡᠷᠭᠦᠯᠲᠡ ᠬᠥᠭᠵᠢᠯᠲᠡ ᠶᠢᠨ ᠲᠤᠰ ᠪᠡᠶ᠎ᠡ ᠳᠤ ᠴᠥᠭᠡᠨ ᠪᠤᠰᠤ ᠬᠦᠴᠢᠷ ᠠᠰᠠᠭᠤᠳᠠᠯ ᠣᠷᠣᠰᠢᠵᠤ᠂ ᠤᠷᠲᠤ ᠬᠤᠭᠤᠴᠠᠭ᠎ᠠ ᠪᠠᠷ ᠬᠤᠷᠠᠮᠳᠤᠭᠰᠠᠨ ᠭᠦᠨ ᠳᠠᠪᠬᠤᠷᠭ᠎ᠠ ᠶᠢᠨ ᠵᠥᠷᠢᠴᠡᠯ ᠲᠦᠷᠭᠡᠰᠦᠨ ᠢᠯᠡᠷᠡᠵᠦ᠂ ᠮᠠᠰᠢ ᠣᠯᠠᠨ ᠰᠢᠨ᠎ᠡ ᠪᠠᠶᠢᠳᠠᠯ ᠰᠢᠨ᠎ᠡ ᠠᠰᠠᠭᠤᠳᠠᠯ ᠴᠤ ᠬᠤᠶᠢᠨ᠎ᠠ ᠬᠤᠶᠢᠨ᠎ᠠ ᠠᠴᠠ ᠪᠠᠨ ᠢᠯᠡᠷᠡᠨ ᠭᠠᠷᠪᠠ᠃ ᠭᠠᠳᠠᠭᠠᠳᠤ ᠬᠡᠷᠡᠭᠴᠡᠭᠡ ᠪᠠᠭᠤᠷᠠᠵᠤ ᠪᠠᠶᠢᠬᠤ ᠪᠠ ᠳᠣᠲᠣᠭᠠᠳᠤ ᠬᠡᠷᠡᠭᠴᠡᠭᠡ ᠬᠦᠷᠦᠯᠴᠡᠬᠦ ᠦᠭᠡᠢ ᠪᠠᠶᠢᠬᠤ ᠪᠠᠶᠢᠳᠠᠯ ᠳᠠᠪᠬᠤᠴᠠᠵᠤ᠂ ᠦᠶᠡᠯᠡᠯ ᠤᠨ ᠴᠢᠨᠠᠷᠲᠠᠢ ᠪᠠ ᠪᠦᠲᠦᠴᠡ ᠶᠢᠨ ᠴᠢᠨᠠᠷᠲᠠᠢ ᠠᠰᠠᠭᠤᠳᠠᠯ ᠵᠡᠷᠭᠡ ᠪᠠᠷ ᠣᠷᠣᠰᠢᠵᠤ᠂ ᠵᠠᠷᠢᠮ ᠭᠠᠵᠠᠷ ᠣᠷᠣᠨ ᠤ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ᠂ ᠣᠷᠣᠨ ᠨᠤᠲᠤᠭ ᠤᠨ ᠥᠷᠢ ᠥᠭᠴᠡᠭᠡ᠂ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠶᠢᠨ ᠲᠦᠭᠰᠢᠭᠦᠷᠢ ᠶᠢᠨ ᠳᠠᠯᠳᠠ ᠭᠡᠮ ᠲᠣᠪᠤᠶᠢᠮ᠎ᠠ ᠢᠯᠡᠷᠡᠵᠦ᠂ ᠬᠡᠰᠡᠭ ᠭᠠᠵᠠᠷ ᠣᠷᠣᠨ ᠦᠶᠡᠷ ᠤᠰᠤᠲᠤᠯ᠂ ᠲᠠᠶᠢᠹᠧᠩ ᠰᠠᠯᠬᠢ᠂ ᠭᠠᠵᠠᠷ ᠬᠥᠳᠡᠯᠦᠯᠲᠡ ᠵᠡᠷᠭᠡ ᠬᠦᠨᠳᠦ ᠨᠣᠴᠢᠲᠠᠢ ᠪᠠᠶᠢᠭᠠᠯᠢ ᠶᠢᠨ ᠭᠠᠮᠰᠢᠭ ᠲᠤ ᠲᠠᠭᠠᠷᠢᠬᠳᠠᠪᠠ᠃ ᠡᠶᠢᠮᠦᠷᠬᠦᠦ ᠪᠠᠶᠢᠳᠠᠯ ᠤᠨ ᠳᠣᠣᠷ᠎ᠠ᠂ ᠲᠦᠷᠦ ᠶᠢᠨ ᠪᠣᠳᠣᠯᠭ᠎ᠠ ᠶᠢ ᠰᠣᠩᠭᠤᠬᠤ ᠪᠠ ᠠᠵᠢᠯ ᠢ ᠠᠬᠢᠭᠤᠯᠬᠤ ᠳᠤ ᠲᠤᠯᠭᠠᠷᠠᠬᠤ ᠢᠩᠭᠢᠪᠡᠴᠦ ᠪᠡᠷᠬᠡᠲᠡᠢ ᠲᠡᠭᠡᠪᠡᠴᠦ ᠪᠡᠷᠬᠡᠲᠡᠢ ᠬᠡᠷᠬᠢᠪᠡᠴᠦ ᠪᠡᠷᠬᠡᠲᠡᠢ ᠠᠰᠠᠭᠤᠳᠠᠯ ᠢᠯᠡᠳᠲᠡ ᠣᠯᠠᠰᠢᠷᠠᠪᠠ᠃ ᠤᠯᠤᠰ ᠳᠠᠶᠠᠭᠠᠷ ᠤᠨ ᠬᠠᠮᠲᠤ ᠶᠢᠨ ᠴᠢᠷᠮᠠᠶᠢᠯᠭ᠎ᠠ ᠪᠠᠷ ᠳᠠᠮᠵᠢᠨ᠂ ᠪᠦᠭᠦ ᠵᠢᠯ ᠤᠨ ᠵᠢᠱᠢᠭᠰᠡᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠦᠭᠰᠡᠨ ᠢᠶᠠᠷ ᠪᠠᠷᠠᠬᠤ ᠦᠭᠡᠢ ᠮᠠᠰᠢ ᠤᠯᠠᠨ ᠲᠠᠯ᠎ᠠ ᠪᠠᠷ ᠪᠠᠰᠠ ᠢᠳᠡᠪᠬᠢᠲᠡᠢ ᠰᠠᠶᠢᠵᠢᠷᠠᠬᠤ ᠬᠤᠪᠢᠷᠠᠯᠲᠠ ᠭᠠᠷᠤᠭᠰᠠᠨ ᠪᠠᠶᠢᠨ᠎ᠠ᠃ ᠢᠯᠠᠩᠭᠤᠶ᠎ᠠ ᠪᠢᠳᠡ ᠰᠢᠨ᠎ᠡ ᠴᠠᠭ ᠦᠶ᠎ᠡ ᠳᠤ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠵᠢᠮ᠎ᠡ ᠶᠣᠰᠣᠴᠢ ᠴᠢᠨᠠᠷᠲᠠᠢ ᠲᠠᠨᠢᠯᠲᠠ ᠪᠠᠨ ᠭᠦᠨᠵᠡᠭᠡᠶᠢᠷᠡᠭᠦᠯᠵᠦ᠂ ᠬᠦᠨᠳᠦ ᠶᠡᠭᠡ ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠡᠷᠬᠢᠮ ᠨᠠᠨᠳᠢᠨ ᠲᠤᠷᠰᠢᠯᠭ᠎ᠠ ᠶᠢ ᠬᠤᠷᠠᠮᠳᠤᠭᠤᠯᠪᠠ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ ᠠᠷᠠᠳ ᠲᠦᠮᠡᠨ ᠶᠠᠮᠠᠷᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠭ᠋ᠤ ᠰᠥᠰᠥ ᠵᠣᠷᠢᠭ᠂ ᠤᠶᠤᠨ ᠤᠬᠠᠭᠠᠨ᠂ ᠴᠢᠳᠠᠪᠤᠷᠢ ᠲᠠᠢ ᠶᠤᠮ᠂ ᠳᠤᠮᠳᠠᠳᠤ ᠤᠯᠤᠰ ᠤᠨ ᠬᠥᠭᠵᠢᠯᠲᠡ ᠯᠠᠪᠲᠠᠢ ᠰᠠᠯᠬᠢ ᠬᠥᠯᠭᠡᠯᠡᠨ ᠳᠠᠪᠠᠯᠭᠠᠨ ᠢ ᠵᠦᠰᠦᠵᠦ᠂ ᠭᠡᠭᠡᠨ ᠰᠠᠷᠠᠭᠤᠯ ᠢᠷᠡᠭᠡᠳᠦᠢ ᠲᠡᠶᠢᠰᠢ ᠤᠷᠤᠭᠰᠢᠯᠠᠵᠤ ᠴᠢᠳᠠᠬᠤ ᠶᠤᠮ ᠭᠡᠳᠡᠭ ᠢ ᠦᠢᠯᠡᠳᠦᠯᠭᠡ ᠭᠦᠢᠴᠡᠳ ᠬᠠᠷᠠᠭᠤᠯᠵᠠᠢ︕             ᠨᠢᠭᠡ ᠵᠢᠯ ᠤᠨ ᠲᠤᠷᠰᠢ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ᠂ ᠭᠤᠣᠯᠳᠠᠭᠤ ᠳᠣᠣᠷᠠᠬᠢ ᠠᠵᠢᠯ ᠤᠳ ᠢ ᠬᠢᠪᠡ᠃             ᠨᠢᠭᠡ ᠳᠤ ᠬᠤᠷᠸ᠎ᠠ ᠲᠣᠬᠢᠷᠠᠭᠤᠯᠤᠯ ᠡᠵᠡᠮᠳᠡᠯ ᠤᠨ ᠡᠷᠴᠢᠮ ᠢ ᠴᠢᠩᠭᠠᠷᠠᠭᠤᠯᠵᠤ᠂ ᠠᠵᠤ ᠠᠬᠤᠢ ᠶᠢᠨ ᠠᠵᠢᠯᠯᠠᠭᠠᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠪᠠ᠃ ᠬᠦᠨᠳᠦ ᠬᠡᠴᠡᠭᠦᠦ ᠰᠢᠯᠭᠠᠯᠲᠠ ᠪᠣᠯᠣᠨ ᠬᠢᠵᠢᠭ ᠤᠨ ᠳᠠᠷᠠᠭᠠᠬᠢ ᠠᠵᠤ ᠠᠬᠤᠢ ᠶᠢᠨ ᠰᠡᠷᠭᠦᠯᠲᠡ ᠶᠢᠨ ᠣᠨᠴᠠᠯᠢᠭ ᠲᠤ ᠴᠢᠭᠯᠡᠭᠦᠯᠦᠨ᠂ ᠪᠢᠳᠡ ᠨᠡᠮᠡᠭᠳᠡᠯ ᠢ ᠲᠣᠭᠲᠠᠭᠤᠨ ᠪᠠᠶᠢᠯᠭᠠᠬᠤ ᠪᠠ ᠰᠡᠯᠭᠦᠬᠦ ᠬᠦᠴᠦᠨ ᠢ ᠨᠡᠮᠡᠭᠳᠡᠭᠦᠯᠬᠦ ᠶᠢ ᠨᠢᠭᠡᠳᠦᠯᠲᠡᠢ ᠲᠥᠯᠥᠪᠯᠡᠵᠦ᠂ ᠦᠨᠳᠦᠰᠦ ᠰᠠᠭᠤᠷᠢ ᠶᠢ ᠪᠠᠬᠢᠵᠢᠭᠦᠯᠬᠦ ᠶᠢ ᠳᠣᠪᠤᠶᠢᠯᠭᠠᠵᠤ᠂ ᠨᠠᠷᠢᠯᠢᠭ ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠴᠢᠬᠤᠯᠠᠴᠢᠯᠠᠵᠤ᠂ ᠬᠤᠷᠸ᠎ᠠ ᠲᠣᠬᠢᠷᠠᠭᠤᠯᠤᠯ ᠡᠵᠡᠮᠳᠡᠯ ᠤᠨ ᠴᠠᠭ ᠬᠡᠮᠵᠢᠶ᠎ᠡ ᠪᠦᠲᠦᠮᠵᠢ ᠶᠢ ᠡᠵᠡᠮᠳᠡᠵᠦ᠂ ᠦᠶᠡᠯᠡᠯ ᠥᠭᠰᠥᠭᠦᠯᠦᠨ ᠲᠣᠬᠢᠷᠠᠭᠤᠯᠤᠯᠲᠠ ᠬᠢᠬᠦ ᠶᠢ ᠴᠢᠩᠭᠠᠳᠬᠠᠵᠤ᠂ ︽ᠨᠡᠯᠦ᠋ᠢᠯᠭᠡᠨ ᠤᠰᠤᠯᠠᠬᠤ︾ ᠪᠠ ᠣᠬᠤᠷ ᠬᠤᠭᠤᠴᠠᠭᠠᠨ ᠤ ᠴᠢᠩᠭ᠎ᠠ ᠰᠡᠳᠦᠯᠲᠡ ᠥᠭᠬᠦ ᠦᠭᠡᠢ ᠪᠠᠶᠢᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠡᠭᠡᠷ᠎ᠡ ᠨᠡᠩ ᠢᠯᠡᠭᠦᠦ ᠬᠦᠴᠦᠯᠡᠨ᠂ ᠪᠦᠭᠦ ᠵᠢᠯ ᠤᠨ ᠠᠵᠤ ᠠᠬᠤᠢ ᠶᠢᠨ ᠠᠵᠢᠯᠯᠠᠭᠠᠨ ᠳᠤ ᠡᠮᠦᠨᠡᠬᠢ ᠬᠤᠭᠤᠴᠠᠭᠠᠨ ᠳᠤ ᠳᠣᠣᠷ᠎ᠠ᠂ ᠳᠤᠮᠳᠠ ᠬᠤᠭᠤᠴᠠᠭᠠᠨ ᠳᠤ ᠥᠨᠳᠥᠷ᠂ ᠰᠡᠭᠦᠯ ᠤᠨ ᠬᠤᠭᠤᠴᠠᠭᠠᠨ ᠳᠤ ᠲᠣᠭᠲᠠᠭᠤᠨ ᠪᠠᠶᠢᠳᠠᠯ ᠢᠯᠡᠷᠡᠪᠡ᠃ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠪᠦᠲᠦᠴᠡ ᠶᠢ ᠰᠢᠯᠢᠳᠡᠭᠵᠢᠭᠦᠯᠬᠦ᠂ ᠢᠲᠡᠭᠡᠯ ᠵᠣᠷᠢᠭ ᠢ ᠬᠥᠪᠴᠢᠯᠡᠬᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢᠨ ᠲᠣᠭᠤᠷᠢᠨ ᠳᠤ᠂ ᠬᠡᠰᠡᠭ ᠱᠠᠲᠤ ᠦᠶᠡᠴᠢ ᠴᠢᠨᠠᠷᠲᠠᠢ ᠲᠦᠷᠤ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠭᠰᠡᠨ ᠪᠠ ᠰᠢᠯᠢᠳᠡᠭᠵᠢᠭᠦᠯᠵᠦ᠂ ᠨᠢᠭᠡ ᠪᠦᠯᠦᠭ ᠰᠢᠨ᠎ᠡ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠨᠡᠶᠢᠲᠡᠯᠡᠵᠦ᠂ ᠬᠦᠴᠦᠲᠡᠢ ᠪᠥᠭᠡᠳ ᠪᠦᠲᠦᠮᠵᠢᠲᠡᠶ ᠬᠠᠮ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ᠃ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠡᠷᠴᠢᠮ ᠢ ᠴᠢᠩᠭᠠᠷᠠᠭᠤᠯᠤᠨ ᠦᠷ᠎ᠡ ᠪᠦᠳᠤᠮᠵᠢ ᠶᠢ ᠲᠡᠭᠡᠭᠰᠢᠯᠡᠭᠦᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠵᠠᠷᠤᠯᠭ᠎ᠠ ᠶᠢᠨ ᠪᠠᠲᠤᠯᠠᠭ᠎ᠠ ᠶᠢ ᠴᠢᠩᠭᠠᠳᠬᠠᠵᠤ᠂ ᠪᠦᠭᠦ ᠵᠢᠯ ᠳᠤ ᠰᠢᠨ᠎ᠡ ᠪᠠᠷ ᠨᠡᠮᠡᠭᠳᠡᠭᠰᠡᠨ ᠭᠠᠶᠢᠯᠢ ᠰᠦᠢᠳᠬᠡᠯ ᠤᠨ ᠬᠠᠷᠠᠭᠠᠯᠵᠠᠯ 2.2 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ 1 ᠲᠦᠮᠡᠨ ᠳ᠋ᠦᠩᠰᠢᠭᠤᠷ ᠲᠥᠭᠦᠷᠢᠭ ᠤᠨ ᠤᠯᠤᠰ ᠤᠨ ᠵᠢᠭᠡᠯᠡᠯᠭᠡ ᠶᠢ ᠨᠡᠮᠡᠨ ᠲᠠᠷᠬᠠᠭᠠᠵᠤ᠂ ᠭᠠᠮᠰᠢᠭ ᠤᠨ ᠳᠠᠷᠠᠭᠠᠬᠢ ᠰᠡᠷᠭᠦᠭᠡᠵᠦ ᠲᠠᠭᠢᠨ ᠪᠦᠲᠦᠭᠡᠨ ᠪᠠᠶᠢᠭᠤᠯᠬᠤ ᠪᠠ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠲᠡᠭᠡᠭᠰᠢᠯᠡᠭᠦᠯᠭᠦ ᠶᠢ ᠳᠡᠮᠵᠢᠪᠡ᠃ ᠵᠣᠭᠤᠰᠤᠨ ᠤ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ ᠪᠥᠭᠡᠳ ᠬᠦᠴᠦᠲᠡᠢ ᠪᠠᠶᠢᠯᠭᠠᠵᠤ᠂ ᠬᠠᠳᠠᠭᠠᠯᠠᠮᠵᠢ ᠶᠢᠨ ᠪᠡᠯᠡᠳᠬᠡᠯ ᠮᠥᠩᠭᠦᠨ ᠤ ᠨᠤᠷᠮ᠎ᠠ ᠶᠢ ᠬᠤᠶᠠᠷ ᠤᠳᠠᠭ᠎ᠠ ᠪᠠᠭᠤᠷᠠᠭᠤᠯᠵᠤ ᠂ ᠲᠦᠷᠦ ᠶᠢᠨ ᠪᠣᠳᠣᠯᠭ᠎ᠠ ᠶᠢᠨ ᠴᠢᠨᠠᠷᠲᠠᠢ ᠬᠦᠦ ᠮᠥᠩᠭᠦ ᠶᠢᠨ ᠨᠤᠷᠮ᠎ᠠ ᠶᠢ ᠬᠤᠶᠠᠷ ᠤᠳᠠᠭ᠎ᠠ ᠪᠠᠭᠤᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ᠂ ᠲᠡᠷᠢᠭᠦᠨ ᠤ ᠦᠢᠯᠡᠳᠬᠦ ᠦᠢᠯᠡᠰ᠂ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ᠂ ᠨᠣᠭᠤᠭᠠᠨ ᠬᠥᠭᠵᠢᠯᠲᠡ ᠵᠡᠷᠭᠡ ᠶᠢᠨ ᠵᠢᠭᠡᠯᠡᠯᠭᠡ ᠶᠢ ᠶᠡᠭᠡ ᠪᠠᠷ ᠨᠡᠮᠡᠭᠳᠡᠭᠦᠯᠪᠡ᠃ ᠮᠠᠰᠢᠨ ᠲᠡᠷᠭᠡ᠂ ᠭᠡᠷ ᠦᠷᠤᠭᠡ᠂ ᠡᠯᠧᠺᠳ᠋ᠷᠣᠨ ᠦᠢᠯᠡᠳᠬᠦᠨ᠂ ᠵᠢᠭᠤᠯᠴᠢᠯᠠᠯ ᠵᠡᠷᠭᠡ ᠶᠢᠨ ᠬᠡᠷᠡᠭᠯᠡᠭᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠪᠥᠭᠡᠮ ᠬᠡᠷᠡᠭᠯᠡᠭᠡ ᠯᠠᠪᠳᠠᠭᠤᠨ ᠢᠶᠠᠷ ᠰᠡᠷᠭᠦᠨ ᠳᠡᠭᠡᠭᠰᠢᠯᠡᠵᠦ᠂ ᠠᠮᠢᠳᠤᠷᠠᠯ ᠤᠨ ᠦᠢᠯᠡᠴᠢᠯᠡᠭᠡᠨ ᠤ ᠬᠡᠷᠡᠭᠯᠡᠭᠡ ᠶᠢᠨ ᠰᠡᠷᠭᠦᠯᠲᠡ ᠲᠦᠷᠭᠡᠰᠪᠡ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠬᠥᠰᠢᠨ ᠬᠥᠳᠡᠯᠭᠡᠬᠦ ᠦᠢᠯᠡᠳᠦᠯ ᠢ ᠪᠠᠳᠠᠷᠠᠭᠤᠯᠵᠤ᠂ ᠠᠷᠠᠳ ᠤᠨ ᠪᠡᠯᠡ ᠣᠷᠣᠭᠤᠯᠤᠯᠲᠠ ᠶᠢ ᠠᠬᠢᠭᠤᠯᠬᠤ ᠲᠦᠷᠦ ᠶᠢᠨ ᠪᠣᠳᠣᠯᠭ᠎ᠠ ᠶᠢ ᠲᠣᠭᠲᠠᠭᠠᠵᠤ᠂ ᠡᠨᠧᠷᠭᠢ ᠶᠢᠨ ᠰᠤᠷᠪᠤᠯᠵᠢ᠂ ᠤᠰᠤᠨ ᠠᠰᠢᠭᠯᠠᠯᠲᠠ ᠵᠡᠷᠭᠡ ᠰᠠᠭᠤᠷᠢ ᠲᠥᠬᠦᠭᠡᠷᠦᠮᠵᠢ ᠪᠣᠯᠣᠨ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠪᠡ᠃ ᠬᠤᠲᠠ ᠶᠢᠨ ᠪᠠᠶᠢᠳᠠᠯ ᠳᠤᠨᠢ ᠲᠣᠬᠢᠷᠠᠭᠤᠯᠵᠤ ᠠᠷᠭ᠎ᠠ ᠪᠣᠳᠣᠯᠭ᠎ᠠ ᠬᠡᠷᠡᠭᠵᠢᠭᠦᠯᠦᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠲᠣᠬᠢᠷᠠᠭᠤᠯᠤᠯ ᠡᠵᠡᠮᠳᠡᠯ ᠢ ᠰᠢᠯᠢᠳᠡᠭᠵᠢᠭᠦᠯᠵᠦ᠂ ᠣᠷᠣᠨ ᠰᠠᠭᠤᠴᠠ ᠶᠢᠨ ᠵᠢᠭᠡᠯᠡᠯᠭᠡ ᠶᠢᠨ ᠥᠪᠡᠷ ᠤᠨ ᠥᠷᠲᠡᠭ ᠢ ᠪᠠᠭᠤᠷᠠᠭᠤᠯᠬᠤ ᠶᠢ ᠠᠬᠢᠭᠤᠯᠤᠨ᠂ ᠠᠰᠠᠷ ᠢ ᠪᠠᠲᠤᠲᠠᠢ ᠲᠤᠰᠢᠶᠠᠬᠤ ᠠᠵᠢᠯ ᠢ ᠢᠳᠡᠪᠬᠢᠲᠡᠢ ᠪᠠᠷ ᠠᠬᠢᠭᠤᠯᠪᠠ᠃ ᠣᠷᠣᠨ ᠨᠤᠲᠤᠭ ᠤᠨ ᠥᠷᠢ ᠥᠭᠴᠡᠭᠡ ᠶᠢ ᠠᠷᠢᠯᠭᠠᠬᠤ ᠪᠦᠭᠦᠨ ᠢ ᠬᠠᠮᠤᠷᠤᠭᠰᠠᠨ ᠲᠥᠰᠥᠯ ᠢ ᠲᠣᠭᠲᠠᠭᠠᠨ ᠬᠡᠷᠡᠭᠵᠢᠭᠦᠯᠵᠦ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ ᠲᠦᠷᠦᠯ ᠬᠤᠪᠢᠶᠠᠨ ᠰᠢᠢᠳᠪᠦᠷᠢᠯᠡᠵᠦ᠂ ᠰᠢᠰᠲ᠋ᠧᠮ ᠤᠨ ᠴᠢᠨᠠᠷᠲᠠᠢ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠰᠠᠬᠢᠵᠤ ᠴᠢᠳᠠᠪᠠ᠃             ᠬᠤᠶᠠᠷ ᠲᠤ ᠰᠢᠨ᠎ᠡ ᠶᠢ ᠡᠭᠦᠳᠬᠦ ᠳᠤ ᠲᠦᠰᠢᠭᠯᠡᠨ ᠠᠵᠤ ᠦᠢᠯᠡᠰ ᠤᠨ ᠲᠡᠰ ᠳᠡᠪᠰᠢᠬᠦ ᠶᠢ ᠬᠥᠲᠥᠯᠥᠨ ᠳᠠᠭᠠᠭᠤᠯᠵᠤ ᠂ ᠬᠤᠳᠠ ᠬᠥᠳᠡᠭᠡ ᠣᠷᠣᠨ ᠪᠦᠰᠡ ᠶᠢᠨ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠴᠢᠩᠭᠠᠷᠠᠭᠤᠯᠪᠠ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠴᠢᠩᠭᠠᠳᠬᠠᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠰᠥᠯ ᠢ ᠲᠦᠷᠭᠡᠯᠡᠨ ᠬᠡᠷᠡᠭᠵᠢᠭᠦᠯᠪᠡ᠃ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠪᠦᠭᠦ ᠲᠠᠯ᠎ᠠ ᠪᠠᠷ ᠪᠠᠶᠢᠷᠢᠯᠠᠭᠤᠯᠤᠨ ᠠᠬᠢᠭᠤᠯᠪᠠ᠃ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠢ ᠲᠣᠭᠲᠠᠪᠤᠷᠢᠵᠢᠭᠤᠯᠬᠤ᠂ ᠲᠡᠷᠢᠭᠦᠨ ᠤ ᠦᠢᠯᠡᠳᠬᠦ ᠦᠢᠯᠡᠰ ᠢ ᠳᠡᠮᠵᠢᠬᠦ ᠠᠷᠭ᠎ᠠ ᠬᠡᠮᠵᠢᠶ᠎ᠡ ᠶᠢ ᠨᠡᠶᠢᠲᠡᠯᠡᠵᠦ᠂ ᠭᠤᠣᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠤᠨ ᠨᠡᠮᠡᠨ ᠪᠤᠳᠣᠵᠤ ᠰᠠᠭᠤᠯᠭᠠᠨ ᠬᠠᠰᠤᠬᠤ ᠬᠠᠷᠢᠴᠠᠯ ᠢ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠰᠢᠭ ᠬᠤᠨᠵᠢᠪᠤᠷᠢ ᠪᠠᠭᠤᠷᠠᠵᠤ ᠪᠠᠶᠢᠭᠰᠠᠨ ᠠᠴᠠ ᠪᠠᠨ ᠨᠡᠮᠡᠭᠳᠡᠬᠦ ᠪᠣᠯᠪᠠ᠃ ᠳ᠋ᠢᠵᠢᠲ᠋ᠠᠯ ᠠᠵᠤ ᠠᠬᠤᠢ ᠲᠦᠷᠭᠡᠯᠡᠨ ᠬᠥᠭᠵᠢᠵᠦ᠂ 5G ᠬᠡᠷᠡᠭᠯᠡᠭᠴᠢ ᠶᠢᠨ ᠲᠦᠭᠡᠮᠡᠯᠵᠢᠭᠰᠡᠨ ᠨᠣᠷᠮ᠎ᠠ 50%᠎ ᠶᠢ ᠳᠠᠪᠠᠪᠠ᠃ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠬᠤᠲᠠ ᠳᠤ ᠡᠷᠦᠭᠡ ᠠᠮᠠ ᠣᠷᠤᠭᠤᠯᠬᠤ ᠨᠥᠬᠦᠴᠡᠯ ᠢ ᠤᠯᠠᠮ ᠨᠢᠭᠡ ᠠᠯᠬᠤᠮ ᠠᠭᠤᠵᠢᠭᠤ ᠴᠢᠯᠦᠭᠡᠲᠡᠢ ᠪᠤᠯᠭᠠᠵᠤ᠂ ᠰᠢᠶᠠᠨ ᠤ ᠬᠤᠲᠠ ᠶᠢᠨ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠶᠢ ᠴᠢᠩᠭᠠᠷᠠᠭᠤᠯᠤᠨ ᠂ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠶᠢ 66.2% ᠪᠤᠯᠲᠠᠯ᠎ᠠ ᠳᠡᠭᠡᠭᠰᠢᠯᠡᠭᠦᠯᠪᠡ ᠃ ᠲᠠᠷᠢᠶᠠᠯᠠᠩ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠴᠢᠩᠭᠠᠳᠬᠠᠵᠤ᠂ ᠭᠠᠮᠰᠢᠭ ᠲᠠᠢ ᠲᠡᠮᠡᠴᠡᠵᠦ ᠡᠯᠪᠡᠭ ᠬᠤᠷᠢᠶᠠᠯᠲᠠ ᠶᠢ ᠲᠡᠮᠡᠴᠡᠨ ᠣᠯᠬᠤ ᠠᠵᠢᠯ ᠢ ᠬᠦᠴᠦᠲᠡᠢ ᠥᠷᠨᠢᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠮᠢᠩᠭᠠᠨ ᠳ᠋ᠦᠩᠰᠢᠭᠤᠷ ᠵᠢᠩ ᠨᠡᠮᠡᠭᠳᠡᠭᠦᠯᠬᠦ ᠰᠢᠨ᠎ᠡ ᠨᠢᠭᠡᠨ ᠡᠭᠡᠯᠵᠢ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠨᠢᠭᠡ ᠪᠦᠯᠦᠭ ᠰᠢᠨ᠎ᠡ ᠠᠷᠭ᠎ᠠ ᠬᠡᠮᠵᠢᠶ᠎ᠡ ᠶᠢ ᠭᠠᠷᠭᠠᠵᠤ᠂ ᠨᠢᠭᠡ ᠪᠦᠯᠦᠭ ᠴᠢᠬᠤᠯᠠ ᠶᠡᠭᠡ ᠲᠥᠰᠥᠯ ᠢ ᠬᠡᠷᠡᠭᠵᠢᠭᠦᠯᠵᠦ᠂ ᠣᠷᠣᠨ ᠪᠦᠰᠡ ᠶᠢᠨ ᠬᠥᠭᠵᠢᠯᠲᠡ ᠶᠢᠨ ᠵᠣᠬᠢᠴᠠᠯᠳᠤ ᠴᠢᠨᠠᠷ ᠪᠠ ᠲᠡᠩᠴᠡᠭᠦᠷᠢᠲᠦ ᠴᠢᠨᠠᠷ ᠢ ᠲᠠᠰᠤᠷᠠᠯᠲᠠ ᠦᠭᠡᠢ ᠴᠢᠩᠭᠠᠷᠠᠭᠤᠯᠪᠠ᠃             ᠭᠤᠷᠪᠠ ᠳᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠪᠠ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠦᠲᠦᠭᠡᠨ ᠪᠠᠶᠢᠭᠤᠯᠬᠤ ᠶᠡᠷᠦᠩᠬᠡᠢ ᠠᠵᠢᠯ ᠤᠨ ᠲᠥᠰᠥᠯ ᠢ ᠨᠡᠶᠢᠲᠡᠯᠡᠵᠦ᠂ ᠭᠤᠤᠯᠴᠢ ᠥᠷᠢᠰᠦᠯᠳᠦᠭᠡᠨ ᠢ ᠬᠠᠷᠰᠢᠯᠠᠬᠤ ᠨᠢᠭᠡ ᠪᠦᠯᠦᠭ ᠲᠦᠷᠦ ᠶᠢᠨ ᠪᠣᠳᠣᠯᠭ᠎ᠠ ᠶᠢᠨ ᠲᠣᠭᠲᠠᠭᠠᠯ ᠢ ᠢᠯᠭᠠᠷᠠᠭᠤᠯᠤᠨ ᠴᠡᠪᠡᠷᠯᠡᠪᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠲᠤᠰ ᠲᠤᠰ ᠭᠠᠷᠭᠠᠵᠤ᠂ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠪᠠᠶᠢᠩᠭᠤ ᠶᠢᠨ ᠴᠢᠨᠠᠷᠲᠠᠢ ᠪᠠᠷ ᠨᠡᠪᠲᠡᠷᠡᠯᠴᠡᠨ ᠰᠣᠯᠢᠯᠴᠠᠬᠤ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠤᠨ ᠠᠪᠴᠠᠭᠠᠨ ᠤ ᠵᠣᠭᠤᠰ ᠢ ᠥᠷᠢᠲᠦᠬᠦ ᠶᠢ ᠢᠯᠭᠠᠷᠠᠭᠤᠯᠤᠨ ᠴᠡᠪᠡᠷᠯᠡᠬᠦ ᠲᠤᠰᠬᠠᠢ ᠠᠵᠢᠯᠯᠠᠭ᠎ᠠ ᠶᠢ ᠥᠷᠨᠢᠭᠦᠯᠵᠦ ᠂ ᠲᠣᠭᠲᠠᠭᠠᠯ ᠠᠴᠠ ᠵᠥᠷᠢᠴᠡᠭᠰᠡᠨ ᠰᠦᠢᠳᠬᠡᠯ ᠬᠤᠷᠢᠶᠠᠯᠲᠠ ᠶᠢ ᠴᠡᠭᠴᠡᠯᠡᠨ ᠵᠠᠰᠠᠬᠤ ᠠᠵᠢᠯ ᠢ ᠴᠢᠩᠭᠠᠳᠬᠠᠪᠠ᠃ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡ᠂ ᠲᠠᠷᠢᠶᠠᠯᠠᠩ ᠬᠥᠳᠡᠭᠡ ᠲᠣᠰᠬᠤᠨ᠂ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠵᠡᠷᠭᠡ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ᠃ ᠭᠠᠳᠠᠭᠠᠳᠤ ᠠᠷᠠᠯᠵᠢᠶᠠᠨ ᠤ ᠬᠡᠪᠴᠢᠶ᠎ᠡ ᠶᠢ ᠲᠣᠭᠲᠠᠪᠤᠷᠢᠵᠢᠭᠤᠯᠬᠤ ᠪᠠ ᠪᠦᠲᠦᠴᠡ ᠶᠢ ᠰᠢᠯᠢᠳᠡᠭᠵᠢᠭᠦᠯᠬᠦ ᠶᠢ ᠠᠬᠢᠭᠤᠯᠵᠤ᠂ ᠴᠠᠭᠢᠯᠭᠠᠨ ᠮᠠᠰᠢᠨ ᠲᠡᠷᠭᠡ᠂ ᠯᠢᠲ᠋ᠢ ᠳ᠋ᠢᠶᠠᠨ ᡂᠢ᠂ ᠭᠡᠷᠡᠯ ᠴᠠᠭᠢᠯᠭᠠᠨ ᠤ ᠦᠢᠯᠡᠳᠬᠦᠨ ︽ᠰᠢᠨ᠎ᠡ ᠭᠤᠷᠪᠠᠨ ᠵᠦᠢᠯ︾ ᠎ ᠤᠨ ᠭᠠᠳᠠᠭᠠᠳᠤ ᠭᠠᠷᠭᠠᠯᠲᠠ 30% ᠰᠢᠬᠠᠮ ᠢᠶᠠᠷ ᠨᠡᠮᠡᠭᠳᠡᠪᠡ᠃ ᠭᠠᠳᠠᠭᠠᠳᠤ ᠪᠡᠯᠡ ᠶᠢ ᠲᠠᠲᠠᠬᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠥᠷᠭᠡᠳᠬᠡᠪᠡ᠃ ︽ᠨᠢᠭᠡ ᠪᠦᠰᠡ ᠨᠢᠭᠡ ᠵᠠᠮ︾ ᠎ ᠢ ᠬᠠᠮᠲᠤ ᠪᠠᠷ ᠪᠠᠶᠢᠭᠤᠯᠬᠤ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠬᠠᠮᠲᠤ ᠪᠠᠷ ᠪᠠᠶᠢᠭᠤᠯᠬᠤ ᠤᠯᠤᠰ ᠯᠤᠭ᠎ᠠ ᠶᠢᠨ ᠠᠷᠠᠯᠵᠢᠶ᠎ᠠ ᠪᠡᠯᠡ ᠣᠷᠣᠭᠤᠯᠤᠯᠲᠠ ᠨᠡᠯᠢᠶᠡᠳ ᠲᠦᠷᠭᠡᠨ ᠢᠶᠠᠷ ᠨᠡᠮᠡᠭᠳᠡᠪᠡ᠃             ᠳᠥᠷᠪᠡ ᠳᠤ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠵᠠᠰᠠᠯᠲᠠ ᠶᠢ ᠴᠢᠩᠭᠠᠳᠬᠠᠵᠤ᠂ ᠬᠥᠭᠵᠢᠯᠲᠡ ᠶᠢᠨ ᠠᠷᠭ᠎ᠠ ᠮᠠᠶ᠋ᠢᠭ ᠤᠨ ᠨᠣᠭᠤᠭᠠᠨ ᠬᠤᠪᠢᠷᠠᠭᠤᠯᠤᠯᠲᠠ ᠶᠢ ᠲᠦᠷᠭᠡᠳᠬᠡᠪᠡ᠃ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠪᠠ᠃ ᠴᠡᠯᠮᠡᠭ ᠲᠡᠭᠷᠢ᠂ ᠲᠤᠩᠭᠠᠯᠠᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠲᠠᠶᠢᠨ ᠢ ᠦᠷᠭᠦᠯᠵᠢᠯᠡᠨ ᠰᠠᠶᠢᠲᠤᠷ ᠬᠢᠪᠡ᠃ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠲᠦᠷᠭᠡᠯᠡᠨ ᠬᠡᠷᠡᠭᠵᠢᠭᠦᠯᠪᠡ᠃ ᠬᠥᠷᠥᠰᠥ ᠰᠢᠷᠣᠢ ᠶᠢᠨ ᠢᠳᠡᠭᠳᠡᠯ᠂ ᠴᠥᠯᠵᠢᠯᠲᠡ ᠶᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠪᠠ᠃ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢ ᠴᠢᠩᠭᠠᠳᠬᠠᠪᠠ᠃ ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠲᠦᠷᠦ ᠶᠢᠨ ᠪᠣᠳᠣᠯᠭ᠎ᠠ ᠶᠢ ᠲᠣᠭᠲᠠᠭᠠᠪᠠ᠃ ᠭᠤᠣᠯᠳᠠᠯᠭ᠎ᠠ ᠲᠠᠢ ᠠᠵᠢᠯ ᠲᠥᠷᠥᠯ ᠤᠨ ᠭᠡᠲᠦ ᠳᠣᠣᠷ᠎ᠠ ᠭᠠᠳᠠᠭᠰᠢᠯᠠᠭᠤᠯᠬᠤ ᠥᠭᠡᠷᠡᠴᠢᠯᠡᠯᠲᠡ ᠶᠢ ᠠᠬᠢᠭᠤᠯᠪᠠ᠃ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠶᠢ ᠤᠷᠭᠢᠯ ᠬᠡᠮᠵᠢᠭᠳᠡᠯ ᠳᠤᠨᠢ ᠬᠦᠷᠭᠡᠬᠦ ᠲᠤᠷᠰᠢᠯᠲᠠ ᠶᠢᠨ ᠲᠦᠷᠦᠭᠦᠥ ᠪᠦᠯᠦᠭ ᠬᠤᠳᠠ ᠪᠠ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ᠃ ᠪᠦᠭᠦ ᠪᠥᠮᠪᠥᠷᠴᠡᠭ ᠤᠨ ᠠᠭᠤᠷ ᠠᠮᠢᠰᠬᠤᠯ ᠤᠨ ᠵᠠᠰᠠᠯᠲᠠ ᠳᠤ ᠢᠳᠡᠪᠬᠢᠲᠡᠢ ᠣᠷᠣᠯᠴᠠᠬᠰᠠᠨ ᠪᠠ ᠲᠡᠭᠦᠨ ᠢ ᠠᠬᠢᠭᠤᠯᠪᠠ᠃             ᠲᠠᠪᠤ ᠳᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠬᠦᠴᠦᠯᠡᠨ ᠰᠠᠶᠢᠲᠤᠷ ᠠᠳᠬᠤᠵᠤ᠂ ᠨᠡᠶᠢᠭᠡᠮ ᠤᠨ ᠦᠢᠯᠡᠰ ᠤᠨ ᠬᠥᠭᠵᠢᠯᠲᠡ ᠶᠢ ᠠᠬᠢᠭᠤᠯᠪᠠ᠃ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠪᠡ᠃ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ ᠥᠷᠭᠡᠳᠬᠡᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠭᠤᠣᠯᠳᠠᠯᠭ᠎ᠠ ᠲᠠᠢ ᠬᠠᠮᠲᠤᠯᠢᠭ ᠲᠤ ᠠᠵᠢᠯ ᠣᠯᠭᠤᠬᠤ ᠶᠢ ᠠᠬᠢᠭᠤᠯᠬᠤ ᠦᠢᠯᠡᠴᠢᠯᠡᠭᠡ ᠶᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ ᠭᠦᠳᠡᠯᠮᠤᠷᠢ ᠬᠢᠬᠦ ᠬᠡᠪᠴᠢᠶ᠎ᠡ 3300 ᠲᠦᠮᠡ ᠶᠢ ᠳᠠᠪᠠᠪᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠢ ᠭᠤᠭᠴᠤᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠬᠤᠶᠠᠷ ᠢ ᠬᠥᠩᠭᠡᠷᠡᠭᠦᠯᠬᠦ︾ ᠠᠵᠢᠯ ᠢ ᠰᠠᠶᠢᠲᠤᠷ ᠬᠢᠵᠦ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠬᠦᠦ ᠮᠥᠩᠭᠦ ᠶᠢ ᠨᠢ ᠪᠠᠭᠤᠷᠠᠭᠤᠯᠤᠭᠠᠳ 1100 ᠭᠠᠷᠤᠢ ᠲᠦᠮᠡᠨ ᠰᠤᠷᠤᠬᠴᠢᠳ ᠲᠤ ᠠᠰᠢᠭ ᠬᠦᠷᠲᠡᠭᠡᠪᠡ᠃ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠳᠤ ︽ᠬᠥᠬᠡᠭᠴᠢᠨ ᠲᠦᠷᠦᠯ ᠬᠥᠬᠡᠭᠴᠢᠨ ᠬᠠᠮᠢᠶᠠᠷᠤᠯᠲᠠ︾ ᠎ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠠᠯᠳᠠᠪᠤᠷᠢᠲᠤ ᠲᠠᠭᠰᠢᠭᠤᠷ᠂ ᠰᠠᠯᠠᠭᠠᠲᠤ ᠠᠩᠬᠠᠨ ᠤ ᠪᠠᠶᠠᠳᠠᠨ ᠤ ᠠᠭᠤᠰᠬᠢᠨ ᠦᠷᠪᠢᠰᠦᠯ ᠵᠡᠷᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠪᠡ᠃ ᠠᠵᠢᠯᠲᠠᠨ ᠠᠵᠢᠯᠴᠢᠨ ᠤ ᠡᠮᠨᠡᠯᠭᠡ ᠶᠢᠨ ᠳᠠᠭᠠᠳᠬᠠᠯ ᠤᠨ ᠡᠩ ᠤᠨ ᠡᠭᠦᠳᠡᠨ ᠡᠮᠨᠡᠯᠭᠡ ᠶᠢᠨ ᠵᠠᠷᠤᠳᠠᠯ ᠢ ᠨᠢᠭᠡᠳᠦᠯᠲᠡᠢ ᠲᠥᠯᠥᠪᠯᠡᠬᠦ ᠶᠢ ᠬᠡᠷᠡᠭᠵᠢᠭᠦᠯᠪᠡ᠃ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠨᠠᠰᠤᠲᠠᠶᠢᠴᠤᠳ ᠤᠨ ᠬᠤᠭᠤᠯᠠ ᠪᠤᠳᠠᠭ᠎ᠠ ᠳᠤ ᠲᠤᠰᠠᠯᠠᠮᠵᠢ ᠥᠵᠡᠭᠦᠯᠭᠦ ᠦᠢᠯᠡᠴᠢᠯᠡᠭᠡ ᠶᠢ ᠶᠡᠭᠡ ᠪᠠᠷ ᠬᠥᠭᠵᠢᠭᠦᠯᠪᠡ᠃ ᠠᠰᠠᠷᠠᠨ ᠬᠠᠷᠠᠭᠠᠯᠵᠠᠬᠤ ᠪᠠᠷᠢᠮᠵᠢᠶ᠎ᠠ ᠶᠢ ᠳᠡᠭᠡᠭᠰᠢᠯᠡᠭᠦᠯᠪᠡ᠃ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢ ᠴᠢᠩᠭᠠᠳᠬᠠᠪᠠ᠃ ᠬᠠᠶᠢᠾᠧ ᠭᠤᠣᠯ ᠵᠡᠷᠭᠡ ᠰᠠᠪᠠ ᠭᠠᠵᠠᠷ ᠤᠨ ᠣᠨᠴᠠ ᠶᠡᠭᠡ ᠦᠶᠡᠷ ᠤᠰᠤᠲᠤᠯ ᠤᠨ ᠭᠠᠮᠰᠢᠭ ᠢ ᠪᠦᠲᠦᠮᠵᠢᠲᠡᠶ ᠠᠷᠭᠠᠴᠠᠵᠤ᠂ ᠭᠠᠨᠰᠤ ᠶᠢᠨ ᠵᠢᠢ ᠱᠢ ᠱᠠᠨ ᠤ ᠭᠠᠵᠠᠷ ᠬᠥᠳᠡᠯᠦᠯᠲᠡ ᠵᠡᠷᠭᠡ ᠶᠢᠨ ᠠᠶᠤᠯ ᠠᠴᠠ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠵᠦ᠂ ᠭᠠᠮᠰᠢᠭ ᠤᠨ ᠳᠠᠷᠠᠭ᠎ᠠ ᠰᠡᠷᠭᠦᠭᠡᠨ ᠳᠠᠭᠢᠨ ᠪᠦᠲᠦᠭᠡᠨ ᠪᠠᠶᠢᠭᠤᠯᠬᠤ ᠠᠵᠢᠯ ᠢ ᠴᠢᠩᠭᠠᠳᠬᠠᠪᠠ᠃ ᠰᠣᠶᠣᠯ ᠢ ᠤᠯᠠᠮᠵᠢᠯᠠᠨ ᠬᠥᠭᠵᠢᠭᠦᠯᠬᠦ ᠶᠢ ᠠᠬᠢᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠪᠦᠭᠦ ᠲᠠᠯ᠎ᠠ ᠪᠠᠷ ᠰᠡᠷᠭᠦᠪᠡ᠃ ᠣᠯᠠᠨ ᠲᠦᠮᠡᠨ ᠤ ᠪᠡᠶ᠎ᠡ ᠶᠢᠨ ᠲᠠᠮᠢᠷ ᠥᠷᠨᠢᠨ ᠬᠥᠭᠵᠢᠵᠦ᠂ ᠴᠧᠩᠳᠦ᠋ ᠳᠤ ᠪᠣᠯᠤᠭᠰᠠᠨ ᠣᠶᠤᠲᠠᠳ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠬᠠᠩᠵᠧᠦ ᠶᠢᠨ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠠ ᠠᠽᠢᠶ᠎ᠠ ᠲᠢᠪ ᠤᠨ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠠᠮᠵᠢᠯᠲᠠᠲᠠᠢ ᠡᠷᠭᠢᠯᠡᠵᠦ᠂ ᠮᠠᠨ ᠤ ᠤᠯᠤᠰ ᠤᠨ ᠲᠠᠮᠢᠷᠴᠢᠳ ᠵᠣᠷᠢᠭᠲᠠᠢ ᠪᠠᠷ ᠰᠢᠯᠢᠳᠡᠭ ᠬᠢᠷᠢ ᠪᠦᠲᠦᠮᠵᠢ ᠡᠭᠦᠳᠪᠡ᠃             ᠵᠢᠷᠭᠤᠭ᠎ᠠ ᠳᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠵᠠᠰᠠᠯᠲᠠ ᠶᠢᠨ ᠦᠢᠯᠡᠳᠦᠯ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠪᠡ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠶᠢᠨ ᠰᠠᠶᠢᠨ ᠭᠦᠢᠴᠡᠳᠭᠡᠭᠴᠢ᠂ ᠦᠢᠯᠡᠳᠦᠯᠭᠡᠵᠢᠭᠦᠯᠦᠭᠴᠢ᠂ ᠰᠢᠷᠭᠠᠭᠤ ᠠᠵᠢᠯᠯᠠᠭᠴᠢ ᠪᠣᠯᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠪᠡ᠃ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠪᠡ᠃ ᠬᠠᠤᠯᠢᠵᠢᠯ ᠤᠨ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠪᠠ᠃ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ 10 ᠬᠤᠪᠢ ᠬᠠᠤᠯᠢ ᠴᠠᠭᠠᠵᠠ ᠶᠢᠨ ᠰᠠᠨᠠᠯ ᠵᠥᠪᠯᠡᠯᠭᠡ ᠶᠢ ᠬᠢᠨᠠᠨ ᠶᠠᠷᠢᠯᠴᠠᠭᠤᠯᠬᠤ ᠪᠠᠷ ᠳᠡᠪᠰᠢᠭᠦᠯᠵᠦ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ 25 ᠬᠤᠪᠢ ᠲᠣᠭᠲᠠᠭᠠᠭᠰᠠᠨ ᠪᠠ ᠵᠠᠰᠠᠨ ᠲᠣᠭᠲᠠᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠭᠦ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠪᠡ᠃ ᠤᠬᠠᠮᠰᠠᠷ ᠠᠴᠠ ᠪᠠᠨ ᠬᠠᠤᠯᠢ ᠶᠣᠰᠣᠭᠠᠷ ᠬᠢᠨᠠᠯᠲᠠ ᠶᠢ ᠬᠦᠯᠢᠶᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠬᠢᠨᠠᠮᠠᠭᠠᠢ ᠰᠢᠢᠳᠪᠦᠷᠢᠯᠡᠪᠡ᠃ ᠪᠠᠶᠢᠴᠠᠭᠠᠨ ᠰᠤᠳᠤᠯᠤᠯᠲᠠ ᠶᠢ ᠴᠢᠬᠤᠯᠠᠴᠢᠯᠠᠵᠤ᠂ ᠲᠥᠷᠥ ᠶᠢᠨ ᠪᠣᠳᠣᠯᠭ᠎ᠠ ᠪᠣᠯᠣᠨ ᠠᠵᠢᠯ ᠢ ᠪᠣᠳᠠᠲᠤ ᠪᠠᠶᠢᠳᠠᠯ ᠳᠤ ᠨᠡᠶᠢᠴᠡᠭᠦᠯᠬᠦ᠂ ᠣᠯᠠᠨ ᠲᠦᠮᠡᠨ ᠲᠠᠢ ᠣᠶᠢᠷᠠᠲᠤᠭᠤᠯᠬᠤ ᠪᠠᠷ ᠴᠢᠷᠮᠠᠶᠢᠪᠠ᠃ ᠰᠢᠪᠠᠳᠠᠨ ᠪᠠᠶᠢᠴᠠᠭᠠᠬᠤ ᠠᠵᠢᠯ ᠤᠨ ᠲᠣᠭᠲᠠᠴᠠ ᠶᠢ ᠰᠢᠯᠢᠳᠡᠭᠵᠢᠭᠦᠯᠪᠡ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠴᠢᠩᠭᠠᠳᠬᠠᠪᠠ᠃ ᠲᠥᠪ ᠬᠤᠷᠢᠶᠠᠨ ᠤ ᠨᠠᠶᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠳᠦᠷᠪᠡᠨ ᠰᠤᠷᠲᠠᠯ︾ ᠎ ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ ᠮᠥᠩᠭᠦᠨ ᠭᠦᠢᠯᠭᠡᠭᠡᠨ ᠤ ᠨᠢᠭᠡᠴᠢ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠵᠡᠷᠭᠡ ᠶᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠬᠦᠴᠦᠲᠡᠢ ᠠᠬᠢᠭᠤᠯᠪᠠ᠃ ᠬᠤᠲᠠ ᠬᠥᠳᠡᠭᠡ ᠶᠢᠨ ᠦᠨᠳᠦᠰᠦᠨ ᠱᠠᠲᠤᠨ ᠤ ᠵᠠᠰᠠᠯᠲᠠ ᠶᠢᠨ ᠲᠠᠯ᠎ᠠ ᠪᠠᠷ ᠰᠢᠨ᠎ᠡ ᠶᠢ ᠡᠭᠦᠳᠦᠨ ᠲᠡᠭᠦᠯᠳᠡᠷᠵᠢᠭᠦᠯᠪᠡ᠃ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠪᠡ᠃ ᠠᠶᠤᠯ ᠦᠭᠡᠢ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠬᠦᠴᠦᠲᠡᠢ ᠠᠳᠬᠤᠵᠤ᠂ ᠬᠦᠨᠳᠦ ᠶᠡᠭᠡ ᠠᠳᠡᠯ ᠤᠨ ᠳᠠᠯᠳᠠ ᠭᠡᠮ ᠢ ᠲᠤᠰᠬᠠᠢ ᠰᠠᠮᠨᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠥᠷᠨᠢᠭᠦᠯᠪᠡ᠃ ᠤᠯᠤᠰ ᠤᠨ ᠠᠮᠤᠷ ᠲᠦᠪᠰᠢᠨ ᠤ ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠪᠠ᠃ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠴᠠᠭᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠪᠦᠲᠦᠮᠵᠢᠲᠡᠢ ᠪᠠᠷ ᠴᠣᠬᠢᠯᠲᠠ ᠥᠭᠴᠦ᠂ ᠠᠮᠤᠷ ᠠᠮᠤᠭᠤᠯᠠᠩ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠰᠢᠨ᠎ᠡ ᠠᠬᠢᠴᠠ ᠲᠠᠢ ᠪᠣᠯᠪᠠ᠃             ᠨᠢᠭᠡ ᠵᠢᠯ ᠤᠨ ᠲᠤᠷᠰᠢ᠂ ᠳᠤᠮᠳᠠᠳᠤ ᠤᠯᠤᠰ ᠤᠨ ᠣᠨᠴᠠᠯᠢᠭ ᠪᠦᠬᠦᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠶᠢ ᠪᠦᠭᠦ ᠲᠠᠯ᠎ᠠ ᠪᠠᠷ ᠠᠬᠢᠭᠤᠯᠪᠠ᠃ ᠲᠡᠷᠢᠭᠦᠯᠡᠭᠴᠢ ᠰᠢ ᠶᠢᠨ ᠫᠢᠩ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ ᠤᠯᠠᠨ ᠤᠯᠤᠰ ᠲᠤ ᠠᠶᠢᠯᠴᠢᠯᠠᠯᠲᠠ ᠬᠢᠵᠦ᠂ BRICS᠎ ᠤᠨ ᠤᠯᠤᠰ ᠤᠳ ᠤᠨ ᠤᠳᠤᠷᠢᠳᠬᠤ ᠬᠥᠮᠥᠰ ᠤᠨ ᠠᠭᠤᠯᠵᠠᠯᠲᠠ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯᠳᠤᠭᠠᠨ᠂ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯᠳᠤᠭᠠᠨ ᠵᠡᠷᠭᠡ ᠤᠯᠠᠨ ᠲᠠᠯ᠎ᠠ ᠶᠢᠨ ᠪᠠ ᠬᠤᠶᠠᠷ ᠲᠠᠯ᠎ᠠ ᠶᠢᠨ ᠴᠢᠬᠤᠯᠠ ᠶᠡᠭᠡ ᠠᠵᠢᠯᠯᠠᠭ᠎ᠠ ᠳᠤ ᠣᠷᠣᠯᠴᠠᠪᠠ᠃ ᠳᠤᠮᠳᠠᠳᠤ ᠤᠯᠤᠰ — ᠳᠤᠮᠳᠠᠳᠤ ᠠᠽᠢᠶ᠎ᠠ ᠶᠢᠨ ᠲᠦᠷᠦᠭᠦᠴᠦᠳ ᠤᠨ ᠬᠤᠷᠠᠯ᠂ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠎ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠯᠴᠠᠭᠠᠨ ᠤ ᠲᠠᠪᠴᠠᠩ ᠵᠡᠷᠭᠡ ᠴᠢᠬᠤᠯᠠ ᠶᠡᠭᠡ ᠡᠵᠡᠨ ᠲᠠᠯᠠᠪᠤᠷ ᠤᠨ ᠭᠠᠳᠠᠭᠠᠳᠤ ᠬᠠᠷᠢᠯᠴᠠᠭᠠᠨ ᠤ ᠠᠵᠢᠯᠯᠠᠭ᠎ᠠ ᠶᠢ ᠠᠮᠵᠢᠯᠲᠠᠲᠠᠢ ᠡᠷᠭᠢᠯᠡᠪᠡ᠃ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ᠪᠦᠭᠦ ᠪᠥᠮᠪᠥᠷᠴᠡᠭ ᠤᠨ ᠬᠠᠨᠢᠲᠠᠨ ᠤ ᠬᠠᠷᠢᠴᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠳᠡᠯᠡᠬᠡᠢ ᠶᠢᠨ ᠪᠠ ᠭᠠᠵᠠᠷ ᠣᠷᠣᠨ ᠤ ᠬᠠᠯᠠᠭᠤᠨ ᠴᠡᠭ ᠤᠨ ᠠᠰᠠᠭᠤᠳᠠᠯ ᠢ ᠰᠢᠢᠳᠪᠦᠷᠢᠯᠡᠬᠦ ᠳᠤᠮᠳᠠ ᠢᠳᠡᠪᠬᠢᠲᠡᠢ ᠪᠦᠲᠦᠭᠡᠯᠴᠢ ᠴᠢᠨᠠᠷᠲᠠᠢ ᠦᠢᠯᠡᠳᠦᠯ ᠪᠠᠳᠠᠷᠠᠭᠤᠯᠪᠠ ᠃ ᠳᠤᠮᠳᠠᠳᠤ ᠤᠯᠤᠰ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃             ᠲᠥᠯᠥᠭᠡᠯᠡᠭᠴᠢᠳ ᠠ᠋︕             ᠥᠩᠭᠡᠷᠡᠭᠰᠡᠨ ᠨᠢᠭᠡ ᠵᠢᠯ ᠳᠤ ᠣᠯᠣᠭᠰᠠᠨ ᠠᠮᠵᠢᠯᠲᠠ ᠪᠦᠲᠦᠮᠵᠢ ᠶᠢᠨ ᠦᠨᠳᠦᠰᠦᠨ ᠰᠢᠯᠲᠠᠭᠠᠨ ᠨᠢ ᠶᠡᠷᠦᠩᠬᠡᠢ ᠱᠦᠵᠢ ᠰᠢ ᠶᠢᠨ ᠫᠢᠩ ᠤᠨ ᠠᠶᠠᠯᠠᠯ ᠵᠠᠮᠴᠢᠯᠠᠨ ᠴᠢᠭᠯᠡᠯ ᠢ ᠡᠵᠡᠮᠳᠡᠭᠰᠡᠨ ᠳᠤ ᠪᠤᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠤ ᠪᠤᠢ᠂ ᠲᠡᠷᠡ ᠨᠢ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠥᠨ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠪᠢ ᠲᠥᠷᠥ ᠶᠢᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠡᠯ᠎ᠡ ᠠᠷᠠᠳ ᠤᠨ ᠪᠦᠯᠭᠦᠮ ᠪᠣᠯᠣᠨ ᠡᠯ᠎ᠡ ᠡᠲᠡᠭᠡᠳ ᠤᠨ ᠬᠥᠮᠥᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ ᠨᠠᠷ᠂ ᠣᠣᠮᠧᠨ ᠤ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ ᠨᠠᠷ᠂ ᠲᠠᠶᠢᠸᠠᠨ ᠤ ᠠᠬ᠎ᠠ ᠳᠡᠭᠦᠦ ᠨᠠᠷ ᠪᠠ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠳᠤᠮᠳᠠᠳᠤ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠨ ᠳᠠᠮᠵᠢᠵᠤ ᠪᠠᠶᠢᠭ᠎ᠠ ᠡᠯ᠎ᠡ ᠤᠯᠤᠰ ᠤᠨ ᠵᠠᠰᠠᠭ ᠤᠨ ᠣᠷᠳᠣᠨ᠂ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠣᠯᠣᠨ ᠡᠯ᠎ᠡ ᠤᠯᠤᠰ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕             ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠢᠳᠡ ᠪᠠᠰᠠ ᠲᠤᠯᠭᠠᠷᠠᠵᠤ ᠪᠠᠶᠢᠭ᠎ᠠ ᠬᠦᠴᠢᠷ ᠪᠡᠷᠬᠡᠰᠢᠶᠡᠯ ᠪᠠ ᠰᠢᠯᠭᠠᠯᠲᠠ ᠶᠢ ᠰᠡᠷᠭᠡᠭ ᠢᠶᠠᠷ ᠣᠯᠵᠤ ᠬᠠᠷᠠᠪᠠ᠃ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠤᠨ ᠬᠥᠳᠡᠯᠭᠡᠭᠴᠢ ᠡᠨᠧᠷᠭᠢ ᠭᠦᠢᠴᠡᠳ ᠪᠤᠰᠤ ᠪᠠᠶᠢᠵᠤ᠂ ᠭᠠᠵᠠᠷ ᠣᠷᠣᠨ ᠤ ᠬᠠᠯᠠᠭᠤᠨ ᠴᠡᠭ ᠤᠨ ᠠᠰᠠᠭᠤᠳᠠᠯ ᠣᠯᠠᠨᠲᠠ ᠡᠭᠦᠰᠴᠦ᠂ ᠭᠠᠳᠠᠭᠠᠳᠤ ᠣᠷᠴᠢᠨ ᠨᠥᠬᠦᠴᠡᠯ ᠤᠨ ᠪᠤᠳᠤᠯᠢᠶᠠᠨᠲᠤ ᠴᠢᠨᠠᠷ᠂ ᠬᠦᠨᠳᠦ ᠬᠡᠴᠡᠭᠦᠦ ᠴᠢᠨᠠᠷ᠂ ᠮᠠᠭᠠᠳ ᠪᠤᠰᠤ ᠴᠢᠨᠠᠷ ᠳᠡᠭᠡᠭᠰᠢᠯᠡᠵᠦ ᠪᠠᠶᠢᠨ᠎ᠠ᠃ ᠮᠠᠨ ᠤ ᠤᠯᠤᠰ ᠤᠨ ᠠᠵᠤ ᠠᠬᠤᠢ ᠶᠢᠨ ᠦᠷᠭᠦᠯᠵᠢᠯᠡᠨ ᠰᠡᠷᠭᠦᠵᠦ ᠰᠠᠶᠢᠵᠢᠷᠠᠬᠤ ᠰᠠᠭᠤᠷᠢ ᠪᠠᠰᠠ ᠪᠠᠲᠤ ᠪᠢᠰᠢ ᠪᠠᠶᠢᠵᠤ᠂ ᠪᠦᠲᠦᠮᠵᠢᠲᠡᠶ ᠬᠡᠷᠡᠭᠴᠡᠭᠡ ᠬᠦᠷᠦᠯᠴᠡᠬᠦ ᠦᠭᠡᠢ᠂ ᠬᠡᠰᠡᠭ ᠠᠵᠢᠯ ᠲᠥᠷᠥᠯ ᠤᠨ ᠥᠢᠢᠯᠡᠳᠪᠦᠷᠢᠯᠡᠭᠦ ᠴᠢᠳᠠᠪᠤᠷᠢ ᠦᠯᠡᠭᠦᠳᠡᠵᠦ᠂ ᠨᠡᠶᠢᠭᠡᠮ ᠤᠨ ᠵᠢᠱᠢᠯᠲᠡ ᠪᠠᠭᠤᠷᠠᠢ᠂ ᠠᠶᠤᠯ ᠲᠦᠭᠰᠢᠭᠦᠷᠢ ᠶᠢᠨ ᠳᠠᠯᠳᠠ ᠭᠡᠮ ᠮᠥᠨ ᠬᠦ ᠨᠡᠯᠢᠶᠡᠳ ᠣᠯᠠᠨ ᠪᠠᠶᠢᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠳᠤ ᠲᠦᠭᠵᠢᠷᠡᠯ ᠣᠷᠣᠰᠢᠵᠤ᠂ ᠤᠯᠠᠨ ᠤᠯᠤᠰ ᠤᠨ ᠣᠷᠴᠢᠯ ᠳᠤ ᠬᠠᠷᠰᠢᠯᠠᠯ ᠣᠷᠣᠰᠢᠵᠤ ᠪᠠᠶᠢᠨ᠎ᠠ᠃ ᠬᠡᠰᠡᠭ ᠳᠤᠮᠳᠠ ᠵᠢᠵᠢᠭ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠡᠵᠡᠩᠨᠡᠯᠲᠡ ᠬᠦᠴᠢᠷᠳᠡᠯ ᠲᠠᠢ ᠪᠠᠶᠢᠨ᠎ᠠ᠃ ᠠᠵᠢᠯ ᠣᠯᠭᠤᠯᠲᠠ ᠶᠢᠨ ᠶᠡᠷᠦᠩᠬᠡᠢ ᠬᠡᠮᠵᠢᠶ᠎ᠡ ᠶᠢᠨ ᠳᠠᠷᠤᠯᠲᠠ ᠪᠣᠯᠣᠨ ᠪᠦᠲᠦᠴᠡ ᠶᠢᠨ ᠴᠢᠨᠠᠷᠲᠠᠢ ᠵᠥᠷᠢᠴᠡᠯ ᠵᠡᠷᠭᠡ ᠪᠠᠷ ᠣᠷᠣᠰᠢᠵᠤ᠂ ᠣᠯᠠᠨ ᠨᠡᠶᠢᠲᠡ ᠶᠢᠨ ᠦᠢᠯᠡᠴᠢᠯᠡᠭᠡ ᠳᠤ ᠮᠥᠨ ᠴᠤ ᠴᠥᠭᠡᠨ ᠪᠤᠰᠤ ᠳᠤᠲᠠᠭᠤᠳᠠᠯ ᠣᠷᠣᠰᠢᠵᠤ ᠪᠠᠶᠢᠨ᠎ᠠ᠃ ᠵᠠᠷᠢᠮ ᠭᠠᠵᠠᠷ ᠣᠷᠣᠨ ᠤ ᠦᠨᠳᠦᠰᠦᠨ ᠱᠠᠲᠤᠨ ᠤ ᠡᠳ᠋ ᠤᠨ ᠬᠦᠴᠦᠨ ᠨᠡᠯᠢᠶᠡᠳ ᠪᠠᠴᠢᠮ ᠪᠠᠶᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠰᠠ ᠴᠢᠩᠭ᠎ᠠ ᠪᠢᠰᠢ ᠪᠠᠶᠢᠨ᠎ᠠ᠃ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠳᠤ ᠮᠥᠨ ᠬᠦ ᠴᠥᠭᠡᠨ ᠪᠤᠰᠤ ᠬᠦᠴᠢᠷ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ ᠪᠠᠶᠢᠨ᠎ᠠ᠃ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠵᠠᠰᠠᠯᠲᠠ ᠶᠢᠨ ᠡᠭᠦᠷᠭᠡ ᠬᠦᠨᠳᠦ ᠵᠠᠮ ᠬᠤᠯᠠ ᠪᠠᠶᠢᠨ᠎ᠠ᠃ ᠠᠶᠤᠯ ᠦᠭᠡᠢ ᠦᠢᠯᠡᠳᠪᠦᠷᠢᠯᠡᠯ ᠤᠨ ᠪᠠᠭᠤᠷᠠᠢ ᠭᠤᠭᠴᠤᠭ᠎ᠠ ᠶᠢ ᠣᠮᠲᠣᠭᠠᠶᠢᠯᠠᠵᠤ ᠪᠣᠯᠣᠰᠢ ᠦᠭᠡᠢ ᠪᠠᠶᠢᠨ᠎ᠠ᠃ ᠵᠠᠰᠠᠭ ᠤᠨ ᠣᠷᠳᠣᠨ ᠤ ᠠᠵᠢᠯ ᠳᠤ ᠬᠦᠷᠦᠯᠴᠡᠬᠦ ᠦᠭᠡᠢ ᠲᠠᠯ᠎ᠠ ᠣᠷᠣᠰᠢᠵᠤ᠂ ᠭᠡᠯᠪᠡᠷᠢ ᠶᠢᠨ ᠦᠵᠡᠯ᠂ ᠨᠣᠶᠠᠨᠴᠢ ᠰᠤᠷᠲᠠᠯ ᠤᠨ ᠦᠵᠡᠭᠳᠡᠯ ᠮᠥᠨ ᠬᠦ ᠨᠡᠯᠢᠶᠡᠳ ᠲᠣᠪᠤᠶᠢᠮ᠎ᠠ ᠣᠷᠣᠰᠢᠵᠤ᠂ ᠥᠭᠡᠷᠡᠴᠢᠯᠡᠯᠲᠡ ᠬᠥᠭᠵᠢᠭᠦᠯᠦᠯᠲᠡ ᠶᠢᠨ ᠵᠠᠷᠢᠮ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠪᠠᠶᠢᠨ᠎ᠠ᠃ ᠵᠠᠷᠢᠮ ᠺᠠᠳ᠋ᠷ ᠬᠠᠷᠢᠭᠤᠴᠠᠯᠭ᠎ᠠ ᠡᠭᠦᠷᠭᠡᠯᠡᠵᠦ ᠰᠢᠷᠭᠠᠭᠤ ᠠᠵᠢᠯᠯᠠᠬᠤ ᠵᠣᠷᠢᠭ ᠰᠠᠨᠠᠭ᠎ᠠ ᠪᠠᠷ ᠳᠤᠲᠠᠮᠠᠭ ᠪᠠᠶᠢᠵᠤ᠂ ᠨᠠᠵᠠᠭᠠᠶᠢᠷᠠᠨ ᠬᠤᠶᠢᠷᠭᠤᠰᠢᠵᠤ ᠬᠠᠷᠢᠭᠤᠴᠠᠯᠭ᠎ᠠ ᠠᠴᠠ ᠵᠠᠶᠢᠯᠠᠨ᠂ ᠥᠩᠭᠡᠪᠴᠢ ᠠᠵᠢᠯ ᠬᠢᠵᠦ ᠪᠠᠶᠢᠨ᠎ᠠ᠃ ᠵᠠᠷᠢᠮ ᠬᠦᠷᠢᠶᠡᠨ ᠳᠤ ᠢᠯᠵᠢᠷᠡᠯ ᠤᠨ ᠠᠰᠠᠭᠤᠳᠠᠯ ᠮᠥᠨ ᠯᠡ ᠤᠯᠠᠨ ᠭᠠᠷᠴᠤ ᠪᠠᠶᠢᠨ᠎ᠠ᠃ ᠪᠢᠳᠡ ᠯᠠᠪ ᠠᠰᠠᠭᠤᠳᠠᠯ ᠪᠠ ᠰᠢᠯᠭᠠᠯᠲᠠ ᠳᠤ ᠰᠢᠭᠤᠳ ᠬᠠᠨᠳᠤᠵᠤ᠂ ᠪᠦᠭᠦ ᠰᠡᠳᠬᠢᠯ ᠪᠦᠭᠦ ᠴᠢᠳᠠᠯ ᠢᠶᠠᠷ ᠢᠶᠠᠨ ᠠᠵᠢᠯ ᠢᠶᠠᠨ ᠰᠠᠶᠢᠲᠤᠷ ᠬᠢᠵᠦ᠂ ᠠᠷᠠᠳ ᠲᠦᠮᠡᠨ ᠤ ᠬᠦᠰᠡᠯ ᠡᠷᠡᠮᠡᠯᠵᠡᠯ ᠪᠠ ᠬᠦᠨᠳᠦ ᠨᠠᠶᠢᠳᠠᠯᠭ᠎ᠠ ᠶᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ︕             ᠠᠷᠠᠳ ᠤᠨ ᠠᠮᠢᠳᠤᠷᠠᠯ ᠤᠨ ᠪᠠᠲᠤᠯᠠᠭ᠎ᠠ ᠬᠦᠴᠦᠲᠡᠢ ᠪᠥᠭᠡᠳ ᠪᠦᠲᠦᠮᠵᠢᠲᠡᠢ ᠪᠣᠯᠪᠠ᠃ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ 6.1%᠎ ᠪᠠᠷ ᠨᠡᠮᠡᠭᠳᠡᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠦᠷᠭᠦᠯᠵᠢᠯᠡᠨ ᠪᠠᠭᠠᠰᠪᠠ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠣᠷᠣᠯᠭ᠎ᠠ 8.4%᠎ ᠪᠠᠷ ᠨᠡᠮᠡᠭᠳᠡᠪᠡ᠃ ᠠᠯᠪᠠᠨ ᠵᠢᠷᠤᠮ ᠤᠨ ᠰᠤᠷᠭᠠᠨ ᠬᠥᠮᠦᠵᠢᠯ᠂ ᠨᠠᠰᠤᠵᠢᠯ ᠤᠨ ᠦᠨᠳᠦᠰᠦᠨ ᠠᠰᠠᠷᠠᠮᠵᠢ᠂ ᠦᠨᠳᠦᠰᠦᠨ ᠡᠮᠨᠡᠯᠭᠡ ᠵᠡᠷᠭᠡ ᠶᠢᠨ ᠡᠳ᠋ ᠤᠨ ᠵᠠᠰᠠᠭ ᠤᠨ ᠨᠥᠬᠦᠪᠦᠷᠢ ᠶᠢᠨ ᠡᠷᠴᠢᠮ ᠢ ᠴᠢᠩᠭᠠᠷᠠᠭᠤᠯᠵᠤ᠂ ᠠᠪᠤᠷᠠᠨ ᠲᠤᠰᠠᠯᠠᠯᠲᠠ ᠶᠢᠨ ᠪᠠᠲᠤᠯᠠᠭ᠎ᠠ ᠭᠦᠷᠳᠡᠭᠦ ᠡᠲᠡᠭᠡᠳ ᠤᠨ ᠬᠡᠪᠴᠢᠶ᠎ᠡ ᠶᠢ ᠥᠷᠭᠡᠳᠬᠡᠪᠡ᠃ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠳᠠᠬᠢ ︽ᠨᠠᠰᠤᠲᠠᠨ ᠢ ᠠᠰᠠᠷᠠᠬᠤ ᠪᠠ ᠬᠡᠦᠬᠡᠳ ᠬᠥᠮᠥᠵᠢᠭᠦᠯᠬᠦ︾ ᠲᠤᠰᠬᠠᠢ ᠵᠦᠢᠯ ᠤᠨ ᠨᠡᠮᠡᠯᠲᠡ ᠰᠠᠭᠤᠳᠬᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ 6600 ᠭᠠᠷᠤᠢ ᠲᠦᠮᠡᠨ ᠭᠠᠶᠢᠯᠢ ᠲᠤᠰᠢᠶᠠᠭᠴᠢ ᠠᠰᠢᠭ ᠭᠦᠷᠲᠡᠪᠡ᠃ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠬᠤ ᠪᠠ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠠᠩᠭᠠᠯᠭ᠎ᠠ ᠶᠢ ᠴᠢᠩᠭᠠᠳᠬᠠᠵᠤ᠂ ᠮᠢᠩᠭ᠎ᠠ ᠭᠠᠷᠤᠢ ᠲᠦᠮᠡᠨ ᠭᠡᠷ ᠪᠦᠯᠢ ᠳᠤ ᠠᠰᠢᠭ ᠬᠦᠷᠲᠡᠭᠡᠪᠡ᠃             ᠥᠩᠭᠡᠷᠡᠭᠰᠡᠨ ᠨᠢᠭᠡ ᠵᠢᠯ ᠢ ᠡᠷᠭᠢᠴᠡᠭᠦᠯᠪᠡᠯ᠂ ᠤᠯᠠᠨ ᠳᠠᠪᠬᠤᠷ ᠪᠡᠷᠬᠡᠰᠢᠶᠡᠯ ᠪᠠ ᠰᠢᠯᠭᠠᠯᠲᠠ ᠰᠣᠯᠪᠢᠴᠠᠨ ᠳᠠᠪᠬᠤᠴᠠᠵᠤ᠂ ᠮᠠᠨ ᠤ ᠤᠯᠤᠰ ᠤᠨ ᠠᠵᠤ ᠠᠬᠤᠢ ᠳᠠᠪᠠᠯᠭᠠᠨ ᠮᠠᠶ᠋ᠢᠭ ᠢᠶᠠᠷ ᠬᠥᠭᠵᠢᠵᠦ᠂ ᠨᠤᠭᠤᠷᠠᠯ ᠪᠦᠳᠦᠷᠢᠯ ᠲᠠᠢ ᠪᠠᠷ ᠤᠷᠤᠭᠰᠢᠯᠠᠨ᠂ ᠠᠮᠵᠢᠯᠲᠠ ᠪᠦᠲᠦᠮᠵᠢ ᠶᠢ ᠭᠢᠯᠪᠠᠷ ᠪᠤᠰᠤ ᠪᠠᠷ ᠣᠯᠣᠭᠰᠠᠨ ᠶᠤᠮ᠃ ᠳᠡᠯᠡᠬᠡᠢ ᠶᠢᠨ ᠪᠠᠶᠢᠳᠠᠯ ᠠᠴᠠ ᠠᠪᠴᠤ ᠦᠵᠡᠪᠡᠯ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠳᠣᠷᠪᠢ ᠮᠠᠭᠤᠲᠠᠢ᠂ ᠭᠠᠵᠠᠷ ᠣᠷᠣᠨ ᠤ ᠤᠯᠤᠰ ᠲᠦᠷᠦ ᠶᠢᠨ ᠮᠥᠷᠭᠦᠯᠳᠦᠭᠡᠨ ᠰᠢᠷᠦᠭᠦᠰᠴᠦ᠂ ᠬᠠᠮᠠᠭᠠᠯᠠᠬᠤ ᠦᠵᠡᠯ᠂ ᠭᠠᠭᠴᠠ ᠲᠠᠯᠠᠲᠤ ᠦᠵᠡᠯ ᠳᠡᠭᠡᠭᠰᠢᠯᠡᠵᠦ᠂ ᠮᠠᠨ ᠤ ᠤᠯᠤᠰ ᠤᠨ ᠬᠥᠭᠵᠢᠯᠲᠡ ᠳᠤ ᠦᠵᠡᠭᠦᠯᠭᠦ ᠭᠠᠳᠠᠭᠠᠳᠤ ᠣᠷᠴᠢᠨ ᠨᠥᠬᠦᠴᠡᠯ ᠤᠨ ᠠᠰᠢᠭ ᠦᠭᠡᠢ ᠨᠥᠯᠥᠭᠡ ᠦᠷᠭᠦᠯᠵᠢᠯᠡᠨ ᠶᠡᠬᠡᠰᠴᠦ ᠪᠠᠶᠢᠨ᠎ᠠ᠃ ᠤᠯᠤᠰ ᠤᠨ ᠳᠣᠲᠣᠭᠠᠳᠤ ᠶᠢᠨ ᠪᠠᠶᠢᠳᠠᠯ ᠠᠴᠠ ᠠᠪᠴᠤ ᠦᠵᠡᠪᠡᠯ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠭᠤᠷᠪᠠᠨ ᠵᠢᠯ ᠤᠨ ᠳᠠᠭᠠᠷᠢᠯᠲᠠ ᠶᠢ ᠥᠩᠭᠡᠷᠡᠭᠡᠭᠡᠳ᠂ ᠠᠵᠤ ᠠᠬᠤᠢ ᠶᠢᠨ ᠰᠡᠷᠭᠦᠯᠲᠡ ᠬᠥᠭᠵᠢᠯᠲᠡ ᠶᠢᠨ ᠲᠤᠰ ᠪᠡᠶ᠎ᠡ ᠳᠤ ᠴᠥᠭᠡᠨ ᠪᠤᠰᠤ ᠬᠦᠴᠢᠷ ᠠᠰᠠᠭᠤᠳᠠᠯ ᠣᠷᠣᠰᠢᠵᠤ᠂ ᠤᠷᠲᠤ ᠬᠤᠭᠤᠴᠠᠭ᠎ᠠ ᠪᠠᠷ ᠬᠤᠷᠠᠮᠳᠤᠭᠰᠠᠨ ᠭᠦᠨ ᠳᠠᠪᠬᠤᠷᠭ᠎ᠠ ᠶᠢᠨ ᠵᠥᠷᠢᠴᠡᠯ ᠲᠦᠷᠭᠡᠰᠦᠨ ᠢᠯᠡᠷᠡᠵᠦ᠂ ᠮᠠᠰᠢ ᠣᠯᠠᠨ ᠰᠢᠨ᠎ᠡ ᠪᠠᠶᠢᠳᠠᠯ ᠰᠢᠨ᠎ᠡ ᠠᠰᠠᠭᠤᠳᠠᠯ ᠴᠤ ᠬᠤᠶᠢᠨ᠎ᠠ ᠬᠤᠶᠢᠨ᠎ᠠ ᠠᠴᠠ ᠪᠠᠨ ᠢᠯᠡᠷᠡᠨ ᠭᠠᠷᠪᠠ᠃ ᠭᠠᠳᠠᠭᠠᠳᠤ ᠬᠡᠷᠡᠭᠴᠡᠭᠡ ᠪᠠᠭᠤᠷᠠᠵᠤ ᠪᠠᠶᠢᠬᠤ ᠪᠠ ᠳᠣᠲᠣᠭᠠᠳᠤ ᠬᠡᠷᠡᠭᠴᠡᠭᠡ ᠬᠦᠷᠦᠯᠴᠡᠬᠦ ᠦᠭᠡᠢ ᠪᠠᠶᠢᠬᠤ ᠪᠠᠶᠢᠳᠠᠯ ᠳᠠᠪᠬᠤᠴᠠᠵᠤ᠂ ᠦᠶᠡᠯᠡᠯ ᠤᠨ ᠴᠢᠨᠠᠷᠲᠠᠢ ᠪᠠ ᠪᠦᠲᠦᠴᠡ ᠶᠢᠨ ᠴᠢᠨᠠᠷᠲᠠᠢ ᠠᠰᠠᠭᠤᠳᠠᠯ ᠵᠡᠷᠭᠡ ᠪᠠᠷ ᠣᠷᠣᠰᠢᠵᠤ᠂ ᠵᠠᠷᠢᠮ ᠭᠠᠵᠠᠷ ᠣᠷᠣᠨ ᠤ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ᠂ ᠣᠷᠣᠨ ᠨᠤᠲᠤᠭ ᠤᠨ ᠥᠷᠢ ᠥᠭᠴᠡᠭᠡ᠂ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠶᠢᠨ ᠲᠦᠭᠰᠢᠭᠦᠷᠢ ᠶᠢᠨ ᠳᠠᠯᠳᠠ ᠭᠡᠮ ᠲᠣᠪᠤᠶᠢᠮ᠎ᠠ ᠢᠯᠡᠷᠡᠵᠦ᠂ ᠬᠡᠰᠡᠭ ᠭᠠᠵᠠᠷ ᠣᠷᠣᠨ ᠦᠶᠡᠷ ᠤᠰᠤᠲᠤᠯ᠂ ᠲᠠᠶᠢᠹᠧᠩ ᠰᠠᠯᠬᠢ᠂ ᠭᠠᠵᠠᠷ ᠬᠥᠳᠡᠯᠦᠯᠲᠡ ᠵᠡᠷᠭᠡ ᠬᠦᠨᠳᠦ ᠨᠣᠴᠢᠲᠠᠢ ᠪᠠᠶᠢᠭᠠᠯᠢ ᠶᠢᠨ ᠭᠠᠮᠰᠢᠭ ᠲᠤ ᠲᠠᠭᠠᠷᠢᠬᠳᠠᠪᠠ᠃ ᠡᠶᠢᠮᠦᠷᠬᠦᠦ ᠪᠠᠶᠢᠳᠠᠯ ᠤᠨ ᠳᠣᠣᠷ᠎ᠠ᠂ ᠲᠦᠷᠦ ᠶᠢᠨ ᠪᠣᠳᠣᠯᠭ᠎ᠠ ᠶᠢ ᠰᠣᠩᠭᠤᠬᠤ ᠪᠠ ᠠᠵᠢᠯ ᠢ ᠠᠬᠢᠭᠤᠯᠬᠤ ᠳᠤ ᠲᠤᠯᠭᠠᠷᠠᠬᠤ ᠢᠩᠭᠢᠪᠡᠴᠦ ᠪᠡᠷᠬᠡᠲᠡᠢ ᠲᠡᠭᠡᠪᠡᠴᠦ ᠪᠡᠷᠬᠡᠲᠡᠢ ᠬᠡᠷᠬᠢᠪᠡᠴᠦ ᠪᠡᠷᠬᠡᠲᠡᠢ ᠠᠰᠠᠭᠤᠳᠠᠯ ᠢᠯᠡᠳᠲᠡ ᠣᠯᠠᠰᠢᠷᠠᠪᠠ᠃ ᠤᠯᠤᠰ ᠳᠠᠶᠠᠭᠠᠷ ᠤᠨ ᠬᠠᠮᠲᠤ ᠶᠢᠨ ᠴᠢᠷᠮᠠᠶᠢᠯᠭ᠎ᠠ ᠪᠠᠷ ᠳᠠᠮᠵᠢᠨ᠂ ᠪᠦᠭᠦ ᠵᠢᠯ ᠤᠨ ᠵᠢᠱᠢᠭᠰᠡᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠦᠭᠰᠡᠨ ᠢᠶᠠᠷ ᠪᠠᠷᠠᠬᠤ ᠦᠭᠡᠢ ᠮᠠᠰᠢ ᠤᠯᠠᠨ ᠲᠠᠯ᠎ᠠ ᠪᠠᠷ ᠪᠠᠰᠠ ᠢᠳᠡᠪᠬᠢᠲᠡᠢ ᠰᠠᠶᠢᠵᠢᠷᠠᠬᠤ ᠬᠤᠪᠢᠷᠠᠯᠲᠠ ᠭᠠᠷᠤᠭᠰᠠᠨ ᠪᠠᠶᠢᠨ᠎ᠠ᠃ ᠢᠯᠠᠩᠭᠤᠶ᠎ᠠ ᠪᠢᠳᠡ ᠰᠢᠨ᠎ᠡ ᠴᠠᠭ ᠦᠶ᠎ᠡ ᠳᠤ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠵᠢᠮ᠎ᠡ ᠶᠣᠰᠣᠴᠢ ᠴᠢᠨᠠᠷᠲᠠᠢ ᠲᠠᠨᠢᠯᠲᠠ ᠪᠠᠨ ᠭᠦᠨᠵᠡᠭᠡᠶᠢᠷᠡᠭᠦᠯᠵᠦ᠂ ᠬᠦᠨᠳᠦ ᠶᠡᠭᠡ ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠡᠷᠬᠢᠮ ᠨᠠᠨᠳᠢᠨ ᠲᠤᠷᠰᠢᠯᠭ᠎ᠠ ᠶᠢ ᠬᠤᠷᠠᠮᠳᠤᠭᠤᠯᠪᠠ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ ᠠᠷᠠᠳ ᠲᠦᠮᠡᠨ ᠶᠠᠮᠠᠷᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠭ᠋ᠤ ᠰᠥᠰᠥ ᠵᠣᠷᠢᠭ᠂ ᠤᠶᠤᠨ ᠤᠬᠠᠭᠠᠨ᠂ ᠴᠢᠳᠠᠪᠤᠷᠢ ᠲᠠᠢ ᠶᠤᠮ᠂ ᠳᠤᠮᠳᠠᠳᠤ ᠤᠯᠤᠰ ᠤᠨ ᠬᠥᠭᠵᠢᠯᠲᠡ ᠯᠠᠪᠲᠠᠢ ᠰᠠᠯᠬᠢ ᠬᠥᠯᠭᠡᠯᠡᠨ ᠳᠠᠪᠠᠯᠭᠠᠨ ᠢ ᠵᠦᠰᠦᠵᠦ᠂ ᠭᠡᠭᠡᠨ ᠰᠠᠷᠠᠭᠤᠯ ᠢᠷᠡᠭᠡᠳᠦᠢ ᠲᠡᠶᠢᠰᠢ ᠤᠷᠤᠭᠰᠢᠯᠠᠵᠤ ᠴᠢᠳᠠᠬᠤ ᠶᠤᠮ ᠭᠡᠳᠡᠭ ᠢ ᠦᠢᠯᠡᠳᠦᠯᠭᠡ ᠭᠦᠢᠴᠡᠳ ᠬᠠᠷᠠᠭᠤᠯᠵᠠᠢ︕             ᠨᠢᠭᠡ ᠵᠢᠯ ᠤᠨ ᠲᠤᠷᠰᠢ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ᠂ ᠭᠤᠣᠯᠳᠠᠭᠤ ᠳᠣᠣᠷᠠᠬᠢ ᠠᠵᠢᠯ ᠤᠳ ᠢ ᠬᠢᠪᠡ᠃             ᠨᠢᠭᠡ ᠳᠤ ᠬᠤᠷᠸ᠎ᠠ ᠲᠣᠬᠢᠷᠠᠭᠤᠯᠤᠯ ᠡᠵᠡᠮᠳᠡᠯ ᠤᠨ ᠡᠷᠴᠢᠮ ᠢ ᠴᠢᠩᠭᠠᠷᠠᠭᠤᠯᠵᠤ᠂ ᠠᠵᠤ ᠠᠬᠤᠢ ᠶᠢᠨ ᠠᠵᠢᠯᠯᠠᠭᠠᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠪᠠ᠃ ᠬᠦᠨᠳᠦ ᠬᠡᠴᠡᠭᠦᠦ ᠰᠢᠯᠭᠠᠯᠲᠠ ᠪᠣᠯᠣᠨ ᠬᠢᠵᠢᠭ ᠤᠨ ᠳᠠᠷᠠᠭᠠᠬᠢ ᠠᠵᠤ ᠠᠬᠤᠢ ᠶᠢᠨ ᠰᠡᠷᠭᠦᠯᠲᠡ ᠶᠢᠨ ᠣᠨᠴᠠᠯᠢᠭ ᠲᠤ ᠴᠢᠭᠯᠡᠭᠦᠯᠦᠨ᠂ ᠪᠢᠳᠡ ᠨᠡᠮᠡᠭᠳᠡᠯ ᠢ ᠲᠣᠭᠲᠠᠭᠤᠨ ᠪᠠᠶᠢᠯᠭᠠᠬᠤ ᠪᠠ ᠰᠡᠯᠭᠦᠬᠦ ᠬᠦᠴᠦᠨ ᠢ ᠨᠡᠮᠡᠭᠳᠡᠭᠦᠯᠬᠦ ᠶᠢ ᠨᠢᠭᠡᠳᠦᠯᠲᠡᠢ ᠲᠥᠯᠥᠪᠯᠡᠵᠦ᠂ ᠦᠨᠳᠦᠰᠦ ᠰᠠᠭᠤᠷᠢ ᠶᠢ ᠪᠠᠬᠢᠵᠢᠭᠦᠯᠬᠦ ᠶᠢ ᠳᠣᠪᠤᠶᠢᠯᠭᠠᠵᠤ᠂ ᠨᠠᠷᠢᠯᠢᠭ ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠴᠢᠬᠤᠯᠠᠴᠢᠯᠠᠵᠤ᠂ ᠬᠤᠷᠸ᠎ᠠ ᠲᠣᠬᠢᠷᠠᠭᠤᠯᠤᠯ ᠡᠵᠡᠮᠳᠡᠯ ᠤᠨ ᠴᠠᠭ ᠬᠡᠮᠵᠢᠶ᠎ᠡ ᠪᠦᠲᠦᠮᠵᠢ ᠶᠢ ᠡᠵᠡᠮᠳᠡᠵᠦ᠂ ᠦᠶᠡᠯᠡᠯ ᠥᠭᠰᠥᠭᠦᠯᠦᠨ ᠲᠣᠬᠢᠷᠠᠭᠤᠯᠤᠯᠲᠠ ᠬᠢᠬᠦ ᠶᠢ ᠴᠢᠩᠭᠠᠳᠬᠠᠵᠤ᠂ ︽ᠨᠡᠯᠦ᠋ᠢᠯᠭᠡᠨ ᠤᠰᠤᠯᠠᠬᠤ︾ ᠪᠠ ᠣᠬᠤᠷ ᠬᠤᠭᠤᠴᠠᠭᠠᠨ ᠤ ᠴᠢᠩᠭ᠎ᠠ ᠰᠡᠳᠦᠯᠲᠡ ᠥᠭᠬᠦ ᠦᠭᠡᠢ ᠪᠠᠶᠢᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠡᠭᠡᠷ᠎ᠡ ᠨᠡᠩ ᠢᠯᠡᠭᠦᠦ ᠬᠦᠴᠦᠯᠡᠨ᠂ ᠪᠦᠭᠦ ᠵᠢᠯ ᠤᠨ ᠠᠵᠤ ᠠᠬᠤᠢ ᠶᠢᠨ ᠠᠵᠢᠯᠯᠠᠭᠠᠨ ᠳᠤ ᠡᠮᠦᠨᠡᠬᠢ ᠬᠤᠭᠤᠴᠠᠭᠠᠨ ᠳᠤ ᠳᠣᠣᠷ᠎ᠠ᠂ ᠳᠤᠮᠳᠠ ᠬᠤᠭᠤᠴᠠᠭᠠᠨ ᠳᠤ ᠥᠨᠳᠥᠷ᠂ ᠰᠡᠭᠦᠯ ᠤᠨ ᠬᠤᠭᠤᠴᠠᠭᠠᠨ ᠳᠤ ᠲᠣᠭᠲᠠᠭᠤᠨ ᠪᠠᠶᠢᠳᠠᠯ ᠢᠯᠡᠷᠡᠪᠡ᠃ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠪᠦᠲᠦᠴᠡ ᠶᠢ ᠰᠢᠯᠢᠳᠡᠭᠵᠢᠭᠦᠯᠬᠦ᠂ ᠢᠲᠡᠭᠡᠯ ᠵᠣᠷᠢᠭ ᠢ ᠬᠥᠪᠴᠢᠯᠡᠬᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢᠨ ᠲᠣᠭᠤᠷᠢᠨ ᠳᠤ᠂ ᠬᠡᠰᠡᠭ ᠱᠠᠲᠤ ᠦᠶᠡᠴᠢ ᠴᠢᠨᠠᠷᠲᠠᠢ ᠲᠦᠷᠤ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠭᠰᠡᠨ ᠪᠠ ᠰᠢᠯᠢᠳᠡᠭᠵᠢᠭᠦᠯᠵᠦ᠂ ᠨᠢᠭᠡ ᠪᠦᠯᠦᠭ ᠰᠢᠨ᠎ᠡ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠨᠡᠶᠢᠲᠡᠯᠡᠵᠦ᠂ ᠬᠦᠴᠦᠲᠡᠢ ᠪᠥᠭᠡᠳ ᠪᠦᠲᠦᠮᠵᠢᠲᠡᠶ ᠬᠠᠮ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ᠃ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠡᠷᠴᠢᠮ ᠢ ᠴᠢᠩᠭᠠᠷᠠᠭᠤᠯᠤᠨ ᠦᠷ᠎ᠡ ᠪᠦᠳᠤᠮᠵᠢ ᠶᠢ ᠲᠡᠭᠡᠭᠰᠢᠯᠡᠭᠦᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠵᠠᠷᠤᠯᠭ᠎ᠠ ᠶᠢᠨ ᠪᠠᠲᠤᠯᠠᠭ᠎ᠠ ᠶᠢ ᠴᠢᠩᠭᠠᠳᠬᠠᠵᠤ᠂ ᠪᠦᠭᠦ ᠵᠢᠯ ᠳᠤ ᠰᠢᠨ᠎ᠡ ᠪᠠᠷ ᠨᠡᠮᠡᠭᠳᠡᠭᠰᠡᠨ ᠭᠠᠶᠢᠯᠢ ᠰᠦᠢᠳᠬᠡᠯ ᠤᠨ ᠬᠠᠷᠠᠭᠠᠯᠵᠠᠯ 2.2 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ 1 ᠲᠦᠮᠡᠨ ᠳ᠋ᠦᠩᠰᠢᠭᠤᠷ ᠲᠥᠭᠦᠷᠢᠭ ᠤᠨ ᠤᠯᠤᠰ ᠤᠨ ᠵᠢᠭᠡᠯᠡᠯᠭᠡ ᠶᠢ ᠨᠡᠮᠡᠨ ᠲᠠᠷᠬᠠᠭᠠᠵᠤ᠂ ᠭᠠᠮᠰᠢᠭ ᠤᠨ ᠳᠠᠷᠠᠭᠠᠬᠢ ᠰᠡᠷᠭᠦᠭᠡᠵᠦ ᠲᠠᠭᠢᠨ ᠪᠦᠲᠦᠭᠡᠨ ᠪᠠᠶᠢᠭᠤᠯᠬᠤ ᠪᠠ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠲᠡᠭᠡᠭᠰᠢᠯᠡᠭᠦᠯᠭᠦ ᠶᠢ ᠳᠡᠮᠵᠢᠪᠡ᠃ ᠵᠣᠭᠤᠰᠤᠨ ᠤ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ ᠪᠥᠭᠡᠳ ᠬᠦᠴᠦᠲᠡᠢ ᠪᠠᠶᠢᠯᠭᠠᠵᠤ᠂ ᠬᠠᠳᠠᠭᠠᠯᠠᠮᠵᠢ ᠶᠢᠨ ᠪᠡᠯᠡᠳᠬᠡᠯ ᠮᠥᠩᠭᠦᠨ ᠤ ᠨᠤᠷᠮ᠎ᠠ ᠶᠢ ᠬᠤᠶᠠᠷ ᠤᠳᠠᠭ᠎ᠠ ᠪᠠᠭᠤᠷᠠᠭᠤᠯᠵᠤ ᠂ ᠲᠦᠷᠦ ᠶᠢᠨ ᠪᠣᠳᠣᠯᠭ᠎ᠠ ᠶᠢᠨ ᠴᠢᠨᠠᠷᠲᠠᠢ ᠬᠦᠦ ᠮᠥᠩᠭᠦ ᠶᠢᠨ ᠨᠤᠷᠮ᠎ᠠ ᠶᠢ ᠬᠤᠶᠠᠷ ᠤᠳᠠᠭ᠎ᠠ ᠪᠠᠭᠤᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ᠂ ᠲᠡᠷᠢᠭᠦᠨ ᠤ ᠦᠢᠯᠡᠳᠬᠦ ᠦᠢᠯᠡᠰ᠂ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ᠂ ᠨᠣᠭᠤᠭᠠᠨ ᠬᠥᠭᠵᠢᠯᠲᠡ ᠵᠡᠷᠭᠡ ᠶᠢᠨ ᠵᠢᠭᠡᠯᠡᠯᠭᠡ ᠶᠢ ᠶᠡᠭᠡ ᠪᠠᠷ ᠨᠡᠮᠡᠭᠳᠡᠭᠦᠯᠪᠡ᠃ ᠮᠠᠰᠢᠨ ᠲᠡᠷᠭᠡ᠂ ᠭᠡᠷ ᠦᠷᠤᠭᠡ᠂ ᠡᠯᠧᠺᠳ᠋ᠷᠣᠨ ᠦᠢᠯᠡᠳᠬᠦᠨ᠂ ᠵᠢᠭᠤᠯᠴᠢᠯᠠᠯ ᠵᠡᠷᠭᠡ ᠶᠢᠨ ᠬᠡᠷᠡᠭᠯᠡᠭᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠪᠥᠭᠡᠮ ᠬᠡᠷᠡᠭᠯᠡᠭᠡ ᠯᠠᠪᠳᠠᠭᠤᠨ ᠢᠶᠠᠷ ᠰᠡᠷᠭᠦᠨ ᠳᠡᠭᠡᠭᠰᠢᠯᠡᠵᠦ᠂ ᠠᠮᠢᠳᠤᠷᠠᠯ ᠤᠨ ᠦᠢᠯᠡᠴᠢᠯᠡᠭᠡᠨ ᠤ ᠬᠡᠷᠡᠭᠯᠡᠭᠡ ᠶᠢᠨ ᠰᠡᠷᠭᠦᠯᠲᠡ ᠲᠦᠷᠭᠡᠰᠪᠡ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠬᠥᠰᠢᠨ ᠬᠥᠳᠡᠯᠭᠡᠬᠦ ᠦᠢᠯᠡᠳᠦᠯ ᠢ ᠪᠠᠳᠠᠷᠠᠭᠤᠯᠵᠤ᠂ ᠠᠷᠠᠳ ᠤᠨ ᠪᠡᠯᠡ ᠣᠷᠣᠭᠤᠯᠤᠯᠲᠠ ᠶᠢ ᠠᠬᠢᠭᠤᠯᠬᠤ ᠲᠦᠷᠦ ᠶᠢᠨ ᠪᠣᠳᠣᠯᠭ᠎ᠠ ᠶᠢ ᠲᠣᠭᠲᠠᠭᠠᠵᠤ᠂ ᠡᠨᠧᠷᠭᠢ ᠶᠢᠨ ᠰᠤᠷᠪᠤᠯᠵᠢ᠂ ᠤᠰᠤᠨ ᠠᠰᠢᠭᠯᠠᠯᠲᠠ ᠵᠡᠷᠭᠡ ᠰᠠᠭᠤᠷᠢ ᠲᠥᠬᠦᠭᠡᠷᠦᠮᠵᠢ ᠪᠣᠯᠣᠨ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠪᠡ᠃ ᠬᠤᠲᠠ ᠶᠢᠨ ᠪᠠᠶᠢᠳᠠᠯ ᠳᠤᠨᠢ ᠲᠣᠬᠢᠷᠠᠭᠤᠯᠵᠤ ᠠᠷᠭ᠎ᠠ ᠪᠣᠳᠣᠯᠭ᠎ᠠ ᠬᠡᠷᠡᠭᠵᠢᠭᠦᠯᠦᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠲᠣᠬᠢᠷᠠᠭᠤᠯᠤᠯ ᠡᠵᠡᠮᠳᠡᠯ ᠢ ᠰᠢᠯᠢᠳᠡᠭᠵᠢᠭᠦᠯᠵᠦ᠂ ᠣᠷᠣᠨ ᠰᠠᠭᠤᠴᠠ ᠶᠢᠨ ᠵᠢᠭᠡᠯᠡᠯᠭᠡ ᠶᠢᠨ ᠥᠪᠡᠷ ᠤᠨ ᠥᠷᠲᠡᠭ ᠢ ᠪᠠᠭᠤᠷᠠᠭᠤᠯᠬᠤ ᠶᠢ ᠠᠬᠢᠭᠤᠯᠤᠨ᠂ ᠠᠰᠠᠷ ᠢ ᠪᠠᠲᠤᠲᠠᠢ ᠲᠤᠰᠢᠶᠠᠬᠤ ᠠᠵᠢᠯ ᠢ ᠢᠳᠡᠪᠬᠢᠲᠡᠢ ᠪᠠᠷ ᠠᠬᠢᠭᠤᠯᠪᠠ᠃ ᠣᠷᠣᠨ ᠨᠤᠲᠤᠭ ᠤᠨ ᠥᠷᠢ ᠥᠭᠴᠡᠭᠡ ᠶᠢ ᠠᠷᠢᠯᠭᠠᠬᠤ ᠪᠦᠭᠦᠨ ᠢ ᠬᠠᠮᠤᠷᠤᠭᠰᠠᠨ ᠲᠥᠰᠥᠯ ᠢ ᠲᠣᠭᠲᠠᠭᠠᠨ ᠬᠡᠷᠡᠭᠵᠢᠭᠦᠯᠵᠦ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ ᠲᠦᠷᠦᠯ ᠬᠤᠪᠢᠶᠠᠨ ᠰᠢᠢᠳᠪᠦᠷᠢᠯᠡᠵᠦ᠂ ᠰᠢᠰᠲ᠋ᠧᠮ ᠤᠨ ᠴᠢᠨᠠᠷᠲᠠᠢ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠰᠠᠬᠢᠵᠤ ᠴᠢᠳᠠᠪᠠ᠃             ᠬᠤᠶᠠᠷ ᠲᠤ ᠰᠢᠨ᠎ᠡ ᠶᠢ ᠡᠭᠦᠳᠬᠦ ᠳᠤ ᠲᠦᠰᠢᠭᠯᠡᠨ ᠠᠵᠤ ᠦᠢᠯᠡᠰ ᠤᠨ ᠲᠡᠰ ᠳᠡᠪᠰᠢᠬᠦ ᠶᠢ ᠬᠥᠲᠥᠯᠥᠨ ᠳᠠᠭᠠᠭᠤᠯᠵᠤ ᠂ ᠬᠤᠳᠠ ᠬᠥᠳᠡᠭᠡ ᠣᠷᠣᠨ ᠪᠦᠰᠡ ᠶᠢᠨ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠴᠢᠩᠭᠠᠷᠠᠭᠤᠯᠪᠠ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠴᠢᠩᠭᠠᠳᠬᠠᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠰᠥᠯ ᠢ ᠲᠦᠷᠭᠡᠯᠡᠨ ᠬᠡᠷᠡᠭᠵᠢᠭᠦᠯᠪᠡ᠃ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠪᠦᠭᠦ ᠲᠠᠯ᠎ᠠ ᠪᠠᠷ ᠪᠠᠶᠢᠷᠢᠯᠠᠭᠤᠯᠤᠨ ᠠᠬᠢᠭᠤᠯᠪᠠ᠃ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠢ ᠲᠣᠭᠲᠠᠪᠤᠷᠢᠵᠢᠭᠤᠯᠬᠤ᠂ ᠲᠡᠷᠢᠭᠦᠨ ᠤ ᠦᠢᠯᠡᠳᠬᠦ ᠦᠢᠯᠡᠰ ᠢ ᠳᠡᠮᠵᠢᠬᠦ ᠠᠷᠭ᠎ᠠ ᠬᠡᠮᠵᠢᠶ᠎ᠡ ᠶᠢ ᠨᠡᠶᠢᠲᠡᠯᠡᠵᠦ᠂ ᠭᠤᠣᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠤᠨ ᠨᠡᠮᠡᠨ ᠪᠤᠳᠣᠵᠤ ᠰᠠᠭᠤᠯᠭᠠᠨ ᠬᠠᠰᠤᠬᠤ ᠬᠠᠷᠢᠴᠠᠯ ᠢ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠰᠢᠭ ᠬᠤᠨᠵᠢᠪᠤᠷᠢ ᠪᠠᠭᠤᠷᠠᠵᠤ ᠪᠠᠶᠢᠭᠰᠠᠨ ᠠᠴᠠ ᠪᠠᠨ ᠨᠡᠮᠡᠭᠳᠡᠬᠦ ᠪᠣᠯᠪᠠ᠃ ᠳ᠋ᠢᠵᠢᠲ᠋ᠠᠯ ᠠᠵᠤ ᠠᠬᠤᠢ ᠲᠦᠷᠭᠡᠯᠡᠨ ᠬᠥᠭᠵᠢᠵᠦ᠂ 5G ᠬᠡᠷᠡᠭᠯᠡᠭᠴᠢ ᠶᠢᠨ ᠲᠦᠭᠡᠮᠡᠯᠵᠢᠭᠰᠡᠨ ᠨᠣᠷᠮ᠎ᠠ 50%᠎ ᠶᠢ ᠳᠠᠪᠠᠪᠠ᠃ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠬᠤᠲᠠ ᠳᠤ ᠡᠷᠦᠭᠡ ᠠᠮᠠ ᠣᠷᠤᠭᠤᠯᠬᠤ ᠨᠥᠬᠦᠴᠡᠯ ᠢ ᠤᠯᠠᠮ ᠨᠢᠭᠡ ᠠᠯᠬᠤᠮ ᠠᠭᠤᠵᠢᠭᠤ ᠴᠢᠯᠦᠭᠡᠲᠡᠢ ᠪᠤᠯᠭᠠᠵᠤ᠂ ᠰᠢᠶᠠᠨ ᠤ ᠬᠤᠲᠠ ᠶᠢᠨ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠶᠢ ᠴᠢᠩᠭᠠᠷᠠᠭᠤᠯᠤᠨ ᠂ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠶᠢ 66.2% ᠪᠤᠯᠲᠠᠯ᠎ᠠ ᠳᠡᠭᠡᠭᠰᠢᠯᠡᠭᠦᠯᠪᠡ ᠃ ᠲᠠᠷᠢᠶᠠᠯᠠᠩ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠴᠢᠩᠭᠠᠳᠬᠠᠵᠤ᠂ ᠭᠠᠮᠰᠢᠭ ᠲᠠᠢ ᠲᠡᠮᠡᠴᠡᠵᠦ ᠡᠯᠪᠡᠭ ᠬᠤᠷᠢᠶᠠᠯᠲᠠ ᠶᠢ ᠲᠡᠮᠡᠴᠡᠨ ᠣᠯᠬᠤ ᠠᠵᠢᠯ ᠢ ᠬᠦᠴᠦᠲᠡᠢ ᠥᠷᠨᠢᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠮᠢᠩᠭᠠᠨ ᠳ᠋ᠦᠩᠰᠢᠭᠤᠷ ᠵᠢᠩ ᠨᠡᠮᠡᠭᠳᠡᠭᠦᠯᠬᠦ ᠰᠢᠨ᠎ᠡ ᠨᠢᠭᠡᠨ ᠡᠭᠡᠯᠵᠢ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠨᠢᠭᠡ ᠪᠦᠯᠦᠭ ᠰᠢᠨ᠎ᠡ ᠠᠷᠭ᠎ᠠ ᠬᠡᠮᠵᠢᠶ᠎ᠡ ᠶᠢ ᠭᠠᠷᠭᠠᠵᠤ᠂ ᠨᠢᠭᠡ ᠪᠦᠯᠦᠭ ᠴᠢᠬᠤᠯᠠ ᠶᠡᠭᠡ ᠲᠥᠰᠥᠯ ᠢ ᠬᠡᠷᠡᠭᠵᠢᠭᠦᠯᠵᠦ᠂ ᠣᠷᠣᠨ ᠪᠦᠰᠡ ᠶᠢᠨ ᠬᠥᠭᠵᠢᠯᠲᠡ ᠶᠢᠨ ᠵᠣᠬᠢᠴᠠᠯᠳᠤ ᠴᠢᠨᠠᠷ ᠪᠠ ᠲᠡᠩᠴᠡᠭᠦᠷᠢᠲᠦ ᠴᠢᠨᠠᠷ ᠢ ᠲᠠᠰᠤᠷᠠᠯᠲᠠ ᠦᠭᠡᠢ ᠴᠢᠩᠭᠠᠷᠠᠭᠤᠯᠪᠠ᠃             ᠭᠤᠷᠪᠠ ᠳᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠪᠠ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠦᠲᠦᠭᠡᠨ ᠪᠠᠶᠢᠭᠤᠯᠬᠤ ᠶᠡᠷᠦᠩᠬᠡᠢ ᠠᠵᠢᠯ ᠤᠨ ᠲᠥᠰᠥᠯ ᠢ ᠨᠡᠶᠢᠲᠡᠯᠡᠵᠦ᠂ ᠭᠤᠤᠯᠴᠢ ᠥᠷᠢᠰᠦᠯᠳᠦᠭᠡᠨ ᠢ ᠬᠠᠷᠰᠢᠯᠠᠬᠤ ᠨᠢᠭᠡ ᠪᠦᠯᠦᠭ ᠲᠦᠷᠦ ᠶᠢᠨ ᠪᠣᠳᠣᠯᠭ᠎ᠠ ᠶᠢᠨ ᠲᠣᠭᠲᠠᠭᠠᠯ ᠢ ᠢᠯᠭᠠᠷᠠᠭᠤᠯᠤᠨ ᠴᠡᠪᠡᠷᠯᠡᠪᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠲᠤᠰ ᠲᠤᠰ ᠭᠠᠷᠭᠠᠵᠤ᠂ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠪᠠᠶᠢᠩᠭᠤ ᠶᠢᠨ ᠴᠢᠨᠠᠷᠲᠠᠢ ᠪᠠᠷ ᠨᠡᠪᠲᠡᠷᠡᠯᠴᠡᠨ ᠰᠣᠯᠢᠯᠴᠠᠬᠤ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠤᠨ ᠠᠪᠴᠠᠭᠠᠨ ᠤ ᠵᠣᠭᠤᠰ ᠢ ᠥᠷᠢᠲᠦᠬᠦ ᠶᠢ ᠢᠯᠭᠠᠷᠠᠭᠤᠯᠤᠨ ᠴᠡᠪᠡᠷᠯᠡᠬᠦ ᠲᠤᠰᠬᠠᠢ ᠠᠵᠢᠯᠯᠠᠭ᠎ᠠ ᠶᠢ ᠥᠷᠨᠢᠭᠦᠯᠵᠦ ᠂ ᠲᠣᠭᠲᠠᠭᠠᠯ ᠠᠴᠠ ᠵᠥᠷᠢᠴᠡᠭᠰᠡᠨ ᠰᠦᠢᠳᠬᠡᠯ ᠬᠤᠷᠢᠶᠠᠯᠲᠠ ᠶᠢ ᠴᠡᠭᠴᠡᠯᠡᠨ ᠵᠠᠰᠠᠬᠤ ᠠᠵᠢᠯ ᠢ ᠴᠢᠩᠭᠠᠳᠬᠠᠪᠠ᠃ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡ᠂ ᠲᠠᠷᠢᠶᠠᠯᠠᠩ ᠬᠥᠳᠡᠭᠡ ᠲᠣᠰᠬᠤᠨ᠂ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠵᠡᠷᠭᠡ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ᠃ ᠭᠠᠳᠠᠭᠠᠳᠤ ᠠᠷᠠᠯᠵᠢᠶᠠᠨ ᠤ ᠬᠡᠪᠴᠢᠶ᠎ᠡ ᠶᠢ ᠲᠣᠭᠲᠠᠪᠤᠷᠢᠵᠢᠭᠤᠯᠬᠤ ᠪᠠ ᠪᠦᠲᠦᠴᠡ ᠶᠢ ᠰᠢᠯᠢᠳᠡᠭᠵᠢᠭᠦᠯᠬᠦ ᠶᠢ ᠠᠬᠢᠭᠤᠯᠵᠤ᠂ ᠴᠠᠭᠢᠯᠭᠠᠨ ᠮᠠᠰᠢᠨ ᠲᠡᠷᠭᠡ᠂ ᠯᠢᠲ᠋ᠢ ᠳ᠋ᠢᠶᠠᠨ ᡂᠢ᠂ ᠭᠡᠷᠡᠯ ᠴᠠᠭᠢᠯᠭᠠᠨ ᠤ ᠦᠢᠯᠡᠳᠬᠦᠨ ︽ᠰᠢᠨ᠎ᠡ ᠭᠤᠷᠪᠠᠨ ᠵᠦᠢᠯ︾ ᠎ ᠤᠨ ᠭᠠᠳᠠᠭᠠᠳᠤ ᠭᠠᠷᠭᠠᠯᠲᠠ 30% ᠰᠢᠬᠠᠮ ᠢᠶᠠᠷ ᠨᠡᠮᠡᠭᠳᠡᠪᠡ᠃ ᠭᠠᠳᠠᠭᠠᠳᠤ ᠪᠡᠯᠡ ᠶᠢ ᠲᠠᠲᠠᠬᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠥᠷᠭᠡᠳᠬᠡᠪᠡ᠃ ︽ᠨᠢᠭᠡ ᠪᠦᠰᠡ ᠨᠢᠭᠡ ᠵᠠᠮ︾ ᠎ ᠢ ᠬᠠᠮᠲᠤ ᠪᠠᠷ ᠪᠠᠶᠢᠭᠤᠯᠬᠤ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠬᠠᠮᠲᠤ ᠪᠠᠷ ᠪᠠᠶᠢᠭᠤᠯᠬᠤ ᠤᠯᠤᠰ ᠯᠤᠭ᠎ᠠ ᠶᠢᠨ ᠠᠷᠠᠯᠵᠢᠶ᠎ᠠ ᠪᠡᠯᠡ ᠣᠷᠣᠭᠤᠯᠤᠯᠲᠠ ᠨᠡᠯᠢᠶᠡᠳ ᠲᠦᠷᠭᠡᠨ ᠢᠶᠠᠷ ᠨᠡᠮᠡᠭᠳᠡᠪᠡ᠃             ᠳᠥᠷᠪᠡ ᠳᠤ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠵᠠᠰᠠᠯᠲᠠ ᠶᠢ ᠴᠢᠩᠭᠠᠳᠬᠠᠵᠤ᠂ ᠬᠥᠭᠵᠢᠯᠲᠡ ᠶᠢᠨ ᠠᠷᠭ᠎ᠠ ᠮᠠᠶ᠋ᠢᠭ ᠤᠨ ᠨᠣᠭᠤᠭᠠᠨ ᠬᠤᠪᠢᠷᠠᠭᠤᠯᠤᠯᠲᠠ ᠶᠢ ᠲᠦᠷᠭᠡᠳᠬᠡᠪᠡ᠃ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠪᠠ᠃ ᠴᠡᠯᠮᠡᠭ ᠲᠡᠭᠷᠢ᠂ ᠲᠤᠩᠭᠠᠯᠠᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠲᠠᠶᠢᠨ ᠢ ᠦᠷᠭᠦᠯᠵᠢᠯᠡᠨ ᠰᠠᠶᠢᠲᠤᠷ ᠬᠢᠪᠡ᠃ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠲᠦᠷᠭᠡᠯᠡᠨ ᠬᠡᠷᠡᠭᠵᠢᠭᠦᠯᠪᠡ᠃ ᠬᠥᠷᠥᠰᠥ ᠰᠢᠷᠣᠢ ᠶᠢᠨ ᠢᠳᠡᠭᠳᠡᠯ᠂ ᠴᠥᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠪᠠ᠃ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢ ᠴᠢᠩᠭᠠᠳᠬᠠᠪᠠ᠃ ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠲᠦᠷᠦ ᠶᠢᠨ ᠪᠣᠳᠣᠯᠭ᠎ᠠ ᠶᠢ ᠲᠣᠭᠲᠠᠭᠠᠪᠠ᠃ ᠭᠤᠣᠯᠳᠠᠯᠭ᠎ᠠ ᠲᠠᠢ ᠠᠵᠢᠯ ᠲᠥᠷᠥᠯ ᠤᠨ ᠭᠡᠲᠦ ᠳᠣᠣᠷ᠎ᠠ ᠭᠠᠳᠠᠭᠰᠢᠯᠠᠭᠤᠯᠬᠤ ᠥᠭᠡᠷᠡᠴᠢᠯᠡᠯᠲᠡ ᠶᠢ ᠠᠬᠢᠭᠤᠯᠪᠠ᠃ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠶᠢ ᠤᠷᠭᠢᠯ ᠬᠡᠮᠵᠢᠭᠳᠡᠯ ᠳᠤᠨᠢ ᠬᠦᠷᠭᠡᠬᠦ ᠲᠤᠷᠰᠢᠯᠲᠠ ᠶᠢᠨ ᠲᠦᠷᠦᠭᠦᠥ ᠪᠦᠯᠦᠭ ᠤᠨ ᠬᠤᠳᠠ ᠪᠠ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ᠃ ᠪᠦᠭᠦ ᠪᠥᠮᠪᠥᠷᠴᠡᠭ ᠤᠨ ᠠᠭᠤᠷ ᠠᠮᠢᠰᠬᠤᠯ ᠤᠨ ᠵᠠᠰᠠᠯᠲᠠ ᠳᠤ ᠢᠳᠡᠪᠬᠢᠲᠡᠢ ᠣᠷᠣᠯᠴᠠᠬᠰᠠᠨ ᠪᠠ ᠲᠡᠭᠦᠨ ᠢ ᠠᠬᠢᠭᠤᠯᠪᠠ᠃             ᠲᠠᠪᠤ ᠳᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠬᠦᠴᠦᠯᠡᠨ ᠰᠠᠶᠢᠲᠤᠷ ᠠᠳᠬᠤᠵᠤ᠂ ᠨᠡᠶᠢᠭᠡᠮ ᠤᠨ ᠦᠢᠯᠡᠰ ᠤᠨ ᠬᠥᠭᠵᠢᠯᠲᠡ ᠶᠢ ᠠᠬᠢᠭᠤᠯᠪᠠ᠃ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠪᠡ᠃ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ ᠥᠷᠭᠡᠳᠬᠡᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠭᠤᠣᠯᠳᠠᠯᠭ᠎ᠠ ᠲᠠᠢ ᠬᠠᠮᠲᠤᠯᠢᠭ ᠲᠤ ᠠᠵᠢᠯ ᠣᠯᠭᠤᠬᠤ ᠶᠢ ᠠᠬᠢᠭᠤᠯᠬᠤ ᠦᠢᠯᠡᠴᠢᠯᠡᠭᠡ ᠶᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ ᠭᠦᠳᠡᠯᠮᠤᠷᠢ ᠬᠢᠬᠦ ᠬᠡᠪᠴᠢᠶ᠎ᠡ 3300 ᠲᠦᠮᠡ ᠶᠢ ᠳᠠᠪᠠᠪᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠢ ᠭᠤᠭᠴᠤᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠬᠤᠶᠠᠷ ᠢ ᠬᠥᠩᠭᠡᠷᠡᠭᠦᠯᠬᠦ︾ ᠠᠵᠢᠯ ᠢ ᠰᠠᠶᠢᠲᠤᠷ ᠬᠢᠵᠦ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠬᠦᠦ ᠮᠥᠩᠭᠦ ᠶᠢ ᠨᠢ ᠪᠠᠭᠤᠷᠠᠭᠤᠯᠤᠭᠠᠳ 1100 ᠭᠠᠷᠤᠢ ᠲᠦᠮᠡᠨ ᠰᠤᠷᠤᠬᠴᠢᠳ ᠲᠤ ᠠᠰᠢᠭ ᠬᠦᠷᠲᠡᠭᠡᠪᠡ᠃ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠳᠤ ︽ᠬᠥᠬᠡᠭᠴᠢᠨ ᠲᠦᠷᠦᠯ ᠬᠥᠬᠡᠭᠴᠢᠨ ᠬᠠᠮᠢᠶᠠᠷᠤᠯᠲᠠ︾ ᠎ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠠᠯᠳᠠᠪᠤᠷᠢᠲᠤ ᠲᠠᠭᠰᠢᠭᠤᠷ᠂ ᠰᠠᠯᠠᠭᠠᠲᠤ ᠠᠩᠬᠠᠨ ᠤ ᠪᠠᠶᠠᠳᠠᠨ ᠤ ᠠᠭᠤᠰᠬᠢᠨ ᠦᠷᠪᠢᠰᠦᠯ ᠵᠡᠷᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠪᠡ᠃ ᠠᠵᠢᠯᠲᠠᠨ ᠠᠵᠢᠯᠴᠢᠨ ᠤ ᠡᠮᠨᠡᠯᠭᠡ ᠶᠢᠨ ᠳᠠᠭᠠᠳᠬᠠᠯ ᠤᠨ ᠡᠩ ᠤᠨ ᠡᠭᠦᠳᠡᠨ ᠡᠮᠨᠡᠯᠭᠡ ᠶᠢᠨ ᠵᠠᠷᠤᠳᠠᠯ ᠢ ᠨᠢᠭᠡᠳᠦᠯᠲᠡᠢ ᠲᠥᠯᠥᠪᠯᠡᠬᠦ ᠶᠢ ᠬᠡᠷᠡᠭᠵᠢᠭᠦᠯᠪᠡ᠃ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠨᠠᠰᠤᠲᠠᠶᠢᠴᠤᠳ ᠤᠨ ᠬᠤᠭᠤᠯᠠ ᠪᠤᠳᠠᠭ᠎ᠠ ᠳᠤ ᠲᠤᠰᠠᠯᠠᠮᠵᠢ ᠥᠵᠡᠭᠦᠯᠭᠦ ᠦᠢᠯᠡᠴᠢᠯᠡᠭᠡ ᠶᠢ ᠶᠡᠭᠡ ᠪᠠᠷ ᠬᠥᠭᠵᠢᠭᠦᠯᠪᠡ᠃ ᠠᠰᠠᠷᠠᠨ ᠬᠠᠷᠠᠭᠠᠯᠵᠠᠬᠤ ᠪᠠᠷᠢᠮᠵᠢᠶ᠎ᠠ ᠶᠢ ᠳᠡᠭᠡᠭᠰᠢᠯᠡᠭᠦᠯᠪᠡ᠃ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢ ᠴᠢᠩᠭᠠᠳᠬᠠᠪᠠ᠃ ᠬᠠᠶᠢᠾᠧ ᠭᠤᠣᠯ ᠵᠡᠷᠭᠡ ᠰᠠᠪᠠ ᠭᠠᠵᠠᠷ ᠤᠨ ᠣᠨᠴᠠ ᠶᠡᠭᠡ ᠦᠶᠡᠷ ᠤᠰᠤᠲᠤᠯ ᠤᠨ ᠭᠠᠮᠰᠢᠭ ᠢ ᠪᠦᠲᠦᠮᠵᠢᠲᠡᠶ ᠠᠷᠭᠠᠴᠠᠵᠤ᠂ ᠭᠠᠨᠰᠤ ᠶᠢᠨ ᠵᠢᠢ ᠱᠢ ᠱᠠᠨ ᠤ ᠭᠠᠵᠠᠷ ᠬᠥᠳᠡᠯᠦᠯᠲᠡ ᠵᠡᠷᠭᠡ ᠶᠢᠨ ᠠᠶᠤᠯ ᠠᠴᠠ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠵᠦ᠂ ᠭᠠᠮᠰᠢᠭ ᠤᠨ ᠳᠠᠷᠠᠭ᠎ᠠ ᠰᠡᠷᠭᠦᠭᠡᠨ ᠳᠠᠭᠢᠨ ᠪᠦᠲᠦᠭᠡᠨ ᠪᠠᠶᠢᠭᠤᠯᠬᠤ ᠠᠵᠢᠯ ᠢ ᠴᠢᠩᠭᠠᠳᠬᠠᠪᠠ᠃ ᠰᠣᠶᠣᠯ ᠢ ᠤᠯᠠᠮᠵᠢᠯᠠᠨ ᠬᠥᠭᠵᠢᠭᠦᠯᠬᠦ ᠶᠢ ᠠᠬᠢᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠪᠦᠭᠦ ᠲᠠᠯ᠎ᠠ ᠪᠠᠷ ᠰᠡᠷᠭᠦᠪᠡ᠃ ᠣᠯᠠᠨ ᠲᠦᠮᠡᠨ ᠤ ᠪᠡᠶ᠎ᠡ ᠶᠢᠨ ᠲᠠᠮᠢᠷ ᠥᠷᠨᠢᠨ ᠬᠥᠭᠵᠢᠵᠦ᠂ ᠴᠧᠩᠳᠦ᠋ ᠳᠤ ᠪᠣᠯᠤᠭᠰᠠᠨ ᠣᠶᠤᠲᠠᠳ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠬᠠᠩᠵᠧᠦ ᠶᠢᠨ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠠ ᠠᠽᠢᠶ᠎ᠠ ᠲᠢᠪ ᠤᠨ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠠᠮᠵᠢᠯᠲᠠᠲᠠᠢ ᠡᠷᠭᠢᠯᠡᠵᠦ᠂ ᠮᠠᠨ ᠤ ᠤᠯᠤᠰ ᠤᠨ ᠲᠠᠮᠢᠷᠴᠢᠳ ᠵᠣᠷᠢᠭᠲᠠᠢ ᠪᠠᠷ ᠰᠢᠯᠢᠳᠡᠭ ᠬᠢᠷᠢ ᠪᠦᠲᠦᠮᠵᠢ ᠡᠭᠦᠳᠪᠡ᠃             ᠵᠢᠷᠭᠤᠭ᠎ᠠ ᠳᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠵᠠᠰᠠᠯᠲᠠ ᠶᠢᠨ ᠦᠢᠯᠡᠳᠦᠯ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠪᠡ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠶᠢᠨ ᠰᠠᠶᠢᠨ ᠭᠦᠢᠴᠡᠳᠭᠡᠭᠴᠢ᠂ ᠦᠢᠯᠡᠳᠦᠯᠭᠡᠵᠢᠭᠦᠯᠦᠭᠴᠢ᠂ ᠰᠢᠷᠭᠠᠭᠤ ᠠᠵᠢᠯᠯᠠᠭᠴᠢ ᠪᠣᠯᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠪᠡ᠃ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠪᠡ᠃ ᠬᠠᠤᠯᠢᠵᠢᠯ ᠤᠨ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠪᠠ᠃ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ 10 ᠬᠤᠪᠢ ᠬᠠᠤᠯᠢ ᠴᠠᠭᠠᠵᠠ ᠶᠢᠨ ᠰᠠᠨᠠᠯ ᠵᠥᠪᠯᠡᠯᠭᠡ ᠶᠢ ᠬᠢᠨᠠᠨ ᠶᠠᠷᠢᠯᠴᠠᠭᠤᠯᠬᠤ ᠪᠠᠷ ᠳᠡᠪᠰᠢᠭᠦᠯᠵᠦ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ 25 ᠬᠤᠪᠢ ᠲᠣᠭᠲᠠᠭᠠᠭᠰᠠᠨ ᠪᠠ ᠵᠠᠰᠠᠨ ᠲᠣᠭᠲᠠᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠭᠦ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠪᠡ᠃ ᠤᠬᠠᠮᠰᠠᠷ ᠠᠴᠠ ᠪᠠᠨ ᠬᠠᠤᠯᠢ ᠶᠣᠰᠣᠭᠠᠷ ᠬᠢᠨᠠᠯᠲᠠ ᠶᠢ ᠬᠦᠯᠢᠶᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠬᠢᠨᠠᠮᠠᠭᠠᠢ ᠰᠢᠢᠳᠪᠦᠷᠢᠯᠡᠪᠡ᠃ ᠪᠠᠶᠢᠴᠠᠭᠠᠨ ᠰᠤᠳᠤᠯᠤᠯᠲᠠ ᠶᠢ ᠴᠢᠬᠤᠯᠠᠴᠢᠯᠠᠵᠤ᠂ ᠲᠥᠷᠥ ᠶᠢᠨ ᠪᠣᠳᠣᠯᠭ᠎ᠠ ᠪᠣᠯᠣᠨ ᠠᠵᠢᠯ ᠢ ᠪᠣᠳᠠᠲᠤ ᠪᠠᠶᠢᠳᠠᠯ ᠳᠤ ᠨᠡᠶᠢᠴᠡᠭᠦᠯᠬᠦ᠂ ᠣᠯᠠᠨ ᠲᠦᠮᠡᠨ ᠲᠠᠢ ᠣᠶᠢᠷᠠᠲᠤᠭᠤᠯᠬᠤ ᠪᠠᠷ ᠴᠢᠷᠮᠠᠶᠢᠪᠠ᠃ ᠰᠢᠪᠠᠳᠠᠨ ᠪᠠᠶᠢᠴᠠᠭᠠᠬᠤ ᠠᠵᠢᠯ ᠤᠨ ᠲᠣᠭᠲᠠᠴᠠ ᠶᠢ ᠰᠢᠯᠢᠳᠡᠭᠵᠢᠭᠦᠯᠪᠡ᠃ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠴᠢᠩᠭᠠᠳᠬᠠᠪᠠ᠃ ᠲᠥᠪ ᠬᠤᠷᠢᠶᠠᠨ ᠤ ᠨᠠᠶᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠳᠦᠷᠪᠡᠨ ᠰᠤᠷᠲᠠᠯ︾ ᠎ ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ ᠮᠥᠩᠭᠦᠨ ᠭᠦᠢᠯᠭᠡᠭᠡᠨ ᠤ ᠨᠢᠭᠡᠴᠢ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠵᠡᠷᠭᠡ ᠶᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠬᠦᠴᠦᠲᠡᠢ ᠠᠬᠢᠭᠤᠯᠪᠠ᠃ ᠬᠤᠲᠠ ᠬᠥᠳᠡᠭᠡ ᠶᠢᠨ ᠦᠨᠳᠦᠰᠦᠨ ᠱᠠᠲᠤᠨ ᠤ ᠵᠠᠰᠠᠯᠲᠠ ᠶᠢᠨ ᠲᠠᠯ᠎ᠠ ᠪᠠᠷ ᠰᠢᠨ᠎ᠡ ᠶᠢ ᠡᠭᠦᠳᠦᠨ ᠲᠡᠭᠦᠯᠳᠡᠷᠵᠢᠭᠦᠯᠪᠡ᠃ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠪᠡ᠃ ᠠᠶᠤᠯ ᠦᠭᠡᠢ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠬᠦᠴᠦᠲᠡᠢ ᠠᠳᠬᠤᠵᠤ᠂ ᠬᠦᠨᠳᠦ ᠶᠡᠭᠡ ᠠᠳᠡᠯ ᠤᠨ ᠳᠠᠯᠳᠠ ᠭᠡᠮ ᠢ ᠲᠤᠰᠬᠠᠢ ᠰᠠᠮᠨᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠥᠷᠨᠢᠭᠦᠯᠪᠡ᠃ ᠤᠯᠤᠰ ᠤᠨ ᠠᠮᠤᠷ ᠲᠦᠪᠰᠢᠨ ᠤ ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠪᠠ᠃ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠴᠠᠭᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠪᠦᠲᠦᠮᠵᠢᠲᠡᠢ ᠪᠠᠷ ᠴᠣᠬᠢᠯᠲᠠ ᠥᠭᠴᠦ᠂ ᠠᠮᠤᠷ ᠠᠮᠤᠭᠤᠯᠠᠩ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠰᠢᠨ᠎ᠡ ᠠᠬᠢᠴᠠ ᠲᠠᠢ ᠪᠣᠯᠪᠠ᠃             ᠨᠢᠭᠡ ᠵᠢᠯ ᠤᠨ ᠲᠤᠷᠰᠢ᠂ ᠳᠤᠮᠳᠠᠳᠤ ᠤᠯᠤᠰ ᠤᠨ ᠣᠨᠴᠠᠯᠢᠭ ᠪᠦᠬᠦᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠶᠢ ᠪᠦᠭᠦ ᠲᠠᠯ᠎ᠠ ᠪᠠᠷ ᠠᠬᠢᠭᠤᠯᠪᠠ᠃ ᠲᠡᠷᠢᠭᠦᠯᠡᠭᠴᠢ ᠰᠢ ᠶᠢᠨ ᠫᠢᠩ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ ᠤᠯᠠᠨ ᠤᠯᠤᠰ ᠲᠤ ᠠᠶᠢᠯᠴᠢᠯᠠᠯᠲᠠ ᠬᠢᠵᠦ᠂ BRICS᠎ ᠤᠨ ᠤᠯᠤᠰ ᠤᠳ ᠤᠨ ᠤᠳᠤᠷᠢᠳᠬᠤ ᠬᠥᠮᠥᠰ ᠤᠨ ᠠᠭᠤᠯᠵᠠᠯᠲᠠ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯᠳᠤᠭᠠᠨ᠂ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯᠳᠤᠭᠠᠨ ᠵᠡᠷᠭᠡ ᠤᠯᠠᠨ ᠲᠠᠯ᠎ᠠ ᠶᠢᠨ ᠪᠠ ᠬᠤᠶᠠᠷ ᠲᠠᠯ᠎ᠠ ᠶᠢᠨ ᠴᠢᠬᠤᠯᠠ ᠶᠡᠭᠡ ᠠᠵᠢᠯᠯᠠᠭ᠎ᠠ ᠳᠤ ᠣᠷᠣᠯᠴᠠᠪᠠ᠃ ᠳᠤᠮᠳᠠᠳᠤ ᠤᠯᠤᠰ — ᠳᠤᠮᠳᠠᠳᠤ ᠠᠽᠢᠶ᠎ᠠ ᠶᠢᠨ ᠲᠦᠷᠦᠭᠦᠴᠦᠳ ᠤᠨ ᠬᠤᠷᠠᠯ᠂ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠎ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠯᠴᠠᠭᠠᠨ ᠤ ᠲᠠᠪᠴᠠᠩ ᠵᠡᠷᠭᠡ ᠴᠢᠬᠤᠯᠠ ᠶᠡᠭᠡ ᠡᠵᠡᠨ ᠲᠠᠯᠠᠪᠤᠷ ᠤᠨ ᠭᠠᠳᠠᠭᠠᠳᠤ ᠬᠠᠷᠢᠯᠴᠠᠭᠠᠨ ᠤ ᠠᠵᠢᠯᠯᠠᠭ᠎ᠠ ᠶᠢ ᠠᠮᠵᠢᠯᠲᠠᠲᠠᠢ ᠡᠷᠭᠢᠯᠡᠪᠡ᠃ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ᠪᠦᠭᠦ ᠪᠥᠮᠪᠥᠷᠴᠡᠭ ᠤᠨ ᠬᠠᠨᠢᠲᠠᠨ ᠤ ᠬᠠᠷᠢᠴᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠳᠡᠯᠡᠬᠡᠢ ᠶᠢᠨ ᠪᠠ ᠭᠠᠵᠠᠷ ᠣᠷᠣᠨ ᠤ ᠬᠠᠯᠠᠭᠤᠨ ᠴᠡᠭ ᠤᠨ ᠠᠰᠠᠭᠤᠳᠠᠯ ᠢ ᠰᠢᠢᠳᠪᠦᠷᠢᠯᠡᠬᠦ ᠳᠤᠮᠳᠠ ᠢᠳᠡᠪᠬᠢᠲᠡᠢ ᠪᠦᠲᠦᠭᠡᠯᠴᠢ ᠴᠢᠨᠠᠷᠲᠠᠢ ᠦᠢᠯᠡᠳᠦᠯ ᠪᠠᠳᠠᠷᠠᠭᠤᠯᠪᠠ ᠃ ᠳᠤᠮᠳᠠᠳᠤ ᠤᠯᠤᠰ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃             ᠲᠥᠯᠥᠭᠡᠯᠡᠭᠴᠢᠳ ᠠ᠋︕             ᠥᠩᠭᠡᠷᠡᠭᠰᠡᠨ ᠨᠢᠭᠡ ᠵᠢᠯ ᠳᠤ ᠣᠯᠣᠭᠰᠠᠨ ᠠᠮᠵᠢᠯᠲᠠ ᠪᠦᠲᠦᠮᠵᠢ ᠶᠢᠨ ᠦᠨᠳᠦᠰᠦᠨ ᠰᠢᠯᠲᠠᠭᠠᠨ ᠨᠢ ᠶᠡᠷᠦᠩᠬᠡᠢ ᠱᠦᠵᠢ ᠰᠢ ᠶᠢᠨ ᠫᠢᠩ ᠤᠨ ᠠᠶᠠᠯᠠᠯ ᠵᠠᠮᠴᠢᠯᠠᠨ ᠴᠢᠭᠯᠡᠯ ᠢ ᠡᠵᠡᠮᠳᠡᠭᠰᠡᠨ ᠳᠤ ᠪᠤᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠤ ᠪᠤᠢ᠂ ᠲᠡᠷᠡ ᠨᠢ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠥᠨ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠪᠢ ᠲᠥᠷᠥ ᠶᠢᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠡᠯ᠎ᠡ ᠠᠷᠠᠳ ᠤᠨ ᠪᠦᠯᠭᠦᠮ ᠪᠣᠯᠣᠨ ᠡᠯ᠎ᠡ ᠡᠲᠡᠭᠡᠳ ᠤᠨ ᠬᠥᠮᠥᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ ᠨᠠᠷ᠂ ᠣᠣᠮᠧᠨ ᠤ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ ᠨᠠᠷ᠂ ᠲᠠᠶᠢᠸᠠᠨ ᠤ ᠠᠬ᠎ᠠ ᠳᠡᠭᠦᠦ ᠨᠠᠷ ᠪᠠ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠳᠤᠮᠳᠠᠳᠤ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠨ ᠳᠠᠮᠵᠢᠵᠤ ᠪᠠᠶᠢᠭ᠎ᠠ ᠡᠯ᠎ᠡ ᠤᠯᠤᠰ ᠤᠨ ᠵᠠᠰᠠᠭ ᠤᠨ ᠣᠷᠳᠣᠨ᠂ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠣᠯᠣᠨ ᠡᠯ᠎ᠡ ᠤᠯᠤᠰ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕             ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠢᠳᠡ ᠪᠠᠰᠠ ᠲᠤᠯᠭᠠᠷᠠᠵᠤ ᠪᠠᠶᠢᠭ᠎ᠠ ᠬᠦᠴᠢᠷ ᠪᠡᠷᠬᠡᠰᠢᠶᠡᠯ ᠪᠠ ᠰᠢᠯᠭᠠᠯᠲᠠ ᠶᠢ ᠰᠡᠷᠭᠡᠭ ᠢᠶᠠᠷ ᠣᠯᠵᠤ ᠬᠠᠷᠠᠪᠠ᠃ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠤᠨ ᠬᠥᠳᠡᠯᠭᠡᠭᠴᠢ ᠡᠨᠧᠷᠭᠢ ᠭᠦᠢᠴᠡᠳ ᠪᠤᠰᠤ ᠪᠠᠶᠢᠵᠤ᠂ ᠭᠠᠵᠠᠷ ᠣᠷᠣᠨ ᠤ ᠬᠠᠯᠠᠭᠤᠨ ᠴᠡᠭ ᠤᠨ ᠠᠰᠠᠭᠤᠳᠠᠯ ᠣᠯᠠᠨᠲᠠ ᠡᠭᠦᠰᠴᠦ᠂ ᠭᠠᠳᠠᠭᠠᠳᠤ ᠣᠷᠴᠢᠨ ᠨᠥᠬᠦᠴᠡᠯ ᠤᠨ ᠪᠤᠳᠤᠯᠢᠶᠠᠨᠲᠤ ᠴᠢᠨᠠᠷ᠂ ᠬᠦᠨᠳᠦ ᠬᠡᠴᠡᠭᠦᠦ ᠴᠢᠨᠠᠷ᠂ ᠮᠠᠭᠠᠳ ᠪᠤᠰᠤ ᠴᠢᠨᠠᠷ ᠳᠡᠭᠡᠭᠰᠢᠯᠡᠵᠦ ᠪᠠᠶᠢᠨ᠎ᠠ᠃ ᠮᠠᠨ ᠤ ᠤᠯᠤᠰ ᠤᠨ ᠠᠵᠤ ᠠᠬᠤᠢ ᠶᠢᠨ ᠦᠷᠭᠦᠯᠵᠢᠯᠡᠨ ᠰᠡᠷᠭᠦᠵᠦ ᠰᠠᠶᠢᠵᠢᠷᠠᠬᠤ ᠰᠠᠭᠤᠷᠢ ᠪᠠᠰᠠ ᠪᠠᠲᠤ ᠪᠢᠰᠢ ᠪᠠᠶᠢᠵᠤ᠂ ᠪᠦᠲᠦᠮᠵᠢᠲᠡᠶ ᠬᠡᠷᠡᠭᠴᠡᠭᠡ ᠬᠦᠷᠦᠯᠴᠡᠬᠦ ᠦᠭᠡᠢ᠂ ᠬᠡᠰᠡᠭ ᠠᠵᠢᠯ ᠲᠥᠷᠥᠯ ᠤᠨ ᠦᠢᠯᠡᠳᠪᠦᠷᠢᠯᠡᠬᠦ ᠴᠢᠳᠠᠪᠤᠷᠢ ᠦᠯᠡᠭᠦᠳᠡᠵᠦ᠂ ᠨᠡᠶᠢᠭᠡᠮ ᠤᠨ ᠵᠢᠱᠢᠯᠲᠡ ᠪᠠᠭᠤᠷᠠᠢ᠂ ᠠᠶᠤᠯ ᠲᠦᠭᠰᠢᠭᠦᠷᠢ ᠶᠢᠨ ᠳᠠᠯᠳᠠ ᠭᠡᠮ ᠮᠥᠨ ᠬᠦ ᠨᠡᠯᠢᠶᠡᠳ ᠣᠯᠠᠨ ᠪᠠᠶᠢᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠳᠤ ᠲᠦᠭᠵᠢᠷᠡᠯ ᠣᠷᠣᠰᠢᠵᠤ᠂ ᠤᠯᠠᠨ ᠤᠯᠤᠰ ᠤᠨ ᠣᠷᠴᠢᠯ ᠳᠤ ᠬᠠᠷᠰᠢᠯᠠᠯ ᠣᠷᠣᠰᠢᠵᠤ ᠪᠠᠶᠢᠨ᠎ᠠ᠃ ᠬᠡᠰᠡᠭ ᠳᠤᠮᠳᠠ ᠵᠢᠵᠢᠭ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠡᠵᠡᠩᠨᠡᠯᠲᠡ ᠬᠦᠴᠢᠷᠳᠡᠯ ᠲᠠᠢ ᠪᠠᠶᠢᠨ᠎ᠠ᠃ ᠠᠵᠢᠯ ᠣᠯᠭᠤᠯᠲᠠ ᠶᠢᠨ ᠶᠡᠷᠦᠩᠬᠡᠢ ᠬᠡᠮᠵᠢᠶ᠎ᠡ ᠶᠢᠨ ᠳᠠᠷᠤᠯᠲᠠ ᠪᠣᠯᠣᠨ ᠪᠦᠲᠦᠴᠡ ᠶᠢᠨ ᠴᠢᠨᠠᠷᠲᠠᠢ ᠵᠥᠷᠢᠴᠡᠯ ᠵᠡᠷᠭᠡ ᠪᠠᠷ ᠣᠷᠣᠰᠢᠵᠤ᠂ ᠣᠯᠠᠨ ᠨᠡᠶᠢᠲᠡ ᠶᠢᠨ ᠦᠢᠯᠡᠴᠢᠯᠡᠭᠡ ᠳᠤ ᠮᠥᠨ ᠴᠤ ᠴᠥᠭᠡᠨ ᠪᠤᠰᠤ ᠳᠤᠲᠠᠭᠤᠳᠠᠯ ᠣᠷᠣᠰᠢᠵᠤ ᠪᠠᠶᠢᠨ᠎ᠠ᠃ ᠵᠠᠷᠢᠮ ᠭᠠᠵᠠᠷ ᠣᠷᠣᠨ ᠤ ᠦᠨᠳᠦᠰᠦᠨ ᠱᠠᠲᠤᠨ ᠤ ᠡᠳ᠋ ᠤᠨ ᠬᠦᠴᠦᠨ ᠨᠡᠯᠢᠶᠡᠳ ᠪᠠᠴᠢᠮ ᠪᠠᠶᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠰᠠ ᠴᠢᠩᠭ᠎ᠠ ᠪᠢᠰᠢ ᠪᠠᠶᠢᠨ᠎ᠠ᠃ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠳᠤ ᠮᠥᠨ ᠬᠦ ᠴᠥᠭᠡᠨ ᠪᠤᠰᠤ ᠬᠦᠴᠢᠷ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ ᠪᠠᠶᠢᠨ᠎ᠠ᠃ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠵᠠᠰᠠᠯᠲᠠ ᠶᠢᠨ ᠡᠭᠦᠷᠭᠡ ᠬᠦᠨᠳᠦ ᠵᠠᠮ ᠬᠤᠯᠠ ᠪᠠᠶᠢᠨ᠎ᠠ᠃ ᠠᠶᠤᠯ ᠦᠭᠡᠢ ᠦᠢᠯᠡᠳᠪᠦᠷᠢᠯᠡᠯ ᠤᠨ ᠪᠠᠭᠤᠷᠠᠢ ᠭᠤᠭᠴᠤᠭ᠎ᠠ ᠶᠢ ᠣᠮᠲᠣᠭᠠᠶᠢᠯᠠᠵᠤ ᠪᠣᠯᠣᠰᠢ ᠦᠭᠡᠢ ᠪᠠᠶᠢᠨ᠎ᠠ᠃ ᠵᠠᠰᠠᠭ ᠤᠨ ᠣᠷᠳᠣᠨ ᠤ ᠠᠵᠢᠯ ᠳᠤ ᠬᠦᠷᠦᠯᠴᠡᠬᠦ ᠦᠭᠡᠢ ᠲᠠᠯ᠎ᠠ ᠣᠷᠣᠰᠢᠵᠤ᠂ ᠭᠡᠯᠪᠡᠷᠢ ᠶᠢᠨ ᠦᠵᠡᠯ᠂ ᠨᠣᠶᠠᠨᠴᠢ ᠰᠤᠷᠲᠠᠯ ᠤᠨ ᠦᠵᠡᠭᠳᠡᠯ ᠮᠥᠨ ᠬᠦ ᠨᠡᠯᠢᠶᠡᠳ ᠲᠣᠪᠤᠶᠢᠮ᠎ᠠ ᠣᠷᠣᠰᠢᠵᠤ᠂ ᠥᠭᠡᠷᠡᠴᠢᠯᠡᠯᠲᠡ ᠬᠥᠭᠵᠢᠭᠦᠯᠦᠯᠲᠡ ᠶᠢᠨ ᠵᠠᠷᠢᠮ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠪᠠᠶᠢᠨ᠎ᠠ᠃ ᠵᠠᠷᠢᠮ ᠺᠠᠳ᠋ᠷ ᠬᠠᠷᠢᠭᠤᠴᠠᠯᠭ᠎ᠠ ᠡᠭᠦᠷᠭᠡᠯᠡᠵᠦ ᠰᠢᠷᠭᠠᠭᠤ ᠠᠵᠢᠯᠯᠠᠬᠤ ᠵᠣᠷᠢᠭ ᠰᠠᠨᠠᠭ᠎ᠠ ᠪᠠᠷ ᠳᠤᠲᠠᠮᠠᠭ ᠪᠠᠶᠢᠵᠤ᠂ ᠨᠠᠵᠠᠭᠠᠶᠢᠷᠠᠨ ᠬᠤᠶᠢᠷᠭᠤᠰᠢᠵᠤ ᠬᠠᠷᠢᠭᠤᠴᠠᠯᠭ᠎ᠠ ᠠᠴᠠ ᠵᠠᠶᠢᠯᠠᠨ᠂ ᠥᠩᠭᠡᠪᠴᠢ ᠠᠵᠢᠯ ᠬᠢᠵᠦ ᠪᠠᠶᠢᠨ᠎ᠠ᠃ ᠵᠠᠷᠢᠮ ᠬᠦᠷᠢᠶᠡᠨ ᠳᠤ ᠢᠯᠵᠢᠷᠡᠯ ᠤᠨ ᠠᠰᠠᠭᠤᠳᠠᠯ ᠮᠥᠨ ᠯᠡ ᠤᠯᠠᠨ ᠭᠠᠷᠴᠤ ᠪᠠᠶᠢᠨ᠎ᠠ᠃ ᠪᠢᠳᠡ ᠯᠠᠪ ᠠᠰᠠᠭᠤᠳᠠᠯ ᠪᠠ ᠰᠢᠯᠭᠠᠯᠲᠠ ᠳᠤ ᠰᠢᠭᠤᠳ ᠬᠠᠨᠳᠤᠵᠤ᠂ ᠪᠦᠭᠦ ᠰᠡᠳᠬᠢᠯ ᠪᠦᠭᠦ ᠴᠢᠳᠠᠯ ᠢᠶᠠᠷ ᠢᠶᠠᠨ ᠠᠵᠢᠯ ᠢᠶᠠᠨ ᠰᠠᠶᠢᠲᠤᠷ ᠬᠢᠵᠦ᠂ ᠠᠷᠠᠳ ᠲᠦᠮᠡᠨ ᠤ ᠬᠦᠰᠡᠯ ᠡᠷᠡᠮᠡᠯᠵᠡᠯ ᠪᠠ ᠬᠦᠨᠳᠦ ᠨᠠᠶᠢᠳᠠᠯᠭ᠎ᠠ ᠶᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ︕             ᠬᠤᠶᠠᠷ᠂ 2024 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ ᠪᠠ ᠲᠦᠷᠦ ᠶᠢᠨ ᠪᠣᠳᠣᠯᠭ᠎ᠠ ᠶᠢᠨ ᠬᠠᠨᠳᠤᠰᠢ             ᠡᠨᠡ ᠵᠢᠯ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠮᠥᠨ ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠃ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠪᠠᠶᠢᠷᠢᠯᠠᠭᠤᠯᠤᠯᠲᠠ ᠶᠣᠰᠣᠭᠠᠷ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠯᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠨ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠢ ᠪᠡᠶ᠎ᠡ ᠪᠠᠨ ᠳᠠᠭᠠᠭᠠᠵᠤ ᠬᠦᠴᠦᠷᠬᠡᠭᠵᠢᠭᠦᠯᠬᠦ ᠶᠢ ᠠᠬᠢᠭᠤᠯᠵᠤ᠂ ᠬᠤᠷᠸ᠎ᠠ ᠲᠣᠬᠢᠷᠠᠭᠤᠯᠤᠯ ᠡᠵᠡᠮᠳᠡᠯ ᠤᠨ ᠡᠷᠴᠢᠮ ᠢᠶᠠᠨ ᠴᠢᠩᠭᠠᠷᠠᠭᠤᠯᠤᠨ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠨᠢᠭᠡᠳᠦᠯᠲᠡᠢ ᠲᠥᠯᠥᠪᠯᠡᠵᠦ᠂ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠯᠡᠵᠦ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠵᠦ᠂ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠦᠨᠡᠨ ᠬᠦ ᠨᠡᠮᠡᠭᠳᠡᠭᠦᠯᠦᠨ᠂ ᠠᠶᠤᠯ ᠲᠦᠭᠰᠢᠭᠦᠷᠢ ᠶᠢ ᠦᠨᠡᠨ ᠬᠦ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠵᠢᠱᠢᠯᠲᠡ ᠶᠢ ᠦᠨᠡᠨ ᠬᠦ ᠰᠠᠶᠢᠵᠢᠷᠠᠭᠤᠯᠤᠨ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠪᠠᠲᠤᠳᠬᠠᠨ ᠴᠢᠩᠭᠠᠷᠠᠭᠤᠯᠵᠤ᠂ ᠠᠵᠤ ᠠᠬᠤᠢ ᠶᠢᠨ ᠶᠠᠰᠤ ᠴᠢᠨᠠᠷ ᠤᠨ ᠪᠦᠲᠦᠮᠵᠢᠲᠡᠶ ᠳᠡᠭᠡᠭᠰᠢᠯᠡᠯᠲᠡ ᠪᠠ ᠲᠤᠭ᠎ᠠ ᠬᠡᠮᠵᠢᠶᠡᠨ ᠤ ᠵᠦᠢ ᠵᠣᠬᠢᠰᠲᠠᠢ ᠨᠡᠮᠡᠭᠳᠡᠯ ᠢ ᠦᠷᠭᠦᠯᠵᠢᠯᠡᠨ ᠠᠬᠢᠭᠤᠯᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠵᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ᠃             ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠪᠠᠯ᠂ ᠡᠨᠡ ᠵᠢᠯ ᠤᠨ ᠮᠠᠨ ᠤ ᠤᠯᠤᠰ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠣᠷᠴᠢᠨ ᠨᠥᠬᠦᠴᠡᠯ ᠮᠥᠨ ᠬᠦ ᠪᠠᠶᠢᠯᠳᠤᠬᠤ ᠪᠣᠳᠣᠯᠭ᠎ᠠ ᠶᠢᠨ ᠲᠣᠭᠢᠶᠠᠯ ᠪᠠ ᠲᠦᠭᠰᠢᠭᠦᠷᠢ ᠰᠢᠯᠭᠠᠯᠲᠠ ᠵᠡᠷᠭᠡ ᠪᠠᠷ ᠣᠷᠣᠰᠢᠵᠤ᠂ ᠠᠰᠢᠭᠲᠠᠢ ᠨᠥᠬᠦᠴᠡᠯ ᠨᠢ ᠠᠰᠢᠭ ᠦᠭᠡᠢ ᠬᠦᠴᠦᠨ ᠵᠦᠢᠯ ᠠᠴᠠ ᠢᠯᠡᠭᠦᠦ ᠪᠠᠶᠢᠨ᠎ᠠ᠃ ᠮᠠᠨ ᠤ ᠤᠯᠤᠰ ᠲᠤ ᠢᠯᠡ ᠲᠣᠳᠣ ᠪᠠᠶᠢᠭᠤᠯᠤᠯ ᠤᠨ ᠳᠠᠪᠠᠭᠤᠯᠢᠭ᠂ ᠭᠡᠲᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠳᠠᠪᠠᠭᠤᠯᠢᠭ᠂ ᠠᠵᠤ ᠦᠢᠯᠡᠰ ᠤᠨ ᠰᠢᠰᠲ᠋ᠧᠮ ᠪᠦᠷᠢᠨ ᠲᠥᠬᠦᠷ ᠪᠠᠶᠢᠳᠠᠭ ᠬᠠᠩᠭᠠᠯᠭ᠎ᠠ ᠶᠢᠨ ᠳᠠᠪᠠᠭᠤᠯᠢᠭ᠂ ᠬᠡᠪ ᠴᠢᠨᠠᠷ ᠰᠠᠶᠢᠲᠠᠢ ᠬᠥᠳᠡᠯᠮᠦᠷᠢᠴᠢᠨ ᠣᠯᠠᠨ ᠪᠠᠶᠢᠳᠠᠭ ᠴᠢᠳᠠᠪᠤᠷᠢᠲᠠᠨ ᠤ ᠳᠠᠪᠠᠭᠤᠯᠢᠭ ᠲᠠᠢ ᠪᠠᠶᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠦᠷᠭᠦᠯᠵᠢᠯᠡᠨ ᠳᠡᠭᠡᠭᠰᠢᠯᠡᠵᠦ᠂ ᠰᠢᠨ᠎ᠡ ᠠᠵᠤ ᠦᠢᠯᠡᠰ᠂ ᠰᠢᠨ᠎ᠡ ᠬᠡᠪ ᠵᠠᠭᠪᠤᠷ᠂ ᠰᠢᠨ᠎ᠡ ᠬᠥᠳᠡᠯᠭᠡᠭᠴᠢ ᠡᠨᠧᠷᠭᠢ ᠲᠦᠷᠭᠡᠰᠦᠨ ᠪᠤᠵᠠᠭᠠᠶᠢᠷᠠᠵᠤ᠂ ᠬᠥᠭᠵᠢᠯᠲᠡ ᠶᠢᠨ ᠳᠣᠲᠣᠭᠠᠳᠤ ᠬᠥᠳᠡᠯᠭᠡᠭᠴᠢ ᠬᠦᠴᠦᠨ ᠲᠠᠰᠤᠷᠠᠯᠲᠠ ᠦᠭᠡᠢ ᠬᠤᠷᠠᠮᠳᠤᠨ᠂ ᠠᠵᠤ ᠠᠬᠤᠢ ᠰᠡᠷᠭᠦᠨ ᠰᠠᠶᠢᠵᠢᠷᠠᠵᠤ᠂ ᠤᠷᠲᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠬᠠᠨᠳᠤᠰᠢ ᠬᠤᠪᠢᠷᠠᠭ᠎ᠠ ᠦᠭᠡᠢ ᠪᠥᠭᠡᠳ ᠬᠤᠪᠢᠷᠠᠬᠤ ᠴᠤ ᠦᠭᠡᠢ ᠶᠤᠮ᠂ ᠡᠶᠢᠮᠦ ᠠᠴᠠ ᠡᠷᠬᠡᠪᠰᠢ ᠢᠲᠡᠭᠡᠯ ᠵᠣᠷᠢᠭ ᠪᠠ ᠢᠳᠡ ᠬᠦᠴᠦᠨ ᠢᠶᠠᠨ ᠴᠢᠩᠭᠠᠳᠬᠠᠬᠤ ᠬᠡᠷᠡᠭᠲᠡᠢ᠃ ᠡᠭᠦᠨ ᠤ ᠬᠠᠮᠲᠤ ᠬᠢᠵᠠᠭᠠᠷ ᠱᠤᠭᠤᠮ ᠤᠨ ᠰᠡᠳᠬᠢᠬᠦᠢ ᠶᠢ ᠪᠠᠷᠢᠮᠲᠠᠯᠠᠨ᠂ ᠡᠯ᠎ᠡ ᠵᠦᠢᠯ ᠤᠨ ᠲᠦᠭᠰᠢᠭᠦᠷᠢ ᠰᠢᠯᠭᠠᠯᠲᠠ ᠶᠢ ᠠᠷᠭᠠᠴᠠᠭᠠᠬᠤ ᠪᠡᠯᠡᠳᠬᠡᠯ ᠢ ᠭᠦᠢᠴᠡᠳ ᠰᠠᠶᠢᠲᠤᠷ ᠬᠢᠬᠦ ᠬᠡᠷᠡᠭᠲᠡᠢ᠃ ᠪᠢᠳᠡ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠰᠢᠭᠲᠠᠢ ᠲᠣᠭᠢᠶᠠᠯ ᠢ ᠠᠯᠳᠠᠯ ᠦᠭᠡᠢ ᠠᠮᠵᠢᠵᠤ᠂ ᠠᠰᠢᠭᠲᠠᠢ ᠨᠥᠬᠦᠴᠡᠯ ᠢ ᠰᠠᠶᠢᠲᠤᠷ ᠠᠰᠢᠭᠯᠠᠨ᠂ ᠡᠯ᠎ᠡ ᠲᠠᠯ᠎ᠠ ᠶᠢᠨ ᠬᠢᠨ ᠤ ᠠᠵᠢᠯ ᠬᠢᠵᠦ ᠦᠢᠯᠡᠰ ᠪᠦᠲᠦᠭᠡᠬᠦ ᠢᠳᠡᠪᠬᠢᠵᠢᠯ ᠢ ᠭᠦᠢᠴᠡᠳ ᠳᠠᠶᠢᠴᠢᠯᠠᠳᠠᠭ ᠯᠠ ᠶᠤᠮ ᠪᠣᠯ ᠯᠠᠪᠲᠠᠶᠢᠶ᠎ᠠ ᠬᠦᠴᠢᠷ ᠪᠡᠷᠬᠡᠰᠢᠶᠡᠯ ᠪᠠ ᠰᠢᠯᠭᠠᠯᠲᠠ ᠶᠢ ᠢᠯᠠᠨ ᠳᠠᠪᠠᠵᠤ᠂ ᠮᠠᠨ ᠤ ᠤᠯᠤᠰ ᠤᠨ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠬᠤ ᠪᠠ ᠲᠣᠭᠲᠠᠭᠤᠨ ᠪᠥᠭᠡᠳ ᠤᠷᠲᠤ ᠤᠳᠠᠭᠠᠨ ᠬᠥᠭᠵᠢᠬᠦ ᠶᠢ ᠠᠬᠢᠭᠤᠯᠵᠤ ᠴᠢᠳᠠᠬᠤ ᠶᠤᠮ᠃             ᠡᠨᠡ ᠵᠢᠯ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠦᠷᠲᠡᠭ ᠢ 5% ᠣᠷᠴᠢᠮ ᠨᠡᠮᠡᠭᠳᠡᠭᠦᠯᠦᠨ᠎ᠡ︔ ᠬᠤᠳᠠ ᠪᠠᠯᠭᠠᠰᠤᠨ ᠳᠤ ᠠᠵᠢᠯ ᠣᠯᠣᠭᠰᠠᠨ ᠬᠥᠮᠥᠨ ᠢ 1200 ᠲᠦᠮᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠬᠤᠳᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠤᠷᠮ᠎ᠠ ᠶᠢ 5.5% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠶᠢᠨ ᠥᠰᠦᠯᠲᠡ ᠶᠢᠨ ᠬᠡᠮᠵᠢᠶ᠎ᠡ ᠶᠢ 3% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠪᠣᠯᠣᠨ ᠠᠵᠤ ᠠᠬᠤᠢ ᠶᠢᠨ ᠨᠡᠮᠡᠭᠳᠡᠯ ᠢ ᠵᠢᠭᠳᠡ ᠪᠠᠶᠢᠯᠭᠠᠨ᠎ᠠ︔ ᠤᠯᠤᠰ ᠤᠨ ᠬᠤᠭᠤᠷᠣᠨᠳᠣᠭᠢ ᠣᠷᠣᠯᠭ᠎ᠠ ᠵᠠᠷᠤᠯᠭ᠎ᠠ ᠶᠢ ᠦᠨᠳᠦᠰᠦᠨ ᠳᠡᠭᠡᠨ ᠲᠡᠩᠴᠡᠭᠦᠷᠢᠲᠡᠢ ᠪᠠᠶᠢᠯᠭᠠᠨ᠎ᠠ︔ ᠠᠮᠤ ᠪᠤᠳᠠᠭᠠᠨ ᠤ ᠤᠨᠠᠯᠳᠠ ᠶᠢ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠪᠠᠶᠢᠯᠭᠠᠨ᠎ᠠ︔ ᠨᠢᠭᠡᠴᠢ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠦᠷᠲᠡᠭ ᠤᠨ ᠡᠨᠧᠷᠭᠢ ᠶᠢᠨ ᠬᠤᠷᠣᠭᠳᠠᠭᠤᠯᠤᠯ ᠢ 2.5% ᠣᠷᠴᠢᠮ ᠢᠶᠠᠷ ᠪᠠᠭᠤᠷᠠᠭᠤᠯᠵᠤ᠂ ᠠᠮᠢ ᠠᠬᠤᠢ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠎ᠠ᠃             ᠳᠡᠭᠡᠷ᠎ᠡ ᠳᠤᠷᠠᠳᠤᠭᠰᠠᠨ ᠵᠢᠱᠢᠭᠰᠡᠨ ᠬᠠᠷᠠᠯᠲᠠ ᠶᠢ ᠳᠤᠷᠠᠳᠬᠤ ᠳᠠᠭᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠪᠣᠯᠣᠨ ᠡᠯ᠎ᠡ ᠲᠠᠯ᠎ᠠ ᠶᠢᠨ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠬᠡᠷᠡᠭᠴᠡᠭᠡ ᠪᠠ ᠪᠣᠯᠣᠯᠴᠠᠭ᠎ᠠ ᠶᠢ ᠬᠠᠮᠲᠤ ᠳᠤᠨᠢ ᠬᠠᠷᠠᠭᠠᠯᠵᠠᠭᠰᠠᠨ ᠶᠤᠮ᠃ ᠠᠵᠤ ᠠᠬᠤᠢ ᠶᠢᠨ ᠨᠡᠮᠡᠭᠳᠡᠯ ᠤᠨ ᠵᠢᠱᠢᠭᠰᠡᠨ ᠬᠠᠷᠠᠯᠲᠠ ᠶᠢ 5% ᠣᠷᠴᠢᠮ ᠪᠠᠶᠢᠯᠭᠠᠬᠤ ᠨᠢ ᠠᠵᠢᠯ ᠣᠯᠭᠤᠯᠲᠠ ᠶᠢ ᠠᠬᠢᠭᠤᠯᠤᠨ ᠣᠷᠣᠯᠭ᠎ᠠ ᠶᠢ ᠨᠡᠮᠡᠭᠳᠡᠭᠦᠯᠬᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠵᠡᠷᠭᠡ ᠬᠡᠷᠡᠭᠴᠡᠭᠡ ᠶᠢ ᠪᠣᠳᠣᠯᠬᠢᠯᠠᠭᠰᠠᠨ ᠪᠥᠭᠡᠳ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠪᠣᠯᠣᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠬᠠᠷᠠᠯᠲᠠ ᠯᠤᠭ᠎ᠠ ᠵᠣᠯᠭᠠᠯᠳᠤᠭᠤᠯᠬᠤ ᠭᠡᠰᠡᠨ ᠶᠤᠮ᠂ ᠠᠵᠤ ᠠᠬᠤᠢ ᠶᠢᠨ ᠨᠡᠮᠡᠭᠳᠡᠯ ᠤᠨ ᠳᠠᠯᠳᠠ ᠬᠦᠴᠦᠨ ᠪᠠ ᠲᠤᠯᠭᠠᠭᠤᠷᠢᠯᠠᠬᠤ ᠨᠥᠬᠦᠴᠡᠯ ᠢ ᠴᠤ ᠪᠣᠳᠣᠯᠬᠢᠯᠠᠭᠰᠠᠨ ᠶᠤᠮ᠂ ᠡᠨᠡ ᠨᠢ ᠢᠳᠡᠪᠬᠢᠲᠡᠢ ᠪᠠᠷ ᠤᠷᠤᠭᠰᠢᠯᠠᠨ ᠳᠠᠪᠰᠢᠬᠤ᠂ ᠠᠮᠵᠢᠯᠲᠠ ᠪᠦᠳᠥᠮᠵᠢ ᠭᠠᠷᠭᠠᠬᠤ ᠪᠠᠷ ᠬᠦᠴᠦᠯᠡᠨ ᠴᠢᠷᠮᠠᠶᠢᠬᠤ ᠱᠠᠭᠠᠷᠳᠠᠯᠭ᠎ᠠ ᠶᠢ ᠢᠯᠡᠷᠡᠭᠦᠯᠪᠡ᠃ ᠡᠨᠡ ᠵᠢᠯ ᠤᠨ ᠵᠢᠱᠢᠭᠰᠡᠨ ᠬᠠᠷᠠᠯᠲᠠ ᠶᠢ ᠪᠡᠶᠡᠯᠡᠭᠦᠯᠬᠦ ᠨᠢ ᠭᠢᠯᠪᠠᠷ ᠶᠠᠪᠤᠳᠠᠯ ᠪᠢᠰᠢ ᠲᠤᠯᠠ ᠲᠦᠷᠦ ᠶᠢᠨ ᠪᠣᠳᠣᠯᠭ᠎ᠠ ᠶᠢᠨ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠵᠦ᠂ ᠬᠤᠪᠢ ᠳᠠᠭᠢᠨ ᠴᠢᠷᠮᠠᠶᠢᠨ ᠠᠵᠢᠯᠯᠠᠵᠤ᠂ ᠡᠯ᠎ᠡ ᠲᠠᠯ᠎ᠠ ᠶᠢᠨ ᠬᠢᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ ᠴᠢᠬᠤᠯᠠᠲᠠᠢ᠃             ᠪᠢᠳᠠ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ᠂ ᠤᠷᠤᠭᠰᠢᠯᠠᠭᠤᠯᠬᠤ ᠪᠠᠷ ᠲᠣᠭᠲᠠᠭᠤᠨ ᠪᠠᠶᠢᠯᠭᠠᠬᠤ ᠶᠢ ᠠᠬᠢᠭᠤᠯᠬᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠬᠤ ᠬᠡᠷᠡᠭᠲᠡᠢ᠃ ᠲᠣᠭᠲᠠᠭᠤᠨ ᠪᠠᠶᠢᠯᠭᠠᠬᠤ ᠪᠣᠯ ᠶᠡᠭᠡ ᠲᠠᠯ᠎ᠠ ᠪᠠ ᠰᠠᠭᠤᠷᠢ ᠮᠥᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠵᠢᠱᠢᠯᠲᠡ ᠶᠢ ᠲᠣᠭᠲᠠᠭᠤᠨ ᠪᠠᠶᠢᠯᠭᠠᠬᠤ᠂ ᠨᠡᠮᠡᠭᠳᠡᠯ ᠢ ᠲᠣᠭᠲᠠᠭᠤᠨ ᠪᠠᠶᠢᠯᠭᠠᠬᠤ᠂ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠳᠤ ᠠᠰᠢᠭᠲᠠᠢ ᠲᠥᠷᠥ ᠶᠢᠨ ᠪᠣᠳᠣᠯᠭ᠎ᠠ ᠶᠢ ᠢᠯᠡᠭᠦᠬᠡᠨ ᠲᠣᠭᠲᠠᠭᠠᠵᠤ᠂ ᠠᠪᠴᠢᠭᠠᠬᠤ ᠴᠢᠨᠠᠷᠲᠠᠢ ᠬᠤᠷᠢᠭᠯᠠᠬᠤ ᠴᠢᠨᠠᠷᠲᠠᠢ ᠠᠷᠭ᠎ᠠ ᠬᠡᠮᠵᠢᠶ᠎ᠡ ᠶᠢ ᠬᠢᠨᠠᠭᠤᠷ ᠪᠣᠯᠭᠤᠮᠵᠢᠲᠠᠢ ᠨᠡᠶᠢᠲᠡᠯᠡᠵᠦ᠂ ᠴᠢᠨᠠᠷ ᠰᠠᠶᠢᠲᠠᠢ ᠬᠥᠭᠵᠢᠯᠲᠡ ᠯᠦᠭᠡ ᠵᠥᠷᠢᠴᠡᠯᠳᠦᠬᠦ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠢᠯᠭᠠᠷᠠᠭᠤᠯᠤᠨ ᠲᠢᠭᠯᠡᠭᠦ ᠪᠠ ᠬᠦᠴᠦᠨ ᠦᠭᠡᠢ ᠪᠤᠯᠭᠠᠬᠤ ᠬᠡᠷᠡᠭᠲᠡᠢ᠃ ᠤᠷᠤᠭᠰᠢᠯᠠᠭᠤᠯᠬᠤ ᠪᠣᠯ ᠴᠢᠭᠯᠡᠯ ᠪᠠ ᠬᠥᠳᠡᠯᠭᠡᠭᠴᠢ ᠬᠦᠴᠦᠨ ᠮᠥᠨ᠂ ᠪᠠᠶᠢᠭᠤᠯᠬᠤ ᠶᠣᠰᠣᠲᠠᠢ ᠶᠢ ᠨᠢ ᠢᠳᠡᠪᠬᠢᠲᠡᠢ ᠰᠠᠨᠠᠭᠠᠴᠢᠯᠠᠭ᠎ᠠ ᠲᠠᠢ ᠪᠠᠷ ᠪᠠᠶᠢᠭᠤᠯᠵᠤ᠂ ᠡᠪᠳᠡᠬᠦ ᠶᠣᠰᠣᠲᠠᠢ ᠶᠢ ᠨᠢ ᠪᠠᠶᠢᠭᠤᠯᠤᠭᠰᠠᠨ ᠰᠠᠭᠤᠷᠢᠨ ᠳᠡᠭᠡᠷ᠎ᠡ ᠡᠷᠡᠰ ᠡᠪᠳᠡᠬᠦ ᠬᠡᠷᠡᠭᠲᠡᠢ᠂ ᠢᠯᠠᠩᠭᠤᠶ᠎ᠠ ᠠᠷᠭ᠎ᠠ ᠮᠠᠶ᠋ᠢᠭ ᠢᠶᠠᠨ ᠬᠤᠪᠢᠷᠠᠭᠤᠯᠬᠤ᠂ ᠪᠦᠲᠦᠴᠡ ᠶᠢ ᠲᠣᠬᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠭᠦ᠂ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ ᠢᠳᠡᠪᠬᠢᠲᠡᠢ ᠤᠷᠤᠭᠰᠢᠯᠠᠨ ᠲᠠᠪᠰᠢᠬᠤ ᠬᠡᠷᠡᠭᠲᠡᠢ᠃ ᠬᠤᠷᠸ᠎ᠠ ᠲᠥᠷᠥ ᠶᠢᠨ ᠪᠣᠳᠣᠯᠭ᠎ᠠ ᠶᠢᠨ ᠦᠶᠡᠯᠡᠯ ᠥᠭᠰᠥᠭᠦᠯᠦᠨ ᠲᠣᠬᠢᠷᠠᠭᠤᠯᠬᠤ ᠪᠠ ᠦᠶᠡᠯᠡᠯ ᠠᠯᠤᠰᠯᠠᠨ ᠲᠣᠬᠢᠷᠠᠭᠤᠯᠬᠤ ᠶᠢ ᠴᠢᠩᠭᠠᠳᠬᠠᠵᠤ᠂ ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠣᠳᠣᠯᠭ᠎ᠠ ᠪᠠ ᠵᠣᠭᠤᠰᠤᠨ ᠤ ᠯᠠᠪᠳᠠᠭᠤᠨ ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠲᠦᠷᠦ ᠶᠢᠨ ᠪᠣᠳᠣᠯᠭ᠎ᠠ ᠶᠢᠨ ᠪᠠᠭᠠᠵᠢ ᠶᠢᠨ ᠰᠢᠨ᠎ᠡ ᠡᠭᠦᠳᠦᠯᠲᠡ ᠪᠠ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠨ᠎ᠠ᠃             ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠣᠳᠣᠯᠭ᠎ᠠ ᠶᠢᠨ ᠡᠷᠴᠢᠮ ᠢ ᠵᠣᠬᠢᠰᠲᠠᠢ ᠴᠢᠩᠭᠠᠷᠠᠭᠤᠯᠵᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠬᠡᠷᠡᠭᠲᠡᠢ᠃ ᠬᠥᠭᠵᠢᠯᠲᠡ ᠶᠢᠨ ᠬᠡᠷᠡᠭᠴᠡᠭᠡ ᠪᠣᠯᠣᠨ ᠡᠳ᠋ ᠤᠨ ᠵᠠᠰᠠᠭ ᠤᠨ ᠦᠷᠭᠦᠯᠵᠢᠯᠡᠬᠦ᠋ᠢᠴᠡ ᠴᠢᠨᠠᠷ ᠢ ᠶᠡᠷᠦᠩᠬᠡᠶᠢᠯᠡᠨ ᠪᠣᠳᠣᠯᠬᠢᠯᠠᠵᠤ᠂ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠣᠷᠣᠨ ᠵᠠᠢ ᠶᠢ ᠰᠠᠶᠢᠲᠤᠷ ᠬᠡᠷᠡᠭᠯᠡᠨ᠂ ᠲᠥᠷᠥ ᠶᠢᠨ ᠪᠣᠳᠣᠯᠭ᠎ᠠ ᠶᠢᠨ ᠪᠠᠭᠠᠵᠢ ᠶᠢᠨ ᠨᠡᠶᠢᠯᠡᠯ ᠢ ᠰᠢᠯᠢᠳᠡᠭᠵᠢᠭᠦᠯᠦᠨ᠎ᠡ᠃ ᠤᠯᠠᠭᠠᠨ ᠲᠤᠭ᠎ᠠ ᠶᠢᠨ ᠨᠤᠷᠮ᠎ᠠ ᠶᠢ 3%᠎ ᠪᠠᠷ ᠲᠣᠬᠢᠷᠠᠭᠤᠯᠤᠨ᠂ ᠤᠯᠠᠭᠠᠨ ᠲᠤᠭ᠎ᠠ ᠶᠢᠨ ᠬᠡᠪᠴᠢᠶ᠎ᠡ ᠶᠢ 4.06 ᠲᠦᠮᠡᠨ ᠳ᠋ᠦᠩᠰᠢᠭᠤᠷ ᠲᠥᠭᠦᠷᠢᠭ ᠪᠠᠶᠢᠯᠭᠠᠵᠤ᠂ ᠲᠦᠷᠦᠭᠦᠥ ᠵᠢᠯ ᠤᠨ ᠵᠢᠯ ᠤᠨ ᠡᠬᠢᠨ ᠤ ᠲᠥᠰᠥᠪ ᠠᠴᠠ 1800 ᠳ᠋ᠦᠩᠰᠢᠭᠤᠷ ᠲᠥᠭᠦᠷᠢᠭ ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ᠃ ᠵᠢᠱᠢᠯᠲᠡ ᠪᠠᠷ ᠡᠨᠡ ᠵᠢᠯ ᠤᠨ ᠡᠳ᠋ ᠤᠨ ᠵᠠᠰᠠᠭ ᠤᠨ ᠣᠷᠣᠯᠭ᠎ᠠ ᠦᠷᠭᠦᠯᠵᠢᠯᠡᠨ ᠰᠡᠷᠭᠦᠵᠦ ᠨᠡᠮᠡᠭᠳᠡᠬᠦ ᠶᠢᠨ ᠳᠡᠭᠡᠷ᠎ᠡ ᠰᠢᠯᠵᠢᠭᠦᠯᠦᠨ ᠣᠷᠣᠭᠤᠯᠬᠤ ᠪᠡᠯᠡ ᠮᠥᠩᠭᠦ ᠵᠡᠷᠭᠡ ᠶᠢ ᠨᠡᠮᠡᠪᠡᠯ᠂ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ ᠬᠡᠪᠴᠢᠶ᠎ᠡ 28.5 ᠲᠦᠮᠡᠨ ᠳ᠋ᠦᠩᠰᠢᠭᠤᠷ ᠲᠥᠭᠦᠷᠢᠭ ᠪᠣᠯᠵᠤ᠂ ᠲᠦᠷᠦᠭᠦᠦ ᠵᠢᠯ ᠤᠨ ᠬᠢ ᠠᠴᠠ 1.1 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠨ᠎ᠡ᠃ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ 3.9 ᠲᠦᠮᠡᠨ ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠲᠦᠷᠦᠭᠦᠦ ᠵᠢᠯ ᠤᠨ ᠬᠢ ᠠᠴᠠ 1000 ᠳ᠋ᠦᠩᠰᠢᠭᠤᠷ ᠲᠥᠭᠦᠷᠢᠭ ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ᠃ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠬᠢᠴᠠ ᠳᠤᠮᠳᠠᠬᠢ ᠵᠠᠷᠢᠮ ᠴᠢᠬᠤᠯᠠ ᠶᠡᠭᠡ ᠲᠥᠰᠥᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠬᠦ ᠶᠢᠨ ᠲᠥᠯᠥᠭᠡ᠂ ᠡᠨᠡ ᠵᠢᠯ ᠠᠴᠠ ᠡᠬᠢᠯᠡᠨ ᠵᠠᠯᠭᠠᠭ᠎ᠠ ᠪᠠᠷ ᠬᠡᠳᠦᠨ ᠵᠢᠯ ᠭᠡᠳᠥ ᠤᠷᠲᠤ ᠬᠤᠭᠤᠴᠠᠭᠠᠨ ᠤ ᠣᠨᠴᠠᠭᠠᠢ ᠤᠯᠤᠰ ᠤᠨ ᠵᠢᠭᠡᠯᠡᠯᠭᠡ ᠲᠠᠷᠬᠠᠭᠠᠵᠤ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠪᠠ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ ᠳᠤ ᠲᠤᠰᠬᠠᠢ ᠬᠡᠷᠡᠭᠯᠡᠭᠦᠯᠵᠦ᠂ ᠡᠨᠡ ᠵᠢᠯ ᠤᠷᠢᠳ ᠢᠶᠠᠷ ᠲᠦᠮᠡᠨ ᠳ᠋ᠦᠩᠰᠢᠭᠤᠷ ᠲᠥᠭᠦᠷᠢᠭ ᠲᠠᠷᠬᠠᠭᠠᠬᠤ ᠪᠠᠷ ᠲᠥᠯᠥᠪᠯᠡᠵᠦ ᠪᠠᠶᠢᠨ᠎ᠠ᠃ ᠣᠳᠣ ᠣᠯᠠᠨ ᠲᠠᠯ᠎ᠠ ᠪᠠᠷ ᠴᠥᠮ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢ ᠨᠡᠮᠡᠭᠳᠡᠭᠦᠯᠬᠦ ᠴᠢᠬᠤᠯᠠᠲᠠᠢ ᠪᠣᠯᠬᠤᠷ ᠵᠠᠷᠤᠯᠭ᠎ᠠ ᠶᠢᠨ ᠪᠦᠲᠦᠴᠡ ᠶᠢ ᠶᠡᠭᠡ ᠪᠠᠷ ᠰᠢᠯᠢᠳᠡᠭᠵᠢᠭᠦᠯᠦᠨ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ᠪᠠ ᠠᠷᠠᠳ ᠤᠨ ᠦᠨᠳᠦᠰᠦᠨ ᠠᠮᠢᠳᠤᠷᠠᠯ ᠤᠨ ᠡᠳ᠋ ᠤᠨ ᠬᠦᠴᠦᠨ ᠤ ᠪᠠᠲᠤᠯᠠᠭ᠎ᠠ ᠶᠢ ᠴᠢᠩᠭᠠᠳᠬᠠᠵᠤ᠂ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠬᠤ ᠬᠡᠷᠡᠭᠲᠡᠢ᠃ ᠲᠥᠪ ᠤᠨ ᠡᠳ᠋ ᠤᠨ ᠵᠠᠰᠠᠭ ᠠᠴᠠ ᠣᠷᠣᠨ ᠨᠤᠲᠤᠭ ᠲᠤ ᠲᠡᠩᠴᠡᠭᠦᠷᠢᠰᠢᠭᠦᠯᠬᠦ ᠴᠢᠨᠠᠷᠲᠠᠢ ᠰᠢᠯᠵᠢᠭᠦᠯᠦᠨ ᠥᠭᠬᠦ ᠡᠷᠴᠢᠮ ᠢᠶᠠᠨ ᠴᠢᠩᠭᠠᠷᠠᠭᠤᠯᠵᠤ᠂ ᠬᠦᠴᠢᠷᠳᠡᠯ ᠲᠠᠢ ᠭᠠᠵᠠᠷ ᠣᠷᠣᠨ ᠲᠡᠶᠢᠰᠢ ᠵᠣᠬᠢᠰᠲᠠᠢ ᠬᠡᠯᠪᠠᠶᠢᠯᠭᠡᠵᠦ᠂ ᠮᠤᠵᠢ ᠶᠢᠨ ᠱᠠᠲᠤᠨ ᠤ ᠵᠠᠰᠠᠭ ᠤᠨ ᠣᠷᠳᠣᠨ ᠡᠳ᠋ ᠤᠨ ᠬᠦᠴᠦᠨ ᠤ ᠬᠤᠪᠢᠶᠠᠷᠢᠯᠠᠯᠲᠠ ᠶᠢ ᠳᠣᠷᠣᠭᠰᠢ ᠪᠠᠭᠤᠯᠭᠠᠬᠤ ᠶᠢ ᠠᠬᠢᠭᠤᠯᠵᠤ᠂ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠬᠢᠵᠠᠭᠠᠷ ᠱᠤᠭᠤᠮ ᠢ ᠪᠠᠲᠤ ᠰᠠᠬᠢᠬᠤ ᠬᠡᠷᠡᠭᠲᠡᠢ᠃ ᠪᠦᠲᠦᠴᠡ ᠶᠢᠨ ᠴᠢᠨᠠᠷᠲᠠᠢ ᠪᠠᠷ ᠭᠠᠶᠢᠯᠢ ᠬᠥᠩᠭᠡᠯᠡᠨ ᠰᠦᠢᠳᠬᠡᠯ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠪᠠ ᠦᠢᠯᠡᠳᠬᠦ ᠦᠢᠯᠡᠰ ᠤᠨ ᠬᠥᠭᠵᠢᠯᠲᠡ ᠶᠢ ᠭᠤᠣᠯᠳᠠᠯᠭ᠎ᠠ ᠲᠠᠢ ᠪᠠᠷ ᠲᠡᠮᠵᠢᠨ᠎ᠠ᠃ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠡᠳ᠋ ᠤᠨ ᠶᠠᠪᠤᠳᠠᠯ ᠤᠨ ᠨᠢᠭᠲᠠᠯᠠᠨ ᠪᠣᠳᠣᠯᠲᠠ ᠶᠢᠨ ᠬᠢᠨᠠᠯᠲᠠ ᠲᠠᠯᠪᠢᠬᠤ ᠶᠢ ᠴᠢᠩᠭᠠᠳᠬᠠᠵᠤ᠂ ᠦᠡᠭᠭᠡᠨ ᠲᠠᠯ᠎ᠠ ᠶᠢᠨ ᠢᠨᠵᠧᠨᠧᠷᠢᠩ᠂ ᠳᠦᠷᠢ ᠲᠥᠷᠬᠦ ᠶᠢᠨ ᠢᠨᠵᠧᠨᠧᠷᠢᠩ ᠬᠢᠬᠦ ᠶᠢ ᠴᠢᠩᠭ᠎ᠠ ᠴᠠᠭᠠᠵᠠᠯᠠᠵᠤ᠂ ᠪᠦᠷᠢᠯᠭᠡᠨ ᠰᠦᠢᠳᠬᠡᠬᠦ ᠶᠢ ᠡᠷᠡᠰ ᠬᠤᠷᠢᠭᠯᠠᠨ ᠵᠣᠭᠰᠣᠭᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠭᠠᠮᠨᠠᠨ ᠠᠮᠢᠳᠤᠷᠠᠬᠤ ᠳᠠᠳᠬᠠᠯ ᠲᠠᠢ ᠪᠣᠯᠵᠤ᠂ ᠦᠨᠡᠨ ᠬᠦ ᠨᠠᠷᠢᠯᠢᠭ ᠪᠤᠳᠤᠵᠤ ᠨᠢᠮᠪᠠᠢ ᠲᠥᠯᠥᠪᠯᠡᠨ᠂ ᠡᠳ᠋ ᠤᠨ ᠵᠠᠰᠠᠭ ᠤᠨ ᠪᠡᠯᠡ ᠮᠥᠩᠭᠦ ᠶᠢ ᠦᠨᠡᠨ ᠬᠦ ᠴᠢᠬᠤᠯᠠᠲᠠᠢ ᠭᠠᠵᠠᠷ ᠲᠤᠨᠢ ᠬᠡᠷᠡᠭᠯᠡᠵᠦ᠂ ᠪᠣᠳᠠᠲᠤ ᠦᠷ᠎ᠡ ᠪᠦᠲᠦᠮᠵᠢ ᠭᠠᠷᠭᠠᠬᠤ ᠬᠡᠷᠡᠭᠲᠡᠢ᠃             ᠵᠣᠭᠤᠰᠤᠨ ᠤ ᠯᠠᠪᠳᠠᠭᠤᠨ ᠲᠦᠷᠦ ᠶᠢᠨ ᠪᠣᠳᠣᠯᠭ᠎ᠠ ᠶᠢ ᠠᠮᠢᠳᠤᠯᠢᠭ ᠪᠥᠭᠡᠳ ᠲᠣᠬᠢᠷᠠᠮᠵᠢᠲᠠᠢ᠂ ᠨᠠᠷᠢᠯᠢᠭ ᠣᠨᠣᠴᠠᠲᠠᠢ ᠪᠥᠭᠡᠳ ᠪᠦᠲᠦᠮᠵᠢᠲᠡᠶ ᠪᠠᠶᠢᠯᠭᠠᠬᠤ ᠬᠡᠷᠡᠭᠲᠡᠢ᠃ ᠭᠦᠢᠯᠭᠡᠭᠡᠨ ᠤ ᠴᠢᠨᠠᠷ ᠢ ᠵᠦᠢ ᠵᠣᠬᠢᠰᠲᠠᠢ ᠪᠥᠭᠡᠳ ᠭᠦᠢᠴᠡᠳ ᠲᠡᠭᠦᠯᠳᠡᠷ ᠪᠠᠶᠢᠯᠭᠠᠵᠤ᠂ ᠨᠡᠶᠢᠭᠡᠮ ᠤᠨ ᠪᠡᠯᠡ ᠲᠣᠬᠢᠷᠠᠭᠤᠯᠬᠤ ᠬᠡᠪᠴᠢᠶ᠎ᠡ᠂ ᠵᠣᠭᠤᠰᠤᠨ ᠤ ᠬᠠᠩᠭᠠᠯᠭ᠎ᠠ ᠶᠢᠨ ᠬᠡᠮᠵᠢᠶ᠎ᠡ ᠶᠢ ᠠᠵᠤ ᠠᠬᠤᠢ ᠶᠢᠨ ᠨᠡᠮᠡᠭᠳᠡᠯ ᠪᠠ ᠦᠨ᠎ᠡ ᠬᠠᠩᠰᠢ ᠶᠢᠨ ᠲᠦᠪᠰᠢᠨ ᠤ ᠵᠢᠱᠢᠭᠰᠡᠨ ᠬᠠᠷᠠᠯᠲᠠ ᠯᠤᠭ᠎ᠠ ᠵᠣᠬᠢᠴᠠᠭᠤᠯᠤᠨ᠎ᠠ᠃ ᠶᠡᠷᠦᠩᠬᠡᠢ ᠬᠡᠮᠵᠢᠶ᠎ᠡ ᠪᠠ ᠪᠦᠲᠦᠴᠡ ᠶᠢᠨ ᠳᠠᠪᠬᠤᠷ ᠲᠣᠬᠢᠷᠠᠭᠤᠯᠭ᠎ᠠ ᠶᠢ ᠴᠢᠩᠭᠠᠳᠬᠠᠵᠤ᠂ ᠬᠠᠳᠠᠭᠠᠯᠠᠯᠲᠠ ᠶᠢ ᠠᠮᠢᠳᠤᠯᠢᠭᠵᠢᠭᠤᠯᠤᠨ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠭᠤᠣᠯᠳᠠᠯᠭ᠎ᠠ ᠲᠠᠢ ᠬᠦᠷᠢᠶ᠎ᠡ ᠪᠠ ᠪᠠᠭᠤᠷᠠᠢ ᠭᠤᠭᠴᠤᠭ᠎ᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠨᠡᠶᠢᠭᠡᠮ ᠤᠨ ᠶᠡᠷᠦᠩᠬᠡᠶᠢᠯᠡᠭᠰᠡᠨ ᠪᠡᠯᠡ ᠲᠣᠬᠢᠷᠠᠭᠤᠯᠭ᠎ᠠ ᠶᠢᠨ ᠥᠪᠡᠷ ᠤᠨ ᠦᠷᠳᠡᠭ ᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠪᠠᠭᠤᠷᠠᠭᠤᠯᠬᠤ ᠶᠢ ᠠᠬᠢᠭᠤᠯᠤᠨ᠎ᠠ᠃ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠳᠠᠮᠵᠢᠭᠤᠯᠬᠤ ᠲᠣᠭᠲᠠᠴᠠ ᠶᠢ ᠰᠠᠭᠠᠳ ᠦᠭᠡᠢ ᠨᠠᠪᠲᠠᠷᠡᠭᠦᠯᠵᠦ᠂ ᠪᠡᠯᠡ ᠮᠥᠩᠭᠦ ᠶᠢᠨ ᠰᠤᠯᠠ ᠳᠠᠷᠤᠭᠳᠠᠬᠤ ᠪᠠ ᠬᠤᠭᠤᠰᠤᠨ ᠡᠷᠭᠢᠯᠳᠦᠬᠦ ᠠᠴᠠ ᠵᠠᠶᠢᠯᠠᠰᠬᠢᠨ᠎ᠡ᠃ ᠬᠥᠷᠥᠩᠭᠡ ᠶᠢᠨ ᠵᠠᠬ᠎ᠠ ᠳᠡᠯᠭᠡᠭᠦᠷ ᠤᠨ ᠳᠣᠲᠣᠭᠠᠳᠤ ᠶᠢᠨ ᠲᠣᠭᠲᠠᠪᠤᠷᠢᠲᠤ ᠴᠢᠨᠠᠷ ᠢ ᠨᠡᠮᠡᠭᠳᠡᠭᠦᠯᠦᠨ᠎ᠡ᠃ ᠠᠷᠠᠳ ᠤᠨ ᠵᠣᠭᠤᠰ ᠤᠨ ᠭᠤᠪᠢᠭᠤᠯᠭ᠎ᠠ ᠶᠢᠨ ᠨᠤᠷᠮ᠎ᠠ ᠶᠢᠨ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ ᠳᠡᠭᠡᠷ᠎ᠡ ᠦᠨᠳᠦᠰᠦᠨ ᠳᠡᠭᠡᠨ ᠲᠣᠭᠲᠠᠭᠤᠨ ᠪᠠᠶᠢᠬᠤ ᠶᠢ ᠪᠠᠲᠤᠯᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡ᠂ ᠨᠣᠭᠤᠭᠠᠨ ᠮᠥᠩᠭᠦᠨ ᠭᠦᠢᠯᠭᠡᠭᠡ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ᠂ ᠨᠠᠰᠤᠵᠢᠯ ᠤᠨ ᠠᠰᠠᠷᠠᠮᠵᠢ ᠶᠢᠨ ᠮᠥᠩᠭᠦᠨ ᠭᠦᠢᠯᠭᠡᠭᠡ᠂ ᠳ᠋ᠢᠵᠢᠲ᠋ᠠᠯ ᠮᠥᠩᠭᠦᠨ ᠭᠦᠢᠯᠭᠡᠭᠡ ᠶᠢ ᠶᠡᠭᠡ ᠪᠠᠷ ᠬᠥᠭᠵᠢᠭᠦᠯᠦᠨ᠎ᠡ᠃ ᠪᠡᠯᠡ ᠲᠣᠬᠢᠷᠠᠭᠤᠯᠭ᠎ᠠ ᠶᠢᠨ ᠢᠲᠡᠭᠡᠮᠵᠢ ᠶᠢ ᠨᠡᠮᠡᠭᠳᠡᠭᠦᠯᠬᠦ᠂ ᠲᠦᠭᠰᠢᠭᠦᠷᠢ ᠶᠢ ᠬᠤᠪᠢᠶᠠᠨ ᠡᠭᠦᠷᠭᠡᠯᠡᠬᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠵᠡᠷᠭᠡ ᠢᠵᠢ ᠪᠦᠷᠢᠳᠦᠭᠰᠡᠨ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠬᠡᠷᠡᠭᠴᠡᠭᠡ ᠶᠢ ᠨᠠᠩ ᠰᠠᠶᠢᠨ ᠬᠠᠩᠭᠠᠨ᠎ᠠ᠃             ᠬᠤᠷᠸ᠎ᠠ ᠲᠦᠷᠦ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠴᠢᠩᠭᠠᠳᠬᠠᠨ᠎ᠠ᠃ ᠬᠥᠭᠵᠢᠯᠲᠡ ᠶᠢᠨ ᠶᠡᠭᠡ ᠲᠠᠯ᠎ᠠ ᠲᠠᠢ ᠤᠶᠠᠯᠳᠤᠭᠤᠯᠵᠤ᠂ ᠡᠳ᠋ ᠤᠨ ᠵᠠᠰᠠᠭ᠂ ᠵᠣᠭᠤᠰ᠂ ᠠᠵᠢᠯ ᠣᠯᠭᠤᠯᠲᠠ᠂ ᠠᠵᠤ ᠦᠢᠯᠡᠰ᠂ ᠣᠷᠣᠨ ᠪᠦᠰᠡ ᠂ ᠰᠢᠨᠵᠢᠯᠡᠬᠦ ᠤᠬᠠᠭᠠᠨ ᠮᠡᠷᠭᠡᠵᠢᠯ᠂ ᠣᠷᠴᠢᠨ ᠠᠬᠤᠢ ᠶᠢᠨ ᠬᠠᠮᠠᠭᠠᠯᠠᠯᠲᠠ ᠵᠡᠷᠭᠡ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠠᠵᠤ ᠠᠬᠤᠢ ᠶᠢᠨ ᠪᠤᠰᠤ ᠲᠥᠷᠥ ᠶᠢᠨ ᠪᠣᠳᠣᠯᠭ᠎ᠠ ᠶᠢ ᠬᠤᠷᠸ᠎ᠠ ᠲᠥᠷᠥ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠤᠨ ᠦᠨᠡᠯᠡᠨ ᠵᠢᠱᠢᠯᠲᠡ ᠳᠤ ᠣᠷᠣᠭᠤᠯᠵᠤ᠂ ᠲᠥᠷᠥ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠨ᠂ ᠢᠵᠢᠯ ᠴᠢᠭᠯᠡᠯ ᠢᠶᠠᠷ ᠬᠦᠴᠦᠯᠡᠵᠦ᠂ ᠨᠡᠶᠢᠯᠡᠯ ᠬᠦᠴᠦᠨ ᠢ ᠪᠦᠷᠢᠯᠳᠦᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠦᠷᠦ ᠶᠢᠨ ᠪᠣᠳᠣᠯᠭ᠎ᠠ ᠲᠣᠭᠲᠠᠭᠠᠬᠤ ᠳᠠᠭᠠᠨ ᠡᠯ᠎ᠡ ᠲᠠᠯ᠎ᠠ ᠶᠢᠨ ᠬᠢᠨ ᠤ ᠰᠠᠨᠠᠯ ᠢ ᠬᠢᠨᠠᠮᠠᠭᠠᠢ ᠰᠣᠨᠣᠰᠬᠤ ᠪᠠ ᠰᠢᠩᠭᠡᠬᠡᠨ ᠠᠪᠴᠤ᠂ ᠠᠵᠤ ᠠᠬᠤᠶᠢᠯᠠᠯ ᠳᠤ ᠬᠤᠯᠪᠣᠭᠳᠠᠬᠤ ᠲᠦᠷᠦ ᠶᠢᠨ ᠪᠣᠳᠣᠯᠭ᠎ᠠ ᠶᠢᠨ ᠵᠠᠬ᠎ᠠ ᠳᠡᠯᠭᠡᠭᠦᠷ ᠲᠠᠢ ᠨᠡᠪᠲᠡᠷᠡᠯᠴᠡᠬᠦ ᠪᠠ ᠠᠵᠤ ᠠᠬᠤᠶᠢᠯᠠᠯ ᠤᠨ ᠠᠩᠬᠠᠷᠤᠯ ᠲᠠᠯᠪᠢᠵᠤ ᠪᠠᠶᠢᠭ᠎ᠠ ᠵᠦᠢᠯ ᠳᠤ ᠬᠠᠷᠢᠭᠤᠯᠲᠠ ᠥᠭᠬᠦ ᠶᠢ ᠴᠢᠬᠤᠯᠠᠴᠢᠯᠠᠬᠤ ᠬᠡᠷᠡᠭᠲᠡᠢ᠃ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠳᠡᠭᠡᠨ ᠬᠠᠮᠵᠢᠯᠴᠠᠵᠤ ᠬᠤᠯᠪᠣᠯᠳᠤᠨ ᠬᠥᠳᠡᠯᠦᠯᠴᠡᠬᠦ ᠶᠢ ᠴᠢᠩᠭᠠᠳᠬᠠᠵᠤ᠂ ᠨᠡᠶᠢᠯᠡᠮᠡᠯ ᠦᠢᠯᠡᠳᠦᠯ ᠢ ᠶᠡᠬᠡᠰᠬᠡᠵᠦ᠂ ᠨᠢᠭᠡ ᠶᠢ ᠨᠢ ᠠᠩᠬᠠᠷᠤᠭᠠᠳ ᠨᠦᠭᠦᠭᠡ ᠶᠢ ᠨᠢ ᠤᠷᠭᠢᠬᠤ ᠪᠠ ᠬᠠᠷᠢᠯᠴᠠᠨ ᠬᠠᠷᠰᠢᠯᠠᠬᠤ ᠠᠴᠠ ᠰᠡᠷᠭᠡᠶᠢᠯᠡᠬᠦ ᠬᠡᠷᠡᠭᠲᠡᠢ᠃             ᠨᠥᠭᠡᠴᠡ ᠲᠥᠷᠥ ᠶᠢᠨ ᠪᠣᠳᠣᠯᠭ᠎ᠠ ᠶᠢ ᠰᠤᠳᠤᠯᠬᠤ ᠳᠠᠭᠠᠨ ᠪᠠᠷᠠᠯᠠᠭᠢᠯᠠᠯᠲᠤ ᠴᠢᠨᠠᠷ ᠢ ᠨᠢ ᠴᠢᠩᠭᠠᠷᠠᠭᠤᠯᠤᠨ᠂ ᠪᠠᠭᠠᠵᠢ ᠶᠢᠨ ᠬᠠᠶᠢᠷᠴᠠᠭ ᠢ ᠨᠢ ᠪᠠᠶᠠᠯᠢᠭᠵᠢᠭᠤᠯᠬᠤ ᠶᠢᠨ ᠬᠠᠮᠲᠤ ᠦᠯᠡᠭᠦᠴᠡ ᠵᠠᠢ ᠦᠯᠡᠳᠡᠭᠡᠨ᠂ ᠴᠢᠬᠤᠯᠠᠲᠠᠢ ᠦᠶ᠎ᠡ ᠳᠤ ᠴᠠᠭ ᠲᠤᠬᠠᠢ ᠳᠤᠨᠢ ᠬᠡᠷᠡᠭᠵᠢᠭᠦᠯᠬᠦ ᠪᠠ ᠦᠢᠯᠡᠳᠦᠯ ᠢ ᠨᠢ ᠪᠦᠲᠦᠮᠵᠢᠲᠡᠢ ᠪᠠᠳᠠᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠮᠥᠷᠳᠡᠨ ᠦᠨᠡᠯᠡᠨ ᠵᠢᠱᠢᠬᠦ ᠶᠢ ᠴᠢᠩᠭᠠᠳᠬᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠲᠠᠭᠠᠰᠢᠶᠠᠯ ᠤᠨ ᠬᠡᠮᠵᠢᠶ᠎ᠡ ᠪᠠᠷ ᠴᠢᠬᠤᠯᠠ ᠪᠠᠷᠢᠮᠵᠢᠶ᠎ᠠ ᠪᠤᠯᠭᠠᠵᠤ᠂ ᠴᠠᠭ ᠲᠤᠬᠠᠢ ᠳᠤᠨᠢ ᠲᠣᠬᠢᠷᠠᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ ᠨᠠᠷᠢᠯᠢᠭ ᠣᠨᠣᠴᠠᠲᠠᠢ ᠰᠠᠶᠢᠲᠤᠷ ᠬᠢᠵᠦ᠂ ᠲᠣᠭᠲᠠᠭᠤᠨ ᠪᠥᠭᠡᠳ ᠢᠯᠡ ᠲᠣᠳᠣ ᠵᠢᠱᠢᠵᠦ ᠪᠣᠯᠬᠤᠶᠢᠴᠠ ᠲᠦᠷᠦ ᠶᠢᠨ ᠪᠣᠳᠣᠯᠭ᠎ᠠ ᠶᠢᠨ ᠣᠷᠴᠢᠨ ᠨᠥᠬᠦᠴᠡᠯ ᠢ ᠪᠤᠢ ᠪᠤᠯᠭᠠᠬᠤ ᠬᠡᠷᠡᠭᠲᠡᠢ᠃             ᠡᠨᠡ ᠵᠢᠯ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ᠂ ᠡᠷᠬᠡᠪᠰᠢ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠤᠶᠤᠨ ᠴᠢᠳᠠᠯ ᠢᠶᠠᠨ ᠲᠥᠪᠯᠡᠷᠡᠭᠦᠯᠦᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠢᠰᠲ᠋ᠧᠮ ᠤᠨ ᠦᠵᠡᠯᠲᠡ ᠪᠠᠨ ᠴᠢᠩᠭᠠᠳᠬᠠᠵᠤ᠂ ᠴᠢᠬᠤᠯᠠ ᠶᠡᠭᠡ ᠬᠠᠷᠢᠴᠠᠭ᠎ᠠ ᠶᠢ ᠡᠵᠡᠮᠳᠡᠬᠦ ᠪᠠ ᠰᠠᠶᠢᠲᠤᠷ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠢ ᠪᠦᠬᠦᠯᠢ ᠴᠣᠭᠴᠠ ᠠᠴᠠ ᠨᠢ ᠭᠦᠨᠵᠡᠭᠡᠢ ᠤᠬᠠᠭᠠᠯᠠᠨ ᠲᠥᠯᠥᠪᠯᠡᠬᠦ ᠪᠠ ᠠᠬᠢᠭᠤᠯᠬᠤ ᠬᠡᠷᠡᠭᠲᠡᠢ᠃ ᠶᠠᠰᠤ ᠴᠢᠨᠠᠷ ᠢ ᠲᠡᠷᠢᠭᠦᠨ ᠳᠤ ᠲᠠᠯᠪᠢᠬᠤ᠂ ᠦᠷ᠎ᠡ ᠠᠰᠢᠭ ᠢ ᠤᠷᠢᠳ ᠢᠶᠠᠷ ᠪᠣᠳᠣᠯᠬᠢᠯᠠᠬᠤ ᠶᠢ ᠪᠠᠷᠢᠮᠲᠠᠯᠠᠵᠤ᠂ ᠦᠨᠳᠦᠰᠦ ᠰᠠᠭᠤᠷᠢ ᠪᠠᠨ ᠦᠷᠭᠦᠯᠵᠢᠯᠡᠨ ᠪᠠᠬᠢᠵᠢᠭᠦᠯᠵᠦ᠂ ᠬᠤᠷᠸ᠎ᠠ ᠲᠣᠬᠢᠷᠠᠭᠤᠯᠤᠯ ᠡᠵᠡᠮᠳᠡᠯ ᠤᠨ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢ ᠴᠢᠩᠭᠠᠳᠬᠠᠨ᠂ ᠠᠵᠤ ᠠᠬᠤᠶᠢᠯᠠᠯ ᠪᠣᠯᠣᠨ ᠤᠯᠠᠨ ᠲᠦᠮᠡᠨ ᠤ ᠬᠦᠰᠡᠯ ᠡᠷᠡᠮᠡᠯᠵᠡᠯ ᠤᠨ ᠳᠤᠮᠳᠠ ᠠᠴᠠ ᠠᠵᠢᠯ ᠤᠨ ᠪᠣᠳᠣᠯᠬᠢᠯᠠᠬᠤ ᠴᠡᠭ᠂ ᠲᠦᠷᠦ ᠶᠢᠨ ᠪᠣᠳᠣᠯᠭ᠎ᠠ ᠶᠢᠨ ᠬᠦᠴᠦᠯᠡᠬᠦ ᠴᠡᠭ ᠢ ᠣᠨᠣᠪᠴᠢᠲᠠᠢ ᠡᠷᠢᠵᠦ ᠣᠯᠬᠤ ᠶᠢ ᠴᠢᠬᠤᠯᠠᠴᠢᠯᠠᠨ᠂ ᠪᠦᠭᠦ ᠵᠢᠯ ᠤᠨ ᠨᠡᠮᠡᠭᠳᠡᠯ ᠤᠨ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠰᠠᠶᠢᠨ ᠦᠢᠯᠡᠳᠦᠯᠴᠡᠭᠦᠯᠬᠦ ᠶᠢ ᠪᠠᠷᠢᠮᠲᠠᠯᠠᠵᠤ᠂ ᠠᠮᠤᠷ ᠲᠦᠪᠰᠢᠨ ᠤ ᠬᠢᠵᠠᠭᠠᠷ ᠱᠤᠭᠤᠮ ᠢ ᠪᠠᠲᠤ ᠰᠠᠬᠢᠭᠰᠠᠨ ᠤᠷᠢᠲᠠᠯ ᠳᠣᠣᠷ᠎ᠠ᠂ ᠬᠥᠭᠵᠢᠯᠲᠡ ᠳᠤ ᠨᠡᠩ ᠢᠯᠡᠭᠦᠦ ᠠᠷᠭ᠎ᠠ ᠰᠦᠪᠡᠭᠴᠢᠯᠡᠵᠦ᠂ ᠠᠵᠤ ᠠᠬᠤᠶᠢᠯᠠᠯ ᠳᠤ ᠨᠡᠩ ᠢᠯᠡᠭᠦᠦ ᠬᠦᠴᠦ ᠨᠡᠮᠡᠷᠢᠯᠡᠬᠦ ᠬᠡᠷᠡᠭᠲᠡᠢ᠃ ᠬᠥᠭᠵᠢᠭᠦᠯᠬᠦ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠦᠷᠢᠯᠡᠬᠦ ᠠᠰᠠᠭᠤᠳᠠᠯ ᠳᠤ ᠬᠥᠭᠵᠢᠯᠲᠡ ᠶᠢᠨ ᠰᠡᠳᠬᠢᠬᠦᠢ ᠪᠠᠷ ᠬᠠᠨᠳᠤᠬᠤ ᠶᠢ ᠴᠢᠬᠤᠯᠠᠴᠢᠯᠠᠵᠤ᠂ ᠠᠷᠠᠳ ᠤᠯᠠᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠶᠢᠭ᠎ᠠ ᠵᠦᠢᠯ ᠢ ᠰᠢᠢᠳᠪᠦᠷᠢᠯᠡᠬᠦ ᠳᠤᠮᠳᠠ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠬᠤ ᠬᠡᠷᠡᠭᠲᠡᠢ᠃ ᠦᠨᠳᠦᠰᠦᠨ ᠠᠴᠠ ᠨᠢ ᠠᠪᠴᠤ ᠬᠡᠯᠡᠪᠡᠯ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠥᠭᠡᠷᠡᠴᠢᠯᠡᠯᠲᠡ ᠳᠤ ᠲᠦᠰᠢᠭᠯᠡᠬᠦ ᠬᠡᠷᠡᠭᠲᠡᠢ᠃ ᠪᠢᠳᠡ ᠨᠡᠩ ᠶᠡᠭᠡ ᠡᠷᠡᠰ ᠵᠣᠷᠢᠭ ᠪᠠ ᠡᠷᠴᠢᠮ ᠢᠶᠠᠷ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠦᠨ᠂ ᠪᠦᠲᠦᠮᠵᠢᠲᠡᠢ ᠵᠠᠬ᠎ᠠ ᠳᠡᠯᠭᠡᠭᠦᠷ ᠪᠣᠯᠣᠨ ᠴᠢᠷᠮᠠᠶᠢᠯᠲᠠ ᠲᠠᠢ ᠵᠠᠰᠠᠭ ᠤᠨ ᠣᠷᠳᠣᠨ ᠢ ᠨᠡᠩ ᠰᠠᠶᠢᠨ ᠤᠶᠠᠯᠳᠤᠭᠤᠯᠬᠤ ᠶᠢ ᠠᠬᠢᠭᠤᠯᠵᠤ᠂ ᠨᠡᠶᠢᠭᠡᠮ ᠤᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠨ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢᠨ ᠨᠡᠩ ᠶᠡᠭᠡ ᠰᠢᠨ᠎ᠡ ᠠᠮᠵᠢᠯᠲᠠ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃             ᠭᠤᠷᠪᠠ᠂ 2024 ᠣᠨ ᠤ ᠵᠠᠰᠠᠭ ᠤᠨ ᠣᠷᠳᠣᠨ ᠤ ᠠᠵᠢᠯ ᠤᠨ ᠡᠭᠦᠷᠭᠡ             ᠨᠠᠮ ᠤᠨ ᠲᠥᠪ ᠬᠤᠷᠢᠶ᠎ᠠ ᠡᠨᠡ ᠵᠢᠯ ᠤᠨ ᠠᠵᠢᠯ ᠳᠤ ᠪᠦᠭᠦ ᠲᠠᠯ᠎ᠠ ᠶᠢᠨ ᠪᠠᠶᠢᠷᠢᠯᠠᠭᠤᠯᠤᠯᠲᠠ ᠬᠢᠵᠡᠢ᠂ ᠪᠢᠳᠡ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯ ᠵᠥᠷᠢᠴᠡᠯ ᠢ ᠴᠢᠩᠭ᠎ᠠ ᠠᠳᠬᠤᠵᠤ᠂ ᠪᠣᠭᠤᠮᠢ ᠬᠢᠵᠠᠭᠠᠷᠯᠠᠯ ᠢ ᠬᠦᠴᠦᠯᠡᠨ ᠰᠢᠪᠲᠤᠯᠵᠤ᠂ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃             ︵ᠨᠢᠭᠡ︶᠎  ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠯᠡᠨ ᠬᠥᠭᠵᠢᠭᠦᠯᠦᠨ᠎ᠡ᠃ ᠰᠢᠨ᠎ᠡ ᠶᠢ ᠡᠭᠦᠳᠬᠦ ᠶᠢᠨ ᠭᠤᠣᠯ ᠤᠳᠤᠷᠢᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠪᠠᠷ ᠠᠵᠤ ᠦᠢᠯᠡᠰ ᠤᠨ ᠰᠢᠨ᠎ᠡ ᠡᠭᠦᠳᠦᠯᠲᠡ ᠶᠢ ᠠᠬᠢᠭᠤᠯᠵᠤ᠂ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠲᠦᠷᠭᠡᠯᠡᠨ ᠠᠬᠢᠭᠤᠯᠵᠤ᠂ ᠪᠦᠭᠦ ᠡᠯᠧᠮᠧᠨ᠋ᠲ ᠤᠨ ᠦᠢᠯᠡᠳᠪᠦᠷᠢᠯᠡᠯ ᠤᠨ ᠨᠤᠷᠮ᠎ᠠ ᠶᠢ ᠳᠡᠭᠡᠭᠰᠢᠯᠡᠭᠦᠯᠦᠨ᠂ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠰᠢᠨ᠎ᠡ ᠳᠠᠪᠠᠭᠤᠯᠢᠭ ᠢ ᠲᠠᠰᠤᠷᠠᠯᠲᠠ ᠦᠭᠡᠢ ᠪᠤᠶ ᠪᠤᠯᠭᠠᠵᠤ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠤ ᠰᠢᠨ᠎ᠡ ᠳᠡᠭᠡᠭᠰᠢᠯᠡᠯᠲᠡ ᠶᠢ ᠠᠬᠢᠭᠤᠯᠤᠨ᠎ᠠ᠃             ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠠᠵᠢᠯᠯᠠᠭ᠎ᠠ ᠶᠢ ᠪᠠᠲᠤᠯᠠᠨ᠎ᠠ᠃ ᠦᠢᠯᠡᠳᠬᠦ ᠦᠢᠯᠡᠰ ᠤᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠴᠢᠨᠠᠷ ᠰᠠᠶᠢᠲᠠᠢ ᠬᠥᠭᠵᠢᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠳᠤᠲᠠᠭᠤᠳᠠᠯ ᠢᠶᠠᠨ ᠨᠥᠬᠦᠪᠦᠷᠢᠯᠡᠬᠦ᠂ ᠳᠠᠪᠠᠭᠤᠯᠢᠭ ᠢᠶᠠᠨ ᠪᠠᠳᠠᠷᠠᠭᠤᠯᠬᠤ᠂ ᠰᠢᠨ᠎ᠡ ᠳᠠᠪᠠᠭᠤᠯᠢᠭ ᠢ ᠪᠤᠢ ᠪᠤᠯᠭᠠᠬᠤ ᠪᠠᠷ ᠬᠦᠴᠦᠯᠡᠵᠦ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠠ ᠥᠷᠢᠰᠦᠯᠳᠦᠬᠦ ᠬᠦᠴᠦᠨ ᠢ ᠴᠢᠩᠭᠠᠳᠬᠨ᠎ᠠ᠃ ᠦᠢᠯᠡᠳᠬᠦ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠬᠢᠵᠦ ᠳᠡᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠲᠡᠷᠢᠭᠦᠨ ᠤ ᠦᠢᠯᠡᠳᠬᠦ ᠦᠢᠯᠡᠰ ᠤᠨ ᠪᠥᠭᠡᠭᠡᠨᠡᠷᠡᠯ ᠢ ᠪᠤᠶᠢᠵᠢᠭᠤᠯᠤᠨ ᠪᠤᠵᠠᠭᠠᠶᠢᠷᠠᠭᠤᠯᠵᠤ᠂ ᠤᠯᠤᠰ ᠤᠨ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠵᠢᠱᠢᠶ᠎ᠡ ᠦᠵᠡᠭᠦᠯᠭᠦ ᠣᠷᠣᠨ ᠢ ᠡᠭᠦᠳᠦᠨ ᠪᠠᠶᠢᠭᠤᠯᠵᠤ᠂ ᠤᠯᠠᠮᠵᠢᠯᠠᠯᠲᠤ ᠠᠵᠤ ᠦᠢᠯᠡᠰ ᠢ ᠳᠡᠭᠡᠳᠦ ᠲᠡᠰᠴᠢᠯᠡᠭᠦ᠂ ᠣᠶᠤᠨᠴᠢᠯᠠᠬᠤ᠂ ᠨᠤᠭᠤᠭᠠᠨᠵᠢᠭᠤᠯᠬᠤ ᠭᠡᠯᠪᠡᠷᠢ ᠶᠢᠨ ᠬᠤᠪᠢᠷᠠᠭᠤᠯᠤᠯᠲᠠ ᠶᠢ ᠠᠬᠢᠭᠤᠯᠤᠨ᠎ᠠ᠃ ᠤᠳᠤ ᠦᠶ᠎ᠡ ᠶᠢᠨ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠲᠦᠷᠭᠡᠯᠡᠨ ᠬᠥᠭᠵᠢᠭᠦᠯᠦᠨ᠎ᠡ᠃ ᠳᠤᠮᠳᠠ ᠵᠢᠵᠢᠭ ᠠᠵᠤ ᠠᠬᠤᠶᠢᠯᠠᠯ ᠤᠨ ᠲᠤᠰᠬᠠᠢ ᠨᠠᠷᠢᠯᠢᠭ ᠥᠪᠡᠷᠮᠢᠴᠡ ᠰᠢᠨ᠎ᠡ ᠬᠥᠭᠵᠢᠯᠲᠡ ᠶᠢ ᠠᠬᠢᠭᠤᠯᠤᠨ᠎ᠠ᠃ ᠤᠷᠠᠨ ᠲᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠎ᠠ᠃ ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ ᠪᠠ ᠶᠠᠰᠤ ᠴᠢᠨᠠᠷ ᠢᠶᠠᠷ ᠲᠤᠯᠭᠠᠭᠤᠷᠢᠯᠠᠬᠤ ᠶᠢ ᠴᠢᠩᠭᠠᠳᠬᠠᠵᠤ᠂ ᠳᠡᠯᠡᠬᠡᠢ ᠳᠡᠭᠡᠷ᠎ᠡ ᠨᠥᠯᠥᠭᠡᠯᠡᠬᠦ ᠬᠦᠴᠦᠨ ᠪᠦᠬᠦᠢ ︽ᠳᠤᠮᠳᠠᠳᠤ ᠤᠯᠤᠰ ᠤᠨ ᠦᠢᠯᠡᠳᠬᠦ ᠦᠢᠯᠡᠰ︾ ᠎ ᠤᠨ ᠨᠠᠷᠠᠲᠤ ᠲᠡᠮᠳᠡᠭ ᠢ ᠨᠠᠩ ᠣᠯᠠᠨ ᠪᠤᠶ ᠪᠣᠯᠭᠠᠨ᠎ᠠ᠃             ᠰᠢᠨ᠎ᠡ ᠪᠠᠷ ᠬᠥᠭᠵᠢᠭᠰᠡᠨ ᠠᠵᠤ ᠦᠢᠯᠡᠰ ᠪᠠ ᠢᠷᠡᠭᠡᠳᠦᠢ ᠶᠢᠨ ᠠᠵᠤ ᠦᠢᠯᠡᠰ ᠢ ᠢᠳᠡᠪᠬᠢᠲᠡᠢ ᠪᠤᠶᠢᠵᠢᠭᠤᠯᠤᠨ᠎ᠠ᠃ ᠠᠵᠤ ᠦᠢᠯᠡᠰ ᠤᠨ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠢᠨᠵᠧᠨᠧᠷᠢᠩ ᠢ ᠬᠡᠷᠡᠭᠵᠢᠭᠦᠯᠵᠦ᠂ ᠠᠵᠤ ᠦᠢᠯᠡᠰ ᠤᠨ ᠠᠮᠢ ᠠᠬᠤᠢ ᠶᠢ ᠲᠡᠭᠦᠯᠳᠡᠷᠵᠢᠭᠦᠯᠦᠨ᠂ ᠬᠡᠷᠡᠭᠯᠡᠯᠲᠡ ᠶᠢᠨ ᠠᠬᠤᠢ ᠪᠠᠶᠢᠳᠠᠯ ᠢ ᠥᠷᠭᠡᠳᠬᠡᠨ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠠᠭᠤᠰᠤᠯᠴᠠᠵᠤ ᠪᠥᠭᠡᠭᠡᠨᠡᠷᠡᠨ ᠬᠥᠭᠵᠢᠬᠦ ᠶᠢ ᠠᠬᠢᠭᠤᠯᠤᠨ᠎ᠠ᠃ ᠣᠶᠤᠨᠴᠢ ᠰᠦᠯᠵᠢᠶᠡᠨ ᠬᠤᠯᠪᠤᠯᠳᠠᠯᠲᠦ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡ ᠵᠡᠷᠭᠡ ᠠᠵᠤ ᠦᠢᠯᠡᠰ ᠤᠨ ᠲᠡᠷᠢᠭᠦᠯᠡᠬᠦ ᠳᠠᠪᠠᠭᠤᠯᠢᠭ ᠢ ᠪᠠᠬᠢᠵᠢᠭᠦᠯᠦᠨ ᠥᠷᠭᠡᠳᠬᠡᠵᠦ᠂ ᠤᠰᠤᠲᠥ᠋ᠷᠥᠭᠴᠢ ᠡᠨᠧᠷᠭᠢ᠂ ᠰᠢᠨ᠎ᠡ ᠮᠠᠲ᠋ᠧᠷᠢᠶᠠᠯ᠂ ᠰᠢᠨ᠎ᠡ ᠶᠢ ᠡᠭᠦᠳᠦᠭᠰᠡᠨ ᠡᠮ ᠵᠡᠷᠭᠡ ᠰᠢᠨ᠎ᠡ ᠪᠠᠷ ᠬᠥᠭᠵᠢᠭᠰᠡᠨ ᠬᠤᠰᠢᠭᠤᠷᠠᠯ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠠᠮᠢᠳᠤ ᠪᠣᠳᠠᠰ ᠤᠨ ᠦᠢᠯᠡᠳᠬᠦ ᠦᠢᠯᠡᠰ᠂ ᠬᠤᠳᠠᠯᠳᠤᠭᠠᠨ ᠤ ᠰᠠᠨᠰᠠᠷ ᠤᠨ ᠠᠶᠠᠯᠠᠯ᠂ ᠳᠣᠣᠷ᠎ᠠ ᠠᠭᠠᠷ ᠤᠨ ᠠᠵᠤ ᠠᠬᠤᠢ ᠵᠡᠷᠭᠡ ᠰᠢᠨ᠎ᠡ ᠨᠡᠮᠡᠭᠳᠡᠯ ᠤᠨ ᠬᠥᠳᠡᠯᠭᠡᠭᠦᠷ ᠢ ᠢᠳᠡᠪᠬᠢᠲᠡᠢ ᠪᠤᠢ ᠪᠣᠯᠭᠠᠨ᠎ᠠ᠃ ᠢᠷᠡᠭᠡᠳᠦᠢ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠵᠤ᠂ ᠺᠸᠠᠨ᠋ᠲ ᠮᠡᠷᠭᠡᠵᠢᠯ᠂ ᠠᠮᠢ ᠨᠠᠰᠤᠨ ᠤ ᠰᠢᠨᠵᠢᠯᠡᠬᠦ ᠤᠬᠠᠭᠠᠨ ᠵᠡᠷᠭᠡ ᠰᠢᠨ᠎ᠡ ᠤᠷᠤᠯᠳᠤᠭᠠᠨ ᠤ ᠵᠠᠮ ᠢ ᠨᠡᠭᠡᠭᠡᠵᠦ᠂ ᠨᠢᠭᠡ ᠪᠦᠯᠦᠭ ᠢᠷᠡᠭᠡᠳᠦᠢ ᠶᠢᠨ ᠠᠵᠤ ᠦᠢᠯᠡᠰ ᠤᠨ ᠬᠤᠰᠢᠭᠤᠴᠢ ᠣᠷᠣᠨ ᠢ ᠡᠭᠦᠳᠦᠨ ᠪᠠᠶᠢᠭᠤᠯᠤᠨ᠎ᠠ᠃ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ᠂ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢ ᠬᠥᠭᠵᠢᠭᠦᠯᠬᠦ ᠶᠢ ᠵᠣᠷᠢᠭᠵᠢᠭᠤᠯᠵᠤ᠂ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠴᠢᠳᠠᠮᠵᠢ ᠶᠢ ᠰᠢᠯᠢᠳᠡᠭᠵᠢᠭᠦᠯᠦᠨ᠎ᠡ᠃ ᠭᠤᠣᠯᠳᠠᠯᠭ᠎ᠠ ᠲᠠᠢ ᠠᠵᠢᠯ ᠲᠥᠷᠥᠯ ᠤᠨ ᠨᠢᠭᠡᠳᠦᠯᠲᠡᠢ ᠲᠥᠯᠥᠪᠯᠡᠨ ᠪᠠᠶᠢᠷᠢᠯᠠᠭᠤᠯᠬᠤ ᠪᠠ ᠪᠡᠯᠡ ᠣᠷᠣᠭᠤᠯᠤᠯᠲᠠ ᠶᠢ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠦᠢᠯᠡᠳᠪᠦᠷᠢᠯᠡᠬᠦ ᠴᠢᠳᠠᠪᠤᠷᠢ ᠦᠯᠡᠭᠦᠳᠡᠬᠦ ᠪᠠ ᠳᠣᠣᠷ᠎ᠠ ᠲᠦᠪᠰᠢᠨ ᠳᠤ ᠳᠠᠪᠬᠤᠷᠳᠠᠭᠤᠯᠤᠨ ᠪᠦᠲᠦᠭᠡᠨ ᠪᠠᠶᠢᠭᠤᠯᠬᠤ ᠶᠢ ᠰᠡᠷᠭᠡᠶᠢᠯᠡᠨ᠎ᠡ᠃             ᠳ᠋ᠢᠵᠢᠲ᠋ᠠᠯ ᠠᠵᠤ ᠠᠬᠤᠢ ᠶᠢᠨ ᠰᠢᠨ᠎ᠡ ᠶᠢ ᠡᠭᠦᠳᠬᠦ ᠬᠥᠭᠵᠢᠯᠲᠡ ᠶᠢ ᠭᠦᠨᠵᠡᠭᠡᠢ ᠠᠬᠢᠭᠤᠯᠤᠨ᠎ᠠ᠃ ᠳ᠋ᠢᠵᠢᠲ᠋ᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠳ᠋ᠢᠵᠢᠲ᠋ᠠᠯ ᠤᠨ ᠠᠵᠤ ᠦᠢᠯᠡᠰᠵᠢᠯᠲᠡ ᠪᠠ ᠠᠵᠤ ᠦᠢᠯᠡᠰ ᠤᠨ ᠳ᠋ᠢᠵᠢᠲ᠋ᠠᠯᠴᠢᠯᠠᠯᠲᠠ ᠶᠢ ᠢᠳᠡᠪᠬᠢᠲᠡᠢ ᠠᠬᠢᠭᠤᠯᠵᠤ᠂ ᠳ᠋ᠢᠵᠢᠲ᠋ᠠᠯ ᠮᠡᠷᠭᠡᠵᠢᠯ ᠪᠠ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃ ᠲᠣᠮᠣ ᠳ᠋ᠠᠶᠢᠲ᠋ᠠ᠂ ᠵᠣᠬᠢᠶᠠᠮᠠᠯ ᠣᠶᠤᠯᠢᠭ ᠵᠡᠷᠭᠡ ᠶᠢ ᠰᠤᠳᠤᠯᠤᠨ ᠨᠡᠭᠡᠭᠡᠵᠦ ᠬᠡᠷᠡᠭᠯᠡᠬᠦ ᠶᠢ ᠭᠦᠨᠵᠡᠭᠡᠶᠢᠷᠡᠭᠦᠯᠵᠦ᠂ ︽ᠵᠣᠬᠢᠶᠠᠮᠠᠯ ᠤᠶᠤᠯᠢᠭ +︾ ᠠᠵᠢᠯᠯᠠᠭ᠎ᠠ ᠶᠢ ᠥᠷᠨᠢᠭᠦᠯᠵᠦ᠂ ᠳᠡᠯᠡᠬᠡᠢ ᠳᠡᠭᠡᠷ᠎ᠡ ᠥᠷᠢᠰᠦᠯᠳᠦᠬᠦ ᠬᠦᠴᠦᠨ ᠪᠦᠬᠦᠢ ᠳ᠋ᠢᠵᠢᠲ᠋ᠠᠯ ᠠᠵᠤ ᠦᠢᠯᠡᠰ ᠤᠨ ᠪᠥᠭᠡᠭᠡᠨᠡᠷᠡᠯ ᠢ ᠪᠤᠢ ᠪᠣᠯᠭᠠᠨ᠎ᠠ᠃ ᠦᠢᠯᠡᠳᠬᠦ ᠦᠢᠯᠡᠰ ᠤᠨ ᠭᠡᠯᠪᠡᠷᠢ ᠶᠢ ᠳ᠋ᠢᠵᠢᠲ᠋ᠠᠯᠴᠢᠯᠠᠬᠰᠠᠨ ᠲᠡᠶᠢᠰᠢ ᠬᠤᠪᠢᠷᠠᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢᠨ ᠬᠡᠪᠴᠢᠶᠡᠵᠢᠭᠦᠯᠦᠭᠰᠡᠨ ᠬᠡᠷᠡᠭᠯᠡᠯᠲᠡ ᠶᠢ ᠲᠦᠷᠭᠡᠳᠬᠡᠵᠦ᠂ ᠦᠢᠯᠡᠴᠢᠯᠡᠭᠡᠨ ᠤ ᠦᠢᠯᠡᠰ ᠤᠨ ᠳ᠋ᠢᠵᠢᠲ᠋ᠠᠯᠴᠢᠯᠠᠯᠲᠠ ᠶᠢ ᠠᠬᠢᠭᠤᠯᠵᠤ᠂ ᠣᠶᠤᠨᠴᠢ ᠬᠤᠲᠠ᠂ ᠳ᠋ᠢᠵᠢᠲ᠋ᠠᠯ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃ ᠳᠤᠮᠳᠠ ᠵᠢᠵᠢᠭ ᠠᠵᠤ ᠠᠬᠤᠶᠢᠯᠠᠯ ᠳᠤ ᠳ᠋ᠢᠵᠢᠲ᠋ᠠᠯᠵᠢᠭᠤᠯᠤᠨ ᠡᠨᠧᠷᠭᠢ ᠣᠯᠭᠤᠬᠤ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ᠃ ᠲᠠᠪᠴᠠᠩ ᠤᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠠᠬᠢᠭᠤᠯᠬᠤ᠂ ᠠᠵᠢᠯ ᠣᠯᠭᠤᠯᠲᠠ ᠶᠢ ᠨᠡᠮᠡᠭᠳᠡᠭᠦᠯᠬᠦ᠂ ᠤᠯᠠᠨ ᠤᠯᠤᠰ ᠤᠨ ᠥᠷᠢᠰᠦᠯᠳᠦᠭᠡᠨ ᠳᠤᠮᠳᠠ ᠡᠷᠳᠡᠮ ᠴᠢᠳᠠᠪᠤᠷᠢ ᠪᠠᠨ ᠶᠡᠭᠡ ᠪᠠᠷ ᠪᠠᠳᠠᠷᠠᠭᠤᠯᠬᠤ ᠶᠢ ᠳᠡᠮᠵᠢᠨ᠎ᠡ᠃ ᠳ᠋ᠠᠶᠢᠲ᠋ᠠ ᠶᠢᠨ ᠰᠠᠭᠤᠷᠢ ᠳᠦᠷᠢᠮ ᠢ ᠪᠦᠷᠢᠨᠰᠢᠭᠦᠯᠵᠦ᠂ ᠳ᠋ᠠᠶᠢᠲ᠋ᠠ ᠶᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠪᠠ ᠭᠦᠢᠯᠭᠡᠭᠡ ᠳᠤ ᠣᠷᠣᠭᠤᠯᠵᠤ ᠬᠡᠷᠡᠭᠯᠡᠬᠦ ᠶᠢ ᠶᠡᠭᠡ ᠪᠠᠷ ᠠᠬᠢᠭᠤᠯᠤᠨ᠎ᠠ᠃ ᠳ᠋ᠢᠵᠢᠲ᠋ᠠᠯ ᠰᠠᠭᠤᠷᠢ ᠲᠥᠬᠦᠭᠡᠷᠦᠮᠵᠢ ᠶᠢ ᠵᠣᠬᠢᠰᠲᠠᠢ ᠤᠷᠢᠳᠴᠢᠯᠠᠨ ᠪᠦᠲᠦᠭᠡᠨ ᠪᠠᠶᠢᠭᠤᠯᠵᠤ᠂ ᠪᠦᠭᠦ ᠤᠯᠤᠰ ᠲᠤ ᠨᠢᠭᠡ ᠴᠣᠭᠴᠠᠵᠢᠭᠰᠠᠨ ᠪᠤᠳᠤᠬᠤ ᠬᠦᠴᠦᠨ ᠤ ᠰᠢᠰᠲ᠋ᠧᠮ ᠢ ᠲᠦᠷᠭᠡᠯᠡᠨ ᠪᠤᠢ ᠪᠤᠯᠭᠠᠵᠦ᠂ ᠪᠤᠳᠤᠬᠤ ᠬᠦᠴᠦᠨ ᠤ ᠠᠵᠤ ᠦᠢᠯᠡᠰ ᠤᠨ ᠠᠮᠢ ᠠᠬᠤᠢ ᠶᠢ ᠪᠤᠶᠢᠵᠢᠭᠤᠯᠤᠨ᠎ᠠ᠃ ᠪᠢᠳᠡ ᠥᠷᠭᠡᠨ ᠳᠡᠯᠭᠡᠷᠡᠩᠭᠦᠢ ᠪᠥᠭᠡᠳ ᠭᠦᠨ ᠭᠦᠨᠵᠡᠭᠡᠢ ᠳ᠋ᠢᠵᠢᠲ᠋ᠠᠯ ᠬᠤᠪᠢᠰᠤᠯᠲᠠ ᠪᠠᠷ ᠠᠵᠤ ᠠᠬᠤᠢ ᠶᠢᠨ ᠬᠥᠭᠵᠢᠯᠲᠡ ᠳᠤ ᠡᠨᠧᠷᠭᠢ ᠣᠯᠭᠤᠵᠤ᠂ ᠠᠷᠠᠳ ᠤᠨ ᠠᠮᠢᠳᠤᠷᠠᠯ ᠢ ᠪᠠᠶᠠᠯᠢᠭᠵᠢᠭᠤᠯᠤᠨ᠂ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃             ︵ᠬᠤᠶᠠᠷ︶᠎  ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠲᠤᠯᠭᠠᠭᠤᠷᠢᠯᠠᠯ ᠢ ᠴᠢᠩᠭᠠᠳᠬᠠᠨ᠎ᠠ᠃ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ᠂ ᠴᠢᠳᠠᠪᠤᠷᠢᠲᠠᠨ ᠤ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠨᠢᠭᠡ ᠴᠣᠭᠴᠠᠵᠢᠭᠤᠯᠤᠨ ᠨᠢᠭᠡᠳᠦᠯᠲᠡᠢ ᠲᠥᠯᠥᠪᠯᠡᠨ ᠠᠬᠢᠭᠤᠯᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠬᠡᠯᠬᠢᠶ᠎ᠡ ᠠᠵᠤ ᠦᠢᠯᠡᠰ ᠤᠨ ᠬᠡᠯᠬᠢᠶ᠎ᠡ ᠪᠡᠯᠡ ᠮᠥᠩᠭᠦ ᠶᠢᠨ ᠬᠡᠯᠬᠢᠶ᠎ᠡ ᠴᠢᠳᠠᠪᠤᠷᠢᠲᠠᠨ ᠤ ᠬᠡᠯᠬᠢᠶ᠎ᠡ ᠶᠢ ᠨᠢᠭᠡ ᠴᠣᠭᠴᠠᠵᠢᠭᠤᠯᠤᠨ ᠪᠠᠶᠢᠷᠢᠯᠠᠭᠤᠯᠤᠨ ᠬᠡᠷᠡᠭᠵᠢᠭᠦᠯᠵᠦ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠴᠢᠳᠠᠪᠤᠷᠢᠲᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠬᠠᠩᠭᠠᠨ᠎ᠠ᠃             ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠪᠠᠷ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠨ ᠬᠥᠮᠦᠵᠢᠯ ᠤᠨ ᠠᠮᠢᠨ ᠰᠤᠳᠠᠰᠤ ᠪᠤᠯᠭᠠᠬᠤ ᠶᠢ ᠪᠠᠷᠢᠮᠲᠠᠯᠠᠨ᠎ᠠ᠃ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠲᠥᠯᠦᠪᠵᠢᠭᠦᠯᠭᠡ ᠶᠢᠨ ᠲᠣᠪᠴᠢ ᠶᠢ ᠲᠣᠭᠲᠠᠭᠠᠨ ᠬᠡᠷᠡᠭᠵᠢᠭᠦᠯᠦᠨ᠎ᠡ᠃ ᠶᠣᠰᠣ ᠰᠤᠷᠲᠠᠬᠤᠨ ᠢ ᠪᠤᠢ ᠪᠣᠯᠭᠠᠨ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠶᠡᠭᠡ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠠᠬᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠢᠯᠢᠳᠡᠭ ᠢ ᠨᠢ ᠥᠷᠭᠡᠳᠬᠡᠨ ᠴᠢᠨᠠᠷ ᠢ ᠨᠢ ᠳᠡᠭᠡᠭᠰᠢᠯᠡᠭᠦᠯᠭᠦ ᠠᠵᠢᠯᠯᠠᠭ᠎ᠠ ᠶᠢ ᠥᠷᠨᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠪᠠ ᠬᠤᠲᠠ ᠬᠥᠳᠡᠭᠡ ᠶᠢᠨ ᠨᠢᠭᠡ ᠴᠣᠭᠴᠠᠵᠢᠯᠲᠠ ᠶᠢ ᠲᠦᠷᠭᠡᠳᠬᠡᠵᠦ᠂ ᠬᠥᠳᠡᠭᠡ ᠲᠤᠰᠬᠤᠨ ᠤ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢᠨ ᠰᠤᠷᠭᠠᠭᠤᠯᠢ ᠡᠷᠭᠢᠯᠡᠭᠦ ᠨᠥᠬᠦᠴᠡᠯ ᠢ ᠰᠠᠶᠢᠵᠢᠷᠠᠭᠤᠯᠤᠨ᠂ ︽ᠬᠤᠶᠠᠷ ᠢ ᠬᠥᠩᠭᠡᠷᠡᠭᠦᠯᠬᠦ︾ ᠎ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠤᠷᠭᠠᠭᠤᠯᠢ ᠳᠤ ᠣᠷᠣᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯᠲᠤ ᠬᠥᠭᠵᠢᠯᠲᠡ ᠶᠢ ᠠᠬᠢᠭᠤᠯᠵᠤ᠂ ᠰᠢᠶᠠᠨ ᠤ ᠪᠦᠰᠡ ᠶᠢᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠲᠤᠮᠲᠠᠲᠤ ᠪᠠᠭ᠎ᠠ ᠰᠤᠷᠭᠠᠭᠤᠯᠢ ᠶᠢᠨ ᠪᠠᠭᠰᠢ ᠶᠢᠨ ᠵᠢᠭᠠᠨ ᠰᠤᠷᠭᠠᠯᠲᠠ ᠶᠢᠨ ᠪᠤᠰᠤ ᠳᠠᠷᠤᠭᠠᠰᠤ ᠶᠢ ᠬᠥᠩᠭᠡᠷᠡᠭᠦᠯᠦᠨ᠎ᠡ᠃ ᠣᠨᠴᠠᠭᠠᠶ ᠰᠤᠷᠭᠠᠨ ᠬᠥᠮᠦᠵᠢᠯ᠂ ᠦᠷᠭᠦᠯᠵᠢᠯᠡᠯ ᠰᠤᠷᠭᠠᠨ ᠬᠥᠮᠦᠵᠢᠯ ᠢ ᠰᠠᠶᠢᠲᠤᠷ ᠡᠷᠭᠢᠯᠡᠵᠤ᠂ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠬᠥᠭᠵᠢᠯᠲᠡ ᠶᠢ ᠬᠥᠲᠥᠯᠥᠨ ᠵᠢᠯᠤᠭᠤᠳᠴᠤ ᠵᠢᠷᠤᠮᠵᠢᠭᠤᠯᠤᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠶᠡᠭᠡ ᠪᠠᠷ ᠳᠡᠭᠡᠭᠰᠢᠯᠡᠭᠦᠯᠦᠨ᠎ᠡ᠃ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢ ᠬᠡᠷᠡᠭᠵᠢᠭᠦᠯᠵᠦ᠂ ᠰᠢᠨᠵᠢᠯᠡᠭᠡᠨ ᠤ ᠰᠠᠯᠠᠭ᠎ᠠ ᠲᠤᠰᠬᠠᠢ ᠮᠡᠷᠭᠡᠵᠢᠯ ᠪᠠ ᠡᠬᠢ ᠪᠠᠶᠠᠯᠢᠭ ᠤᠨ ᠪᠦᠲᠦᠴᠡ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠂ ᠳᠤᠮᠳᠠᠳᠤ ᠤᠯᠤᠰ ᠤᠨ ᠣᠨᠴᠠᠯᠢᠭ ᠪᠦᠬᠦᠢ᠂ ᠳᠡᠯᠡᠬᠡᠢ ᠶᠢᠨ ᠲᠡᠷᠢᠭᠦᠨ ᠵᠡᠷᠭᠡ ᠶᠢᠨ ᠶᠡᠭᠡ ᠰᠤᠷᠭᠠᠭᠤᠯᠢ ᠪᠠ ᠳᠠᠪᠠᠭᠤᠯᠢᠭ ᠰᠢᠨᠵᠢᠯᠡᠭᠡᠨ ᠤ ᠰᠠᠯᠠᠭ᠎ᠠ ᠶᠢ ᠲᠦᠷᠭᠡᠯᠡᠨ ᠪᠠᠶᠢᠭᠤᠯᠵᠤ᠂ ᠬᠡᠷᠡᠭᠯᠡᠭᠡᠨ ᠤ ᠭᠡᠯᠪᠡᠷᠢ ᠶᠢᠨ ᠵᠢᠩᠬᠢᠨᠢ ᠠᠩᠭᠢ ᠶᠢᠨ ᠶᠡᠭᠡ ᠳᠡᠭᠡᠳᠦ ᠰᠤᠷᠭᠠᠭᠤᠯᠢ ᠶᠢ ᠬᠦᠴᠦᠷᠬᠡᠭᠵᠢᠭᠦᠯᠦᠨ ᠪᠠᠶᠢᠭᠤᠯᠵᠤ᠂ ᠳᠤᠮᠳᠠ ᠬᠡᠰᠡᠭ ᠪᠠ ᠪᠠᠷᠠᠭᠤᠨ ᠬᠡᠰᠡᠭ ᠤᠨ ᠭᠠᠵᠠᠷ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠭᠢᠯᠡᠭᠦ ᠪᠣᠳᠠᠲᠤ ᠬᠦᠴᠦᠨ ᠢ ᠴᠢᠩᠭᠠᠷᠠᠭᠤᠯᠤᠨ᠎ᠠ᠃ ᠰᠤᠷᠤᠬᠴᠢ ᠶᠢᠨ ᠰᠡᠳᠬᠢᠴᠡ ᠶᠢᠨ ᠡᠷᠡᠭᠦᠯ ᠮᠡᠨᠲᠦ ᠶᠢᠨ ᠬᠥᠮᠦᠵᠢᠯ ᠢ ᠴᠢᠩᠭᠠᠳᠬᠠᠨ᠎ᠠ᠃ ᠳ᠋ᠢᠵᠢᠲ᠋ᠠᠯ ᠰᠤᠷᠭᠠᠨ ᠬᠥᠮᠦᠵᠢᠯ ᠢ ᠶᠡᠭᠡ ᠪᠠᠷ ᠬᠥᠭᠵᠢᠭᠦᠯᠦᠨ᠎ᠡ᠃ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠥᠨᠳᠥᠷ ᠬᠡᠪ ᠴᠢᠨᠠᠷ ᠪᠦᠬᠦᠢ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠪᠠᠶᠢᠭᠤᠯᠤᠨ᠎ᠠ᠃ ᠪᠢᠳᠡ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠯᠡᠨ ᠠᠬᠢᠭᠤᠯᠵᠤ᠂ ᠠᠷᠠᠳ ᠲᠦᠮᠡᠨ ᠤ ᠵᠣᠯ ᠵᠢᠷᠭᠠᠯ ᠤᠨ ᠦᠨᠳᠦᠰᠦ ᠶᠢ ᠪᠠᠲᠤᠳᠬᠠᠨ᠂ ᠤᠯᠤᠰ ᠣᠷᠣᠨ ᠤ ᠪᠠᠶᠠᠵᠢᠯ ᠬᠦᠴᠦᠷᠬᠡᠭᠵᠢᠯ ᠤᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃             ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠢ ᠪᠡᠶ᠎ᠡ ᠪᠠᠨ ᠳᠠᠭᠠᠭᠠᠵᠤ ᠬᠦᠴᠦᠷᠬᠡᠭᠵᠢᠭᠦᠯᠬᠦ ᠶᠢ ᠲᠦᠷᠭᠡᠯᠡᠨ ᠠᠬᠢᠭᠤᠯᠤᠨ᠎ᠠ᠃ ᠰᠢᠨ᠎ᠡ ᠭᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ᠃ ᠰᠠᠭᠤᠷᠢ ᠰᠤᠳᠤᠯᠭᠠᠨ ᠤ ᠰᠢᠰᠲ᠋ᠧᠮᠲᠦ ᠪᠠᠶᠢᠷᠢᠯᠠᠭᠤᠯᠤᠯᠲᠠ ᠶᠢ ᠴᠢᠩᠭᠠᠳᠬᠠᠵᠤ᠂ ᠨᠢᠭᠡ ᠪᠦᠯᠦᠭ ᠰᠢᠨ᠎ᠡ ᠶᠢ ᠡᠭᠦᠳᠬᠦ ᠰᠠᠭᠤᠷᠢᠨ ᠭᠠᠵᠠᠷ ᠂ ᠳᠠᠪᠠᠭᠤᠯᠢᠭ ᠪᠦᠯᠭᠦᠮ ᠨᠡᠶᠢᠲᠡ ᠪᠣᠯᠣᠨ ᠭᠤᠣᠯᠳᠠᠯᠭ᠎ᠠ ᠲᠠᠢ ᠴᠢᠭᠯᠡᠯ ᠢ ᠤᠷᠲᠤ ᠬᠤᠭᠤᠴᠠᠭ᠎ᠠ ᠪᠠᠷ ᠲᠣᠭᠲᠠᠭᠤᠨ ᠢᠶᠠᠷ ᠳᠠᠮᠵᠢᠵᠤ᠂ ᠤᠤᠭᠠᠯ ᠰᠢᠨ᠎ᠡ ᠶᠢ ᠡᠭᠦᠳᠬᠦ ᠴᠢᠳᠠᠪᠤᠷᠢ ᠶᠢ ᠴᠢᠩᠭᠠᠷᠠᠭᠤᠯᠤᠨ᠎ᠠ᠃ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠪᠠ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠶᠢ ᠬᠠᠷᠠᠭᠠᠯᠠᠵᠤ᠂ ᠨᠢᠭᠡ ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠰᠥᠯ ᠢ ᠪᠠᠶᠢᠷᠢᠯᠠᠭᠤᠯᠤᠨ ᠬᠡᠷᠡᠭᠵᠢᠭᠦᠯᠦᠨ᠎ᠡ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ᠂ ᠨᠡᠶᠢᠭᠡᠮ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠬᠤᠷᠠᠭᠤᠯᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠬᠠᠮᠵᠢᠯᠴᠠᠭᠤᠯᠤᠨ ᠰᠢᠢᠳᠪᠦᠷᠢᠯᠡᠬᠦ ᠶᠢ ᠠᠬᠢᠭᠤᠯᠵᠤ᠂ ᠨᠤᠷᠠᠭᠠᠯᠲᠠ ᠶᠢᠨ ᠴᠢᠨᠠᠷᠲᠠᠢ ᠮᠡᠷᠭᠡᠵᠢᠯ ᠪᠠ ᠬᠤᠰᠢᠭᠤᠷᠠᠯ ᠮᠡᠷᠭᠡᠵᠢᠯ ᠤᠨ ᠰᠤᠳᠤᠯᠭᠠᠨ ᠢ ᠴᠢᠩᠭᠠᠳᠬᠠᠨ᠎ᠠ᠃ ᠤᠯᠤᠰ ᠤᠨ ᠲᠤᠷᠰᠢᠯᠲᠠ ᠶᠢᠨ ᠲᠠᠰᠤᠭ ᠤᠨ ᠠᠵᠢᠯᠯᠠᠭᠠᠨ ᠤ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠤᠯᠠᠨ ᠤᠯᠤᠰ ᠤᠨ ᠪᠠ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ ᠲᠥᠬᠦᠭᠡᠷᠦᠮᠵᠢ ᠶᠢᠨ ᠰᠢᠰᠲ᠋ᠧᠮᠴᠢᠯᠡᠭᠰᠡᠨ ᠪᠠᠶᠢᠷᠢᠯᠠᠭᠤᠯᠤᠯᠲᠠ ᠶᠢ ᠲᠦᠷᠭᠡᠳᠬᠡᠵᠦ᠂ ᠨᠡᠶᠢᠲᠡᠯᠢᠭ ᠴᠢᠨᠠᠷᠲᠠᠢ ᠮᠡᠷᠭᠡᠵᠢᠯ ᠤᠨ ᠲᠠᠪᠴᠠᠩ᠂ ᠵᠠᠪᠰᠠᠷ ᠤᠨ ᠲᠤᠷᠰᠢᠯᠲᠠ ᠪᠠᠷ ᠰᠢᠯᠭᠠᠨ ᠨᠤᠲᠠᠯᠠᠬᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠵᠤ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠤᠶᠠᠯᠳᠤᠭᠤᠯᠬᠤ ᠶᠢ ᠭᠦᠨᠵᠡᠭᠡᠶᠢᠷᠡᠭᠦᠯᠵᠦ᠂ ᠪᠣᠳᠠᠲᠤ ᠬᠦᠴᠦᠨ ᠲᠠᠢ ᠠᠵᠤ ᠠᠬᠤᠶᠢᠯᠠᠯ ᠤᠨ ᠴᠢᠬᠤᠯᠠ ᠶᠡᠭᠡ ᠪᠡᠷᠬᠡ ᠰᠡᠳᠦᠪ ᠢ ᠰᠢᠢᠳᠪᠦᠷᠢᠯᠡᠬᠦ ᠡᠭᠦᠷᠭᠡ ᠶᠢ ᠲᠦᠷᠦᠭᠦᠯᠡᠨ ᠬᠡᠷᠡᠭᠵᠢᠭᠦᠯᠬᠦ ᠶᠢ ᠳᠡᠮᠵᠢᠨ᠎ᠡ᠃ ᠡᠷᠡᠭᠦᠯ ᠮᠡᠨᠳᠦ᠂ ᠨᠠᠰᠤᠵᠢᠯ ᠤᠨ ᠠᠰᠠᠷᠠᠮᠵᠢ᠂ ᠵᠡᠮᠳᠡᠭᠴᠦᠳ ᠢ ᠲᠤᠰᠠᠯᠠᠬᠤ ᠵᠡᠷᠭᠡ ᠠᠷᠠᠳ ᠤᠨ ᠠᠮᠢᠳᠤᠷᠠᠯ ᠤᠨ ᠰᠢᠨᠵᠢᠯᠡᠬᠦ ᠤᠬᠠᠭᠠᠨ ᠮᠡᠷᠭᠡᠵᠢᠯ ᠢ ᠰᠤᠳᠤᠯᠤᠨ ᠨᠡᠭᠡᠭᠡᠵᠦ ᠠᠰᠢᠭᠯᠠᠬᠤ ᠶᠢ ᠴᠢᠩᠭᠠᠳᠬᠠᠨ᠎ᠠ᠃ ᠪᠦᠭᠦ ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠰᠠᠭᠤᠷᠢ ᠳᠦᠷᠢᠮ ᠢ ᠲᠦᠷᠭᠡᠯᠡᠨ ᠪᠤᠢ ᠪᠤᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠨᠡᠯᠡᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠥᠰᠥᠯ ᠪᠠ ᠵᠠᠷᠤᠳᠠᠯ ᠤᠨ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠲᠤᠩᠬᠠᠭ ᠨᠡᠶᠢᠲᠡᠯᠡᠨ ᠮᠠᠩᠯᠠᠶᠢᠯᠠᠭᠴᠢ ᠡᠯᠰᠡᠬᠦ︾ ᠲᠣᠭᠲᠠᠴᠠ ᠶᠢ ᠪᠦᠷᠢᠨᠰᠢᠭᠦᠯᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠠᠬᠢᠭᠤᠯᠬᠤ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ᠎ᠠ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠢ ᠥᠷᠭᠡᠨ ᠢᠶᠠᠷ ᠥᠷᠨᠢᠭᠦᠯᠦᠨ᠎ᠡ᠃ ᠰᠢᠨ᠎ᠡ ᠶᠢ ᠡᠭᠦᠳᠬᠦ ᠰᠣᠶᠣᠯ ᠢ ᠪᠤᠶᠢᠵᠢᠭᠤᠯᠵᠤ᠂ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠯᠢᠳᠡᠭ ᠰᠤᠷᠤᠯᠴᠠᠬᠤ ᠰᠤᠷᠲᠠᠯ ᠢ ᠬᠠᠳᠠᠭᠠᠯᠠᠨ᠎ᠠ᠃ ᠤᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠳᠬᠡᠵᠦ᠂ ᠪᠦᠭᠦ ᠪᠥᠮᠪᠥᠷᠴᠡᠭ ᠤᠨ ᠥᠷᠢᠰᠦᠯᠳᠦᠬᠦ ᠬᠦᠴᠦᠨ ᠪᠦᠬᠦᠢ ᠰᠢᠨ᠎ᠡ ᠶᠢ ᠡᠭᠦᠳᠬᠦ ᠨᠡᠭᠡᠭᠡᠯᠲᠡᠲᠤ ᠠᠮᠢ ᠠᠬᠤᠢ ᠶᠢ ᠪᠤᠢ ᠪᠣᠯᠭᠠᠨ᠎ᠠ᠃             ᠴᠢᠳᠠᠪᠤᠷᠢᠲᠠᠨ ᠢ ᠪᠦᠭᠦ ᠲᠠᠯ᠎ᠠ ᠪᠠᠷ ᠬᠥᠮᠥᠵᠢᠭᠦᠯᠦᠨ ᠰᠠᠶᠢᠲᠤᠷ ᠬᠡᠷᠡᠭᠯᠡᠨ᠎ᠡ᠃ ᠨᠠᠩ ᠢᠳᠡᠪᠬᠢᠲᠡᠢ᠂ ᠨᠠᠩ ᠨᠡᠭᠡᠭᠡᠯᠲᠡᠲᠡᠢ᠂ ᠨᠠᠩ ᠪᠦᠲᠦᠮᠵᠢᠲᠡᠶ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠥᠨᠳᠥᠷ ᠲᠦᠪᠰᠢᠨ ᠪᠦᠬᠦᠢ ᠴᠢᠳᠠᠪᠤᠷᠢᠲᠠᠨ ᠤ ᠥᠨᠳᠦᠷᠯᠢᠭ ᠭᠠᠵᠠᠷ ᠪᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠴᠢᠳᠠᠪᠤᠷᠢᠲᠠᠨ ᠢ ᠴᠤᠭᠯᠠᠭᠤᠯᠬᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠴᠢᠳᠠᠪᠤᠷᠢᠲᠠᠨ ᠤ ᠣᠷᠣᠨ ᠪᠦᠰᠡ ᠶᠢᠨ ᠵᠦᠢ ᠵᠣᠬᠢᠰᠲᠠᠢ ᠪᠠᠶᠢᠷᠢᠰᠢᠯ ᠪᠠ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠳᠠᠪᠤᠷᠢᠲᠠᠨ ᠤ ᠬᠦᠴᠦᠨ ᠢ ᠲᠦᠷᠭᠡᠯᠡᠨ ᠪᠦᠲᠦᠭᠡᠨ ᠪᠠᠶᠢᠭᠤᠯᠵᠤ᠂ ᠨᠡᠩ ᠣᠯᠠᠨ ᠲᠡᠷᠢᠭᠦᠨ ᠵᠡᠷᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠪᠠ ᠰᠢᠨ᠎ᠡ ᠶᠢ ᠡᠭᠦᠳᠬᠦ ᠪᠦᠯᠭᠦᠮ ᠢ ᠴᠢᠷᠮᠠᠶᠢᠨ ᠬᠥᠮᠥᠵᠢᠭᠦᠯᠦᠨ ᠪᠤᠢ ᠪᠤᠯᠭᠠᠵᠤ᠂ ᠣᠷᠦ᠋ᠢᠯᠠᠭᠰᠠᠨ ᠰᠢᠨ᠎ᠡ ᠶᠢ ᠡᠭᠦᠳᠬᠦ ᠴᠢᠳᠠᠪᠤᠷᠢᠲᠠᠨ ᠢ ᠢᠯᠡᠷᠡᠭᠦᠯᠬᠦ ᠪᠠ ᠬᠥᠮᠥᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠰᠠᠭᠤᠷᠢ ᠰᠤᠳᠤᠯᠭᠠᠨ ᠤ ᠴᠢᠳᠠᠪᠤᠷᠢᠲᠠᠨ ᠢ ᠬᠥᠮᠥᠵᠢᠭᠦᠯᠬᠦ ᠲᠠᠪᠴᠠᠩ ᠢ ᠪᠦᠲᠦᠭᠡᠨ ᠪᠠᠶᠢᠭᠤᠯᠵᠤ᠂ ᠰᠢᠯᠭᠠᠷᠠᠭᠰᠠᠨ ᠢᠨᠵᠧᠨᠧᠷ ᠪᠠ ᠤᠷ᠎ᠠ ᠴᠢᠳᠠᠪᠤᠷᠢ ᠰᠠᠶᠢᠲᠠᠢ ᠴᠢᠳᠠᠪᠤᠷᠢᠲᠠᠨ ᠤ ᠡᠩᠨᠡᠭᠡ ᠶᠢ ᠪᠠᠶᠢᠭᠤᠯᠵᠤ᠂ ᠵᠠᠯᠠᠭᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠴᠢᠳᠠᠪᠤᠷᠢᠲᠠᠨ ᠤ ᠣᠯᠠᠨ ᠤᠯᠤᠰ ᠤᠨ ᠰᠣᠯᠢᠯᠴᠠᠭ᠎ᠠ ᠶᠢ ᠢᠳᠡᠪᠬᠢᠲᠡᠢ ᠠᠬᠢᠭᠤᠯᠤᠨ᠎ᠠ᠃ ᠰᠢᠨ᠎ᠡ ᠶᠢ ᠡᠭᠦᠳᠬᠦ ᠦᠷᠳᠡᠭ᠂ ᠴᠢᠳᠠᠪᠤᠷᠢ᠂ ᠬᠤᠪᠢ ᠨᠡᠮᠡᠷᠢ ᠪᠠᠷ ᠤᠳᠤᠷᠢᠳᠤᠮᠵᠢ ᠪᠤᠯᠭᠠᠬᠰᠠᠨ ᠴᠢᠳᠠᠪᠤᠷᠢᠲᠠᠨ ᠢ ᠦᠨᠡᠯᠡᠬᠦ ᠰᠢᠰᠲ᠋ᠧᠮ ᠢ ᠲᠦᠷᠭᠡᠯᠡᠨ ᠪᠠᠶᠢᠭᠤᠯᠵᠤ᠂ ᠠᠵᠢᠯ ᠠᠮᠢᠳᠤᠷᠠᠯ ᠤᠨ ᠪᠠᠲᠤᠯᠠᠭ᠎ᠠ ᠪᠠ ᠬᠥᠬᠢᠭᠦᠯᠦᠨ ᠱᠠᠩᠨᠠᠬᠤ ᠳᠦᠷᠢᠮ ᠢ ᠰᠢᠯᠢᠳᠡᠭᠵᠢᠭᠦᠯᠦᠨ᠎ᠡ᠃ ᠪᠢᠳᠡ ᠴᠢᠳᠠᠪᠤᠷᠢᠲᠠᠨ ᠤ ᠬᠥᠭᠵᠢᠯᠲᠡ ᠶᠢᠨ ᠣᠷᠴᠢᠨ ᠨᠥᠬᠦᠴᠡᠯ ᠢ ᠰᠠᠶᠢᠵᠢᠷᠠᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠨ ᠴᠢᠷᠮᠠᠶᠢᠵᠤ᠂ ᠬᠥᠮᠥᠨ ᠪᠣᠯᠭᠠᠨ ᠠᠪᠢᠶᠠᠰ ᠴᠢᠳᠠᠪᠤᠷᠢ ᠪᠠᠨ ᠭᠦᠢᠴᠡᠳ ᠪᠠᠳᠠᠷᠠᠭᠤᠯᠵᠤ ᠡᠷᠳᠡᠮ ᠴᠢᠳᠠᠪᠤᠷᠢ ᠪᠠᠨ ᠭᠦᠢᠴᠡᠳ ᠢᠯᠡᠷᠡᠭᠦᠯᠵᠦ ᠴᠢᠳᠠᠬᠤ ᠰᠠᠶᠢᠨ ᠰᠠᠶᠢᠬᠠᠨ ᠪᠠᠶᠢᠳᠠᠯ ᠢ ᠪᠤᠢ ᠪᠤᠯᠭᠠᠬᠤ ᠬᠡᠷᠡᠭᠲᠡᠢ᠃             ︵ᠭᠤᠷᠪᠠ︶᠎  ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠬᠦᠴᠦᠯᠡᠨ ᠥᠷᠭᠡᠳᠬᠡᠵᠦ᠂ ᠠᠵᠤ ᠠᠬᠤᠢ ᠶᠢᠨ ᠰᠠᠶᠢᠨ ᠣᠷᠴᠢᠯ ᠢ ᠪᠡᠶᠡᠯᠡᠭᠦᠯᠬᠦ ᠶᠢ ᠠᠬᠢᠭᠤᠯᠤᠨ᠎ᠠ᠃ ᠳᠣᠲᠣᠭᠠᠳᠤ ᠶᠢᠨ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠯᠦᠭᠡ ᠣᠷᠭᠠᠨᠢᠭ ᠢᠶᠠᠷ ᠤᠶᠠᠯᠳᠤᠭᠤᠯᠤᠨ᠂ ᠬᠡᠷᠡᠭᠯᠡᠭᠡ ᠪᠠ ᠪᠡᠯᠡ ᠣᠷᠣᠭᠤᠯᠤᠯᠲᠠ ᠶᠢ ᠨᠠᠩ ᠰᠠᠶᠢᠨ ᠨᠢᠭᠡᠳᠦᠯᠲᠡᠢ ᠲᠥᠯᠥᠪᠯᠡᠵᠦ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠭᠦ ᠳᠠᠶᠢᠴᠢᠯᠠᠬᠤ ᠦᠢᠯᠡᠳᠦᠯ ᠢ ᠴᠢᠩᠭᠠᠷᠠᠭᠤᠯᠤᠨ᠎ᠠ᠃             ᠬᠡᠷᠡᠭᠯᠡᠭᠡ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠤᠨ᠎ᠠ᠃ ᠣᠷᠣᠯᠭ᠎ᠠ ᠶᠢ ᠨᠡᠮᠡᠭᠳᠡᠭᠦᠯᠬᠦ᠂ ᠬᠠᠩᠭᠠᠯᠭ᠎ᠠ ᠶᠢ ᠰᠢᠯᠢᠳᠡᠭᠵᠢᠭᠦᠯᠬᠦ᠂ ᠬᠢᠵᠠᠭᠠᠷᠯᠠᠯ ᠤᠨ ᠴᠢᠨᠠᠷᠲᠠᠢ ᠠᠷᠭ᠎ᠠ ᠬᠡᠮᠵᠢᠶ᠎ᠡ ᠶᠢ ᠪᠠᠭᠠᠰᠬᠠᠬᠤ ᠵᠡᠷᠭᠡ ᠲᠠᠯ᠎ᠠ ᠪᠠᠷ ᠠᠷᠭ᠎ᠠ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ᠂ ᠬᠡᠷᠡᠭᠴᠡᠭᠡ ᠶᠢᠨ ᠳᠠᠯᠳᠠ ᠴᠢᠳᠠᠪᠤᠷᠢ ᠶᠢ ᠬᠥᠭᠵᠢᠭᠡᠨ᠎ᠡ᠃ ᠰᠢᠨ᠎ᠡ ᠭᠡᠯᠪᠡᠷᠢ ᠶᠢᠨ ᠬᠡᠷᠡᠭᠯᠡᠭᠡ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠳ᠋ᠢᠵᠢᠲ᠋ᠠᠯ ᠬᠡᠷᠡᠭᠯᠡᠭᠡ᠂ ᠨᠣᠭᠤᠭᠠᠨ ᠬᠡᠷᠡᠭᠯᠡᠭᠡ᠂ ᠡᠷᠡᠭᠦᠯ ᠮᠡᠨᠳᠦ ᠶᠢᠨ ᠬᠡᠷᠡᠭᠯᠡᠭᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠤᠶᠤᠯᠢᠭ ᠭᠡᠷ ᠦᠷᠦᠭᠡ᠂ ᠰᠣᠶᠣᠯ ᠴᠡᠩᠭᠡᠯ ᠵᠢᠭᠤᠯᠴᠢᠯᠠᠯ᠂ ᠪᠡᠶ᠎ᠡ ᠶᠢᠨ ᠲᠠᠮᠢᠷ ᠤᠨ ᠤᠷᠤᠯᠳᠤᠭᠠᠨ᠂ ᠤᠯᠤᠰ ᠤᠨ ᠪᠠᠷᠠᠭ᠎ᠠ ︽ᠭᠠᠩᠭᠠᠩ ᠲᠠᠸᠠᠷ︾ ᠵᠡᠷᠭᠡ ᠬᠡᠷᠡᠭᠯᠡᠭᠡᠨ ᠤ ᠰᠢᠨ᠎ᠡ ᠨᠡᠮᠡᠭᠳᠡᠯ ᠤᠨ ᠴᠡᠭ ᠢ ᠢᠳᠡᠪᠬᠢᠲᠡᠢ ᠪᠤᠶᠢᠵᠢᠭᠤᠯᠤᠨ᠎ᠠ᠃ ᠤᠯᠠᠮᠵᠢᠯᠠᠯᠲᠤ ᠬᠡᠷᠡᠭᠯᠡᠭᠡ ᠶᠢ ᠲᠣᠭᠲᠠᠪᠤᠷᠢᠵᠢᠭᠤᠯᠤᠨ ᠥᠷᠭᠡᠳᠬᠡᠵᠦ᠂ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠵᠣᠷᠢᠭᠵᠢᠭᠤᠯᠬᠤ ᠪᠠ ᠠᠬᠢᠭᠤᠯᠵᠤ᠂ ᠣᠶᠤᠨᠴᠢ ᠰᠦᠯᠵᠢᠶᠡᠨ ᠬᠤᠯᠪᠤᠯᠳᠠᠯᠲᠤ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡ᠂ ᠡᠯᠧᠺᠳ᠋ᠷᠣᠨ ᠦᠢᠯᠡᠳᠬᠦᠨ ᠵᠡᠷᠭᠡ ᠪᠥᠭᠡᠮ ᠬᠡᠷᠡᠭᠯᠡᠭᠡ ᠶᠢ ᠬᠥᠭᠵᠢᠭᠡᠨ᠎ᠡ᠃ ᠨᠠᠰᠤᠵᠢᠯ ᠤᠨ ᠠᠰᠠᠷᠠᠮᠵᠢ᠂ ᠨᠢᠯᠬ᠎ᠠ ᠬᠡᠦᠬᠡᠳ ᠪᠤᠶᠢᠵᠢᠭᠤᠯᠬᠤ᠂ ᠭᠡᠷ ᠠᠬᠤᠢ ᠵᠡᠷᠭᠡ ᠦᠢᠯᠡᠴᠢᠯᠡᠭᠡᠨ ᠤ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠭᠦ ᠶᠢ ᠠᠬᠢᠭᠤᠯᠵᠤ᠂ ᠨᠡᠶᠢᠭᠡᠮ ᠤᠨ ᠬᠦᠴᠦᠨ ᠤ ᠨᠡᠶᠢᠭᠡᠮ ᠲᠣᠭᠤᠷᠢᠭ ᠤᠨ ᠦᠢᠯᠡᠴᠢᠯᠡᠭᠡ ᠬᠠᠩᠭᠠᠬᠤ ᠶᠢ ᠳᠡᠮᠵᠢᠨ᠎ᠡ᠃ ᠬᠡᠷᠡᠭᠯᠡᠭᠡᠨ ᠤ ᠣᠷᠴᠢᠨ ᠨᠥᠬᠦᠴᠡᠯ ᠢ ᠰᠢᠯᠢᠳᠡᠭᠵᠢᠭᠦᠯᠵᠦ᠂ ︽ᠬᠡᠷᠡᠭᠯᠡᠭᠡ ᠶᠢ ᠠᠬᠢᠭᠤᠯᠬᠤ ᠣᠨ︾ ᠎ ᠤ ᠠᠵᠢᠯᠯᠠᠭ᠎ᠠ ᠶᠢ ᠥᠷᠨᠢᠭᠦᠯᠵᠦ᠂ ︽ᠰᠠᠨᠠᠭ᠎ᠠ ᠠᠮᠤᠷ ᠬᠡᠷᠡᠭᠯᠡᠭᠡᠨ ᠤ ᠠᠵᠢᠯᠯᠠᠭ᠎ᠠ︾ ᠎ ᠶᠢ ᠬᠡᠷᠡᠭᠵᠢᠭᠦᠯᠦᠨ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠶᠢ ᠴᠢᠩᠭᠠᠳᠬᠠᠵᠤ᠂ ᠴᠠᠯᠢᠩ ᠲᠠᠢ ᠪᠠᠷ ᠠᠮᠠᠷᠠᠬᠤ ᠳᠦᠷᠢᠮ ᠢ ᠨᠠᠶᠢᠳᠠᠪᠤᠷᠢᠵᠢᠭᠤᠯᠤᠨ᠎ᠠ᠃ ᠪᠠᠷᠢᠮᠵᠢᠶ᠎ᠠ ᠶᠢ ᠳᠡᠭᠡᠭᠰᠢᠯᠡᠭᠦᠯᠭᠦ ᠠᠵᠢᠯᠯᠠᠭ᠎ᠠ ᠶᠢ ᠬᠡᠷᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠭᠰᠠᠨ ᠪᠠᠷᠢᠮᠵᠢᠶ᠎ᠠ ᠶᠢᠨ ᠰᠢᠰᠲ᠋ᠧᠮ ᠢ ᠲᠦᠷᠭᠡᠯᠡᠨ ᠪᠠᠶᠢᠭᠤᠯᠵᠤ᠂ ᠲᠠᠸᠠᠷ ᠪᠠ ᠦᠢᠯᠡᠴᠢᠯᠡᠭᠡ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠶᠢ ᠠᠬᠢᠭᠤᠯᠵᠤ᠂ ᠠᠷᠠᠳ ᠣᠯᠠᠨ ᠤ ᠠᠮᠢᠳᠤᠷᠠᠯ ᠢᠶᠠᠨ ᠰᠠᠶᠢᠵᠢᠷᠠᠭᠤᠯᠬᠤ ᠬᠡᠷᠡᠭᠴᠡᠭᠡ ᠶᠢ ᠨᠠᠩ ᠰᠠᠶᠢᠨ ᠬᠠᠩᠭᠠᠬᠤ ᠬᠡᠷᠡᠭᠲᠡᠢ᠃             ᠪᠦᠲᠦᠮᠵᠢᠲᠡᠶ ᠪᠡᠯᠡ ᠣᠷᠣᠭᠤᠯᠤᠯᠲᠠ ᠶᠢ ᠢᠳᠡᠪᠬᠢᠲᠡᠢ ᠪᠠᠷ ᠥᠷᠭᠡᠳᠬᠡᠨ᠎ᠡ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠳᠠᠶᠢᠴᠢᠯᠠᠨ ᠲᠣᠮᠣᠷᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠰᠢᠨ᠎ᠡ ᠭᠡᠯᠪᠡᠷᠢ ᠶᠢᠨ ᠰᠠᠭᠤᠷᠢ ᠲᠥᠬᠦᠭᠡᠷᠦᠮᠵᠢ᠂ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠶᠢ ᠭᠤᠣᠯᠳᠠᠯᠭ᠎ᠠ ᠲᠠᠢ ᠳᠡᠮᠵᠢᠵᠦ᠂ ᠠᠷᠠᠳ ᠤᠨ ᠠᠮᠢᠳᠤᠷᠠᠯ ᠵᠡᠷᠭᠡ ᠠᠵᠤ ᠠᠬᠤᠢ ᠨᠡᠶᠢᠭᠡᠮ ᠤᠨ ᠪᠠᠭᠤᠷᠠᠢ ᠬᠦᠷᠢᠶᠡᠨ ᠤ ᠳᠤᠲᠠᠭᠤᠳᠠᠯ ᠢ ᠨᠥᠬᠦᠪᠦᠷᠢᠯᠡᠬᠦ ᠶᠢ ᠴᠢᠩᠭᠠᠳᠬᠠᠵᠤ᠂ ᠦᠶᠡᠷ ᠢ ᠰᠡᠷᠭᠡᠶᠢᠯᠡᠬᠦ ᠤᠰᠤᠳᠤᠯ ᠢ ᠠᠷᠢᠯᠭᠠᠬᠤ ᠭᠠᠮᠰᠢᠭ ᠢ ᠡᠰᠡᠷᠭᠦᠴᠡᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠡᠯ᠎ᠡ ᠲᠥᠷᠥᠯ ᠤᠨ ᠦᠢᠯᠡᠳᠪᠦᠷᠢᠯᠡᠯ ᠤᠨ ᠲᠥᠬᠦᠭᠡᠷᠦᠮᠵᠢ᠂ ᠦᠢᠯᠡᠴᠢᠯᠡᠭᠡᠨ ᠤ ᠲᠥᠬᠦᠭᠡᠷᠦᠮᠵᠢ ᠶᠢ ᠰᠢᠨᠡᠳᠬᠡᠬᠦ ᠪᠠ ᠮᠡᠷᠭᠡᠵᠢᠯ ᠤᠨ ᠥᠭᠡᠷᠡᠴᠢᠯᠡᠯᠲᠡ ᠬᠢᠬᠦ ᠶᠢ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠎ ᠤᠨ ᠲᠥᠯᠦᠪᠵᠢᠭᠦᠯᠭᠡ ᠶᠢᠨ ᠴᠢᠬᠤᠯᠠ ᠶᠡᠭᠡ ᠢᠨᠵᠧᠨᠧᠷᠢᠩ ᠤᠨ ᠲᠥᠰᠥᠯ ᠢ ᠲᠦᠷᠭᠡᠯᠡᠨ ᠬᠡᠷᠡᠭᠵᠢᠭᠦᠯᠦᠨ᠎ᠡ᠃ ᠡᠨᠡ ᠵᠢᠯ ᠲᠥᠪ ᠤᠨ ᠲᠥᠰᠥᠪ ᠤᠨ ᠳᠣᠲᠣᠷᠠᠬᠢ ᠪᠡᠯᠡ ᠤᠷᠤᠭᠤᠯᠤᠯᠳᠡ ᠶᠢ 7000 ᠳ᠋ᠦᠡᠭᠰᠢᠭᠤᠷ ᠲᠥᠭᠦᠷᠢᠭ ᠲᠣᠬᠢᠷᠠᠭᠤᠯᠬᠤ ᠪᠠᠷ ᠲᠥᠯᠥᠪᠯᠡᠵᠦ ᠪᠠᠶᠢᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠣᠷᠣᠭᠤᠯᠤᠯᠲᠠ ᠬᠢᠬᠦ ᠬᠦᠷᠢᠶ᠎ᠡ ᠪᠣᠯᠣᠨ ᠬᠥᠷᠥᠩᠭᠡ ᠮᠥᠩᠭᠦ ᠪᠣᠯᠭᠠᠨ ᠬᠡᠷᠡᠭᠯᠡᠬᠦ ᠬᠡᠪᠴᠢᠶ᠎ᠡ ᠶᠢ ᠵᠦᠢ ᠵᠣᠬᠢᠰᠲᠠᠢ ᠥᠷᠭᠡᠳᠬᠡᠵᠦ᠂ ᠲᠤᠭ᠎ᠠ ᠬᠡᠮᠵᠢᠶᠡᠨ ᠤ ᠬᠤᠪᠢᠶᠠᠷᠢᠯᠠᠯᠲᠠ ᠶᠢ ᠲᠥᠰᠥᠯ ᠤᠨ ᠪᠡᠯᠡᠳᠬᠡᠯ ᠢᠶᠠᠷ ᠭᠦᠢᠴᠡᠳ᠂ ᠪᠡᠯᠡ ᠣᠷᠣᠭᠤᠯᠤᠯᠲᠠ ᠶᠢᠨ ᠦᠷ᠎ᠡ ᠪᠦᠲᠦᠮᠵᠢ ᠪᠠᠷ ᠨᠡᠯᠢᠶᠡᠳ ᠥᠨᠳᠥᠷ ᠭᠠᠵᠠᠷ ᠣᠷᠣᠨ ᠲᠡᠶᠢᠰᠢ ᠬᠡᠯᠪᠠᠶᠢᠯᠭᠡᠨ᠎ᠡ᠃ ᠡᠯ᠎ᠡ ᠲᠥᠷᠥᠯ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠡᠷᠡᠭᠯᠡᠵᠦ᠂ ᠦᠷ᠎ᠡ ᠠᠰᠢᠭ ᠳᠣᠣᠷ᠎ᠠ ᠪᠠ ᠦᠷ᠎ᠡ ᠠᠰᠢᠭ ᠦᠭᠡᠢ ᠪᠡᠯᠡ ᠣᠷᠣᠭᠤᠯᠤᠯᠲᠠ ᠶᠢ ᠰᠡᠷᠭᠡᠶᠢᠯᠡᠨ᠎ᠡ᠃ ᠪᠡᠯᠡ ᠣᠷᠣᠭᠤᠯᠤᠯᠲᠠ ᠶᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠠᠷᠠᠳ ᠤᠨ ᠪᠡᠯᠡ ᠣᠷᠣᠭᠤᠯᠤᠯᠲᠠ ᠶᠢ ᠬᠦᠴᠦᠯᠡᠨ ᠲᠣᠭᠲᠠᠪᠤᠷᠢᠵᠢᠭᠤᠯᠤᠨ ᠥᠷᠭᠡᠳᠬᠡᠵᠦ᠂ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠪᠣᠯᠣᠨ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠰᠢᠨ᠎ᠡ ᠲᠣᠭᠲᠠᠴᠠ ᠶᠢ ᠬᠡᠷᠡᠭᠵᠢᠭᠦᠯᠵᠦ᠂ ᠠᠷᠠᠳ ᠤᠨ ᠬᠥᠷᠥᠩᠭᠡ ᠶᠢᠨ ᠴᠢᠬᠤᠯᠠ ᠶᠡᠭᠡ ᠲᠥᠰᠥᠯ ᠤᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠵᠣᠷᠢᠭᠵᠢᠭᠤᠯᠤᠨ᠎ᠠ᠃ ᠡᠯ᠎ᠡ ᠵᠦᠢᠯ ᠤᠨ ᠬᠠᠯᠬᠠᠪᠴᠢ ᠶᠢ ᠤᠯᠠᠮ ᠨᠢᠭᠡ ᠠᠯᠬᠤᠮ ᠡᠪᠳᠡᠵᠦ᠂ ᠠᠷᠠᠳ ᠤᠨ ᠪᠡᠯᠡ ᠣᠷᠣᠭᠤᠯᠤᠯᠲᠠ ᠶᠢ ᠨᠡᠩ ᠣᠯᠠᠨ ᠬᠦᠷᠢᠶᠡᠨ ᠳᠤ ᠣᠷᠣᠵᠤ ᠢᠷᠡᠵᠦ ᠳᠡᠶᠢᠯᠭᠦ᠂ ᠬᠥᠭᠵᠢᠵᠦ ᠳᠡᠶᠢᠯᠭᠦ᠂ ᠦᠢᠯᠡᠰ ᠪᠦᠲᠦᠭᠡᠵᠦ ᠳᠡᠶᠢᠯᠭᠦ ᠪᠣᠯᠭᠠᠨ᠎ᠠ᠃             ︵ᠳᠥᠷᠪᠡ︶᠎  ᠥᠭᠡᠷᠡᠴᠢᠯᠡᠯᠲᠡ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠵᠦ᠂ ᠬᠥᠭᠵᠢᠯᠲᠡ ᠶᠢᠨ ᠳᠣᠲᠣᠭᠠᠳᠤ ᠬᠥᠳᠡᠯᠭᠡᠭᠴᠢ ᠬᠦᠴᠦᠨ ᠢ ᠴᠢᠩᠭᠠᠳᠬᠠᠨ᠎ᠠ᠃ ᠭᠤᠣᠯᠳᠠᠯᠭ᠎ᠠ ᠲᠠᠢ ᠬᠦᠷᠢᠶ᠎ᠡ ᠪᠣᠯᠣᠨ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢᠨ ᠪᠡᠷᠬᠡ ᠰᠡᠳᠦᠪ ᠢ ᠰᠢᠢᠳᠪᠦᠷᠢᠯᠡᠬᠦ ᠶᠢ ᠴᠢᠩᠭᠠᠳᠬᠠᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠳᠤ ᠦᠵᠡᠭᠦᠯᠭᠦ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠨ ᠪᠠᠳᠠᠷᠠᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢ ᠪᠠᠷ ᠵᠠᠰᠠᠭᠰᠠᠨ᠂ ᠣᠯᠠᠨ ᠤᠯᠤᠰᠴᠢᠯᠠᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠤᠢ ᠪᠤᠯᠭᠠᠵᠤ᠂ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠪᠠᠶᠢᠭᠤᠯᠬᠤ ᠶᠢ ᠠᠬᠢᠭᠤᠯᠤᠨ᠎ᠠ᠃             ᠡᠯ᠎ᠡ ᠲᠥᠷᠥᠯ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠪᠣᠯ ᠴᠥᠮ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠴᠢᠬᠤᠯᠠ ᠬᠦᠴᠦᠨ ᠮᠥᠨ᠃ ︽ᠬᠤᠶᠠᠷ ᠥᠴᠥᠬᠡᠨ ᠴᠦ ᠭᠤᠶᠢᠪᠢᠰᠢ ᠦᠭᠡᠢ︾ ᠎ ᠶᠢᠨ ᠪᠠᠶᠢᠭᠤᠯᠤᠯ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠥᠮᠴᠢᠯᠡᠯ ᠤᠨ ᠠᠵᠤ ᠠᠬᠤᠶᠢᠯᠠᠯ ᠳᠤ ᠭᠤᠤᠯᠴᠢ ᠪᠠᠷ ᠥᠷᠢᠰᠦᠯᠳᠦᠨ᠂ ᠮᠥᠴᠡᠭᠡᠷᠬᠡᠨ ᠬᠥᠭᠵᠢᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠤᠶ ᠪᠤᠯᠭᠠᠵᠦ ᠥᠭᠬᠦ ᠬᠡᠷᠡᠭᠲᠡᠢ᠃ ᠳᠤᠮᠳᠠᠳᠤ ᠤᠯᠤᠰ ᠤᠨ ᠣᠨᠴᠠᠯᠢᠭ ᠪᠦᠬᠦᠢ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠵᠦ᠂ ᠳᠡᠯᠡᠬᠡᠢ ᠶᠢᠨ ᠲᠡᠷᠢᠭᠦᠨ ᠵᠡᠷᠭᠡ ᠶᠢᠨ ᠠᠵᠤ ᠠᠬᠤᠶᠢᠯᠠᠯ ᠢ ᠨᠡᠩ ᠤᠯᠠᠨ ᠪᠠᠶᠢᠭᠤᠯᠤᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠭᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠭᠤᠣᠯ ᠠᠵᠢᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠭᠤᠣᠯᠯᠠᠬᠤ ᠴᠢᠳᠠᠮᠵᠢ ᠶᠢ ᠴᠢᠩᠭᠠᠷᠠᠭᠤᠯᠤᠨ᠂ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠤᠯᠤᠰ ᠤᠨ ᠥᠮᠴᠢᠯᠡᠯ ᠤᠨ ᠠᠵᠤ ᠠᠬᠤᠢ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠬᠦ ᠪᠠ ᠪᠦᠲᠦᠴᠡ ᠶᠢ ᠲᠣᠬᠢᠷᠠᠭᠤᠯᠬᠤ ᠶᠢ ᠵᠢᠭᠠᠨ ᠵᠢᠯᠤᠭᠤᠳᠬᠤ ᠳᠦᠷᠢᠮ ᠢ ᠪᠠᠶᠢᠭᠤᠯᠤᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠰᠠᠨᠠᠯ ᠵᠢᠴᠢ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠡᠯᠧᠮᠧᠨ᠋ᠲ ᠢ ᠣᠯᠬᠤ᠂ ᠲᠥᠪ ᠭᠤᠤᠯᠴᠢ ᠪᠠᠷ ᠬᠠᠤᠯᠢ ᠬᠡᠷᠡᠭᠵᠢᠭᠦᠯᠬᠦ᠂ ᠡᠷᠬᠡ ᠠᠰᠢᠭ ᠢ ᠬᠠᠮᠠᠭᠠᠯᠠᠬᠤ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠤᠯᠠᠮ ᠨᠢᠭᠡ ᠠᠯᠬᠤᠮ ᠰᠢᠢᠳᠪᠦᠷᠢᠯᠡᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠢᠭᠡᠯᠡᠯᠭᠡ ᠶᠢᠨ ᠡᠵᠡᠯᠡᠬᠦ ᠬᠠᠷᠢᠴᠠᠯ ᠢ ᠳᠡᠭᠡᠭᠰᠢᠯᠡᠭᠦᠯᠵᠦ᠂ ᠵᠢᠭᠡᠯᠡᠯᠭᠡ ᠲᠠᠯᠪᠢᠵᠤ ᠪᠡᠯᠡ ᠲᠣᠬᠢᠷᠠᠭᠤᠯᠬᠤ ᠬᠡᠪᠴᠢᠶ᠎ᠡ ᠶᠢ ᠥᠷᠭᠡᠳᠬᠡᠵᠦ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢ ᠲᠥᠷᠥᠯ ᠬᠤᠪᠢᠶᠠᠨ ᠬᠠᠪᠰᠤᠷᠤᠨ ᠲᠡᠳᠬᠦᠵᠦ ᠳᠡᠮᠵᠢᠬᠦ ᠶᠢ ᠴᠢᠩᠭᠠᠳᠬᠠᠨ᠎ᠠ᠃ ᠡᠳ᠋ ᠪᠠᠷᠠᠭ᠎ᠠ ᠶᠢᠨ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠠᠵᠤ ᠠᠬᠤᠶᠢᠯᠠᠯ ᠤᠨ ᠠᠪᠴᠠᠭᠠᠨ ᠤ ᠵᠣᠭᠤᠰ ᠢ ᠥᠷᠢᠲᠦᠬᠦ ᠶᠢ ᠰᠡᠷᠭᠡᠶᠢᠯᠡᠨ ᠠᠷᠢᠯᠭᠠᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠵᠦ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ ᠵᠣᠭᠤᠰ ᠢᠶᠠᠷ ᠲᠣᠷᠭᠠᠬᠤ᠂ ᠳᠤᠷ᠎ᠠ ᠪᠠᠷ ᠢᠶᠠᠨ ᠲᠡᠰᠬᠡᠨ ᠨᠣᠭᠳᠠᠭᠤᠯᠬᠤ ᠶᠠᠪᠤᠳᠠᠯ ᠢ ᠡᠷᠡᠰ ᠪᠠᠶᠢᠴᠠᠭᠠᠨ ᠰᠢᠢᠳᠪᠦᠷᠢᠯᠡᠨ᠎ᠡ᠃ ᠰᠢᠯᠢᠳᠡᠭ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠵᠤ ᠠᠬᠤᠶᠢᠯᠠᠯᠲᠠᠨ ᠤ ᠰᠢᠨ᠎ᠡ ᠶᠢ ᠡᠭᠦᠳᠬᠦ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠬᠦ᠂ ᠵᠣᠷᠢᠭᠲᠠᠢ ᠪᠠᠷ ᠬᠢᠵᠦ ᠵᠣᠷᠢᠭᠲᠠᠢ ᠪᠠᠷ ᠭᠠᠪᠰᠢᠭᠠᠶᠢᠯᠠᠵᠤ ᠵᠣᠷᠢᠭᠲᠠᠢ ᠪᠠᠷ ᠪᠡᠯᠡ ᠤᠷᠤᠭᠤᠯᠬᠤ᠂ ᠠᠵᠤ ᠠᠬᠤᠶᠢᠯᠠᠯ ᠢᠶᠠᠨ ᠯᠠᠪᠳᠠᠭᠤᠨ ᠪᠠᠲᠤᠲᠠᠢ ᠰᠠᠶᠢᠲᠤᠷ ᠡᠷᠭᠢᠯᠡᠭᠦ ᠶᠢ ᠲᠡᠮᠵᠢᠨ᠎ᠠ᠃             ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠵᠢᠯᠣᠭᠤᠳᠤᠮᠵᠢ ᠶᠢ ᠲᠣᠭᠲᠠᠭᠠᠨ᠎ᠠ᠃ ᠥᠮᠴᠢᠯᠡᠬᠦ ᠡᠷᠬᠡ ᠶᠢᠨ ᠬᠠᠮᠠᠭᠠᠯᠠᠯᠲᠠ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ᠂ ᠭᠤᠤᠯᠴᠢ ᠥᠷᠢᠰᠦᠯᠳᠦᠭᠡᠨ᠂ ᠨᠡᠶᠢᠭᠡᠮ ᠤᠨ ᠢᠲᠡᠭᠡᠮᠵᠢ ᠵᠡᠷᠭᠡ ᠲᠠᠯ᠎ᠠ ᠪᠠᠷ ᠬᠢ ᠳᠦᠷᠢᠮ ᠳᠦᠷᠢᠮᠯᠡᠯ ᠤᠨ ᠨᠢᠭᠡᠳᠦᠯᠲᠡᠢ ᠪᠠᠶᠢᠬᠤ ᠶᠢ ᠬᠦᠴᠦᠯᠡᠨ ᠠᠬᠢᠭᠤᠯᠤᠨ᠎ᠠ᠃ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢ ᠭᠦᠨᠵᠡᠭᠡᠶᠢᠷᠡᠭᠦᠯᠦᠨ᠎ᠡ᠃ ᠭᠤᠤᠯᠴᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠨᠡᠶᠢᠲᠡᠯᠡᠵᠦ᠂ ᠭᠤᠣᠯᠳᠠᠯᠭ᠎ᠠ ᠲᠠᠢ ᠬᠦᠷᠢᠶ᠎ᠡ᠂ ᠰᠢᠨ᠎ᠡ ᠪᠠᠷ ᠬᠥᠭᠵᠢᠭᠰᠡᠨ ᠬᠦᠷᠢᠶ᠎ᠡ᠂ ᠭᠠᠳᠠᠭᠠᠳᠤ ᠳᠤ ᠬᠤᠯᠪᠣᠭᠳᠠᠬᠤ ᠬᠦᠷᠢᠶᠡᠨ ᠤ ᠬᠢᠨᠠᠨ ᠬᠠᠮᠢᠶᠠᠷᠬᠤ ᠳᠦᠷᠢᠮᠯᠡᠯ ᠢ ᠲᠡᠭᠦᠯᠳᠡᠷᠵᠢᠭᠦᠯᠦᠨ᠎ᠡ᠃ ᠣᠷᠣᠨ ᠨᠤᠲᠤᠭ ᠤᠨ ᠬᠠᠮᠠᠭᠠᠯᠠᠯᠲᠠ᠂ ᠵᠠᠬ᠎ᠠ ᠳᠡᠯᠭᠡᠭᠦᠷ ᠤᠨ ᠬᠡᠰᠡᠭᠯᠡᠯ᠂ ᠬᠤᠳᠠᠯᠳᠤᠭᠠᠴᠢᠨ ᠤᠷᠢᠵᠤ ᠪᠡᠯᠡ ᠲᠠᠲᠠᠬᠤ ᠳᠤᠮᠳᠠᠬᠢ ᠵᠦᠢ ᠵᠣᠬᠢᠰ ᠦᠭᠡᠢ ᠥᠷᠢᠰᠦᠯᠳᠦᠭᠡᠨ ᠵᠡᠷᠭᠡ ᠲᠣᠪᠤᠶᠢᠮ᠎ᠠ ᠠᠰᠠᠭᠤᠳᠠᠯ ᠢ ᠲᠤᠰᠬᠠᠢ ᠵᠦᠢᠯ ᠢᠶᠠᠷ ᠵᠠᠰᠠᠵᠤ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠳᠤ ᠣᠷᠤᠯᠴᠠᠬᠤ ᠵᠠᠬ᠎ᠠ ᠳᠡᠯᠭᠡᠭᠦᠷ ᠤᠨ ᠵᠢᠷᠤᠮᠵᠢᠯ ᠪᠠ ᠬᠠᠮᠢᠶᠠᠷᠤᠯᠲᠠ ᠶᠢ ᠴᠢᠩᠭᠠᠳᠬᠠᠨ᠎ᠠ᠃ ᠬᠠᠤᠯᠢ ᠶᠣᠰᠣᠭᠠᠷ ᠬᠢᠨᠠᠨ ᠬᠠᠮᠢᠶᠠᠷᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠶᠢᠨ ᠨᠠᠷᠢᠯᠢᠭ ᠣᠨᠣᠴᠠᠳᠦ ᠴᠢᠨᠠᠷ ᠪᠠ ᠪᠦᠲᠦᠮᠵᠢᠲᠦ ᠴᠢᠨᠠᠷ ᠢ ᠳᠡᠭᠡᠭᠰᠢᠯᠡᠭᠦᠯᠵᠦ᠂ ᠭᠤᠤᠯᠴᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠡᠷᠡᠰ ᠬᠠᠮᠠᠭᠠᠯᠠᠨ᠎ᠠ᠃             ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡ ᠵᠡᠷᠭᠡ ᠬᠦᠷᠢᠶᠡᠨ ᠤ ᠥᠭᠡᠷᠡᠴᠢᠯᠡᠯᠲᠡ ᠶᠢ ᠠᠬᠢᠭᠤᠯᠤᠨ᠎ᠠ᠃ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠦᠷᠦᠭᠦᠯᠡᠬᠦ ᠣᠷᠣᠨ ᠢ ᠪᠦᠲᠦᠭᠡᠨ ᠪᠠᠶᠢᠭᠤᠯᠤᠨ᠎ᠠ᠃ ᠰᠢᠨ᠎ᠡ ᠨᠢᠭᠡᠨ ᠡᠭᠡᠯᠵᠢ ᠶᠢᠨ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠤᠬᠠᠭᠠᠯᠠᠨ ᠲᠥᠯᠥᠪᠯᠡᠵᠦ᠂ ᠮᠥᠩᠭᠦᠨ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠨ᠎ᠠ᠃ ᠴᠠᠭᠢᠯᠭᠠᠨ ᠬᠦᠴᠦ᠂ ᠲᠣᠰᠣ ᠬᠡᠢ᠂ ᠲᠡᠮᠦᠷ ᠵᠠᠮ ᠪᠣᠯᠣᠨ ᠶᠡᠷᠦᠩᠬᠡᠶᠢᠯᠡᠭᠰᠡᠨ ᠲᠡᠭᠡᠭᠡᠪᠦᠷᠢ ᠶᠢᠨ ᠰᠢᠰᠲ᠋ᠧᠮ ᠵᠡᠷᠭᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠶᠠᠨᠳᠠᠭᠠᠨ ᠤ ᠮᠤᠨᠤᠫᠤᠯᠢᠴᠢᠯᠠᠯ ᠤᠨ ᠭᠤᠭᠴᠣᠭᠠᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠪᠦᠷᠢᠨᠰᠢᠭᠦᠯᠦᠨ᠎ᠡ᠃ ᠤᠷᠤᠯᠭ᠎ᠠ ᠶᠢᠨ ᠬᠤᠪᠢᠶᠠᠷᠢᠯᠠᠯᠲᠠ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ᠂ ᠨᠠᠰᠤᠵᠢᠯ ᠤᠨ ᠠᠰᠠᠷᠠᠮᠵᠢ ᠵᠡᠷᠭᠡ ᠨᠡᠶᠢᠭᠡᠮ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃             ︵ᠲᠠᠪᠤ︶᠎  ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ ᠶᠢ ᠠᠬᠢᠭᠤᠯᠤᠨ᠎ᠠ᠃ ᠥᠨᠳᠥᠷ ᠪᠠᠷᠢᠮᠵᠢᠶᠠᠲᠤ ᠣᠯᠠᠨ ᠤᠯᠤᠰ ᠤᠨ ᠠᠵᠤ ᠠᠬᠤᠢ ᠠᠷᠠᠯᠵᠢᠶᠠᠨ ᠤ ᠳᠦᠷᠢᠮᠯᠡᠯ ᠯᠦᠭᠡ ᠰᠠᠨᠠᠭᠠᠴᠢᠯᠠᠭ᠎ᠠ ᠠᠴᠠ ᠪᠠᠨ ᠵᠣᠯᠭᠠᠯᠳᠤᠭᠤᠯᠵᠤ᠂ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠵᠠᠬ᠎ᠠ ᠳᠡᠯᠭᠡᠭᠦᠷ ᠬᠤᠶᠠᠷ ᠵᠦᠢᠯ ᠤᠨ ᠡᠬᠢ ᠪᠠᠶᠠᠯᠢᠭ ᠤᠨ ᠬᠤᠯᠪᠣᠯᠳᠤᠨ ᠬᠥᠳᠡᠯᠦᠯᠴᠡᠬᠦ ᠦᠢᠯᠡᠳᠦᠯ ᠢ ᠴᠢᠩᠭᠠᠷᠠᠭᠤᠯᠵᠤ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠦᠨᠳᠦᠰᠦᠨ ᠪᠠᠶᠢᠳᠠᠯ ᠢ ᠪᠠᠬᠢᠵᠢᠭᠦᠯᠵᠦ᠂ ᠤᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭ᠎ᠠ ᠪᠠ ᠥᠷᠢᠰᠦᠯᠳᠦᠭᠡᠨ ᠤ ᠰᠢᠨ᠎ᠡ ᠳᠠᠪᠠᠭᠤᠯᠢᠭ ᠢ ᠪᠤᠶᠢᠵᠢᠭᠤᠯᠤᠨ᠎ᠠ᠃             ᠭᠠᠳᠠᠭᠠᠳᠤ ᠠᠷᠠᠯᠵᠢᠶᠠᠨ ᠤ ᠴᠢᠨᠠᠷ ᠢ ᠳᠡᠭᠡᠭᠰᠢᠯᠡᠭᠦᠯᠦᠨ ᠬᠡᠮᠵᠢᠶ᠎ᠡ ᠶᠢ ᠲᠣᠭᠲᠠᠪᠤᠷᠢᠵᠢᠭᠤᠯᠬᠤ ᠶᠢ ᠠᠬᠢᠭᠤᠯᠤᠨ᠎ᠠ᠃ ᠭᠠᠳᠠᠭᠠᠳᠤ ᠣᠷᠤᠭᠤᠯᠤᠯᠲᠠ ᠭᠠᠳᠠᠭᠠᠳᠤ ᠭᠠᠷᠭᠠᠯᠲᠠ ᠶᠢᠨ ᠢᠲᠡᠭᠡᠮᠵᠢᠲᠦ ᠵᠢᠭᠡᠯᠡᠯᠭᠡ ᠪᠠ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠳᠡᠮᠵᠢᠯᠭᠡ ᠶᠢ ᠴᠢᠩᠭᠠᠳᠬᠠᠵᠤ᠂ ᠬᠢᠯᠢ ᠠᠯᠤᠰᠯᠠᠨ ᠲᠠᠰᠤᠯᠦᠨ ᠪᠤᠳᠤᠬᠤ᠂ ᠭᠤᠪᠢᠭᠤᠯᠭ᠎ᠠ ᠶᠢᠨ ᠨᠤᠷᠮ᠎ᠠ ᠶᠢᠨ ᠠᠶᠤᠯ ᠲᠦᠭᠰᠢᠭᠦᠷᠢ ᠶᠢ ᠬᠠᠮᠢᠶᠠᠷᠬᠤ ᠵᠡᠷᠭᠡ ᠦᠢᠯᠡᠴᠢᠯᠡᠭᠡ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠤᠯᠠᠨ ᠡᠰᠢᠴᠢᠯᠡᠭᠰᠡᠨ ᠵᠠᠬ᠎ᠠ ᠳᠡᠯᠭᠡᠭᠦᠷ ᠢ ᠨᠡᠭᠡᠭᠡᠬᠦ ᠶᠢ ᠲᠡᠮᠵᠢᠨ᠎ᠠ᠃ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭ᠎ᠠ ᠵᠡᠷᠭᠡ ᠰᠢᠨ᠎ᠡ ᠡᠵᠡᠩᠨᠡᠯᠲᠡ ᠶᠢᠨ ᠭᠡᠯᠪᠡᠷᠢ ᠪᠠᠶᠢᠳᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠭᠠᠳᠠᠭᠠᠳᠤ ᠳᠠᠬᠢ ᠬᠥᠮᠥᠷᠭᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠪᠤᠯᠪᠠᠰᠤᠷᠠᠭᠤᠯᠬᠤ ᠠᠷᠠᠯᠵᠢᠶ᠎ᠠ ᠶᠢᠨ ᠵᠡᠷᠭᠡ ᠲᠡᠰ ᠢ ᠳᠡᠪᠰᠢᠭᠦᠯᠬᠦ ᠶᠢ ᠳᠡᠮᠵᠢᠵᠦ᠂ ᠵᠠᠪᠰᠠᠷ ᠤᠨ ᠪᠦᠲᠦᠭᠡᠭᠳᠡᠬᠦᠨ ᠤ ᠠᠷᠠᠯᠵᠢᠶ᠎ᠠ᠂ ᠨᠣᠭᠤᠭᠠᠨ ᠠᠷᠠᠯᠵᠢᠶ᠎ᠠ ᠵᠡᠷᠭᠡ ᠰᠢᠨ᠎ᠡ ᠨᠡᠮᠡᠭᠳᠡᠯ ᠤᠨ ᠴᠡᠭ ᠢ ᠥᠷᠭᠡᠳᠬᠡᠨ᠎ᠡ᠃ ᠴᠢᠨᠠᠷ ᠰᠠᠶᠢᠲᠠᠢ ᠦᠢᠯᠡᠳᠬᠦᠨ ᠢ ᠭᠠᠳᠠᠭᠠᠳᠤ ᠠᠴᠠ ᠣᠷᠣᠭᠤᠯᠬᠤ ᠶᠢ ᠢᠳᠡᠪᠬᠢᠲᠡᠢ ᠪᠠᠷ ᠥᠷᠭᠡᠳᠬᠡᠨ᠎ᠡ᠃ ᠬᠢᠯᠢ ᠠᠯᠤᠰᠯᠠᠭᠰᠠᠨ ᠦᠢᠯᠡᠴᠢᠯᠡᠭᠡᠨ ᠤ ᠠᠷᠠᠯᠵᠢᠶ᠎ᠠ ᠶᠢᠨ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢ ᠪᠦᠭᠦ ᠲᠠᠯ᠎ᠠ ᠪᠠᠷ ᠬᠡᠷᠡᠭᠵᠢᠭᠦᠯᠦᠨ᠎ᠡ᠃ ᠦᠢᠯᠡᠴᠢᠯᠡᠭᠡᠨ ᠤ ᠠᠷᠠᠯᠵᠢᠶ᠎ᠠ᠂ ᠳ᠋ᠢᠵᠢᠲ᠋ᠠᠯ ᠠᠷᠠᠯᠵᠢᠶ᠎ᠠ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠨ᠎ᠡ᠃ ᠳᠣᠲᠣᠭᠠᠳᠤ ᠭᠠᠳᠠᠭᠠᠳᠤ ᠠᠷᠠᠯᠵᠢᠶᠠᠨ ᠤ ᠨᠢᠭᠡ ᠴᠣᠭᠴᠠᠵᠢᠭᠰᠠᠨ ᠬᠥᠭᠵᠢᠯᠲᠡ ᠶᠢ ᠲᠦᠷᠭᠡᠳᠬᠡᠨ᠎ᠡ᠃ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ᠂ ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ᠂ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ᠂ ᠳ᠋ᠢᠵᠢᠲ᠋ᠠᠯ ᠠᠷᠠᠯᠵᠢᠶᠠᠨ ᠤ ᠴᠤᠭᠯᠠᠭᠠᠨ ᠵᠡᠷᠭᠡ ᠴᠢᠬᠤᠯᠠ ᠶᠡᠭᠡ ᠦᠵᠡᠰᠭᠦᠯᠡᠩ ᠴᠤᠭᠯᠠᠭᠠᠨ ᠢ ᠰᠠᠶᠢᠲᠤᠷ ᠡᠷᠭᠢᠯᠡᠨ᠎ᠡ᠃ ᠤᠯᠠᠨ ᠤᠯᠤᠰ ᠤᠨ ᠡᠳ᠋ ᠪᠠᠷᠠᠭᠠᠨ ᠤ ᠭᠦᠢᠯᠭᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠣᠶᠤᠨᠴᠢ ᠪᠣᠭᠤᠮᠲᠠ ᠶᠢ ᠪᠤᠢ ᠪᠤᠯᠭᠠᠵᠤ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠬᠠᠪᠰᠤᠷᠤᠨ ᠥᠪᠡᠷ ᠤᠨ ᠦᠷᠲᠡᠭ ᠢ ᠨᠢ ᠪᠠᠭᠤᠷᠠᠭᠤᠯᠤᠨ ᠦᠷ᠎ᠡ ᠠᠰᠢᠭ ᠢ ᠨᠢ ᠳᠡᠭᠡᠭᠰᠢᠯᠡᠭᠦᠯᠦᠨ᠎ᠡ᠃             ᠭᠠᠳᠠᠭᠠᠳᠤ ᠪᠡᠯᠡ ᠶᠢ ᠲᠠᠲᠠᠬᠤ ᠡᠷᠴᠢᠮ ᠢ ᠴᠢᠩᠭᠠᠷᠠᠭᠤᠯᠤᠨ᠎ᠠ᠃ ᠭᠠᠳᠠᠭᠠᠳᠤ ᠪᠡᠯᠡ ᠶᠢᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢ ᠦᠷᠭᠦᠯᠵᠢᠯᠡᠨ ᠴᠥᠭᠡᠳᠬᠡᠵᠦ᠂ ᠦᠢᠯᠡᠳᠬᠦ ᠦᠢᠯᠡᠰ ᠤᠨ ᠬᠦᠷᠢᠶᠡᠨ ᠳᠠᠬᠢ ᠭᠠᠳᠠᠭᠠᠳᠤ ᠪᠡᠯᠡ ᠶᠢᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠬᠦᠴᠦᠨ ᠦᠭᠡᠢ ᠪᠤᠯᠭᠠᠵᠤ᠂ ᠴᠠᠭᠢᠯᠭᠠᠨ ᠬᠤᠯᠪᠤᠭ᠎ᠠ᠂ ᠡᠮᠨᠡᠯᠭᠡ ᠵᠡᠷᠭᠡ ᠦᠢᠯᠡᠴᠢᠯᠡᠭᠡᠨ ᠤ ᠦᠢᠯᠡᠰ ᠤᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠠᠭᠤᠵᠢᠭᠤ ᠪᠣᠯᠭᠠᠨ᠎ᠠ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠶᠢ ᠵᠣᠷᠢᠭᠵᠢᠭᠤᠯᠬᠤ ᠠᠵᠤ ᠦᠢᠯᠡᠰ ᠤᠨ ᠭᠠᠷᠴᠠᠭ ᠢ ᠥᠷᠭᠡᠳᠬᠡᠵᠦ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠢᠯᠢ ᠳᠣᠲᠣᠷ᠎ᠠ ᠲᠠᠭᠢᠨ ᠪᠡᠯᠡ ᠣᠷᠣᠭᠤᠯᠬᠤ ᠶᠢ ᠵᠣᠷᠢᠭᠵᠢᠭᠤᠯᠤᠨ᠎ᠠ᠃ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠠᠷᠠᠳ ᠢᠷᠭᠡᠨ ᠤ ᠬᠠᠷᠠᠭᠠᠯᠵᠠᠯ ᠢ ᠰᠠᠶᠢᠲᠤᠷ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠳᠤ ᠣᠷᠤᠯᠴᠠᠬᠤ᠂ ᠪᠠᠷᠢᠮᠵᠢᠶ᠎ᠠ ᠲᠣᠭᠲᠠᠭᠠᠬᠤ ᠳᠤ ᠬᠠᠤᠯᠢ ᠶᠣᠰᠣᠭᠠᠷ ᠡᠷᠬᠡ ᠲᠡᠭᠰᠢ ᠪᠠᠷ ᠣᠷᠤᠯᠴᠠᠬᠤ ᠶᠢ ᠪᠠᠲᠤᠯᠠᠵᠤ᠂ ᠳ᠋ᠠᠶᠢᠲ᠋ᠠ ᠶᠢᠨ ᠬᠢᠯᠢ ᠠᠯᠤᠰᠯᠠᠨ ᠰᠢᠯᠵᠢᠭᠦ ᠵᠡᠷᠭᠡ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠨ᠎ᠠ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ︽ᠳᠤᠮᠳᠠᠳᠤ ᠤᠯᠤᠰ ᠲᠤ ᠪᠡᠯᠡ ᠤᠷᠤᠭᠤᠯᠬᠤ︾ ᠨᠠᠷᠠᠲᠤ ᠲᠡᠮᠳᠡᠭ ᠢ ᠪᠤᠶ ᠪᠣᠯᠭᠠᠨ᠎ᠠ᠃ ᠭᠠᠳᠠᠭᠠᠳᠤ ᠶᠢᠨ ᠬᠠᠷᠢᠶ᠎ᠠ ᠲᠠᠢ ᠬᠥᠮᠥᠰ ᠤᠨ ᠳᠤᠮᠳᠠᠳᠤ ᠤᠯᠤᠰ ᠲᠤ ᠢᠷᠡᠵᠦ ᠠᠵᠢᠯᠯᠠᠬᠤ᠂ ᠰᠤᠷᠤᠯᠴᠠᠬᠤ᠂ ᠵᠢᠭᠤᠯᠴᠢᠯᠠᠬᠤ ᠳᠤ ᠲᠦᠭᠦᠮ ᠦᠵᠡᠭᠦᠯᠭᠦ ᠬᠡᠮᠵᠢᠶ᠎ᠡ ᠶᠢ ᠲᠠᠭᠡᠭᠰᠢᠯᠡᠭᠦᠯᠵᠤ᠂ ᠲᠣᠭᠠᠴᠠᠭ᠎ᠠ ᠬᠢᠬᠦ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠳᠡᠭᠡᠭᠰᠢᠯᠡᠭᠦᠯᠭᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ᠂ ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠵᠡᠷᠭᠡ ᠳᠤ ᠨᠠᠩ ᠣᠯᠠᠨ ᠡᠵᠡᠨ ᠮᠡᠳᠡᠬᠦ ᠡᠷᠬᠡ ᠣᠯᠭᠤᠵᠤ᠂ ᠨᠡᠭᠡᠭᠡᠨ ᠬᠥᠭᠵᠢᠭᠦᠯᠬᠦ ᠣᠷᠣᠨ ᠤ ᠥᠭᠡᠷᠡᠴᠢᠯᠡᠯᠲᠡ ᠬᠢᠬᠦ ᠪᠠ ᠰᠢᠨ᠎ᠡ ᠶᠢ ᠡᠭᠦᠳᠬᠦ ᠶᠢ ᠠᠬᠢᠭᠤᠯᠵᠤ᠂ ᠭᠠᠳᠠᠭᠠᠳᠤ ᠨᠡᠭᠡᠭᠡᠯᠲᠡ ᠶᠢᠨ ᠰᠢᠨ᠎ᠡ ᠥᠨᠳᠦᠷᠯᠢᠭ ᠭᠠᠵᠠᠷ ᠢ ᠪᠤᠢ ᠪᠣᠯᠭᠠᠨ᠎ᠠ᠃             ︽ᠨᠢᠭᠡ ᠪᠦᠰᠡ ᠨᠢᠭᠡ ᠵᠠᠮ︾ ᠎ ᠢ ᠬᠠᠮᠲᠤ ᠪᠠᠷ ᠴᠢᠨᠠᠷ ᠰᠠᠶᠢᠲᠠᠢ ᠪᠠᠶᠢᠭᠤᠯᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ᠃ ︽ᠨᠢᠭᠡ ᠪᠦᠰᠡ ᠨᠢᠭᠡ ᠵᠠᠮ︾ ᠎ ᠢ ᠬᠠᠮᠲᠤ ᠪᠠᠷ ᠴᠢᠨᠠᠷ ᠰᠠᠶᠢᠲᠠᠢ ᠪᠠᠶᠢᠭᠤᠯᠬᠤ ᠶᠢ ᠳᠡᠮᠵᠢᠬᠦ ᠨᠠᠶᠢᠮᠠᠨ ᠵᠦᠢᠯ ᠤᠨ ᠠᠵᠢᠯᠯᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠎ᠠ᠃ ᠴᠢᠬᠤᠯᠠ ᠶᠡᠭᠡ ᠲᠥᠰᠥᠯ ᠤᠨ ᠬᠠᠮᠲᠤᠷᠠᠯᠴᠠᠭ᠎ᠠ ᠶᠢ ᠯᠠᠪᠳᠠᠭᠤᠨ ᠢᠶᠠᠷ ᠠᠬᠢᠭᠤᠯᠵᠤ᠂ ᠨᠢᠭᠡ ᠪᠦᠯᠦᠭ ︽ᠵᠢᠵᠢᠭ ᠠᠲᠠᠯ᠎ᠠ ᠭᠤᠶᠤ︾ ᠠᠷᠠᠳ ᠤᠨ ᠠᠮᠢᠳᠤᠷᠠᠯ ᠤᠨ ᠲᠥᠰᠥᠯ ᠢ ᠬᠡᠷᠡᠭᠵᠢᠭᠦᠯᠵᠦ᠂ ᠳ᠋ᠢᠵᠢᠲ᠋ᠠᠯ᠂ ᠨᠣᠭᠤᠭᠠᠨ᠂ ᠰᠢᠨ᠎ᠡ ᠶᠢ ᠡᠭᠦᠳᠬᠦ᠂ ᠡᠷᠡᠭᠦᠯ ᠮᠡᠨᠳᠦ᠂ ᠰᠣᠶᠣᠯ ᠵᠢᠭᠤᠯᠴᠢᠯᠠᠯ᠂ ᠶᠠᠳᠠᠭᠤ ᠶᠢ ᠴᠥᠭᠡᠳᠬᠡᠬᠦ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠢᠳᠡᠪᠬᠢᠲᠡᠢ ᠠᠬᠢᠭᠤᠯᠤᠨ᠎ᠠ ᠃ ᠪᠠᠷᠠᠭᠤᠨ ᠬᠡᠰᠡᠭ ᠤᠨ ᠭᠠᠵᠠᠷ ᠣᠷᠣᠨ ᠤ ᠳᠠᠯᠠᠢ ᠬᠠᠭᠤᠷᠠᠢ ᠶᠢᠨ ᠰᠢᠨ᠎ᠡ ᠵᠠᠮ ᠢ ᠲᠦᠷᠭᠡᠯᠡᠨ ᠪᠦᠲᠦᠭᠡᠨ ᠪᠠᠶᠢᠭᠤᠯᠤᠨ᠎ᠠ᠃             ᠤᠯᠠᠨ ᠲᠠᠯᠠᠲᠤ ᠬᠤᠶᠠᠷ ᠲᠠᠯᠠᠲᠤ ᠪᠠ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠨᠢᠭᠡᠨᠲᠡ ᠬᠦᠴᠦᠨ ᠲᠠᠢ ᠪᠣᠯᠤᠭᠰᠠᠨ ᠴᠢᠯᠦᠭᠡᠲᠦ ᠠᠷᠠᠯᠵᠢᠶᠠᠨ ᠤ ᠬᠡᠯᠡᠯᠴᠡᠭᠡᠷ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠡᠩ ᠤᠯᠠᠨ ᠤᠯᠤᠰ ᠪᠠ ᠭᠠᠵᠠᠷ ᠣᠷᠣᠨ ᠯᠤᠭ᠎ᠠ ᠥᠨᠳᠥᠷ ᠪᠠᠷᠢᠮᠵᠢᠶᠠᠲᠤ ᠴᠢᠯᠦᠭᠡᠲᠦ ᠠᠷᠠᠯᠵᠢᠶᠠᠨ ᠤ ᠬᠡᠯᠡᠯᠴᠡᠭᠡᠷ ᠪᠠ ᠪᠡᠯᠡ ᠣᠷᠣᠭᠤᠯᠤᠯᠲᠠ ᠶᠢᠨ ᠬᠡᠯᠡᠯᠴᠡᠭᠡᠷ ᠢ ᠵᠥᠪᠳᠡᠯᠴᠡᠨ ᠲᠣᠭᠲᠠᠭᠠᠨ᠎ᠠ᠃ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠴᠢᠯᠦᠭᠡᠲᠦ ᠠᠷᠠᠯᠵᠢᠶᠠᠨ ᠤ ᠣᠷᠣᠨ ᠤ 3.0 ᠬᠡᠪ ᠤᠨ ᠬᠡᠯᠡᠯᠴᠡᠭᠡ ᠶᠢ ᠠᠬᠢᠭᠤᠯᠵᠤ᠂ ︽ᠳ᠋ᠢᠵᠢᠲ᠋ᠠᠯ ᠠᠵᠤ ᠠᠬᠤᠢ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ︾᠂ ︽ᠪᠦᠭᠦ ᠲᠠᠯ᠎ᠠ ᠶᠢᠨ ᠬᠢᠭᠡᠳ ᠳᠠᠪᠰᠢᠩᠭᠤᠢ ᠨᠣᠮᠣᠬᠠᠨ ᠲᠠᠯᠠᠢ ᠠᠯᠤᠰᠯᠠᠭᠰᠠᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ︾ ᠎ ᠲᠤ ᠣᠷᠣᠬᠤ ᠶᠢ ᠠᠬᠢᠭᠤᠯᠤᠨ᠎ᠠ᠃ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠳᠤ ᠪᠦᠭᠦ ᠲᠠᠯ᠎ᠠ ᠪᠠᠷ ᠭᠦᠨᠵᠡᠭᠡᠢ ᠣᠷᠣᠯᠴᠠᠵᠤ᠂ ᠨᠡᠭᠡᠭᠡᠯᠲᠡᠲᠤ ᠭᠡᠯᠪᠡᠷᠢ ᠶᠢᠨ ᠳᠡᠯᠡᠬᠡᠢ ᠶᠢᠨ ᠠᠵᠤ ᠠᠬᠤᠢ ᠶᠢ ᠪᠠᠶᠢᠭᠤᠯᠬᠤ ᠶᠢ ᠠᠬᠢᠭᠤᠯᠵᠤ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠭᠰᠡᠨ ᠨᠡᠩ ᠤᠯᠠᠨ ᠦᠷ᠎ᠡ ᠪᠦᠲᠦᠭᠡᠯ ᠢ ᠡᠯ᠎ᠡ ᠤᠯᠤᠰ ᠤᠨ ᠠᠷᠠᠳ ᠲᠦᠮᠡᠨ ᠳᠤ ᠬᠦᠷᠲᠡᠭᠡᠨ᠎ᠡ᠃             ︵ᠵᠢᠷᠭᠤᠭ᠎ᠠ︶᠎  ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠨ ᠨᠢᠭᠡᠳᠦᠯᠲᠡᠢ ᠲᠥᠯᠥᠪᠯᠡᠵᠦ᠂ ᠭᠤᠣᠯᠳᠠᠯᠭ᠎ᠠ ᠲᠠᠢ ᠬᠦᠷᠢᠶᠡᠨ ᠳᠠᠬᠢ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠨ᠎ᠠ᠃ ᠴᠢᠨᠠᠷ ᠰᠠᠶᠢᠲᠠᠢ ᠬᠥᠭᠵᠢᠯᠲᠡ ᠪᠠᠷ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠠᠬᠢᠭᠤᠯᠬᠤ ᠶᠢ ᠪᠠᠷᠢᠮᠲᠠᠯᠠᠵᠤ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠵᠤ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ᠂ ᠣᠷᠣᠨ ᠨᠤᠲᠤᠭ ᠤᠨ ᠥᠷᠢ ᠥᠭᠴᠡᠭᠡ᠂ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠶᠢᠨ ᠲᠦᠭᠰᠢᠭᠦᠷᠢ ᠶᠢ ᠥᠩᠭᠡᠨ ᠲᠠᠯ᠎ᠠ ᠪᠠ ᠦᠨᠳᠦᠰᠦ ᠰᠤᠷᠪᠤᠯᠵᠢ ᠠᠴᠠ ᠨᠢ ᠵᠠᠰᠠᠵᠤ ᠪᠠᠶᠢᠭᠠᠳ ᠠᠷᠢᠯᠭᠠᠵᠤ᠂ ᠠᠵᠤ ᠠᠬᠤᠢ ᠮᠥᠩᠭᠦᠨ ᠭᠦᠢᠯᠭᠡᠭᠡᠨ ᠤ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃             ᠲᠦᠭᠰᠢᠭᠦᠷᠢ ᠶᠢᠨ ᠳᠠᠯᠳᠠ ᠭᠡᠮ ᠢ ᠯᠠᠪᠳᠠᠭᠤᠨ ᠲᠣᠬᠢᠲᠠᠢ ᠪᠥᠭᠡᠳ ᠡᠮᠬᠢ ᠵᠢᠷᠤᠮ ᠲᠠᠢ ᠪᠠᠷ ᠰᠢᠢᠳᠪᠦᠷᠢᠯᠡᠨ᠎ᠡ᠃ ᠬᠦᠨᠳᠦ ᠶᠡᠭᠡ ᠲᠦᠭᠰᠢᠭᠦᠷᠢ ᠶᠢ ᠰᠢᠢᠳᠪᠦᠷᠢᠯᠡᠬᠦ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠣᠷᠣᠨ ᠨᠤᠲᠤᠭ ᠤᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠢᠢᠳᠪᠦᠷᠢᠯᠡᠬᠦ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠰᠢᠰᠲ᠋ᠧᠮ ᠤᠨ ᠴᠢᠨᠠᠷᠲᠠᠢ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠪᠠᠲᠤ ᠰᠠᠬᠢᠨ᠎ᠠ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠠᠳᠠᠯᠢ ᠪᠤᠰᠤ ᠥᠮᠴᠢᠯᠡᠯ ᠤᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠵᠦᠢ ᠵᠣᠬᠢᠰᠲᠠᠢ ᠬᠡᠷᠡᠭᠴᠡᠭᠡ ᠳᠤ ᠠᠳᠠᠯᠢ ᠲᠡᠭᠰᠢ ᠪᠠᠷ ᠳᠡᠮᠵᠢᠯᠭᠡ ᠦᠵᠡᠭᠦᠯᠵᠦ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠣᠷᠣᠨ ᠨᠤᠲᠤᠭ ᠤᠨ ᠥᠷᠢ ᠥᠭᠴᠡᠭᠡ ᠶᠢᠨ ᠲᠦᠭᠰᠢᠭᠦᠷᠢ ᠶᠢ ᠠᠷᠢᠯᠭᠠᠬᠤ ᠪᠠ ᠲᠣᠭᠲᠠᠭᠤᠨ ᠢᠶᠠᠷ ᠬᠥᠭᠵᠢᠭᠦᠯᠬᠦ ᠶᠢ ᠨᠢᠭᠡᠳᠦᠯᠲᠡᠢ ᠲᠥᠯᠥᠪᠯᠡᠵᠦ᠂ ᠥᠷᠢ ᠥᠭᠴᠡᠭᠡ ᠶᠢ ᠠᠷᠢᠯᠭᠠᠬᠤ ᠪᠦᠭᠦᠨ ᠢ ᠬᠠᠮᠤᠷᠤᠭᠰᠠᠨ ᠲᠥᠰᠥᠯ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠬᠠᠳᠠᠭᠠᠯᠠᠯᠲᠠ ᠥᠷᠢ ᠥᠭᠴᠡᠭᠡᠨ ᠤ ᠲᠦᠭᠰᠢᠭᠦᠷᠢ ᠶᠢ ᠲᠣᠬᠢᠲᠠᠢ ᠠᠷᠢᠯᠭᠠᠵᠤ ᠂ ᠰᠢᠨ᠎ᠡ ᠪᠠᠷ ᠨᠡᠮᠡᠭᠳᠡᠬᠦ ᠥᠷᠢ ᠥᠭᠴᠡᠭᠡᠨ ᠤ ᠲᠦᠭᠰᠢᠭᠦᠷᠢ ᠶᠢ ᠴᠢᠩᠭ᠎ᠠ ᠰᠡᠷᠭᠡᠶᠢᠯᠡᠨ᠎ᠡ᠃ ᠵᠠᠷᠢᠮ ᠭᠠᠵᠠᠷ ᠣᠷᠣᠨ ᠤ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠶᠢ ᠰᠢᠢᠳᠪᠦᠷᠢᠯᠡᠬᠦ ᠶᠢ ᠯᠠᠪᠳᠠᠭᠤᠨ ᠢᠶᠠᠷ ᠠᠬᠢᠭᠤᠯᠤᠨ᠎ᠠ᠃ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃             ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ᠎ᠡ᠃ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠬᠥᠭᠵᠢᠯᠲᠡ ᠶᠢᠨ ᠬᠠᠨᠳᠤᠰᠢ ᠪᠣᠯᠣᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭᠠᠨ ᠤ ᠬᠤᠪᠢᠷᠠᠯᠲᠠ ᠳᠤ ᠵᠣᠬᠢᠴᠠᠭᠤᠯᠤᠨ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠯᠡᠨ ᠪᠠᠶᠢᠭᠤᠯᠤᠨ᠎ᠠ᠃ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠬᠠᠩᠭᠠᠯᠭ᠎ᠠ ᠶᠢ ᠨᠡᠮᠡᠭᠳᠡᠭᠦᠯᠵᠦ᠂ ᠲᠠᠸᠠᠷ ᠤᠨ ᠭᠡᠷ ᠪᠠᠶᠢᠰᠢᠩ ᠤᠨ ᠬᠤᠯᠪᠣᠭᠳᠠᠯ ᠪᠦᠬᠦᠢ ᠰᠠᠭᠤᠷᠢ ᠴᠢᠨᠠᠷᠲᠠᠢ ᠳᠦᠷᠢᠮ ᠢ ᠲᠡᠭᠦᠯᠳᠡᠷᠵᠢᠭᠦᠯᠵᠦ᠂ ᠰᠠᠭᠤᠭᠠᠯᠢ ᠠᠷᠠᠳ ᠤᠨ ᠵᠠᠶᠢᠯᠠᠰᠢ ᠦᠭᠡᠢ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠪᠠ ᠤᠯᠠᠨ ᠶᠠᠩᠵᠤᠴᠢᠯᠠᠭᠰᠠᠨ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢ ᠬᠠᠩᠭᠠᠨ᠎ᠠ᠃ ᠴᠢᠨᠠᠷ ᠰᠠᠶᠢᠲᠠᠢ ᠬᠥᠭᠵᠢᠯᠲᠡ ᠯᠦᠭᠡ ᠵᠣᠬᠢᠴᠠᠯᠳᠤᠭᠰᠠᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠪᠦᠭᠦ ᠰᠢᠰᠲ᠋ᠧᠮ ᠤᠨ ᠣᠷᠣᠨ ᠨᠤᠲᠤᠭ ᠤᠨ ᠥᠷᠢ ᠥᠭᠴᠡᠭᠡ ᠶᠢ ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲ᠋ᠧᠮ ᠢ ᠲᠡᠭᠦᠯᠳᠡᠷᠵᠢᠭᠦᠯᠦᠨ᠂ ᠣᠷᠣᠨ ᠨᠤᠲᠤᠭ ᠤᠨ ᠪᠡᠯᠡ ᠲᠣᠬᠢᠷᠠᠭᠤᠯᠬᠤ ᠲᠠᠪᠴᠠᠩ ᠤᠨ ᠭᠡᠯᠪᠡᠷᠢ ᠪᠠᠨ ᠬᠤᠪᠢᠷᠠᠭᠤᠯᠬᠤ ᠶᠢ ᠲᠦᠷᠦᠯ ᠬᠤᠪᠢᠶᠠᠨ ᠠᠬᠢᠭᠤᠯᠤᠨ᠎ᠠ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ ᠪᠦᠷᠢᠨᠰᠢᠭᠦᠯᠵᠦ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠬᠢᠵᠠᠭᠠᠷᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃             ᠭᠤᠣᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠠᠮᠤ ᠪᠤᠳᠠᠭᠠᠨ ᠤ ᠦᠢᠯᠡᠳᠪᠦᠷᠢᠯᠡᠬᠦ ᠬᠤᠳᠠᠯᠳᠤᠨ ᠠᠪᠴᠤ ᠨᠥᠭᠡᠴᠡᠯᠡᠬᠦ ᠪᠤᠯᠪᠠᠰᠤᠷᠠᠭᠤᠯᠬᠤ ᠰᠢᠰᠲ᠋ᠧᠮ ᠢ ᠲᠡᠭᠦᠯᠳᠡᠷᠵᠢᠭᠦᠯᠵᠦ ᠂ ᠠᠮᠤ ᠪᠤᠳᠠᠭᠠᠨ ᠤ ᠠᠮᠤᠷ ᠲᠦᠪᠰᠢᠨ ᠤ ᠦᠨᠳᠦᠰᠦ ᠰᠠᠭᠤᠷᠢ ᠶᠢ ᠪᠦᠭᠦ ᠲᠠᠯ᠎ᠠ ᠪᠠᠷ ᠪᠠᠬᠢᠵᠢᠭᠦᠯᠦᠨ᠎ᠡ᠃ ᠤᠯᠤᠰ ᠤᠨ ᠤᠰᠤᠨ ᠲᠣᠣᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠡᠨᠧᠷᠭᠢ ᠶᠢᠨ ᠰᠤᠷᠪᠤᠯᠵᠢ ᠡᠬᠢ ᠪᠠᠶᠠᠯᠢᠭ ᠤᠨ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠵᠤ᠂ ᠲᠣᠰᠣ ᠬᠡᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠰᠢᠨᠵᠢᠵᠦ ᠨᠡᠭᠡᠭᠡᠨ ᠠᠰᠢᠭᠯᠠᠬᠤ ᠡᠷᠴᠢᠮ ᠢ ᠴᠢᠩᠭᠠᠷᠠᠭᠤᠯᠤᠨ᠎ᠠ᠃ ᠲᠣᠮᠣ ᠤᠯᠤᠰ ᠤᠨ ᠨᠥᠭᠡᠴᠡᠯᠡᠯᠳᠡ ᠶᠢᠨ ᠰᠢᠰᠲ᠋ᠧᠮ ᠢ ᠲᠦᠷᠭᠡᠯᠡᠨ ᠪᠠᠶᠢᠭᠤᠯᠵᠤ᠂ ᠭᠤᠣᠯᠳᠠᠯᠭ᠎ᠠ ᠲᠠᠢ ᠨᠥᠭᠡᠴᠡᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠲᠣᠣᠷ ᠰᠦᠯᠵᠢᠶ᠎ᠡ᠂ ᠳ᠋ᠠᠶᠢᠲ᠋ᠠ ᠵᠡᠷᠭᠡ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠲᠣᠭᠲᠠᠭᠤᠨ ᠪᠠᠶᠢᠳᠠᠯ ᠢ ᠪᠦᠲᠦᠮᠵᠢᠲᠡᠶ ᠬᠠᠮᠠᠭᠠᠯᠠᠵᠤ᠂ ᠤᠯᠤᠰ ᠠᠷᠠᠳ ᠤᠨ ᠠᠵᠤ ᠠᠬᠤᠢ ᠶᠢᠨ ᠰᠠᠭᠠᠳ ᠦᠭᠡᠢ ᠣᠷᠴᠢᠯ ᠢ ᠲᠤᠯᠭᠠᠭᠤᠷᠢᠯᠠᠨ᠎ᠠ᠃             ︵ᠳᠣᠯᠤᠭ᠎ᠠ︶᠎  ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠢ ᠴᠥᠬᠦᠷᠡᠰᠢ ᠦᠭᠡᠢ ᠰᠠᠶᠢᠲᠤᠷ ᠠᠳᠬᠤᠵᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠲᠠᠷᠢᠶᠠᠯᠠᠩ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠪᠠᠨ ᠪᠠᠲᠤᠵᠢᠭᠤᠯᠵᠤ᠂ ︽ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ︾ ᠢᠨᠵᠧᠨᠧᠷᠢᠩ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠲᠦᠷᠦᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠯᠬᠤᠮ ᠳᠠᠷᠠᠭ᠎ᠠ ᠲᠠᠢ ᠪᠠᠷ ᠶᠠᠪᠤᠭᠳᠠᠭᠤᠯᠵᠤ᠂ ᠤᠳᠠᠭᠠᠨ ᠳᠠᠭᠠᠭᠠᠮᠠᠭᠠᠢ ᠪᠠᠷ ᠬᠦᠴᠦᠯᠡᠨ ᠴᠢᠷᠮᠠᠶᠢᠵᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠠᠪᠤᠳᠠᠯ ᠤᠨ ᠲᠠᠰᠤᠷᠠᠯᠲᠠ ᠦᠭᠡᠢ ᠮᠥᠨ ᠴᠢᠨᠠᠷ ᠤᠨ ᠠᠬᠢᠯᠲᠠ ᠲᠠᠢ ᠪᠤᠯᠬᠤ᠂ ᠱᠠᠲᠤ ᠦᠶᠡᠴᠢ ᠴᠢᠨᠠᠷᠲᠠᠢ ᠦᠷ᠎ᠡ ᠪᠦᠲᠦᠭᠡᠯ ᠣᠯᠬᠤ ᠶᠢ ᠠᠬᠢᠭᠤᠯᠤᠨ᠎ᠠ᠃             ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ ᠶᠢ ᠴᠢᠩᠭᠠᠳᠬᠠᠨ᠎ᠠ᠃ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠵᠤ᠂ ᠰᠢᠷ᠎ᠠ ᠪᠤᠷᠴᠠᠭ ᠢ ᠥᠷᠭᠡᠳᠬᠡᠨ ᠳᠠᠷᠢᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠲᠠᠯᠠᠪᠠᠢ ᠨᠢᠭᠡᠴᠢ ᠶᠢᠨ ᠤᠨᠠᠯᠲᠠ ᠶᠢ ᠶᠡᠭᠡ ᠬᠡᠪᠴᠢᠶ᠎ᠡ ᠪᠠᠷ ᠳᠡᠭᠡᠭᠰᠢᠯᠡᠭᠦᠯᠭᠦ ᠶᠢ ᠠᠬᠢᠭᠤᠯᠤᠨ᠎ᠠ᠃ ᠪᠤᠭᠤᠳᠠᠢ ᠬᠤᠳᠠᠯᠳᠤᠨ ᠠᠪᠬᠤ ᠨᠠᠭᠠᠲᠤ ᠵᠠᠬ᠎ᠠ ᠶᠢᠨ ᠦᠨ᠎ᠡ ᠶᠢ ᠵᠣᠬᠢᠰᠲᠠᠢ ᠳᠡᠭᠡᠭᠰᠢᠯᠡᠭᠦᠯᠵᠦ᠂ ᠪᠦᠭᠦ ᠤᠯᠤᠰ ᠲᠤ ᠭᠤᠷᠪᠠᠨ ᠶᠡᠭᠡ ᠭᠤᠣᠯ ᠠᠮᠤ ᠪᠤᠳᠠᠭᠠᠨ ᠤ ᠦᠢᠯᠡᠳᠪᠦᠷᠢᠯᠡᠯ ᠤᠨ ᠥᠪᠡᠷ ᠤᠨ ᠦᠷᠲᠡᠭ ᠪᠠ ᠣᠷᠣᠯᠭ᠎ᠠ ᠶᠢᠨ ᠳᠠᠭᠠᠳᠬᠠᠯ ᠤᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠮᠤ ᠪᠤᠳᠠᠭ᠎ᠠ ᠲᠠᠷᠢᠳᠠᠭ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠶᠢ ᠪᠦᠷᠢᠨᠰᠢᠭᠦᠯᠦᠨ᠎ᠡ᠃ ᠠᠮᠤ ᠪᠤᠳᠠᠭᠠᠨ ᠤ ᠭᠠᠷᠤᠯᠲᠠ ᠶᠡᠬᠡᠲᠡᠢ ᠰᠢᠶᠠᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠭᠤᠣᠯ ᠭᠠᠷᠤᠯᠲᠠ ᠶᠢᠨ ᠣᠷᠣᠨ ᠤ ᠠᠰᠢᠭ ᠲᠤᠰᠠ ᠶᠢᠨ ᠨᠥᠬᠦᠪᠦᠷᠢ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠣᠰᠣᠯᠢᠭ ᠲᠠᠷᠢᠮᠠᠯ ᠤᠨ ᠦᠢᠯᠡᠳᠪᠦᠷᠢᠯᠡᠯ ᠢ ᠥᠷᠭᠡᠳᠬᠡᠵᠦ᠂ ᠮᠠᠯ ᠠᠵᠤ ᠠᠬᠤᠢ᠂ ᠵᠢᠭᠠᠰᠤᠨ ᠠᠵᠤ ᠠᠬᠤᠢ ᠶᠢᠨ ᠦᠢᠯᠡᠳᠪᠦᠷᠢᠯᠡᠯ ᠤᠨ ᠴᠢᠳᠠᠪᠤᠷᠢ ᠶᠢ ᠲᠣᠭᠲᠠᠭᠤᠨ ᠪᠠᠶᠢᠯᠭᠠᠵᠤ᠂ ᠤᠳᠤ ᠦᠶ᠎ᠡ ᠶᠢᠨ ᠲᠥᠬᠦᠭᠡᠷᠦᠮᠵᠢᠲᠦ ᠲᠠᠷᠢᠶᠠᠯᠠᠩ ᠢ ᠬᠥᠭᠵᠢᠭᠦᠯᠦᠨ᠎ᠡ᠃ ᠤᠰᠤ ᠠᠷᠪᠢᠯᠠᠬᠤ ᠲᠠᠷᠢᠶᠠᠯᠠᠩ᠂ ᠭᠠᠩ ᠬᠠᠭᠰᠠᠷᠠᠭᠠᠨ ᠳᠤ ᠵᠣᠬᠢᠴᠠᠬᠤ ᠲᠠᠷᠢᠶᠠᠯᠠᠩ ᠤᠨ ᠬᠥᠭᠵᠢᠯᠲᠡ ᠶᠢ ᠲᠠᠮᠵᠢᠨ᠎ᠠ᠃ ᠡᠪᠡᠳᠴᠢᠨ ᠬᠤᠷᠣᠬᠠᠢ ᠶᠢᠨ ᠬᠥᠨᠥᠭᠡᠯ ᠪᠠ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠨ᠎ᠠ᠃ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ᠂ ᠲᠠᠷᠢᠶᠠᠯᠠᠩ ᠤᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠡᠷᠴᠢᠮ ᠢ ᠴᠢᠩᠭᠠᠷᠠᠭᠤᠯᠵᠤ᠂ ᠲᠠᠷᠢᠶᠠᠯᠠᠩ ᠤᠨ ᠮᠠᠰᠢᠨ ᠲᠣᠨᠣᠭᠯᠠᠯ ᠤᠨ ᠳᠤᠲᠠᠭᠤᠳᠠᠯ ᠢ ᠨᠥᠬᠦᠪᠦᠷᠢᠯᠡᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠳᠦᠷᠢᠮ ᠢ ᠲᠡᠭᠦᠯᠳᠡᠷᠵᠢᠭᠦᠯᠵᠦ᠂ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠪᠠ ᠬᠤᠵᠢᠷᠯᠢᠭ ᠭᠠᠵᠠᠷ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠳᠤ ᠨᠥᠬᠦᠪᠦᠷᠢ ᠣᠯᠭᠤᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠯ᠎ᠡ ᠭᠠᠵᠠᠷ ᠣᠷᠣᠨ ᠴᠥᠮ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ ᠮᠠᠨ ᠤ ᠡᠶᠢᠮᠦ ᠨᠢᠭᠡᠨ ᠬᠥᠮᠥᠨ ᠠᠮᠠ ᠣᠯᠠᠨᠲᠠᠢ ᠲᠣᠮᠣ ᠤᠯᠤᠰ ᠡᠷᠬᠡᠪᠰᠢ ᠲᠣᠮᠣ ᠲᠠᠷᠢᠶᠠᠯᠠᠩ ᠤᠨ ᠦᠵᠡᠯᠲᠡ᠂ ᠬᠠᠮ ᠢᠳᠡᠭᠡᠨ ᠤ ᠦᠵᠡᠯᠲᠡ ᠶᠢ ᠰᠠᠶᠢᠲᠤᠷ ᠦᠢᠯᠡᠳᠦᠯᠭᠡᠵᠢᠭᠦᠯᠵᠦ᠂ ᠬᠤᠭᠤᠯᠠ ᠬᠦᠨᠡᠰᠦ ᠪᠠᠨ ᠢᠮᠠᠭᠲᠠ ᠪᠡᠶ᠎ᠡ ᠳᠡᠭᠡᠨ ᠲᠦᠰᠢᠭᠯᠡᠨ ᠰᠢᠢᠳᠪᠦᠷᠢᠯᠡᠬᠦ ᠬᠡᠷᠡᠭᠲᠡᠢ᠃             ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠥᠴᠥᠬᠡᠨ ᠴᠦ ᠰᠤᠯᠠᠷᠠᠭᠤᠯᠤᠯ ᠦᠭᠡᠢ ᠪᠠᠬᠢᠵᠢᠭᠦᠯᠦᠨ ᠥᠷᠭᠡᠳᠬᠡᠨ᠎ᠡ᠃ ᠳᠠᠭᠢᠨ ᠶᠠᠳᠠᠭᠤᠷᠠᠬᠤ ᠠᠴᠠ ᠰᠡᠷᠭᠡᠶᠢᠯᠡᠬᠦ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠠᠵᠢᠯ ᠢ ᠴᠢᠩᠭᠠᠳᠬᠠᠵᠤ᠂ ᠬᠡᠪᠴᠢᠶᠡᠲᠦ ᠴᠢᠨᠠᠷᠲᠠᠢ ᠳᠠᠭᠢᠨ ᠶᠠᠳᠠᠭᠤᠷᠠᠯ ᠡᠭᠦᠰᠬᠦ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠣᠨᠴᠠᠯᠢᠭᠲᠤ ᠳᠠᠪᠠᠭᠤᠯᠢᠭ ᠠᠵᠤ ᠦᠢᠯᠡᠰ ᠬᠥᠭᠵᠢᠭᠦᠯᠬᠦ ᠶᠢ ᠳᠡᠮᠵᠢᠵᠦ᠂ ᠲᠠᠭᠢᠨ ᠶᠠᠳᠠᠭᠤᠷᠠᠬᠤ ᠠᠴᠠ ᠰᠡᠷᠭᠡᠶᠢᠯᠡᠬᠦ ᠠᠵᠢᠯ ᠣᠯᠭᠤᠯᠲᠠ ᠶᠢᠨ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢ ᠠᠬᠢᠭᠤᠯᠵᠤ᠂ ᠣᠨᠳᠣᠣ ᠭᠠᠵᠠᠷ ᠨᠡᠭᠦᠯᠭᠡᠭᠰᠡᠨ ᠤ ᠳᠠᠷᠠᠭᠠᠬᠢ ᠬᠠᠪᠰᠤᠷᠤᠨ ᠲᠡᠳᠬᠦᠬᠦ ᠠᠵᠢᠯ ᠢ ᠴᠢᠩᠭᠠᠳᠬᠠᠨ᠎ᠠ᠃ ᠵᠡᠭᠦᠨ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ ᠬᠠᠮᠵᠢᠯᠴᠠᠬᠤ ᠪᠠ ᠴᠡᠭ ᠲᠣᠭᠲᠠᠭᠠᠨ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠦᠨ᠎ᠡ᠃ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠪᠣᠯᠣᠨ ᠬᠥᠭᠵᠢᠯᠲᠡ ᠪᠠᠷᠤᠭᠲᠠᠢ ᠭᠠᠵᠠᠷ ᠣᠷᠣᠨ ᠢ ᠪᠠᠶᠢᠩᠭᠤ ᠶᠢᠨ ᠴᠢᠨᠠᠷᠲᠠᠢ ᠪᠠᠷ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠨᠡᠩ ᠰᠠᠶᠢᠨ ᠪᠠᠬᠢᠵᠢᠭᠦᠯᠵᠦ᠂ ᠦᠷ᠎ᠡ ᠪᠦᠲᠦᠮᠵᠢ ᠶᠢ ᠨᠢ ᠨᠡᠩ ᠦᠷᠭᠦᠯᠵᠢᠯᠡᠬᠦ᠋ᠢᠴᠡ ᠪᠣᠯᠭᠠᠨ᠎ᠠ᠃             ᠬᠥᠳᠡᠭᠡ ᠲᠣᠰᠬᠤᠨ ᠤ ᠥᠭᠡᠷᠡᠴᠢᠯᠡᠯᠲᠡ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠤᠨ᠎ᠠ᠃ ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠨᠢ ᠲᠤᠯᠤᠭᠰᠠᠨ ᠤ ᠲᠠᠷᠠᠭ᠎ᠠ ᠲᠠᠭᠢᠭᠠᠳ 30 ᠵᠢᠯ ᠤᠷᠲᠤᠳᠬᠠᠬᠤ ᠪᠦᠬᠦᠯᠢ ᠮᠤᠵᠢ ᠶᠢᠨ ᠲᠤᠷᠰᠢᠯᠲᠠ ᠶᠢ ᠡᠬᠢᠯᠡᠭᠦᠯᠦᠨ᠎ᠡ᠃ ᠬᠠᠮᠲᠤ ᠶᠢᠨ ᠥᠮᠴᠢᠯᠡᠯ ᠤᠨ ᠡᠷᠬᠡ᠂ ᠬᠠᠮᠲᠤ ᠶᠢᠨ ᠣᠢ ᠰᠢᠭᠤᠢ ᠶᠢᠨ ᠡᠷᠬᠡ᠂ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ᠂ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠰᠢᠨ᠎ᠡ ᠭᠡᠯᠪᠡᠷᠢ ᠶᠢᠨ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠶᠢ ᠪᠣᠳᠣᠯᠬᠢᠯᠠᠨ᠂ ᠬᠥᠳᠡᠭᠡ ᠲᠣᠰᠬᠤᠨ ᠤ ᠠᠷᠠᠳ ᠢ ᠪᠠᠶᠠᠵᠢᠭᠤᠯᠬᠤ ᠠᠵᠤ ᠦᠢᠯᠡᠰ ᠢ ᠪᠤᠵᠠᠭᠠᠶᠢᠷᠠᠭᠤᠯᠵᠤ᠂ ᠰᠢᠨ᠎ᠡ ᠭᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠪᠠ ᠨᠡᠶᠢᠭᠡᠮᠴᠢᠯᠡᠭᠰᠡᠨ ᠦᠢᠯᠡᠴᠢᠯᠡᠭᠡ ᠶᠢ ᠬᠥᠭᠵᠢᠭᠦᠯᠵᠦ᠂ ᠬᠥᠳᠡᠭᠡ ᠲᠤᠰᠬᠤᠨ ᠤ ᠴᠢᠳᠠᠪᠤᠷᠢᠲᠠᠨ ᠢ ᠬᠥᠮᠥᠵᠢᠭᠦᠯᠵᠦ ᠰᠠᠶᠢᠲᠤᠷ ᠬᠡᠷᠡᠭᠯᠡᠨ᠎ᠡ᠃ ᠬᠥᠳᠡᠭᠡ ᠲᠤᠰᠬᠤᠨ ᠤ ᠰᠣᠶᠣᠯ ᠢ ᠴᠡᠴᠡᠭᠯᠡᠭᠦᠯᠦᠨ ᠬᠥᠭᠵᠢᠭᠦᠯᠵᠦ᠂ ᠬᠥᠳᠡᠭᠡ ᠲᠤᠰᠬᠤᠨ ᠤ ᠵᠠᠩ ᠳᠠᠳᠬᠠᠯ ᠢ ᠥᠭᠡᠷᠡᠴᠢᠯᠡᠬᠦ ᠶᠢ ᠦᠷᠭᠦᠯᠵᠢᠯᠠᠨ ᠠᠬᠢᠭᠤᠯᠤᠨ᠎ᠠ᠃ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠬᠥᠳᠡᠭᠡ ᠲᠣᠰᠬᠤᠨ ᠤ ᠤᠰᠤ ᠴᠠᠭᠢᠯᠭᠠᠨ ᠵᠠᠮ ᠬᠡᠢ ᠮᠡᠳᠡᠭᠡ ᠬᠤᠯᠪᠤᠭ᠎ᠠ ᠵᠡᠷᠭᠡ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡ ᠶᠢ ᠶᠡᠭᠡ ᠪᠠᠷ ᠰᠠᠶᠢᠵᠢᠷᠠᠭᠤᠯᠤᠨ᠂ ᠴᠠᠭᠢᠯᠭᠠᠨ ᠴᠡᠨᠡᠭᠯᠡᠬᠦ ᠱᠣᠩ᠂ ᠬᠦᠢᠲᠡᠨ ᠬᠡᠯᠬᠢᠶᠡᠲᠦ ᠡᠳ᠋ ᠪᠠᠷᠠᠭᠠᠨ ᠤ ᠭᠦᠢᠯᠭᠡᠭᠡ᠂ ᠢᠯᠡᠭᠡᠯᠲᠡ ᠬᠦᠷᠭᠡᠯᠲᠡ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠭᠡᠷ ᠪᠠᠶᠢᠰᠢᠩ ᠤᠨ ᠭᠠᠵᠠᠷ ᠬᠥᠳᠡᠯᠦᠯᠲᠡ ᠶᠢ ᠳᠠᠭᠠᠭᠠᠬᠤ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠡᠷᠭᠢᠯᠡᠭᠦ ᠳᠤ ᠲᠣᠬᠢᠷᠠᠮᠵᠢᠲᠠᠢ ᠡᠶ᠎ᠡ ᠨᠠᠶᠢᠷᠠᠮᠳᠠᠭᠤ ᠭᠤᠶᠤ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃             ︵ᠨᠠᠶᠢᠮᠠ︶᠎  ᠬᠤᠲᠠ ᠬᠥᠳᠡᠭᠡ ᠶᠢᠨ ᠠᠭᠤᠰᠤᠯᠴᠠᠯ ᠪᠠ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠠᠵᠤ ᠠᠬᠤᠢ ᠶᠢᠨ ᠪᠠᠶᠢᠷᠢᠯᠠᠭᠤᠯᠤᠯᠲᠠ ᠶᠢ ᠶᠡᠭᠡ ᠪᠠᠷ ᠰᠢᠯᠢᠳᠡᠭᠵᠢᠭᠦᠯᠦᠨ᠎ᠡ᠃ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠪᠡᠶᠡᠴᠢ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠪᠣᠯᠣᠨ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠣᠷᠭᠠᠨᠢᠭ ᠢᠶᠠᠷ ᠤᠶᠠᠯᠳᠤᠭᠤᠯᠵᠤ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠦᠷᠢᠯᠡᠬᠦ᠂ ᠴᠢᠨᠠᠷ ᠰᠠᠶᠢᠲᠠᠢ ᠬᠥᠭᠵᠢᠬᠦ ᠣᠷᠣᠨ ᠪᠦᠰᠡ ᠶᠢᠨ ᠠᠵᠤ ᠠᠬᠤᠢ ᠶᠢᠨ ᠪᠠᠶᠢᠷᠢᠰᠢᠯ ᠢ ᠲᠦᠷᠭᠡᠯᠡᠨ ᠪᠠᠶᠢᠭᠤᠯᠤᠨ᠎ᠠ᠃             ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ᠃ ᠮᠠᠨ ᠤ ᠤᠯᠤᠰ ᠤᠨ ᠬᠤᠲᠠ ᠪᠠᠯᠭᠠᠰᠤᠵᠢᠯᠲᠠ ᠳᠤ ᠪᠠᠰᠠ ᠮᠠᠰᠢ ᠶᠡᠭᠡ ᠬᠥᠭᠵᠢᠯᠲᠡ ᠳᠡᠭᠡᠭᠰᠢᠯᠡᠯᠲᠡ ᠶᠢᠨ ᠣᠷᠣᠨ ᠵᠠᠢ ᠪᠠᠶᠢᠨ᠎ᠠ᠃ ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠡᠯ᠎ᠡ ᠲᠦᠷᠦᠯ ᠤᠨ ᠡᠯᠧᠮᠧᠨ᠋ᠲ ᠤᠨ ᠬᠤᠣᠰ ᠴᠢᠭᠯᠡᠯ ᠢᠶᠠᠷ ᠰᠢᠯᠵᠢᠭᠦ ᠶᠢ ᠠᠬᠢᠭᠤᠯᠵᠤ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠪᠠᠶᠢᠷᠢᠰᠢᠯ ᠢ ᠪᠤᠢ ᠪᠤᠯᠭᠠᠬᠤ ᠬᠡᠷᠡᠭᠲᠡᠢ᠃ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠲᠠ ᠶᠢᠨ ᠠᠷᠠᠳ ᠪᠤᠯᠭᠠᠬᠤ ᠶᠢ ᠲᠦᠷᠭᠡᠳᠬᠡᠬᠦ ᠶᠠᠪᠤᠳᠠᠯ ᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠡᠷᠦᠭᠡ ᠠᠮᠠ ᠶᠢᠨ ᠲᠠᠩᠰᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ︽ᠬᠥᠮᠥᠨ ᠭᠠᠵᠠᠷ ᠵᠣᠭᠤᠰ︾ ᠎ ᠢ ᠬᠤᠯᠪᠣᠭᠳᠠᠭᠤᠯᠬᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠡᠷᠦᠭᠡ ᠠᠮᠠ ᠪᠠᠨ ᠤᠷᠤᠭᠤᠯᠬᠤ ᠬᠦᠰᠡᠯ ᠲᠠᠢ ᠬᠤᠲᠠ ᠳᠤ ᠣᠷᠣᠭᠰᠠᠨ ᠬᠥᠯᠥᠰᠦᠨ ᠠᠵᠢᠯᠴᠢᠨ ᠢ ᠬᠤᠲᠠ ᠪᠠᠯᠭᠠᠰᠤᠨ ᠳᠤ ᠡᠷᠦᠭᠡ ᠠᠮᠠ ᠶᠢ ᠨᠢ ᠣᠷᠣᠭᠤᠯᠵᠤ᠂ ᠡᠷᠦᠭᠡ ᠠᠮᠠ ᠣᠷᠣᠭᠠᠳᠤᠢ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠨ ᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠡᠷᠬᠡ ᠲᠡᠭᠰᠢ ᠪᠠᠷ ᠭᠦᠷᠲᠡᠭᠦ ᠶᠢ ᠠᠬᠢᠭᠤᠯᠤᠨ᠎ᠠ᠃ ᠰᠢᠶᠠᠨ ᠤ ᠪᠦᠰᠡ ᠶᠢᠨ ᠠᠵᠤ ᠠᠬᠤᠢ ᠶᠢ ᠪᠤᠶᠢᠵᠢᠭᠤᠯᠤᠨ ᠬᠥᠭᠵᠢᠭᠦᠯᠵᠦ᠂ ᠰᠠᠭᠤᠷᠢ ᠲᠥᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠦᠷᠢᠯᠡᠵᠦ᠂ ᠰᠢᠶᠠᠨ ᠤ ᠬᠤᠲᠠ ᠶᠢ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠴᠢᠬᠤᠯᠠ ᠠᠴᠢᠶᠠᠯᠠᠪᠤᠷᠢ ᠪᠣᠯᠭᠠᠨ᠎ᠠ᠃ ᠬᠤᠳᠠ ᠶᠢᠨ ᠪᠥᠭᠡᠭᠡᠨᠡᠷᠡᠯ᠂ ᠶᠡᠭᠡ ᠬᠤᠳᠠ ᠶᠢᠨ ᠴᠠᠭᠠᠷᠢᠭ ᠢᠶᠠᠷ ᠲᠦᠰᠢᠭ ᠪᠤᠯᠭᠠᠬᠤ ᠶᠢ ᠴᠢᠬᠤᠯᠠᠴᠢᠯᠠᠵᠤ᠂ ᠲᠣᠮᠣ ᠳᠤᠮᠳᠠ ᠵᠢᠵᠢᠭ ᠬᠤᠳᠠ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ ᠴᠧᠩᠳᠦ᠋ ᠴᠦᠩᠴᠢᠩ ᠣᠷᠣᠨ ᠤ ᠬᠤᠣᠰ ᠬᠤᠲᠠ ᠶᠢᠨ ᠠᠵᠤ ᠠᠬᠤᠢ ᠶᠢᠨ ᠬᠦᠷᠢᠶ᠎ᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠤᠲᠠ ᠶᠢ ᠰᠢᠨᠡᠳᠬᠡᠬᠦ ᠠᠵᠢᠯᠯᠠᠭ᠎ᠠ ᠶᠢ ᠯᠠᠪᠳᠠᠭᠤᠨ ᠢᠶᠠᠷ ᠬᠡᠷᠡᠭᠵᠢᠭᠦᠯᠵᠦ᠂ ︽ᠡᠩ ᠤᠨ ᠦᠶ᠎ᠡ ᠪᠠ ᠪᠠᠴᠢᠮ ᠦᠶ᠎ᠡ ᠳᠤ ᠴᠥᠮ ᠬᠡᠷᠡᠭᠯᠡᠵᠦ ᠪᠤᠯᠬᠤ︾ ᠣᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠬᠤᠲᠠ ᠶᠢᠨ ᠳᠣᠲᠣᠷᠠᠬᠢ ᠲᠣᠰᠬᠤᠨ ᠤ ᠥᠭᠡᠷᠡᠴᠢᠯᠡᠯᠲᠡ ᠶᠢ ᠠᠬᠢᠭᠤᠯᠤᠨ᠂ ᠭᠠᠵᠠᠷ ᠳᠣᠣᠷᠠᠬᠢ ᠬᠤᠭᠤᠯᠠᠢ ᠶᠢᠨ ᠲᠣᠣᠷ ᠢ ᠲᠦᠷᠭᠡᠯᠡᠨ ᠲᠡᠭᠦᠯᠳᠡᠷᠵᠢᠭᠦᠯᠵᠦ᠂ ᠬᠠᠭᠤᠴᠢᠨ ᠰᠠᠭᠤᠭᠠᠯᠢ ᠲᠣᠭᠤᠷᠢᠭ ᠲᠤ ᠴᠠᠭᠢᠯᠭᠠᠨ ᠱᠠᠲᠤ ᠨᠡᠮᠡᠵᠦ ᠤᠭᠰᠠᠷᠠᠬᠤ᠂ ᠲᠡᠷᠭᠡ ᠵᠣᠭᠰᠤᠭᠠᠬᠤ ᠵᠡᠷᠭᠡ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠰᠠᠭᠠᠳ ᠦᠭᠡᠢ ᠣᠷᠴᠢᠨ ᠲᠣᠭᠤᠷᠢᠨ᠂ ᠨᠠᠰᠤᠵᠢᠯᠳᠡ ᠳᠤ ᠲᠣᠬᠢᠷᠠᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠣᠶᠤᠨᠴᠢ᠂ ᠤᠶᠠᠨ ᠬᠠᠳᠠᠨ ᠴᠢᠨᠠᠷᠲᠠᠢ ᠬᠤᠲᠠ ᠶᠢ ᠴᠣᠭᠴᠠᠯᠠᠨ ᠪᠠᠶᠢᠭᠤᠯᠤᠨ᠎ᠠ᠃ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠨᠢ ᠲᠠᠯ᠎ᠠ ᠪᠦᠭᠦᠨ ᠳᠤ ᠬᠥᠮᠥᠨ ᠢᠶᠠᠷ ᠦᠨᠳᠦᠰᠦ ᠪᠤᠯᠭᠠᠬᠤ ᠶᠢ ᠢᠯᠡᠷᠡᠭᠦᠯᠵᠦ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠪᠠ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠠᠷᠠᠳ ᠤᠯᠠᠨ ᠳᠤ ᠨᠡᠩ ᠥᠨᠳᠥᠷ ᠴᠢᠨᠠᠷ ᠴᠢᠨᠰᠠᠭ᠎ᠠ ᠪᠦᠬᠦᠢ ᠠᠮᠢᠳᠤᠷᠠᠯ ᠢ ᠡᠳ᠋ᠯᠡᠭᠦᠯᠭᠦ ᠬᠡᠷᠡᠭᠲᠡᠢ᠃             ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠡᠯ᠎ᠡ ᠭᠠᠵᠠᠷ ᠣᠷᠣᠨ ᠤ ᠬᠠᠷᠢᠴᠠᠭᠤᠯᠤᠭᠰᠠᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠡᠶᠡᠴᠢ ᠴᠣᠭᠴᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠣᠰᠣᠭᠠᠷ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠢᠳᠡᠪᠬᠢᠲᠡᠢ ᠠᠭᠤᠰᠤᠨ ᠣᠷᠣᠬᠤ ᠪᠠ ᠦᠢᠯᠡᠴᠢᠯᠡᠨ᠎ᠡ᠃ ᠪᠠᠷᠠᠭᠤᠨ ᠬᠡᠰᠡᠭ ᠤᠨ ᠭᠠᠵᠠᠷ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠳᠤᠮᠳᠠ ᠬᠡᠰᠡᠭ ᠤᠨ ᠭᠠᠵᠠᠷ ᠣᠷᠣᠨ ᠢ ᠲᠦᠷᠭᠡᠯᠡᠨ ᠬᠥᠭᠵᠢᠭᠦᠯᠬᠦ᠂ ᠵᠡᠭᠦᠨ ᠬᠡᠰᠡᠭ ᠤᠨ ᠭᠠᠵᠠᠷ ᠣᠷᠣᠨ ᠤ ᠣᠳᠣᠬᠢᠴᠢᠯᠠᠯᠲᠠ ᠶᠢ ᠲᠦᠷᠭᠡᠯᠡᠨ ᠠᠬᠢᠭᠤᠯᠬᠤ ᠵᠡᠷᠭᠡ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠵᠡᠭᠦᠨ ᠬᠤᠶᠢᠲᠤ ᠣᠷᠣᠨ ᠪᠣᠯᠣᠨ ᠳᠤᠮᠳᠠ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢ ᠭᠥᠯᠢᠶᠡᠨ ᠠᠪᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠵᠡᠷᠭᠡ ᠠᠵᠤ ᠠᠬᠤᠢ ᠶᠢᠨ ᠬᠥᠭᠵᠢᠯᠲᠡ ᠶᠢᠨ ᠳᠠᠪᠠᠭᠤᠯᠢᠭ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠭᠴᠢ ᠬᠦᠴᠦᠨ ᠤ ᠡᠬᠢ ᠰᠤᠷᠪᠤᠯᠵᠢ ᠶᠢᠨ ᠦᠢᠯᠡᠳᠦᠯ ᠢᠶᠠᠨ ᠨᠡᠩ ᠰᠠᠶᠢᠨ ᠪᠠᠳᠠᠷᠠᠭᠤᠯᠬᠤ ᠶᠢ ᠲᠡᠮᠵᠢᠨ᠎ᠠ᠃ ᠪᠡᠯᠭᠡ ᠲᠡᠮᠳᠡᠭ ᠤᠨ ᠴᠢᠨᠠᠷᠲᠠᠢ ᠲᠥᠰᠥᠯ ᠢ ᠰᠢᠶᠦ᠋ᠩ ᠠᠨ ᠰᠢᠨ᠎ᠡ ᠲᠣᠭᠤᠷᠢᠭ ᠲᠤ ᠪᠣᠳᠠᠲᠠᠢ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ ᠶᠢ ᠰᠠᠶᠢᠲᠤᠷ ᠠᠳᠬᠤᠨ᠎ᠠ᠃ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠬᠤᠪᠢᠰᠬᠠᠯ ᠤᠨ ᠬᠠᠭᠤᠴᠢᠨ ᠰᠠᠭᠤᠷᠢᠨ᠂ ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠪᠠᠨ ᠲᠦᠷᠭᠡᠳᠬᠡᠬᠦ ᠶᠢ ᠳᠠᠮᠵᠢᠵᠤ᠂ ᠬᠢᠯᠢ ᠬᠢᠵᠠᠭᠠᠷ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ ᠃ ᠴᠢᠬᠤᠯᠠ ᠶᠡᠭᠡ ᠦᠢᠯᠡᠳᠪᠦᠷᠢᠯᠡᠯ ᠤᠨ ᠬᠦᠴᠦᠨ ᠤ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠥᠷᠥᠴᠡ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠪᠡᠶᠡᠴᠢ ᠴᠣᠭᠴᠠ ᠶᠢᠨ ᠴᠢᠳᠠᠮᠵᠢᠲᠤ ᠣᠷᠣᠨ ᠢ ᠰᠢᠯᠢᠳᠡᠭᠵᠢᠭᠦᠯᠬᠦ ᠬᠡᠷᠡᠭᠵᠢᠭᠦᠯᠦᠯᠲᠡ ᠶᠢᠨ ᠲᠥᠯᠦᠪᠵᠢᠭᠦᠯᠭᠡ ᠶᠢ ᠲᠣᠭᠲᠠᠭᠠᠵᠤ᠂ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠳᠠᠯᠠᠢ ᠲᠠᠩᠭᠢᠰ ᠤᠨ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠳᠠᠯᠠᠢ ᠲᠠᠩᠭᠢᠰ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠤᠨ᠎ᠠ᠃             ︵ᠶᠢᠰᠦ︶᠎  ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠬᠥᠭᠵᠢᠯᠲᠡ ᠶᠢ ᠠᠬᠢᠭᠤᠯᠤᠨ᠎ᠠ᠃ ᠨᠣᠮᠢᠨ ᠤᠰᠤ ᠬᠥᠬᠡᠮᠳᠦᠭ ᠠᠭᠤᠯᠠ ᠪᠣᠯ ᠠᠯᠳᠠᠨ ᠠᠭᠤᠯᠠ ᠮᠥᠩᠭᠦᠨ ᠬᠠᠶᠢᠷᠬᠠᠨ ᠮᠥᠨ ᠭᠡᠬᠦ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ᠂ ᠪᠣᠬᠢᠷᠳᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠠᠵᠤ ᠠᠬᠤᠢ ᠶᠢ ᠨᠡᠮᠡᠭᠳᠡᠭᠦᠯᠬᠦ ᠶᠢ ᠬᠠᠮᠵᠢᠯᠴᠠᠭᠤᠯᠤᠨ ᠠᠬᠢᠭᠤᠯᠵᠤ᠂ ᠬᠥᠮᠥᠨ ᠬᠢᠭᠡᠳ ᠪᠠᠶᠢᠭᠠᠯᠢ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠤᠨ᠎ᠠ᠃             ᠠᠮᠢ ᠠᠬᠤᠢ ᠶᠢᠨ ᠣᠷᠴᠢᠨ ᠨᠥᠬᠦᠴᠡᠯ ᠢ ᠶᠡᠷᠦᠩᠬᠡᠶᠢᠯᠡᠨ ᠵᠠᠰᠠᠬᠤ ᠶᠢ ᠠᠬᠢᠭᠤᠯᠤᠨ᠎ᠠ᠃ ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ᠂ ᠤᠰᠤᠨ ᠤ ᠣᠷᠴᠢᠨ ᠠᠬᠤᠢ᠂ ᠤᠰᠤᠨ ᠤ ᠠᠮᠢ ᠠᠬᠤᠢ ᠶᠢᠨ ᠵᠠᠰᠠᠯᠲᠠ ᠶᠢ ᠨᠢᠭᠡᠳᠦᠯᠲᠡᠢ ᠲᠥᠯᠥᠪᠯᠡᠵᠦ᠂ ᠬᠥᠷᠥᠰᠥ ᠰᠢᠷᠣᠢ ᠶᠢᠨ ᠪᠣᠬᠢᠷᠳᠤᠯ ᠢ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠰᠢᠨ᠎ᠡ ᠪᠣᠬᠢᠷᠲᠤᠭᠤᠯᠬᠤ ᠪᠣᠳᠠᠰ᠂ ᠰᠦᠯᠢᠶᠥᠦ ᠶᠢᠨ ᠪᠣᠬᠢᠷᠳᠤᠯ ᠢ ᠵᠠᠰᠠᠬᠤ ᠠᠵᠢᠯ ᠢ ᠴᠢᠩᠭᠠᠳᠬᠠᠨ᠎ᠠ᠃ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠲᠣᠭᠤᠷᠢᠮ ᠡᠪᠡᠰᠦ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠠᠮᠢ ᠠᠬᠤᠢ ᠶᠢᠨ ᠣᠷᠴᠢᠨ ᠨᠥᠬᠦᠴᠡᠯ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ︽ᠭᠤᠷᠪᠠᠨ ᠤᠮᠠᠷᠠᠲᠤ︾ ᠎ ᠶᠢᠨ ᠢᠨᠵᠧᠨᠧᠷᠢᠩ ᠤᠨ ᠪᠡᠯᠭᠡ ᠲᠡᠮᠳᠡᠭ ᠤᠨ ᠴᠢᠨᠠᠷᠲᠠᠢ ᠭᠤᠷᠪᠠᠨ ᠶᠡᠭᠡ ᠳᠠᠶᠢᠨ ᠢ ᠵᠣᠬᠢᠶᠠᠨ ᠪᠠᠶᠢᠭᠤᠯᠤᠨ ᠰᠠᠶᠢᠲᠤᠷ ᠬᠢᠵᠦ᠂ ᠤᠯᠤᠰ ᠤᠨ ᠴᠡᠴᠡᠷᠯᠢᠭ ᠢᠶᠠᠷ ᠭᠤᠣᠯ ᠴᠣᠭᠴᠠ ᠪᠤᠯᠭᠠᠬᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠴᠢᠬᠤᠯᠠ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢ ᠬᠠᠮᠠᠭᠠᠯᠠᠨ ᠵᠠᠰᠠᠬᠤ ᠶᠢ ᠴᠢᠩᠭᠠᠳᠬᠠᠨ᠎ᠠ᠃ ᠬᠥᠬᠡᠮᠥ᠋ᠷᠡᠨ ᠳᠤ ᠵᠢᠭᠠᠰᠤ ᠠᠩᠨᠠᠬᠤ ᠶᠢ ᠠᠷᠪᠠᠨ ᠵᠢᠯ ᠴᠠᠭᠠᠵᠠᠯᠠᠬᠤ ᠶᠢ ᠦᠷᠭᠦᠯᠵᠢᠯᠡᠨ ᠠᠬᠢᠭᠤᠯᠤᠨ᠎ᠠ᠃ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠦᠨ᠎ᠡ᠃ ᠠᠮᠢ ᠠᠬᠤᠢ ᠶᠢᠨ ᠪᠦᠲᠦᠭᠡᠭᠳᠡᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠳᠦᠷᠢᠮ ᠢ ᠪᠦᠷᠢᠨᠰᠢᠭᠦᠯᠦᠨ᠂ ᠡᠯ᠎ᠡ ᠲᠠᠯ᠎ᠠ ᠶᠢᠨ ᠬᠢᠨ ᠤ ᠠᠮᠢ ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠨ ᠰᠠᠶᠢᠵᠢᠷᠠᠭᠤᠯᠬᠤ ᠢᠳᠡᠪᠬᠢᠵᠢᠯ ᠢ ᠭᠦᠢᠴᠡᠳ ᠳᠠᠶᠢᠴᠢᠯᠠᠨ᠎ᠠ᠃             ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠵᠤ ᠠᠬᠤᠢ ᠶᠢ ᠶᠡᠭᠡ ᠪᠠᠷ ᠬᠥᠭᠵᠢᠭᠦᠯᠦᠨ᠎ᠡ᠃ ᠠᠵᠤ ᠦᠢᠯᠡᠰ ᠤᠨ ᠪᠦᠲᠦᠴᠡ᠂ ᠡᠨᠧᠷᠭᠢ ᠶᠢᠨ ᠰᠤᠷᠪᠤᠯᠵᠢ ᠶᠢᠨ ᠪᠦᠲᠦᠴᠡ᠂ ᠵᠠᠮ ᠲᠡᠭᠡᠭᠡᠪᠦᠷᠢ ᠶᠢᠨ ᠪᠦᠲᠦᠴᠡ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢᠨ ᠭᠡᠯᠪᠡᠷᠢ ᠶᠢᠨ ᠨᠣᠭᠤᠭᠠᠨ ᠬᠤᠪᠢᠷᠠᠭᠤᠯᠤᠯᠲᠠ ᠶᠢ ᠠᠬᠢᠭᠤᠯᠤᠨ᠎ᠠ᠃ ᠪᠦᠭᠦ ᠲᠠᠯ᠎ᠠ ᠪᠠᠷ ᠭᠠᠮᠨᠠᠨ ᠠᠷᠪᠢᠯᠠᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠭᠤᠣᠯᠳᠠᠯᠭ᠎ᠠ ᠲᠠᠢ ᠬᠦᠷᠢᠶᠡᠨ ᠳᠠᠬᠢ ᠡᠨᠧᠷᠭᠢ ᠠᠷᠪᠢᠯᠠᠬᠤ ᠤᠰᠤ ᠠᠷᠪᠢᠯᠠᠬᠤ ᠥᠭᠡᠷᠡᠴᠢᠯᠡᠯᠲᠡ ᠶᠢ ᠲᠦᠷᠭᠡᠳᠬᠡᠨ᠎ᠡ᠃ ᠨᠣᠭᠤᠭᠠᠨ ᠬᠥᠭᠵᠢᠯᠲᠡ ᠶᠢ ᠳᠡᠮᠵᠢᠬᠦ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡ᠂ ᠪᠡᠯᠡ ᠣᠷᠤᠭᠤᠯᠤᠯᠲᠠ᠂ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠪᠣᠯᠣᠨ ᠬᠤᠯᠪᠣᠭᠳᠠᠯ ᠪᠦᠬᠦᠢ ᠵᠠᠬ᠎ᠠ ᠳᠡᠯᠭᠡᠭᠦᠷᠴᠢᠯᠡᠭᠰᠡᠨ ᠲᠣᠭᠲᠠᠴᠠ ᠶᠢ ᠲᠡᠭᠦᠯᠳᠡᠷᠵᠢᠭᠦᠯᠵᠦ᠂ ᠬᠠᠶᠠᠭᠳᠠᠮᠠᠯ ᠪᠣᠳᠠᠰ ᠢ ᠣᠷᠴᠢᠯᠳᠤᠭᠤᠯᠤᠨ ᠠᠰᠢᠭᠯᠠᠬᠤ ᠠᠵᠤ ᠦᠢᠯᠡᠰ ᠤᠨ ᠬᠥᠭᠵᠢᠯᠲᠡ ᠶᠢ ᠳᠡᠮᠵᠢᠵᠦ ᠂ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠲᠡᠷᠢᠭᠦᠨ ᠤ ᠮᠡᠷᠭᠡᠵᠢᠯ ᠢ ᠰᠤᠳᠤᠯᠤᠨ ᠨᠡᠭᠡᠭᠡᠵᠦ ᠬᠡᠷᠡᠭᠯᠡᠬᠦ ᠶᠢ ᠠᠬᠢᠭᠤᠯᠵᠤ᠂ ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠬᠠᠩᠭᠠᠯᠭ᠎ᠠ ᠶᠢᠨ ᠬᠡᠯᠬᠢᠶ᠎ᠡ ᠶᠢ ᠲᠦᠷᠭᠡᠯᠡᠨ ᠪᠤᠢ ᠪᠣᠯᠭᠠᠨ᠎ᠠ᠃ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠲᠦᠷᠦᠭᠦᠯᠡᠬᠦ ᠣᠷᠣᠨ ᠢ ᠪᠦᠲᠦᠭᠡᠨ ᠪᠠᠶᠢᠭᠤᠯᠵᠤ᠂ ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠬᠥᠭᠵᠢᠯᠲᠡ ᠶᠢᠨ ᠥᠨᠳᠦᠷᠯᠢᠭ ᠭᠠᠵᠠᠷ ᠢ ᠪᠤᠢ ᠪᠣᠯᠭᠠᠨ᠎ᠠ᠃             ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤᠨᠢ ᠬᠦᠷᠭᠡᠬᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠤᠨ᠎ᠠ᠃ ︽ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤᠨᠢ ᠬᠦᠷᠭᠡᠬᠦ ᠠᠷᠪᠠᠨ ᠶᠡᠭᠡ ᠠᠵᠢᠯᠯᠠᠭ᠎ᠠ︾ ᠎ ᠶᠢ ᠯᠠᠪᠳᠠᠭᠤᠨ ᠪᠠᠲᠤᠲᠠᠢ ᠥᠷᠨᠢᠭᠦᠯᠦᠨ᠎ᠡ᠃ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠪᠦᠷᠢᠳᠬᠡᠬᠦ ᠬᠢᠨᠠᠨ ᠪᠤᠳᠤᠬᠤ ᠬᠠᠷᠭᠤᠭᠤᠯᠤᠨ ᠪᠠᠶᠢᠴᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠂ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠪᠦᠭᠦ ᠤᠯᠤᠰ ᠤᠨ ᠨᠡᠭᠦᠷᠡᠰᠦᠲᠥ᠋ᠷᠥᠭᠴᠢ ᠶᠢᠨ ᠵᠠᠬ᠎ᠠ ᠳᠡᠯᠭᠡᠭᠦᠷ ᠤᠨ ᠠᠵᠢᠯ ᠲᠦᠷᠦᠯ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠡᠨᠧᠷᠭᠢ ᠶᠢᠨ ᠰᠤᠷᠪᠤᠯᠵᠢ ᠶᠢᠨ ᠬᠤᠪᠢᠰᠬᠠᠯ ᠢ ᠭᠦᠨᠵᠡᠭᠡᠢ ᠠᠬᠢᠭᠤᠯᠵᠤ᠂ ᠴᠢᠯᠠᠭᠤᠵᠢᠮᠠᠯ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡ ᠶᠢ ᠬᠢᠵᠠᠭᠠᠷᠯᠠᠵᠤ᠂ ᠰᠢᠨ᠎ᠡ ᠭᠡᠯᠪᠡᠷᠢ ᠶᠢᠨ ᠡᠨᠧᠷᠭᠢ ᠶᠢᠨ ᠰᠤᠷᠪᠤᠯᠵᠢ ᠶᠢᠨ ᠰᠢᠰᠲ᠋ᠧᠮ ᠢ ᠲᠦᠷᠭᠡᠯᠡᠨ ᠪᠠᠶᠢᠭᠤᠯᠤᠨ᠎ᠠ᠃ ᠰᠠᠯᠬᠢᠨ ᠬᠦᠴᠦᠨ ᠪᠠ ᠭᠡᠷᠡᠯ ᠢᠶᠠᠷ ᠴᠠᠭᠢᠯᠭᠠᠨ ᠭᠠᠷᠭᠠᠬᠤ ᠲᠣᠮᠣ ᠭᠡᠯᠪᠡᠷᠢ ᠶᠢᠨ ᠰᠠᠭᠤᠷᠢᠨ ᠭᠠᠵᠠᠷ ᠪᠣᠯᠣᠨ ᠭᠠᠳᠠᠭᠰᠢ ᠬᠦᠷᠭᠡᠬᠦ ᠵᠠᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠠᠷᠬᠠᠮᠠᠯ ᠮᠠᠶ᠋ᠢᠭ ᠤᠨ ᠡᠨᠧᠷᠭᠢ ᠶᠢᠨ ᠰᠤᠷᠪᠤᠯᠵᠢ ᠶᠢᠨ ᠨᠡᠭᠡᠭᠡᠨ ᠬᠥᠭᠵᠢᠭᠦᠯᠦᠯᠲᠡ ᠠᠰᠢᠭᠯᠠᠯᠲᠠ ᠶᠢ ᠠᠬᠢᠭᠤᠯᠵᠤ᠂ ᠴᠠᠭᠢᠯᠭᠠᠨ ᠲᠣᠣᠷ ᠤᠨ ᠡᠨᠧᠷᠭᠢ ᠶᠢ ᠴᠡᠪᠡᠷᠰᠢᠭᠦᠯᠬᠦ ᠶᠢ ᠭᠥᠯᠢᠶᠡᠨ ᠠᠪᠬᠤ᠂ ᠲᠣᠬᠢᠷᠠᠭᠤᠯᠬᠤ ᠪᠠ ᠡᠵᠡᠮᠳᠡᠬᠦ ᠴᠢᠳᠠᠪᠤᠷᠢ ᠶᠢ ᠲᠡᠭᠡᠭᠰᠢᠯᠡᠭᠦᠯᠵᠤ᠂ ᠰᠢᠨ᠎ᠡ ᠭᠡᠯᠪᠡᠷᠢ ᠶᠢᠨ ᠨᠥᠭᠡᠴᠡ ᠡᠨᠧᠷᠭᠢ ᠶᠢ ᠬᠥᠭᠵᠢᠭᠦᠯᠦᠨ᠂ ᠨᠣᠭᠤᠭᠠᠨ ᠴᠠᠭᠢᠯᠭᠠᠨ ᠢ ᠬᠡᠷᠡᠭᠯᠡᠬᠦ ᠪᠠ ᠣᠯᠠᠨ ᠤᠯᠤᠰ ᠤᠨ ᠬᠤᠭᠤᠷᠣᠨᠳᠤ ᠬᠠᠷᠢᠯᠴᠠᠨ ᠮᠡᠳᠡᠷᠡᠬᠦ ᠶᠢ ᠠᠬᠢᠭᠤᠯᠵᠤ᠂ ᠨᠡᠭᠦᠷᠡᠰᠦ᠂ ᠨᠡᠭᠦᠷᠡᠰᠦᠨ ᠴᠠᠭᠢᠯᠭᠠᠨ ᠤ ᠦᠨᠳᠦᠰᠦᠨ ᠵᠦᠢᠯ ᠢ ᠪᠠᠲᠤᠯᠠᠬᠤ ᠦᠢᠯᠡᠳᠦᠯ ᠢ ᠪᠠᠳᠠᠷᠠᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠨᠧᠷᠭᠢ ᠬᠡᠷᠡᠭᠯᠡᠬᠦ ᠬᠡᠷᠡᠭᠴᠡᠭᠡ ᠶᠢ ᠦᠨᠡᠨ ᠬᠦ ᠪᠠᠲᠤᠯᠠᠨ᠎ᠠ᠃             ︵ᠠᠷᠪᠠ︶᠎  ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠵᠠᠰᠠᠯᠲᠠ ᠶᠢ ᠴᠢᠩᠭᠠᠳᠬᠠᠵᠤ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠦᠨ᠎ᠡ᠃ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠦᠨᠳᠦᠰᠦᠨ ᠵᠦᠢᠯ ᠢ ᠪᠠᠲᠤᠯᠠᠬᠤ᠂ ᠬᠢᠵᠠᠭᠠᠷ ᠱᠤᠭᠤᠮ ᠢ ᠰᠠᠬᠢᠬᠤ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠪᠠ ᠠᠷᠠᠳ ᠤᠨ ᠰᠡᠳᠬᠢᠯ ᠢ ᠳᠤᠯᠠᠭᠠᠴᠠᠭᠤᠯᠬᠤ ᠨᠡᠩ ᠣᠯᠠᠨ ᠠᠷᠭ᠎ᠠ ᠬᠡᠮᠵᠢᠶ᠎ᠡ ᠶᠢ ᠠᠪᠴᠤ᠂ ᠬᠠᠮᠲᠤ ᠪᠠᠷ ᠪᠠᠶᠠᠵᠢᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠠᠬᠢᠭᠤᠯᠵᠤ᠂ ᠠᠷᠠᠳ ᠣᠯᠠᠨ ᠤ ᠠᠰᠢᠭ ᠭᠥᠷᠳᠡᠭᠰᠡᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃             ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠵᠤ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃ ᠠᠵᠢᠯ ᠣᠯᠭᠤᠯᠲᠠ ᠪᠣᠯ ᠬᠠᠮᠤᠭ ᠤᠨ ᠦᠨᠳᠦᠰᠦᠨ ᠠᠷᠠᠳ ᠤᠨ ᠠᠮᠢᠳᠤᠷᠠᠯ ᠮᠥᠨ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠤᠳᠤᠷᠢᠳᠤᠮᠵᠢ ᠶᠢ ᠨᠠᠩ ᠳᠣᠪᠤᠶᠢᠯᠭᠠᠵᠤ᠂ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡ ᠵᠡᠷᠭᠡ ᠲᠥᠷᠥ ᠶᠢᠨ ᠪᠣᠳᠣᠯᠭ᠎ᠠ ᠶᠢᠨ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠳᠤ ᠦᠵᠡᠭᠦᠯᠭᠦ ᠳᠡᠮᠵᠢᠯᠭᠡ ᠶᠢ ᠴᠢᠩᠭᠠᠳᠬᠠᠨ᠂ ᠠᠵᠢᠯ ᠣᠯᠭᠤᠯᠲᠠ ᠶᠢ ᠠᠬᠢᠭᠤᠯᠬᠤ ᠲᠤᠰᠬᠠᠢ ᠲᠥᠷᠥ ᠶᠢᠨ ᠪᠣᠳᠣᠯᠭ᠎ᠠ ᠶᠢᠨ ᠡᠷᠴᠢᠮ ᠢ ᠴᠢᠩᠭᠠᠳᠬᠠᠨ᠎ᠠ᠃ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠤᠴᠠᠭᠠᠯᠲᠠ᠂ ᠲᠤᠰᠬᠠᠢ ᠵᠢᠭᠡᠯᠡᠯᠭᠡ᠂ ᠠᠵᠢᠯ ᠣᠯᠭᠤᠯᠲᠠ ᠪᠠ ᠨᠡᠶᠢᠭᠡᠮ ᠤᠨ ᠳᠠᠭᠠᠳᠬᠠᠯ ᠤᠨ ᠨᠥᠬᠦᠪᠦᠷᠢ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠠᠵᠢᠯ ᠣᠯᠭᠤᠯᠲᠠ ᠶᠢᠨ ᠪᠠᠭᠲᠠᠭᠠᠮᠵᠢ ᠪᠠᠷ ᠶᠡᠭᠡ ᠠᠵᠢᠯ ᠲᠦᠷᠦᠯ ᠠᠵᠤ ᠠᠬᠤᠶᠢᠯᠠᠯ ᠢ ᠳᠡᠮᠵᠢᠬᠦ ᠪᠠᠨ ᠴᠢᠩᠭᠠᠳᠬᠠᠨ᠎ᠠ᠃ ᠵᠢᠱᠢᠯᠲᠡ ᠪᠠᠷ ᠡᠨᠡ ᠵᠢᠯ ᠶᠡᠭᠡ ᠳᠡᠭᠡᠳᠦ ᠰᠤᠷᠭᠠᠭᠤᠯᠢ ᠲᠡᠭᠦᠰᠬᠦ ᠰᠤᠷᠤᠬᠴᠢ 1170 ᠲᠦᠮᠡ ᠭᠠᠷᠤᠢ ᠬᠥᠮᠥᠨ ᠪᠤᠢ᠂ ᠵᠠᠯᠠᠭᠤᠴᠤᠳ ᠤᠨ ᠠᠵᠢᠯ ᠣᠯᠭᠤᠯᠲᠠ ᠶᠢ ᠠᠬᠢᠭᠤᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠴᠢᠩᠭᠠᠳᠬᠠᠵᠤ᠂ ᠠᠵᠢᠯ ᠣᠯᠵᠤ ᠦᠢᠯᠡᠰ ᠴᠣᠭᠴᠠᠯᠠᠬᠤ ᠶᠢᠨ ᠵᠢᠯᠣᠭᠤᠳᠤᠯᠭ᠎ᠠ ᠦᠢᠯᠡᠴᠢᠯᠡᠭᠡ ᠶᠢ ᠰᠢᠯᠢᠳᠡᠭᠵᠢᠭᠦᠯᠬᠦ ᠬᠡᠷᠡᠭᠲᠡᠢ ᠃ ᠴᠡᠷᠢᠭ ᠤᠨ ᠠᠯᠪᠠ ᠠᠴᠠ ᠪᠠᠭᠤᠭᠰᠠᠳ ᠲᠤ ᠠᠵᠢᠯ ᠣᠯᠭᠤᠵᠤ ᠲᠣᠬᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠥᠯᠥᠰᠦᠨ ᠠᠵᠢᠯᠴᠢᠳ ᠲᠤ ᠠᠵᠢᠯ ᠣᠯᠭᠤᠬᠤ ᠠᠵᠢᠯ ᠢ ᠢᠳᠡᠪᠬᠢᠲᠡᠢ ᠠᠬᠢᠭᠤᠯᠵᠤ᠂ ᠵᠡᠮᠳᠡᠭᠴᠦᠳ ᠵᠡᠷᠭᠡ ᠠᠵᠢᠯ ᠣᠯᠬᠤ ᠳᠤ ᠬᠦᠴᠢᠷᠲᠡᠢ ᠬᠥᠮᠥᠰ ᠢ ᠬᠠᠪᠰᠤᠷᠤᠨ ᠲᠡᠳᠬᠦᠬᠦ ᠪᠠᠨ ᠴᠢᠩᠭᠠᠳᠬᠠᠨ᠎ᠠ᠃ ᠠᠮᠢᠳᠤᠯᠢᠭ ᠢᠶᠠᠷ ᠠᠵᠢᠯ ᠣᠯᠬᠤ ᠦᠢᠯᠡᠴᠢᠯᠡᠭᠡᠨ ᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠦᠷᠦᠯ ᠬᠤᠪᠢᠶᠠᠨ ᠲᠡᠭᠦᠯᠳᠡᠷᠵᠢᠭᠦᠯᠵᠦ᠂ ᠰᠢᠨ᠎ᠡ ᠭᠡᠯᠪᠡᠷᠢ ᠪᠠᠶᠢᠳᠠᠯ ᠢᠶᠠᠷ ᠠᠵᠢᠯ ᠣᠯᠣᠭᠰᠠᠳ ᠤᠨ ᠠᠵᠢᠯ ᠮᠡᠷᠭᠡᠵᠢᠯ ᠤᠨ ᠭᠡᠮᠲᠦᠯ ᠤᠨ ᠪᠠᠲᠤᠯᠠᠭ᠎ᠠ ᠶᠢᠨ ᠲᠤᠷᠰᠢᠯᠲᠠ ᠶᠢ ᠥᠷᠭᠡᠳᠬᠡᠨ᠎ᠡ᠃ ᠴᠢᠨᠠᠷ ᠤᠨ ᠢᠯᠭᠠᠯ᠂ ᠨᠠᠰᠤ ᠵᠢᠯ᠂ ᠰᠤᠷᠤᠯᠭ᠎ᠠ ᠶᠢᠨ ᠨᠠᠮᠲᠠᠷ ᠵᠡᠷᠭᠡ ᠠᠵᠢᠯ ᠣᠯᠭᠤᠯᠲᠠ ᠶᠢᠨ ᠭᠠᠳᠠᠭᠤᠷᠴᠢᠯᠠᠯ ᠢ ᠡᠷᠡᠰ ᠵᠠᠯᠠᠷᠠᠭᠤᠯᠵᠤ᠂ ᠬᠥᠯᠥᠰᠦᠨ ᠠᠵᠢᠯᠴᠢᠳ ᠤᠨ ᠴᠠᠯᠢᠩ ᠢ ᠥᠭᠬᠦ ᠶᠢ ᠪᠠᠲᠤᠯᠠᠵᠤ᠂ ᠭᠦᠳᠡᠯᠮᠦᠷᠢ ᠶᠢᠨ ᠬᠠᠷᠢᠴᠠᠭ᠎ᠠ ᠶᠢ ᠵᠥᠪᠳᠡᠯᠴᠡᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠲᠡᠷᠢᠭᠦᠨ ᠤ ᠦᠢᠯᠡᠳᠬᠦ ᠦᠢᠯᠡᠰ᠂ ᠣᠲᠣ ᠦᠶ᠎ᠡ ᠶᠢᠨ ᠦᠢᠯᠡᠴᠢᠯᠡᠭᠡ᠂ ᠨᠠᠰᠤᠵᠢᠯ ᠤᠨ ᠠᠰᠠᠷᠠᠮᠵᠢ ᠬᠠᠷᠠᠭᠠᠯᠵᠠᠯ ᠵᠡᠷᠭᠡ ᠬᠦᠷᠢᠶᠡᠨ ᠳᠠᠬᠢ ᠴᠢᠳᠠᠪᠤᠷᠢᠲᠠᠨ ᠤ ᠬᠡᠷᠡᠭᠴᠡᠭᠡ ᠳᠤ ᠵᠣᠬᠢᠴᠠᠭᠤᠯᠤᠨ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠨ᠎ᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠣᠯᠠᠨ ᠠᠷᠭ᠎ᠠ ᠵᠠᠮ ᠢᠶᠠᠷ ᠨᠡᠮᠡᠭᠳᠡᠭᠦᠯᠵᠦ᠂ ᠳᠤᠮᠳᠠ ᠵᠡᠷᠭᠡ ᠶᠢᠨ ᠣᠷᠣᠯᠭ᠎ᠠ ᠲᠠᠢ ᠬᠠᠮᠲᠤᠯᠢᠭ ᠤᠨ ᠬᠡᠪᠴᠢᠶ᠎ᠡ ᠶᠢ ᠥᠷᠭᠡᠳᠬᠡᠵᠦ ᠂ ᠣᠷᠣᠯᠭ᠎ᠠ ᠪᠠᠭᠠᠲᠠᠢ ᠬᠠᠮᠲᠤᠯᠢᠭ ᠤᠨ ᠣᠷᠣᠯᠭ᠎ᠠ ᠶᠢ ᠨᠡᠮᠡᠭᠳᠡᠭᠦᠯᠬᠦ ᠶᠢ ᠴᠢᠷᠮᠠᠶᠢᠨ ᠠᠬᠢᠭᠤᠯᠤᠨ᠎ᠠ᠃             ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃ ᠰᠠᠭᠤᠭᠠᠯᠢ ᠠᠷᠠᠳ ᠤᠨ ᠡᠮᠨᠡᠯᠭᠡ ᠶᠢᠨ ᠳᠠᠭᠠᠳᠬᠠᠯ ᠤᠨ ᠬᠥᠮᠥᠨ ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠶᠢ 30 ᠲᠥᠭᠦᠷᠢᠭ ᠨᠡᠮᠡᠭᠳᠡᠭᠦᠯᠦᠨ᠎ᠡ᠃ ᠡᠮᠨᠡᠯᠭᠡ ᠶᠢᠨ ᠳᠠᠭᠠᠳᠬᠠᠯ᠂ ᠡᠮᠴᠢᠯᠡᠭᠡ᠂ ᠡᠮ ᠡᠮᠨᠡᠯᠭᠡ ᠶᠢ ᠬᠠᠮᠵᠢᠯᠴᠠᠭᠤᠯᠤᠨ ᠬᠥᠭᠵᠢᠭᠦᠯᠬᠦ ᠪᠠ ᠵᠠᠰᠠᠬᠤ ᠶᠢ ᠠᠬᠢᠭᠤᠯᠤᠨ᠎ᠠ᠃ ᠡᠮᠨᠡᠯᠭᠡ ᠶᠢᠨ ᠦᠨᠳᠦᠰᠦᠨ ᠳᠠᠭᠠᠳᠬᠠᠯ ᠢ ᠮᠤᠵᠢ ᠶᠢᠨ ᠱᠠᠲᠤᠨ ᠳᠤ ᠨᠢᠭᠡᠳᠦᠯᠲᠡᠢ ᠲᠥᠯᠥᠪᠯᠡᠬᠦ ᠶᠢ ᠠᠬᠢᠭᠤᠯᠵᠤ᠂ ᠤᠯᠤᠰ ᠠᠴᠠ ᠡᠮ ᠤᠨ ᠵᠦᠢᠯᠡᠰ ᠢ ᠲᠥᠪᠯᠡᠷᠡᠭᠦᠯᠦᠨ ᠬᠤᠳᠠᠯᠳᠤᠨ ᠠᠪᠬᠤ ᠳᠦᠷᠢᠮ ᠢ ᠲᠡᠭᠦᠯᠳᠡᠷᠵᠢᠭᠦᠯᠦᠨ᠂ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠯᠲᠡ ᠶᠢ ᠪᠠᠶᠢᠩᠭᠤ ᠶᠢᠨ ᠴᠢᠨᠠᠷᠲᠠᠢ ᠪᠠᠷ ᠬᠢᠨᠠᠨ ᠬᠠᠮᠢᠶᠠᠷᠬᠤ ᠶᠢ ᠴᠢᠩᠭᠠᠳᠬᠠᠵᠤ᠂ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠠᠰᠤᠯᠤᠨ ᠪᠤᠳᠤᠬᠤ ᠶᠢ ᠨᠠᠶᠢᠳᠠᠪᠤᠷᠢᠵᠢᠭᠤᠯᠬᠤ ᠪᠠ ᠲᠡᠭᠦᠯᠳᠡᠷᠵᠢᠭᠦᠯᠦᠨ᠎ᠡ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠪᠡᠳᠴᠢᠲᠡᠨ ᠢᠶᠠᠷ ᠭᠤᠣᠯ ᠪᠣᠯᠭᠠᠨ ᠡᠮᠴᠢᠯᠡᠭᠡᠨ ᠤ ᠦᠢᠯᠡᠴᠢᠯᠡᠭᠡ ᠶᠢ ᠰᠠᠶᠢᠵᠢᠷᠠᠭᠤᠯᠵᠤ᠂ ᠪᠠᠶᠢᠴᠠᠭᠠᠭᠰᠠᠨ ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠶᠢ ᠠᠬᠢᠭᠤᠯᠤᠨ᠎ᠠ᠃ ᠱᠠᠲᠤ ᠬᠤᠪᠢᠶᠠᠨ ᠣᠨᠣᠰᠢᠯᠠᠨ ᠡᠮᠨᠡᠬᠦ ᠶᠢ ᠠᠬᠢᠭᠤᠯᠬᠤ ᠲᠠᠯ᠎ᠠ ᠠᠴᠠ ᠪᠣᠳᠣᠯᠬᠢᠯᠠᠨ᠂ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ ᠦᠨᠳᠦᠰᠦᠨ ᠱᠠᠲᠤᠨ ᠳᠤ ᠪᠠᠭᠤᠯᠭᠠᠬᠤ ᠶᠢ ᠬᠥᠲᠥᠯᠥᠨ ᠵᠢᠯᠤᠭᠤᠳᠴᠤ᠂ ᠰᠢᠶᠠᠨ ᠰᠢᠶᠠᠩ ᠲᠣᠰᠬᠤᠨ ᠤ ᠡᠮᠴᠢᠯᠡᠭᠡᠨ ᠤ ᠦᠢᠯᠡᠴᠢᠯᠡᠭᠡ ᠶᠢᠨ ᠬᠠᠮᠵᠢᠯᠴᠠᠵᠤ ᠬᠤᠯᠪᠣᠯᠳᠤᠨ ᠬᠥᠳᠡᠯᠦᠯᠴᠡᠬᠦ ᠶᠢ ᠴᠢᠩᠭᠠᠳᠬᠠᠵᠤ᠂ ᠦᠨᠳᠦᠰᠦᠨ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠤᠵᠢᠭ ᠡᠪᠡᠳᠴᠢᠨ᠂ ᠦᠷᠭᠦᠯᠵᠢ ᠲᠣᠬᠢᠶᠠᠯᠳᠤᠳᠠᠭ ᠡᠪᠡᠳᠴᠢᠨ ᠳᠤ ᠬᠡᠷᠡᠭᠯᠡᠬᠦ ᠡᠮ ᠤᠨ ᠲᠥᠷᠥᠯ ᠵᠦᠢᠯ ᠢ ᠥᠷᠭᠡᠳᠬᠡᠨ᠎ᠡ᠃ ᠬᠤᠪᠣᠷ ᠲᠣᠬᠢᠶᠠᠯᠳᠤᠬᠤ ᠡᠪᠡᠳᠴᠢᠨ ᠤ ᠰᠤᠳᠤᠯᠭᠠᠨ᠂ ᠣᠨᠣᠰᠢᠯᠠᠨ ᠡᠮᠨᠡᠬᠦ ᠦᠢᠯᠡᠴᠢᠯᠡᠭᠡ ᠪᠠ ᠡᠮ ᠬᠡᠷᠡᠭᠯᠡᠬᠦ ᠪᠠᠲᠤᠯᠠᠭ᠎ᠠ ᠶᠢ ᠴᠢᠩᠭᠠᠳᠬᠠᠨ᠎ᠠ᠃ ᠬᠡᠦᠬᠡᠳ ᠤᠨ ᠰᠠᠯᠠᠭ᠎ᠠ᠂ ᠨᠠᠰᠤᠲᠠᠶᠢᠴᠤᠳ ᠤᠨ ᠠᠨᠠᠭᠠᠬᠤ ᠤᠬᠠᠭᠠᠨ᠂ ᠣᠶᠤᠨ ᠮᠡᠳᠡᠷᠡᠯ ᠤᠨ ᠡᠷᠡᠭᠦᠯ ᠬᠠᠮᠠᠭᠠᠯᠠᠯ᠂ ᠡᠮᠴᠢᠯᠡᠭᠡ ᠰᠤᠪᠢᠯᠠᠯᠲᠠ ᠵᠡᠷᠭᠡ ᠶᠢᠨ ᠦᠢᠯᠡᠴᠢᠯᠡᠭᠡᠨ ᠤ ᠳᠤᠲᠠᠭᠤᠳᠠᠯ ᠢ ᠲᠦᠷᠭᠡᠯᠡᠨ ᠨᠥᠬᠦᠪᠦᠷᠢᠯᠡᠵᠦ᠂ ᠪᠦᠭᠦ ᠰᠠᠯᠠᠭᠠᠨ ᠤ ᠡᠮᠴᠢ ᠶᠢᠨ ᠬᠥᠮᠦᠵᠢᠯ ᠪᠣᠯᠪᠠᠰᠤᠷᠠᠯ ᠢ ᠴᠢᠩᠭᠠᠳᠬᠠᠨ᠎ᠠ᠃ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨᠡᠴᠢᠯᠡᠬᠦ ᠶᠢ ᠠᠬᠢᠭᠤᠯᠵᠤ᠂ ᠬᠢᠲᠠᠳ ᠡᠮᠨᠡᠯᠭᠡ ᠶᠢᠨ ᠳᠠᠪᠠᠭᠤᠯᠢᠭ ᠲᠤᠰᠬᠠᠢ ᠰᠠᠯᠠᠭᠠᠨ ᠤ ᠪᠠᠶᠢᠭᠤᠯᠤᠯᠲᠠ ᠶᠢ ᠴᠢᠩᠭᠠᠳᠬᠠᠨ᠎ᠠ ᠃ ᠡᠪᠡᠳᠴᠢᠨ ᠢ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ ᠪᠠ ᠡᠬᠡ ᠣᠷᠣᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠵᠦ᠂ ᠠᠷᠠᠳ ᠣᠯᠠᠨ ᠤ ᠡᠷᠡᠭᠦᠯ ᠮᠡᠨᠳᠦ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ᠃             ᠨᠡᠶᠢᠭᠡᠮ ᠤᠨ ᠪᠠᠲᠤᠯᠠᠭ᠎ᠠ ᠪᠠ ᠦᠢᠯᠡᠴᠢᠯᠡᠭᠡ ᠶᠢ ᠴᠢᠩᠭᠠᠳᠬᠠᠨ᠎ᠠ᠃ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠎ᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠰᠠᠭᠤᠷᠢ ᠠᠰᠠᠷᠠᠮᠵᠢ ᠶᠢᠨ ᠮᠥᠩᠭᠦ ᠶᠢᠨ ᠰᠠᠷ᠎ᠠ ᠶᠢᠨ ᠨᠠᠭᠠᠲᠤ ᠵᠠᠬ᠎ᠠ ᠶᠢᠨ ᠪᠠᠷᠢᠮᠵᠢᠶ᠎ᠠ ᠶᠢ 20 ᠲᠥᠭᠦᠷᠢᠭ ᠳᠡᠭᠡᠭᠰᠢᠯᠡᠭᠦᠯᠵᠦ᠂ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠶᠢ ᠦᠷᠭᠦᠯᠵᠢᠯᠡᠨ ᠳᠡᠭᠡᠭᠰᠢᠯᠡᠭᠦᠯᠵᠦ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠮᠥᠩᠭᠦ ᠶᠢ ᠪᠦᠭᠦ ᠤᠯᠤᠰ ᠲᠤ ᠨᠢᠭᠡᠳᠦᠯᠲᠡᠢ ᠲᠥᠯᠥᠪᠯᠡᠬᠦ ᠶᠢ ᠲᠡᠭᠦᠯᠳᠡᠷᠵᠢᠭᠦᠯᠦᠨ᠎ᠡ᠃ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠢ ᠪᠦᠭᠦ ᠤᠯᠤᠰ ᠲᠤ ᠬᠡᠷᠡᠭᠵᠢᠭᠦᠯᠵᠦ᠂ ᠭᠤᠷᠪᠠᠳᠤᠭᠠᠷ ᠲᠤᠯᠭᠠᠭᠤᠷᠢᠯᠠᠯ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠢᠳᠡᠪᠬᠢᠲᠡᠢ ᠬᠥᠭᠵᠢᠭᠦᠯᠦᠨ᠎ᠡ᠃ ᠴᠡᠷᠢᠭ ᠤᠨ ᠠᠯᠪᠠ ᠠᠴᠠ ᠪᠠᠭᠤᠭᠰᠠᠳ᠂ ᠴᠡᠷᠢᠭ ᠤᠨ ᠭᠡᠷ ᠪᠦᠯᠢ ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠤᠨ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠨ᠎ᠡ᠃ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠣᠷ ᠤᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠦᠷᠢᠯᠡᠬᠦ ᠡᠷᠴᠢᠮ ᠢ ᠴᠢᠩᠭᠠᠷᠠᠭᠤᠯᠤᠨ᠎ᠠ᠃ ᠨᠠᠰᠤᠲᠠᠶᠢᠴᠤᠳ ᠤᠨ ᠬᠡᠷᠡᠭᠯᠡᠭᠡᠨ ᠤ ᠬᠡᠷᠡᠭᠰᠡᠯ ᠪᠠ ᠦᠢᠯᠡᠴᠢᠯᠡᠭᠡ ᠶᠢᠨ ᠬᠠᠩᠭᠠᠯᠭ᠎ᠠ ᠶᠢ ᠴᠢᠩᠭᠠᠳᠬᠠᠵᠤ᠂ ᠪᠤᠭᠤᠷᠤᠯᠴᠤᠳ ᠤᠨ ᠠᠵᠤ ᠠᠬᠤᠢ ᠶᠢ ᠶᠡᠭᠡ ᠪᠠᠷ ᠬᠥᠭᠵᠢᠭᠦᠯᠦᠨ᠎ᠡ᠃ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠢ ᠪᠠᠶᠢᠭᠤᠯᠬᠤ ᠶᠢ ᠠᠬᠢᠭᠤᠯᠤᠨ᠎ᠠ᠃ ᠦᠷᠡᠵᠢᠯ ᠢ ᠳᠡᠮᠵᠢᠬᠦ ᠲᠥᠷᠥ ᠶᠢᠨ ᠪᠣᠳᠣᠯᠭ᠎ᠠ ᠶᠢ ᠪᠦᠷᠢᠨᠰᠢᠭᠦᠯᠦᠨ᠂ ᠦᠷᠡᠵᠢᠯ ᠤᠨ ᠠᠮᠠᠷᠠᠯᠲᠠ ᠶᠢᠨ ᠳᠦᠷᠢᠮ ᠢ ᠰᠢᠯᠢᠳᠡᠭᠵᠢᠭᠦᠯᠵᠦ᠂ ᠡᠵᠡᠩᠨᠡᠯᠲᠡ ᠶᠢᠨ ᠪᠡᠶᠡᠴᠢ ᠴᠣᠭᠴᠠ ᠶᠢᠨ ᠠᠵᠢᠯᠴᠢᠨ ᠬᠡᠷᠡᠭᠯᠡᠬᠦ ᠥᠪᠡᠷ ᠤᠨ ᠥᠷᠲᠡᠭ ᠢ ᠵᠦᠢ ᠵᠣᠬᠢᠰᠲᠠᠢ ᠬᠠᠮᠲᠤ ᠪᠠᠷ ᠡᠭᠦᠷᠭᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢ ᠣᠯᠠᠨ ᠠᠷᠭ᠎ᠠ ᠵᠠᠮ ᠢᠶᠠᠷ ᠨᠡᠮᠡᠭᠳᠡᠭᠦᠯᠦᠨ᠎ᠡ ᠃ ᠭᠡᠷ ᠪᠦᠯᠢ ᠶᠢᠨ ᠲᠥᠷᠦᠵᠦ ᠥᠰᠬᠡᠬᠦ᠂ ᠥᠰᠬᠡᠨ ᠬᠥᠮᠥᠵᠢᠭᠦᠯᠬᠦ᠂ ᠰᠤᠷᠭᠠᠨ ᠬᠥᠮᠥᠵᠢᠭᠦᠯᠬᠦ ᠳᠠᠷᠤᠭᠠᠰᠤ ᠶᠢ ᠬᠥᠩᠭᠡᠷᠡᠭᠦᠯᠦᠨ᠎ᠡ᠃ ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠨ᠎ᠡ᠃ ᠵᠡᠮᠳᠡᠭᠷᠡᠬᠦ ᠶᠢ ᠤᠷᠢᠳᠴᠢᠯᠠᠨ ᠰᠡᠷᠭᠡᠶᠢᠯᠡᠬᠦ ᠪᠠ ᠡᠷᠡᠭᠦᠯᠵᠢᠭᠦᠯᠬᠦ ᠦᠢᠯᠡᠴᠢᠯᠡᠭᠡ ᠶᠢ ᠴᠢᠩᠭᠠᠳᠬᠠᠵᠤ᠂ ᠬᠦᠨᠳᠦ ᠵᠡᠮᠳᠡᠭᠴᠦᠳ ᠢ ᠨᠠᠶᠢᠳᠠᠨ ᠠᠰᠠᠷᠠᠭᠤᠯᠬᠤ ᠬᠠᠷᠠᠭᠠᠯᠵᠠᠨ ᠰᠤᠪᠢᠯᠠᠬᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠳᠡᠰ ᠲᠥᠷᠥᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠭᠦᠯᠵᠦ᠂ ᠳᠠᠭᠢᠨ ᠶᠠᠳᠠᠭᠤᠷᠠᠬᠤ ᠠᠴᠠ ᠰᠡᠷᠭᠡᠶᠢᠯᠡᠬᠦ ᠪᠠ ᠣᠷᠣᠯᠭ᠎ᠠ ᠪᠠᠭᠠᠲᠠᠢ ᠬᠥᠮᠥᠨ ᠠᠮᠠ ᠶᠢ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠯᠡᠵᠦ᠂ ᠠᠷᠠᠳ ᠤᠨ ᠠᠮᠢᠳᠤᠷᠠᠯ ᠤᠨ ᠦᠨᠳᠦᠰᠦᠨ ᠵᠦᠢᠯ ᠢ ᠪᠠᠲᠤᠯᠠᠬᠤ ᠠᠮᠤᠷ ᠲᠦᠪᠰᠢᠨ ᠤ ᠲᠣᠣᠷ ᠢ ᠨᠢᠭᠲᠠ ᠪᠥᠭᠡᠳ ᠪᠠᠬᠢ ᠰᠦᠯᠵᠢᠨ᠎ᠡ᠃             ᠠᠷᠠᠳ ᠤᠯᠠᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠤᠨ᠎ᠠ᠃ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠥᠷᠭᠡᠨ ᠢᠶᠠᠷ ᠦᠢᠯᠡᠳᠦᠯᠭᠡᠵᠢᠭᠦᠯᠦᠨ᠎ᠡ᠃ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ᠂ ᠰᠣᠨᠢᠨ ᠮᠡᠳᠡᠭᠡᠯᠡᠯ ᠬᠡᠪᠯᠡᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ᠂ ᠤᠳᠬ᠎ᠠ ᠵᠣᠬᠢᠶᠠᠯ ᠤᠷᠠᠯᠢᠭ ᠪᠠ ᠲᠠᠩᠰᠠ ᠡᠪᠬᠡᠮᠡᠯ ᠵᠡᠷᠭᠡ ᠦᠢᠯᠡᠰ ᠢ ᠬᠥᠭᠵᠢᠭᠦᠯᠦᠨ᠎ᠡ᠃ ᠰᠣᠶᠣᠯ ᠢ ᠤᠯᠠᠮᠵᠢᠯᠠᠨ ᠬᠥᠭᠵᠢᠭᠦᠯᠬᠦ ᠶᠢ ᠠᠬᠢᠭᠤᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠨ᠎ᠠ᠃ ᠤᠯᠤᠰ ᠤᠨ ᠰᠣᠶᠣᠯ ᠤᠨ ᠳ᠋ᠢᠵᠢᠲ᠋ᠠᠯᠴᠢᠯᠠᠯᠳᠠ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠠᠬᠢᠭᠤᠯᠤᠨ᠎ᠠ᠃ ᠠᠷᠠᠳ ᠨᠡᠶᠢᠲᠡ ᠪᠠᠷ ᠢᠶᠠᠨ ᠨᠣᠮ ᠤᠩᠰᠢᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ᠎ᠡ᠃ ᠰᠦᠯᠵᠢᠶᠡᠨ ᠤ ᠶᠡᠷᠦᠩᠬᠡᠶᠢᠯᠡᠭᠰᠡᠨ ᠵᠠᠰᠠᠯᠲᠠ ᠶᠢ ᠲᠡᠭᠦᠯᠳᠡᠷᠵᠢᠭᠦᠯᠦᠨ᠂ ᠢᠳᠡᠪᠬᠢᠲᠡᠢ᠂ ᠡᠷᠡᠭᠦᠯ᠂ ᠥᠭᠡᠳᠡᠷᠬᠡᠭ ᠴᠠᠶᠢᠯᠭᠠᠨ ᠰᠦᠯᠵᠢᠶᠡᠨ ᠤ ᠰᠣᠶᠣᠯ ᠢ ᠪᠤᠶᠢᠵᠢᠭᠤᠯᠤᠨ᠎ᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠰᠢᠨ᠎ᠡ ᠶᠢ ᠡᠭᠦᠳᠦᠨ ᠬᠡᠷᠡᠭᠵᠢᠭᠦᠯᠵᠦ᠂ ᠣᠯᠠᠨ ᠨᠡᠶᠢᠲᠡ ᠶᠢᠨ ᠰᠣᠶᠣᠯ ᠤᠨ ᠲᠠᠯᠠᠪᠠᠢ ᠣᠷᠳᠣᠨ ᠢ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠬᠦ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠠ᠃ ᠰᠣᠶᠣᠯ ᠤᠨ ᠠᠵᠤ ᠦᠢᠯᠡᠰ ᠢ ᠶᠡᠭᠡ ᠪᠠᠷ ᠬᠥᠭᠵᠢᠭᠦᠯᠦᠨ᠎ᠡ᠃ ᠳᠥᠷᠪᠡᠳᠦᠭᠡᠷ ᠤᠳᠠᠭᠠᠨ ᠤ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢ ᠥᠷᠨᠢᠭᠦᠯᠵᠦ᠂ ᠲᠡᠦᠬᠡ ᠶᠢᠨ ᠳᠤᠷᠠᠰᠬᠠᠯᠲᠤ ᠵᠦᠢᠯ ᠢ ᠰᠢᠰᠲ᠋ᠧᠮᠲᠦ ᠴᠢᠨᠠᠷᠲᠠᠢ ᠪᠠᠷ ᠬᠠᠮᠠᠭᠠᠯᠠᠬᠤ ᠪᠠ ᠵᠦᠢ ᠵᠣᠬᠢᠰᠲᠠᠢ ᠠᠰᠢᠭᠯᠠᠬᠤ ᠶᠢ ᠴᠢᠩᠭᠠᠳᠬᠠᠨ᠎ᠠ᠃ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠠᠬᠢᠭᠤᠯᠤᠨ᠎ᠠ᠃ ᠳᠤᠮᠳᠠᠳᠤ ᠭᠠᠳᠠᠭᠠᠳᠤ ᠶᠢᠨ ᠬᠥᠮᠥᠨ ᠨᠡᠶᠢᠭᠡᠮ ᠤᠨ ᠰᠣᠯᠢᠯᠴᠠᠭ᠎ᠠ ᠶᠢ ᠭᠦᠨᠵᠡᠭᠡᠶᠢᠷᠡᠭᠦᠯᠵᠦ᠂ ᠳᠡᠯᠡᠬᠡᠢ ᠳᠤ ᠤᠯᠠᠮᠵᠢᠯᠠᠨ ᠲᠠᠷᠬᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠡᠶ᠎ᠡ ᠶᠢᠨ ᠲᠠᠮᠢᠷ ᠤᠨ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠤᠨ᠎ᠠ᠃ 2024 ᠣᠨ ᠤ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠵᠡᠮᠳᠡᠭᠴᠦᠳ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠪᠡᠯᠡᠳᠬᠡᠵᠦ ᠤᠷᠤᠯᠳᠤᠭᠠᠨ ᠳᠤ ᠣᠷᠤᠯᠴᠠᠬᠤ ᠠᠵᠢᠯ ᠢ ᠰᠠᠶᠢᠲᠤᠷ ᠬᠢᠨ᠎ᠡ᠃ ᠣᠯᠠᠨ ᠲᠦᠮᠡᠨ ᠤ ᠳᠡᠷᠭᠡᠳᠡᠬᠢ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢ ᠰᠠᠶᠢᠲᠤᠷ ᠪᠦᠲᠦᠭᠡᠨ ᠪᠠᠶᠢᠭᠤᠯᠵᠤ ᠰᠠᠶᠢᠲᠤᠷ ᠬᠡᠷᠡᠭᠯᠡᠨ᠂ ᠠᠷᠠᠳ ᠨᠡᠶᠢᠲᠡ ᠶᠢᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠶᠢ ᠠᠬᠢᠭᠤᠯᠤᠨ᠎ᠠ᠃             ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠤᠯᠤᠰ ᠤᠨ ᠶᠡᠷᠦᠩᠬᠡᠢ ᠴᠣᠭᠴᠠ ᠶᠢᠨ ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠵᠤ᠂ ᠤᠯᠤᠰ ᠤᠨ ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠣᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠵᠠᠰᠠᠯᠲᠠ ᠶᠢᠨ ᠵᠠᠭᠪᠤᠷ ᠢ ᠬᠡᠷᠡᠭ ᠠᠴᠠ ᠡᠮᠦᠨ᠎ᠡ ᠤᠷᠢᠳᠴᠢᠯᠠᠨ ᠰᠡᠷᠭᠡᠶᠢᠯᠡᠬᠦ ᠲᠡᠶᠢᠰᠢ ᠭᠡᠯᠪᠡᠷᠢ ᠶᠢ ᠨᠢ ᠬᠤᠪᠢᠷᠠᠭᠤᠯᠬᠤ ᠶᠢ ᠠᠬᠢᠭᠤᠯᠤᠨ᠎ᠠ᠃ ᠠᠶᠤᠯ ᠦᠭᠡᠢ ᠦᠢᠯᠡᠳᠪᠦᠷᠢᠯᠡᠯ ᠪᠠ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠰᠡᠷᠭᠡᠶᠢᠯᠡᠬᠦ ᠦᠨᠳᠦᠰᠦᠨ ᠱᠠᠲᠤᠨ ᠤ ᠰᠠᠭᠤᠷᠢ ᠶᠢ ᠬᠦᠴᠦᠯᠡᠨ ᠪᠠᠲᠤᠳᠬᠠᠵᠤ᠂ ᠪᠠᠴᠢᠮ ᠪᠠᠶᠢᠳᠠᠯ ᠢ ᠰᠡᠷᠭᠡᠶᠢᠯᠡᠬᠦ᠂ ᠠᠷᠭᠠᠴᠠᠨ ᠰᠢᠢᠳᠪᠦᠷᠢᠯᠡᠬᠦ ᠪᠠ ᠲᠤᠯᠭᠠᠭᠤᠷᠢᠯᠠᠨ ᠪᠠᠲᠤᠯᠠᠬᠤ ᠴᠢᠳᠠᠪᠤᠷᠢ ᠶᠢ ᠴᠢᠩᠭᠠᠷᠠᠭᠤᠯᠤᠨ᠎ᠠ᠃ ᠠᠶᠤᠯ ᠦᠭᠡᠢ ᠦᠢᠯᠡᠳᠪᠦᠷᠢᠯᠡᠯ ᠤᠨ ᠦᠨᠳᠦᠰᠦ ᠰᠤᠷᠪᠤᠯᠵᠢ ᠠᠴᠠ ᠨᠢ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢᠨ ᠳᠠᠯᠳᠠ ᠭᠡᠮ ᠢ ᠰᠠᠮᠨᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠨ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠠᠲᠤᠲᠠᠢ ᠨᠠᠶᠢᠳᠠᠪᠤᠷᠢᠵᠢᠭᠤᠯᠵᠤ᠂ ᠬᠦᠨᠳᠦ ᠶᠡᠭᠡ ᠣᠨᠴᠠ ᠶᠡᠭᠡ ᠠ᠊ᠨᠳᠡᠯ ᠭᠠᠷᠬᠤ ᠶᠢ ᠡᠷᠡᠰ ᠬᠤᠷᠢᠭᠯᠠᠨ ᠵᠣᠭᠰᠣᠭᠠᠨ᠎ᠠ᠃ ᠦᠶᠡᠷ ᠤᠰᠤᠳᠤᠯ ᠭᠠᠩ ᠬᠠᠭᠰᠠᠷᠠᠭᠠᠨ᠂ ᠲᠠᠶᠢᠹᠧᠩ ᠰᠠᠯᠬᠢ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ᠂ ᠭᠠᠵᠠᠷ ᠤᠨ ᠭᠠᠮᠰᠢᠭ᠂ ᠭᠠᠵᠠᠷ ᠬᠥᠳᠡᠯᠦᠯᠲᠡ ᠵᠡᠷᠭᠡ ᠶᠢ ᠰᠡᠷᠭᠡᠶᠢᠯᠡᠨ ᠠᠷᠭᠠᠴᠠᠬᠤ ᠠᠵᠢᠯ ᠢ ᠰᠠᠶᠢᠲᠤᠷ ᠬᠢᠵᠦ᠂ ᠴᠠᠭ ᠠᠭᠤᠷ ᠤᠨ ᠦᠢᠯᠡᠴᠢᠯᠡᠭᠡ ᠶᠢ ᠴᠢᠩᠭᠠᠳᠬᠠᠨ᠎ᠠ᠃ ᠢᠳᠡᠭᠡᠨ ᠤ ᠵᠦᠢᠯ᠂ ᠡᠮ ᠤᠨ ᠵᠦᠢᠯ᠂ ᠣᠨᠴᠠ ᠲᠥᠷᠥᠯ ᠤᠨ ᠪᠡᠯᠡᠳᠬᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠳᠠᠯᠠᠨ᠎ᠠ᠃ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠴᠢᠳᠠᠮᠵᠢ ᠶᠢ ᠴᠢᠩᠭᠠᠳᠬᠠᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠥᠮᠦᠯᠢᠭ ᠠᠪᠤᠷᠠᠨ ᠲᠤᠰᠠᠯᠠᠯᠲᠠ᠂ ᠰᠠᠶᠢᠨ ᠳᠤᠷ᠎ᠠ ᠶᠢᠨ ᠦᠢᠯᠡᠴᠢᠯᠡᠭᠡ᠂ ᠨᠡᠶᠢᠲᠡ ᠶᠢᠨ ᠠᠰᠠᠷᠠᠮᠵᠢ ᠨᠢᠭᠦᠯᠡᠰᠦᠩᠭᠦᠢ ᠶᠢᠨ ᠦᠢᠯᠡᠰ ᠵᠡᠷᠭᠡ ᠶᠢᠨ ᠡᠷᠡᠭᠦᠯ ᠢᠶᠠᠷ ᠬᠥᠭᠵᠢᠬᠦ ᠶᠢ ᠬᠥᠲᠥᠯᠥᠨ ᠵᠢᠯᠤᠭᠤᠳᠴᠤ ᠳᠡᠮᠵᠢᠨ᠎ᠡ᠃ ᠡᠮᠡᠭᠲᠡᠶᠢᠴᠦᠳ᠂ ᠬᠡᠦᠬᠡᠳ᠂ ᠨᠠᠰᠤᠲᠠᠶᠢᠴᠤᠳ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠰᠢᠨ᠎ᠡ ᠴᠠᠭ ᠦᠶ᠎ᠡ ᠶᠢᠨ ︽ᠹᠧᠩᠴᠢᠶᠣᠤ ᠶᠢᠨ ᠲᠤᠷᠰᠢᠯᠭ᠎ᠠ︾ ᠎ ᠶᠢ ᠪᠠᠷᠢᠮᠲᠠᠯᠠᠨ ᠬᠥᠭᠵᠢᠭᠦᠯᠵᠦ᠂ ᠵᠥᠷᠢᠴᠡᠯ ᠵᠠᠭᠤᠷᠠᠯᠳᠤᠭᠠᠨ ᠢ ᠰᠡᠷᠭᠡᠶᠢᠯᠡᠨ ᠠᠷᠢᠯᠭᠠᠬᠤ ᠠᠵᠢᠯ ᠢ ᠠᠬᠢᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠬᠠᠤᠯᠢ ᠪᠠᠷ ᠵᠠᠰᠠᠬᠤ ᠶᠢ ᠠᠬᠢᠭᠤᠯᠤᠨ᠎ᠠ᠃ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢ ᠴᠢᠩᠭᠠᠳᠬᠠᠨ᠎ᠠ᠃ ᠨᠡᠶᠢᠭᠡᠮ ᠤᠨ ᠠᠮᠤᠷ ᠲᠦᠪᠰᠢᠨ ᠢ ᠪᠦᠬᠦᠯᠢ ᠴᠣᠭᠴᠠ ᠪᠠᠷ ᠨᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠠᠷ᠎ᠠ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠶᠢ ᠠᠬᠢᠭᠤᠯᠵᠤ᠂ ᠬᠠᠤᠯᠢ ᠠᠴᠠ ᠵᠥᠷᠢᠴᠡᠭᠰᠡᠨ ᠡᠯ᠎ᠡ ᠲᠦᠷᠦᠯ ᠤᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ ᠢ ᠪᠦᠲᠦᠭᠡᠨ ᠪᠠᠶᠢᠭᠤᠯᠤᠨ᠎ᠠ᠃             ᠲᠥᠯᠥᠭᠡᠯᠡᠭᠴᠢᠳ ᠠ᠋︕             ᠰᠢᠨ᠎ᠡ ᠠᠶᠠᠨ ᠵᠠᠮ ᠰᠢᠨ᠎ᠡ ᠡᠭᠦᠷᠭᠡ ᠬᠠᠷᠢᠭᠤᠴᠠᠯᠭ᠎ᠠ ᠨᠢ ᠵᠠᠰᠠᠭ ᠤᠨ ᠣᠷᠳᠣᠨ ᠤ ᠠᠵᠢᠯ ᠳᠤ ᠨᠡᠩ ᠥᠨᠳᠥᠷ ᠰᠢᠨ᠎ᠡ ᠱᠠᠭᠠᠷᠳᠠᠯᠭ᠎ᠠ ᠳᠤᠷᠠᠳᠪᠠ᠃ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠲᠡᠭᠦᠨ ᠤ ᠠᠵᠢᠯᠲᠠᠳ ︽ᠬᠤᠶᠠᠷ ᠢ ᠲᠣᠭᠲᠠᠭᠠᠭᠰᠠᠨ︾ ᠎ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠎ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠎ ᠶᠢ ᠪᠡᠶᠡᠯᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠡ ᠪᠠᠨ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠲᠠᠯ᠎ᠠ ᠪᠦᠭᠦ ᠶᠠᠪᠤᠴᠠ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠬᠤ ᠶᠢ ᠰᠢᠨ᠎ᠡ ᠴᠠᠭ ᠦᠶ᠎ᠡ ᠶᠢᠨ ᠬᠠᠲᠠᠭᠤ ᠶᠣᠰᠣ ᠪᠤᠯᠭᠠᠬᠤ᠂ ᠠᠷᠠᠳ ᠲᠦᠮᠡᠨ ᠳᠤ ᠪᠤᠶᠠᠨ ᠦᠢᠯᠡᠳᠬᠦ ᠶᠢ ᠬᠠᠮᠤᠭ ᠤᠨ ᠴᠢᠬᠤᠯᠠ ᠵᠠᠰᠠᠭ ᠤᠨ ᠠᠵᠢᠯ ᠤᠨ ᠠᠮᠵᠢᠯᠲᠠ ᠪᠤᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠰᠢᠨ᠎ᠡ ᠶᠢ ᠡᠭᠦᠳᠬᠦ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ ᠣᠷᠳᠣᠨ ᠪᠠ ᠦᠢᠯᠡᠴᠢᠯᠡᠬᠦ ᠭᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠦᠲᠦᠭᠡᠨ ᠪᠠᠶᠢᠭᠤᠯᠵᠤ᠂ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠶᠢ ᠪᠦᠭᠦ ᠲᠠᠯ᠎ᠠ ᠪᠠᠷ ᠰᠠᠶᠢᠲᠤᠷ ᠭᠦᠢᠴᠡᠳᠬᠡᠬᠦ ᠬᠡᠷᠡᠭᠲᠡᠢ᠃             ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠢ ᠠᠬᠢᠭᠤᠯᠤᠨ᠎ᠠ᠃ ᠦᠨᠳᠦᠰᠦᠨ ᠬᠠᠤᠯᠢ ᠬᠠᠤᠯᠢ ᠴᠠᠭᠠᠵᠠ ᠶᠢ ᠴᠢᠩᠭ᠎ᠠ ᠵᠢᠷᠤᠮᠯᠠᠨ᠎ᠠ᠃ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠨᠡᠶᠢᠲᠡ ᠶᠢᠨ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠎ᠡ᠃ ᠬᠢᠨᠠᠨ ᠪᠣᠳᠣᠯᠲᠠ ᠶᠢᠨ ᠬᠢᠨᠠᠯᠲᠠ ᠶᠢ ᠴᠢᠩᠭᠠᠳᠬᠠᠨ᠎ᠠ᠃ ᠰᠢᠨᠵᠢᠯᠡᠬᠦ ᠤᠬᠠᠭᠠᠨᠴᠢ ᠪᠠᠷ᠂ ᠠᠷᠠᠳᠴᠢᠯᠠᠯ ᠢᠶᠠᠷ᠂ ᠬᠠᠤᠯᠢ ᠶᠣᠰᠣᠭᠠᠷ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠵᠤ᠂ ᠲᠦᠷᠦ ᠶᠢᠨ ᠪᠣᠳᠣᠯᠭ᠎ᠠ ᠲᠣᠭᠲᠠᠭᠠᠬᠤ ᠳᠠᠭᠠᠨ ᠵᠢᠮ᠎ᠡ ᠶᠣᠰᠣ ᠶᠢ ᠵᠢᠷᠤᠮᠯᠠᠨ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠲᠥᠪᠯᠡᠷᠡᠭᠦᠯᠵᠦ᠂ ᠬᠠᠤᠯᠢ ᠴᠠᠭᠠᠵᠠ ᠶᠢᠨ ᠦᠨᠳᠦᠰᠦᠯᠡᠯ ᠲᠠᠢ ᠪᠠᠶᠢᠬᠤ ᠬᠡᠷᠡᠭᠲᠡᠢ᠃ ᠵᠠᠰᠠᠭ ᠤᠨ ᠶᠠᠪᠤᠳᠠᠯ ᠢ ᠢᠯᠡ ᠪᠤᠯᠭᠠᠬᠤ ᠳᠦᠷᠢᠮ ᠢ ᠲᠡᠭᠦᠯᠳᠡᠷᠵᠢᠭᠦᠯᠦᠨ᠎ᠡ᠃ ᠬᠠᠤᠯᠢ ᠶᠢ ᠴᠢᠩᠭ᠎ᠠ ᠵᠢᠷᠤᠮᠵᠢᠭᠤᠨ ᠭᠤᠤᠯᠴᠢ ᠪᠣᠯᠪᠠᠰᠤᠨ ᠢᠶᠠᠷ ᠬᠡᠷᠡᠭᠵᠢᠭᠦᠯᠬᠦ ᠶᠢ ᠪᠦᠭᠦ ᠲᠠᠯ᠎ᠠ ᠪᠠᠷ ᠠᠬᠢᠭᠤᠯᠤᠨ᠎ᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠤᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢᠶᠠᠨ ᠨᠡᠩ ᠰᠠᠶᠢᠨ ᠪᠠᠳᠠᠷᠠᠭᠤᠯᠬᠤ ᠶᠢ ᠳᠡᠮᠵᠢᠨ᠎ᠡ᠃ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠪᠠ ᠢᠯᠵᠢᠷᠡᠯ ᠢ ᠡᠰᠡᠷᠭᠦᠴᠡᠬᠦ ᠶᠢ ᠰᠢᠨᠲᠠᠷᠠᠰᠢ ᠦᠭᠡᠢ ᠪᠠᠷᠢᠮᠲᠠᠯᠠᠨ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠶᠢᠷᠡᠭᠦᠯᠦᠨ ᠠᠬᠢᠭᠤᠯᠤᠨ᠎ᠠ᠃ ᠵᠠᠰᠠᠭ ᠤᠨ ᠣᠷᠳᠣᠨ ᠤ ᠠᠵᠢᠯᠲᠠᠳ ᠬᠠᠤᠯᠢ ᠴᠠᠭᠠᠵᠠ ᠰᠠᠬᠢᠯᠭ᠎ᠠ ᠪᠠᠲᠤ ᠶᠢ ᠰᠠᠬᠢᠵᠤ᠂ ᠠᠷᠢᠭᠤᠨ ᠴᠢᠬᠡᠴᠢ ᠪᠠᠷ ᠪᠡᠶ᠎ᠡ ᠪᠠᠨ ᠵᠠᠰᠠᠵᠤ᠂ ᠠᠵᠢᠯᠴᠢ ᠬᠢᠴᠢᠶᠡᠩᠭᠦᠢ ᠬᠠᠷᠢᠭᠤᠴᠠᠯᠭ᠎ᠠ ᠪᠠᠨ ᠭᠦᠢᠴᠡᠳᠬᠡᠨ᠂ ᠴᠡᠪᠡᠷ ᠴᠢᠬᠡᠴᠢ ᠪᠠᠷ ᠠᠷᠠᠳ ᠲᠦᠮᠡᠨ ᠤ ᠲᠥᠯᠥᠭᠡ ᠠᠵᠢᠯᠯᠠᠬᠤ ᠬᠡᠷᠡᠭᠲᠡᠢ᠃             ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ᠃ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠬᠤ᠂ ᠰᠠᠶᠢᠲᠤᠷ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ᠰᠢᠯᠢᠳᠡᠭᠵᠢᠭᠦᠯᠬᠦ ᠬᠠᠮᠵᠢᠯᠴᠠᠭᠤᠯᠬᠤ ᠥᠨᠳᠥᠷ ᠪᠦᠲᠦᠮᠵᠢᠲᠡᠶ ᠪᠠᠶᠢᠯᠭᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠭᠦᠨᠵᠡᠭᠡᠢ ᠠᠬᠢᠭᠤᠯᠵᠤ᠂ ᠵᠠᠰᠠᠭ ᠤᠨ ᠣᠷᠳᠣᠨ ᠤ ᠭᠦᠢᠴᠡᠳᠬᠡᠬᠦ ᠬᠦᠴᠦᠨ ᠪᠠ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ᠃ ᠵᠥᠪ ᠣᠨᠣᠪᠴᠢᠲᠠᠶ ᠰᠡᠳᠬᠢᠬᠦ ᠠᠷᠭ᠎ᠠ ᠪᠠ ᠠᠵᠢᠯᠯᠠᠬᠤ ᠠᠷᠭ᠎ᠠ ᠶᠢ ᠪᠠᠷᠢᠮᠲᠠᠯᠠᠵᠤ᠂ ᠰᠡᠳᠬᠢᠬᠦᠢ ᠶᠢᠨ ᠲᠣᠭᠲᠠᠮᠠᠯ ᠬᠡᠪᠰᠢᠯ ᠪᠠ ᠠᠷᠭ᠎ᠠ ᠵᠠᠮ ᠳᠤ ᠲᠦᠰᠢᠭᠯᠡᠬᠦ ᠶᠢ ᠵᠣᠷᠢᠭᠲᠠᠢ ᠡᠪᠳᠡᠵᠦ᠂ ᠬᠥᠲᠥᠯᠥᠮᠵᠢ ᠶᠢᠨ ᠴᠢᠨᠠᠷ ᠂ ᠬᠥᠰᠢᠵᠦ ᠬᠥᠳᠡᠯᠭᠡᠬᠦ ᠴᠢᠨᠠᠷ ᠢᠶᠠᠷ ᠴᠢᠩᠭ᠎ᠠ ᠠᠵᠢᠯ ᠤᠨ ᠭᠠᠷᠳᠠᠴᠠ ᠶᠢ ᠢᠳᠡᠪᠬᠢᠲᠡᠢ ᠤᠬᠠᠭᠠᠯᠠᠨ ᠲᠥᠯᠥᠪᠯᠡᠵᠦ ᠰᠠᠶᠢᠲᠤᠷ ᠬᠡᠷᠡᠭᠯᠡᠨ᠂ ᠨᠠᠶᠢᠳᠠᠪᠤᠷᠢᠵᠢᠭᠤᠯᠤᠯᠲᠠ ᠶᠢ ᠠᠳᠬᠤᠬᠤ ᠲᠠᠯ᠎ᠠ ᠪᠠᠷ ᠲᠡᠷᠡ ᠶᠣᠰᠣᠭᠠᠷ ᠨᠢ᠂ ᠱᠠᠯᠠᠮᠠᠭᠠᠢ ᠰᠢᠭᠤᠷᠬᠠᠢ᠂ ᠦᠨᠡᠨ ᠢ ᠪᠠᠷᠢᠮᠲᠠᠯᠠᠵᠤ ᠪᠣᠳᠠᠲᠠᠢ ᠶᠢ ᠡᠷᠭᠢᠮᠯᠡᠭᠦ᠂ ᠵᠣᠷᠢᠭᠲᠠᠢ ᠬᠢᠵᠦ ᠴᠢᠳᠠᠮᠠᠭᠠᠢ ᠠᠵᠢᠯᠯᠠᠬᠤ ᠶᠢ ᠦᠨᠡᠨ ᠬᠦ ᠪᠡᠶᠡᠯᠡᠭᠦᠯᠵᠦ᠂ ᠡᠴᠦᠰ ᠤᠨ ᠦᠷ᠎ᠡ ᠪᠦᠲᠦᠮᠵᠢ ᠶᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠵᠣᠷᠢᠯᠲᠠ ᠳᠤ ᠨᠡᠶᠢᠴᠡᠭᠦᠯᠬᠦ᠂ ᠠᠷᠠᠳ ᠤᠯᠠᠨ ᠤ ᠬᠦᠰᠡᠯ ᠡᠷᠡᠮᠡᠯᠵᠡᠯ ᠳᠤ ᠨᠡᠶᠢᠴᠡᠭᠦᠯᠬᠦ ᠶᠢ ᠦᠨᠡᠨ ᠬᠦ ᠪᠠᠲᠤᠯᠠᠨ᠎ᠠ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠪᠠᠶᠢᠴᠠᠭᠠᠨ ᠰᠤᠳᠤᠯᠤᠯᠲᠠ ᠶᠢ ᠶᠡᠭᠡ ᠪᠠᠷ ᠥᠷᠨᠢᠭᠦᠯᠦᠨ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠳᠦᠷᠢᠮ ᠢ ᠨᠠᠶᠢᠳᠠᠪᠤᠷᠢᠵᠢᠭᠤᠯᠤᠨ᠎ᠠ᠃ ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠨ᠎ᠡ᠃ ︽ᠥᠨᠳᠥᠷ ᠪᠦᠲᠦᠮᠵᠢᠲᠡᠶ ᠪᠠᠷ ᠨᠢᠭᠡ ᠤᠴᠢᠷ ᠶᠠᠪᠤᠳᠠᠯ ᠢ ᠪᠦᠲᠦᠭᠡᠬᠦ︾ ᠎ ᠶᠢ ᠠᠬᠢᠭᠤᠯᠬᠤ ᠪᠠᠷ ᠬᠥᠲᠥᠯᠥᠮᠵᠢ ᠪᠤᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ ᠭᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠡᠷᠡᠰ ᠵᠠᠯᠠᠷᠠᠭᠤᠯᠤᠨ᠂ ᠪᠢᠴᠢᠭ ᠮᠠᠲ᠋ᠧᠷᠢᠶᠠᠯ ᠪᠠ ᠬᠤᠷᠠᠯ ᠢ ᠤᠯᠠᠮ ᠨᠢᠭᠡ ᠠᠯᠬᠤᠮ ᠴᠣᠮᠬᠠᠳᠬᠠᠵᠤ᠂ ᠰᠢᠪᠠᠳᠠᠨ ᠪᠠᠶᠢᠴᠠᠭᠠᠯᠲᠠ ᠪᠠᠶᠢᠴᠠᠭᠠᠯᠲᠠ ᠬᠢᠨᠠᠨ ᠰᠢᠯᠭᠠᠯᠲᠠ ᠶᠢ ᠲᠡᠭᠦᠯᠳᠡᠷᠵᠢᠭᠦᠯᠵᠦ᠂ ᠦᠨᠳᠦᠰᠦᠨ ᠱᠠᠲᠤ ᠪᠠ ᠠᠵᠤ ᠠᠬᠤᠶᠢᠯᠠᠯ ᠤᠨ ᠳᠠᠷᠤᠭᠠᠰᠤ ᠶᠢ ᠦᠷᠭᠦᠯᠵᠢᠯᠡᠨ ᠬᠥᠩᠭᠡᠷᠡᠭᠦᠯᠦᠨ᠎ᠡ᠃ ︽ᠭᠤᠷᠪᠠ ᠶᠢ ᠢᠯᠭᠠᠵᠤ ᠦᠵᠡᠬᠦ︾ ᠎ ᠶᠢ ᠨᠠᠶᠢᠳᠠᠪᠤᠷᠢᠵᠢᠭᠤᠯᠵᠤ᠂ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠴᠢᠷᠮᠠᠶᠢᠨ ᠠᠵᠢᠯᠯᠠᠬᠤ ᠶᠢ ᠤᠷᠮᠠᠰᠢᠭᠤᠯᠤᠨ ᠵᠣᠷᠢᠭᠵᠢᠭᠤᠯᠬᠤ ᠪᠠ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠥᠷᠭᠡᠨ ᠣᠯᠠᠨ ᠺᠠᠳ᠋ᠷᠴᠤᠳ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠬᠤ ᠶᠢᠨ ᠬᠠᠮᠲᠤ ᠡᠭᠦᠨ ᠢ ︽ᠶᠠᠪᠤᠳᠠᠯ ᠪᠣᠯᠭᠠᠨ ᠳᠤ ᠳᠣᠲᠣᠷ᠎ᠠ ᠪᠠᠨ ᠲᠤᠭ᠎ᠠ ᠲᠠᠢ ᠪᠠᠶᠢᠬᠤ︾ ᠠᠵᠢᠯᠯᠠᠭᠠᠨ ᠤ ᠴᠢᠳᠠᠪᠤᠷᠢ ᠪᠣᠯᠭᠠᠨ ᠦᠨᠡᠨ ᠬᠦ ᠬᠤᠪᠢᠷᠠᠭᠤᠯᠵᠤ᠂ ᠠᠵᠢᠯ ᠬᠢᠵᠦ ᠦᠢᠯᠡᠰ ᠴᠣᠭᠴᠠᠯᠠᠬᠤ ᠴᠤᠭ ᠰᠦᠯᠳᠡ ᠪᠠᠨ ᠪᠠᠳᠠᠷᠠᠭᠤᠯᠵᠤ᠂ ᠦᠨᠡᠨ ᠬᠦ ᠠᠳᠬᠤᠨ ᠪᠣᠳᠠᠲᠠᠢ ᠪᠠᠷ ᠬᠢᠵᠦ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠴᠢᠳᠠᠮᠠᠭᠠᠢ ᠬᠢᠵᠦ ᠴᠢᠳᠠᠮᠠᠭᠠᠢ ᠪᠦᠲᠦᠭᠡᠨ᠂ ᠴᠠᠭ ᠦᠶ᠎ᠡ ᠪᠠ ᠠᠷᠠᠳ ᠲᠦᠮᠡᠨ ᠳᠤ ᠦᠯᠦ ᠣᠰᠣᠯᠳᠠᠬᠤ ᠰᠢᠨ᠎ᠡ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ ᠬᠡᠷᠡᠭᠲᠡᠢ᠃             ᠲᠥᠯᠥᠭᠡᠯᠡᠭᠴᠢᠳ ᠠ᠋︕             ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠤᠯᠭᠠᠬᠤ ᠪᠠᠷ ᠭᠤᠣᠯ ᠰᠢᠵᠢᠮ ᠪᠤᠯᠭᠠᠵᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠵᠤ᠂ ᠦᠨᠳᠦᠰᠦᠲᠡᠨ ᠤ ᠭᠠᠵᠠᠷ ᠣᠷᠣᠨ ᠤ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠠᠯᠬᠤᠴᠠ ᠪᠠᠨ ᠲᠦᠷᠭᠡᠳᠬᠡᠬᠦ ᠶᠢ ᠠᠬᠢᠭᠤᠯᠬᠤ ᠬᠡᠷᠡᠭᠲᠡᠢ᠃ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠠᠷᠢᠮᠲᠠᠯᠠᠵᠤ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠯᠲᠠ ᠶᠢ ᠭᠦᠨᠵᠡᠭᠡᠢ ᠠᠬᠢᠭᠤᠯᠵᠤ᠂ ᠱᠠᠰᠢᠨ ᠰᠤᠷᠲᠠᠬᠤᠨ ᠢ ᠢᠳᠡᠪᠬᠢᠲᠡᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠵᠢᠷᠤᠮᠲᠤ ᠨᠡᠶᠢᠭᠡᠮ ᠯᠦᠭᠡ ᠵᠣᠬᠢᠴᠠᠭᠤᠯᠤᠨ᠎ᠠ᠃ ᠬᠠᠷᠢᠶᠠᠲᠤ ᠨᠠᠷ ᠤᠨ ᠶᠠᠪᠤᠳᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠪᠠ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠣᠯᠣᠨ ᠬᠠᠷᠢᠶᠠᠲᠤ ᠨᠠᠷ ᠤᠨ ᠭᠡᠷ ᠪᠦᠯᠢ ᠶᠢᠨ ᠬᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠥᠯᠥᠭᠡ ᠬᠠᠮᠲᠤ ᠪᠠᠷ ᠴᠢᠷᠮᠠᠶᠢᠨ ᠵᠢᠳᠬᠦᠬᠦ ᠰᠦᠷ ᠳᠠᠯᠠᠶᠢᠴᠠᠲᠠᠢ ᠬᠦᠴᠦᠨ ᠴᠢᠳᠠᠯ ᠢ ᠨᠢᠭᠲᠠᠷᠠᠭᠤᠯᠤᠨ᠎ᠠ᠃             ᠥᠩᠭᠡᠷᠡᠭᠰᠡᠨ ᠨᠢᠭᠡ ᠵᠢᠯ ᠳᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠰᠢᠨ᠎ᠡ ᠠᠮᠵᠢᠯᠲᠠ ᠪᠦᠲᠦᠮᠵᠢ ᠪᠠ ᠲᠠᠪᠰᠢᠯᠳᠠ ᠲᠠᠢ ᠪᠣᠯᠵᠤ᠂ ᠠᠷᠠᠳ ᠤᠨ ᠴᠡᠷᠢᠭ ᠠᠩᠭᠢ ᠡᠭᠦᠷᠭᠡᠯᠡᠵᠦ ᠪᠠᠶᠢᠭ᠎ᠠ ᠡᠭᠦᠷᠭᠡ ᠬᠠᠷᠢᠭᠤᠴᠠᠯᠭ᠎ᠠ ᠪᠠᠨ ᠠᠮᠵᠢᠯᠲᠠ ᠲᠠᠢ ᠪᠡᠶᠡᠯᠡᠭᠦᠯᠪᠡ᠃ ᠰᠢᠨ᠎ᠡ ᠨᠢᠭᠡ ᠵᠢᠯ ᠳᠤ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ᠂ ᠠᠷᠠᠳ ᠤᠨ ᠴᠡᠷᠢᠭ ᠠᠩᠭᠢ ᠳᠠᠬᠢ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠵᠤ᠂ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠬᠠᠷᠢᠭᠤᠴᠠᠬᠤ ᠳᠦᠷᠢᠮ ᠢ ᠪᠦᠭᠦ ᠲᠠᠯ᠎ᠠ ᠪᠠᠷ ᠭᠦᠨᠵᠡᠭᠡᠢ ᠲᠤᠭᠤᠰᠢᠯᠠᠭᠤᠯᠵᠤ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠪᠡᠷᠬᠡ ᠰᠡᠳᠦᠪ ᠢ ᠰᠢᠢᠳᠪᠦᠷᠢᠯᠡᠬᠦ ᠳᠠᠶᠢᠨ ᠢ ᠰᠠᠶᠢᠲᠤᠷ ᠬᠢᠬᠦ ᠬᠡᠷᠡᠭᠲᠡᠢ᠃ ᠴᠡᠷᠢᠭ ᠪᠤᠯᠪᠠᠰᠤᠷᠠᠭᠤᠯᠵᠤ ᠲᠠᠶᠢᠨ ᠳᠤ ᠪᠡᠯᠡᠳᠬᠡᠬᠦ ᠶᠢ ᠪᠦᠭᠦ ᠲᠠᠯ᠎ᠠ ᠪᠠᠷ ᠴᠢᠩᠭᠠᠳᠬᠠᠵᠤ᠂ ᠴᠡᠷᠢᠭ ᠳᠠᠶᠢᠨ ᠤ ᠲᠡᠮᠡᠴᠡᠯ ᠤᠨ ᠪᠡᠯᠡᠳᠬᠡᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠪᠣᠳᠠᠲᠤ ᠳᠠᠶᠢᠨ ᠤ ᠮᠠᠶ᠋ᠢᠭ ᠤᠨ ᠴᠡᠷᠢᠭ ᠤᠨ ᠰᠤᠷᠭᠠᠭᠤᠯᠢᠯᠠᠯ ᠢ ᠰᠠᠶᠢᠲᠤᠷ ᠠᠳᠬᠤᠵᠤ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠡᠷᠡᠰ ᠬᠠᠮᠠᠭᠠᠯᠠᠨ᠎ᠠ᠃ ᠣᠳᠣ ᠦᠶ᠎ᠡ ᠶᠢᠨ ᠴᠡᠷᠢᠭ ᠤᠨ ᠶᠠᠪᠤᠳᠠᠯ ᠤᠨ ᠵᠠᠰᠠᠯᠲᠠ ᠶᠢᠨ ᠰᠢᠰᠲ᠋ᠧᠮ ᠢ ᠪᠠᠶᠢᠭᠤᠯᠵᠤ᠂ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠎ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠶᠢ ᠰᠠᠶᠢᠲᠤᠷ ᠠᠳᠬᠤᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠭᠵᠢᠯᠲᠡ ᠶᠢᠨ ᠴᠢᠬᠤᠯᠠ ᠶᠡᠭᠡ ᠢᠨᠵᠧᠨᠧᠷᠢᠩ ᠢ ᠲᠦᠷᠭᠡᠯᠡᠨ ᠬᠡᠷᠡᠭᠵᠢᠭᠦᠯᠦᠨ᠎ᠡ᠃ ᠨᠢᠭᠡ ᠴᠣᠭᠴᠠᠵᠢᠭᠰᠠᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠠ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠰᠢᠰᠲ᠋ᠧᠮ ᠪᠠ ᠪᠠᠶᠢᠷᠢᠰᠢᠯ ᠢ ᠰᠢᠯᠢᠳᠡᠭᠵᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠳᠠᠮᠵᠢᠵᠤ᠂ ︽ᠬᠤᠶᠠᠷ ᠢ ᠬᠦᠷᠢᠶᠡᠯᠡᠬᠦ︾ ᠠᠵᠢᠯ ᠢ ᠭᠦᠨᠵᠡᠭᠡᠢ ᠥᠷᠨᠢᠭᠦᠯᠵᠦ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ᠃             ᠪᠢᠳᠡ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠩ ᠤᠨ ᠬᠥᠮᠥᠨ ᠢᠶᠠᠷ ᠰᠢᠶᠠᠩᠭᠠᠩ ᠢ ᠵᠠᠰᠠᠭᠤᠯᠬᠤ︾᠂ ︽ᠣᠣᠮᠧᠨ ᠤ ᠬᠥᠮᠥᠨ ᠢᠶᠠᠷ ᠣᠣᠮᠧᠨ ᠢ ᠵᠠᠰᠠᠭᠤᠯᠬᠤ︾᠂ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠴᠢᠭᠯᠡᠯᠲᠡ ᠶᠢ ᠦᠷᠭᠦᠯᠵᠢᠯᠡᠨ ᠪᠦᠭᠦ ᠲᠠᠯ᠎ᠠ ᠪᠠᠷ ᠣᠨᠣᠪᠴᠢᠲᠠᠶ᠂ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠬᠠᠤᠯᠢ ᠶᠣᠰᠣᠭᠠᠷ ᠰᠢᠶᠠᠩᠭᠠᠩ ᠢ ᠵᠠᠰᠠᠬᠤ ᠣᠣᠮᠧᠨ ᠢ ᠵᠠᠰᠠᠬᠤ ᠶᠢ ᠪᠠᠷᠢᠮᠲᠠᠯᠠᠵᠤ᠂ ︽ᠡᠬᠡ ᠣᠷᠣᠨᠴᠢ ᠬᠥᠮᠥᠰ ᠢᠶᠠᠷ ᠰᠢᠶᠠᠩᠭᠠᠩ ᠢ ᠵᠠᠰᠠᠭᠤᠯᠬᠤ︾᠂ ︽ᠡᠬᠡ ᠣᠷᠣᠨᠴᠢ ᠬᠥᠮᠥᠰ ᠢᠶᠠᠷ ᠣᠣᠮᠧᠨ ᠢ ᠵᠠᠰᠠᠭᠤᠯᠬᠤ︾ ᠵᠠᠷᠴᠢᠮ ᠢ ᠨᠠᠶᠢᠳᠠᠪᠤᠷᠢᠵᠢᠭᠤᠯᠬᠤ ᠬᠡᠷᠡᠭᠲᠡᠢ᠃ ᠰᠢᠶᠠᠩᠭᠠᠩ᠂ ᠣᠣᠮᠧᠨ ᠤ ᠠᠵᠤ ᠠᠬᠤᠢ ᠪᠠᠨ ᠬᠥᠭᠵᠢᠭᠦᠯᠦᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠲᠤᠰ ᠪᠡᠶ᠎ᠡ ᠶᠢᠨ ᠳᠠᠪᠠᠭᠤᠯᠢᠭ ᠪᠠ ᠣᠨᠴᠠᠯᠢᠭ ᠢᠶᠠᠨ ᠪᠠᠳᠠᠷᠠᠭᠤᠯᠬᠤ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠤᠯᠴᠠᠬᠤ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠨ ᠠᠭᠤᠰᠤᠨ ᠣᠷᠣᠬᠤ ᠶᠢ ᠳᠡᠮᠵᠢᠵᠦ᠂ ᠰᠢᠶᠠᠩᠭᠠᠩ᠂ ᠣᠣᠮᠧᠨ ᠤ ᠤᠷᠳᠤ ᠬᠤᠭᠤᠴᠠᠭᠠᠨ ᠤ ᠴᠡᠴᠡᠭᠯᠡᠯ ᠬᠥᠭᠵᠢᠯ ᠪᠠ ᠲᠣᠭᠲᠠᠭᠤᠨ ᠪᠠᠶᠢᠳᠠᠯ ᠢ ᠪᠠᠲᠤᠯᠠᠨ᠎ᠠ᠃             ᠪᠢᠳᠡ ᠰᠢᠨ᠎ᠡ ᠴᠠᠭ ᠦᠶ᠎ᠡ ᠶᠢᠨ ᠨᠠᠮ ᠤᠨ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠶᠢ ᠪᠠᠷᠢᠮᠲᠠᠯᠠᠨ ᠲᠤᠭᠤᠰᠢᠯᠠᠭᠤᠯᠵᠤ᠂ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾ ᠎ ᠶᠢ ᠪᠠᠷᠢᠮᠲᠠᠯᠠᠵᠤ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠤᠯ ᠪᠠ ᠭᠠᠳᠠᠨᠠᠬᠢ ᠶᠢᠨ ᠭᠠᠷ ᠳᠦᠷᠦᠯᠲᠡ ᠶᠢ ᠡᠷᠡᠰ ᠡᠰᠡᠷᠭᠦᠴᠡᠵᠦ᠂ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ ᠬᠠᠷᠢᠴᠠᠭ᠎ᠠ ᠶᠢᠨ ᠨᠠᠶᠢᠷᠠᠮᠳᠠᠯ ᠢᠶᠠᠷ ᠬᠥᠭᠵᠢᠬᠦ ᠶᠢ ᠠᠬᠢᠭᠤᠯᠤᠨ᠂ ᠡᠬᠡ ᠤᠯᠤᠰ ᠢᠶᠠᠨ ᠨᠢᠭᠡᠳᠬᠡᠬᠦ ᠶᠡᠭᠡ ᠦᠢᠯᠡᠰ ᠢ ᠡᠷᠡᠰ ᠭᠤᠶᠢᠪᠢᠰᠢ ᠦᠭᠡᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠦᠨᠳᠦᠰᠦᠨ ᠠᠰᠢᠭ ᠲᠤᠰᠠ ᠶᠢ ᠬᠠᠮᠠᠭᠠᠯᠠᠬᠤ ᠬᠡᠷᠡᠭᠲᠡᠢ᠃ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ ᠠᠭᠤᠰᠤᠯᠴᠠᠨ ᠬᠥᠭᠵᠢᠬᠦ ᠶᠢ ᠭᠦᠨᠵᠡᠭᠡᠶᠢᠷᠡᠭᠦᠯᠦᠨ᠂ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ ᠠᠬ᠎ᠠ ᠳᠡᠭᠦᠦ ᠨᠠᠷ ᠤᠨ ᠠᠵᠠ ᠵᠢᠷᠭᠠᠯ ᠢ ᠨᠡᠮᠡᠭᠳᠡᠭᠦᠯᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠰᠡᠳᠬᠢᠯ ᠨᠢᠭᠡᠳᠦᠨ ᠬᠠᠮᠲᠤ ᠪᠠᠷ ᠴᠣᠭᠴᠠᠯᠠᠬᠤ ᠬᠡᠷᠡᠭᠲᠡᠢ᠃             ᠪᠢᠳᠡ ᠪᠡᠶ᠎ᠡ ᠪᠠᠨ ᠳᠠᠭᠠᠭᠠᠵᠤ ᠡᠵᠡᠨ ᠮᠡᠳᠡᠬᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠥᠷᠥ ᠶᠢᠨ ᠪᠣᠳᠣᠯᠭ᠎ᠠ ᠶᠢ ᠪᠠᠷᠢᠮᠲᠠᠯᠠᠵᠤ᠂ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠨ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠨᠡᠭᠡᠭᠡᠯᠲᠡᠲᠤ ᠪᠠᠶᠢᠯᠳᠤᠬᠤ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠡᠷᠬᠡ ᠲᠡᠭᠰᠢ ᠪᠥᠭᠡᠳ ᠡᠮᠬᠢ ᠵᠢᠷᠤᠮ ᠲᠠᠢ ᠳᠡᠯᠡᠬᠡᠢ ᠶᠢᠨ ᠣᠯᠠᠨ ᠲᠦᠢᠯᠰᠢᠷᠠᠯᠲᠠ ᠪᠠ ᠲᠦᠭᠡᠮᠡᠯ ᠬᠠᠷᠠᠭᠠᠯᠵᠠᠯ ᠲᠠᠢ ᠪᠥᠭᠡᠳ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠴᠢᠯᠡᠯᠲᠡ ᠶᠢ ᠰᠠᠨᠠᠭᠠᠴᠢᠯᠠᠨ᠂ ᠰᠢᠨ᠎ᠡ ᠭᠡᠯᠪᠡᠷᠢ ᠶᠢᠨ ᠣᠯᠠᠨ ᠤᠯᠤᠰ ᠤᠨ ᠬᠠᠷᠢᠴᠠᠭ᠎ᠠ ᠶᠢ ᠪᠠᠶᠢᠭᠤᠯᠬᠤ ᠶᠢ ᠠᠬᠢᠭᠤᠯᠵᠤ᠂ ᠡᠵᠡᠷᠬᠡᠭᠯᠡᠬᠦ ᠡᠵᠡᠷᠬᠡᠭᠯᠡᠨ ᠬᠠᠷᠭᠢᠰᠯᠠᠬᠤ ᠡᠵᠡᠷᠬᠡᠭᠯᠡᠨ ᠳᠠᠷᠤᠯᠠᠬᠤ ᠠᠵᠢᠯᠯᠠᠭ᠎ᠠ ᠶᠢ ᠡᠰᠡᠷᠭᠦᠴᠡᠵᠦ᠂ ᠤᠯᠠᠨ ᠤᠯᠤᠰ ᠤᠨ ᠲᠥᠪ ᠭᠤᠤᠯᠴᠢ ᠰᠢᠳᠤᠷᠭᠤ ᠶᠣᠰᠣ ᠶᠢ ᠬᠠᠮᠠᠭᠠᠯᠠᠬᠤ ᠬᠡᠷᠡᠭᠲᠡᠢ᠃ ᠳᠤᠮᠳᠠᠳᠤ ᠤᠯᠤᠰ ᠳᠤᠷᠠᠲᠠᠶ᠎ᠠ ᠳᠡᠯᠡᠬᠡᠢ ᠨᠡᠶᠢᠲᠡ ᠲᠠᠢ ᠬᠠᠮᠲᠤ ᠪᠠᠷ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠤᠨ᠂ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠥᠷᠲᠡᠭ ᠢ ᠪᠠᠳᠠᠷᠠᠭᠤᠯᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠬᠤᠪᠢᠰᠤᠯᠲᠠ ᠶᠢ ᠠᠬᠢᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ᠃             ᠲᠥᠯᠥᠭᠡᠯᠡᠭᠴᠢᠳ ᠠ᠋︕             ᠬᠠᠷᠢᠭᠤᠴᠠᠯᠭ᠎ᠠ ᠶᠢᠨ ᠵᠠᠩᠭᠢᠯᠠᠭ᠎ᠠ ᠨᠢ ᠡᠭᠦᠷᠭᠡᠯᠡᠬᠦ ᠳᠤ ᠪᠠᠶᠢᠵᠤ᠂ ᠲᠡᠮᠡᠴᠡᠯ ᠢᠶᠠᠷ ᠢᠷᠡᠭᠡᠳᠦᠢ ᠶᠢ ᠡᠭᠦᠳᠦᠨ ᠪᠦᠲᠦᠭᠡᠳᠡᠭ᠃ ᠪᠢᠳᠡ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠢᠯᠡᠭᠦᠦ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠵᠠᠮ ᠨᠡᠭᠡᠭᠡᠨ ᠤᠷᠤᠭᠰᠢᠯᠠᠵᠤ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ︕             ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 12᠎ ᠤᠨ ᠴᠠᠭᠢᠯᠭᠠᠨ ᠮᠡᠳᠡᠭᠡ︶᠎              ︵ᠲᠤᠮᠳᠠᠳᠤ ᠤᠯᠤᠰ ᠤᠨ ᠦᠨᠳᠦᠰᠦᠲᠡᠨ ᠪ᠊ ᠬᠡᠯᠡᠨ ᠪ᠊ ᠣᠷᠴᠢᠭᠤᠯᠭ᠎ᠠ ᠶᠢᠨ ᠲᠣᠪᠴᠢᠶ᠎ᠠ ᠣᠷᠴᠢᠭᠤᠯᠪᠠ︶᠎       
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号