︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠦᠨᠳᠦᠰᠦᠨ ᠱᠠᠲᠤᠨ ᠤ ᠠᠵᠢᠯᠯᠠᠭ᠎ᠠ ᠶᠢᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠠᠯᠠᠱᠠ ᠵᠡᠭᠦᠨ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/3/25
              3 ᠰᠠᠷ᠎ᠠ ᠶᠢᠨ 20᠎ ᠤ ᠡᠳᠦᠷ᠂ ᠠᠯᠠᠱᠠ ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ ᠬᠤᠷᠢᠶ᠎ᠠ᠂ ᠠᠯᠠᠱᠠ ᠵᠡᠭᠦᠨ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠬᠤᠷᠢᠶ᠎ᠠ᠂ ᠠᠯᠠᠱᠠ ᠵᠡᠭᠦᠨ ᠬᠤᠰᠢᠭᠤᠨ ᠤ ᠰᠢᠨᠬᠤᠸᠠ ᠵᠡᠭᠡᠯᠢ ᠭᠤᠳᠤᠮᠵᠢ ᠶᠢᠨ ᠠᠯᠪᠠᠨ ᠭᠡᠷ ︽ᠰᠡᠳᠬᠢᠯ ᠢᠶᠠᠨ ᠨᠢᠭᠡᠳᠬᠡᠵᠦ ᠪᠦᠯᠬᠦᠮᠳᠡᠯ ᠢ ᠠᠬᠢᠭᠤᠯᠬᠤ︾᠎ ᠪᠠᠷ ᠭᠤᠣᠯ ᠰᠡᠳᠦᠪ ᠪᠣᠯᠭᠠᠵᠤ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠬᠠᠮᠲᠤ ᠪᠠᠷ ᠡᠷᠭᠢᠯᠡᠪᠡ᠃ ᠲᠤᠬᠠᠢ ᠶᠢᠨ ᠲᠠᠯᠠᠪᠠᠶ ᠳᠤ ᠲᠠᠪᠤᠳᠤᠭᠠᠷ ᠪᠦᠯᠦᠭ ᠤᠨ ᠪᠥᠬᠦ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠤᠨ ᠫᠠᠶᠢᠰᠠ ᠢᠯᠡᠷᠬᠡᠶᠢᠯᠡᠯ ᠭᠠᠷᠳᠠᠭᠤᠯᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠢᠵᠢᠮ᠂ ︽ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠵᠢᠴᠢ ᠬᠤᠳᠠ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠲᠣᠭᠤᠷᠢᠨ ᠳᠤ ᠤᠬᠠᠭᠤᠯᠤᠨ ᠲᠠᠶᠢᠯᠪᠤᠷᠢᠯᠠᠪᠠ᠃            
           
 
ᠢᠷᠡᠯᠲᠡ᠄ ᠠᠯᠠᠱᠠ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号