ᠬᠤᠸᠠᠩ ᠶᠠ ᠯᠢ ᠠᠯᠠᠱᠠ ᠵᠡᠭᠦᠨ ᠬᠤᠰᠢᠭᠤᠨ ᠳᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/3/25
                      3 ᠰᠠᠷ᠎ᠠ ᠶᠢᠨ 20᠎ ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠠᠯᠠᠱᠠ ᠵᠡᠭᠦᠨ ᠬᠤᠰᠢᠭᠤᠨ ᠳᠤ ᠬᠦᠷᠴᠦ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠠᠵᠢᠯ ᠢ ᠪᠠᠶᠢᠴᠠᠭᠠᠨ ᠰᠤᠳᠤᠯᠪᠠ᠃
      ᠬᠤᠸᠠᠩ ᠶᠠ ᠯᠢ ᠤᠷᠢᠳ ᠬᠤᠵᠢᠳ ᠠᠯᠠᠱᠠ ᠠᠶᠢᠮᠠᠭ ᠤᠨ ᠪᠣᠳᠠᠰ ᠤᠨ ᠪᠤᠰᠤ ᠰᠣᠶᠣᠯ ᠤᠨ ᠥᠪ ᠤᠨ ᠠᠷᠠᠰᠤᠨ ᠰᠡᠶᠢᠯᠦᠮᠡᠯ ᠤᠨ ᠤᠷᠠᠯᠢᠭ ᠤᠨ ᠤᠯᠠᠮᠵᠢᠯᠠᠯ ᠤᠨ ᠰᠤᠳᠤᠯᠭᠠᠨ ᠤ ᠦᠵᠡᠭᠦᠯᠦᠯᠭᠡ ᠶᠢᠨ ᠲᠥᠪ᠂ ᠮᠣᠩᠭᠤᠯ ᠦᠨᠳᠦᠰᠦᠲᠡᠨ ᠤ ᠤᠯᠠᠮᠵᠢᠯᠠᠯᠲᠤ ᠬᠤᠪᠴᠠᠰᠤ ᠵᠠᠰᠠᠯ ᠤᠨ ᠦᠵᠡᠭᠦᠯᠦᠯᠭᠡ ᠶᠢᠨ ᠲᠢᠩᠬᠢᠮ ᠪᠣᠯᠣᠨ ᠮᠣᠷᠢᠨ ᠤ ᠳᠡᠯ ᠤᠲᠠᠰᠤ ᠲᠠᠢ ᠮᠣᠩᠭᠤᠯ ᠲᠠᠩᠺᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠮᠦᠽᠧᠢ ᠳᠤ ᠬᠦᠷᠴᠦ᠂ ᠦᠵᠡᠭᠦᠯᠦᠯᠭᠡ ᠶᠢᠨ ᠵᠦᠢᠯᠡᠰ ᠢ ᠨᠠᠷᠢᠨ ᠬᠢᠨᠠᠮᠠᠭᠠᠢ ᠰᠣᠨᠢᠷᠬᠠᠵᠤ᠂ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠪᠣᠳᠠᠰ ᠤᠨ ᠪᠤᠰᠤ ᠰᠣᠶᠣᠯ ᠤᠨ ᠥᠪ ᠤᠨ ᠪᠦᠲᠦᠭᠡᠯ ᠢ ᠦᠢᠯᠡᠳᠬᠦ ᠤᠷ᠎ᠠ ᠮᠡᠷᠭᠡᠰᠢᠯ᠂ ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠪᠣᠯᠣᠨ ᠬᠥᠭᠵᠢᠯᠲᠡ ᠶᠢᠨ ᠢᠷᠡᠭᠡᠳᠦᠢ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ ᠂ ᠪᠣᠳᠠᠰ ᠤᠨ ᠪᠤᠰᠤ ᠰᠣᠶᠣᠯ ᠤᠨ ᠥᠪ ᠪᠣᠯ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠷᠠᠰᠤᠨ ᠰᠡᠶᠢᠯᠦᠮᠡᠯ᠂ ᠰᠢᠷᠠᠭᠰᠠᠨ ᠪᠦᠬᠦᠯᠢ ᠬᠤᠨᠢ᠂ ᠡᠷᠲᠡᠨ ᠤ ᠬᠢ ᠶᠢ ᠳᠠᠭᠤᠷᠢᠶᠠᠭᠰᠠᠨ ᠬᠡᠪᠢᠰ ᠵᠡᠷᠭᠡ ᠠᠯᠠᠱᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠦᠷᠳᠡᠭ ᠤᠨ ᠠᠭᠤᠯᠤᠭᠳᠠᠬᠤᠨ ᠢ ᠭᠦᠨᠵᠡᠭᠡᠢ ᠠᠭᠤᠳᠠᠯᠵᠤ᠂ ᠬᠠᠮᠠᠭᠠᠯᠠᠨ ᠤᠯᠠᠮᠵᠢᠯᠠᠬᠤ ᠪᠠ ᠤᠬᠠᠭᠤᠯᠤᠨ ᠳᠡᠯᠭᠡᠨ ᠦᠵᠡᠭᠦᠯᠬᠦ ᠡᠷᠴᠢᠮ ᠢᠶᠠᠨ ᠴᠢᠩᠭᠠᠷᠠᠭᠤᠯᠵᠤ᠂ ᠠᠯᠠᠱᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠦᠯᠢᠭᠡᠷ ᠢ ᠰᠠᠶᠢᠲᠤᠷ ᠶᠠᠷᠢᠵᠤ᠂ ᠡᠳᠡᠭᠡᠷ ᠪᠣᠳᠠᠰ ᠤᠨ ᠪᠤᠰᠤ ᠰᠣᠶᠣᠯ ᠤᠨ ᠥᠪ ᠤᠨ ᠠᠯᠳᠠᠷᠰᠢᠯ ᠢ ᠨᠡᠩ ᠥᠨᠳᠥᠷ ᠪᠣᠯᠭᠠᠵᠤ᠂ ᠨᠥᠯᠥᠭᠡᠯᠡᠬᠦ ᠬᠦᠴᠦᠨ ᠢ ᠨᠡᠩ ᠶᠡᠭᠡ ᠪᠣᠯᠭᠠᠬᠤ ᠬᠡᠷᠡᠭᠲᠡᠢ᠃ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠢ ᠭᠦᠢᠴᠡᠳ ᠠᠭᠤᠳᠠᠯᠤᠨ ᠠᠰᠢᠭᠯᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯ ᠢ ᠰᠣᠶᠣᠯ ᠵᠤᠭᠠᠴᠠᠯ ᠤᠨ ᠦᠢᠯᠡᠰ ᠤᠨ ᠬᠥᠭᠵᠢᠯᠲᠡ ᠲᠠᠢ ᠨᠢᠭᠲᠠ ᠤᠶᠠᠯᠳᠤᠭᠤᠯᠵᠤ᠂ ᠭᠠᠳᠠᠷ ᠣᠷᠣᠨ ᠤ ᠲᠡᠷᠢᠭᠦᠨ ᠤ ᠲᠤᠷᠰᠢᠯᠭ᠎ᠠ ᠪᠠ ᠵᠠᠭᠪᠤᠷ ᠢ ᠰᠤᠷᠤᠯᠴᠠᠨ ᠲᠣᠯᠢᠯᠠᠵᠤ᠂ ︽ᠪᠣᠳᠠᠰ ᠤᠨ ᠪᠤᠰᠤ ᠰᠣᠶᠣᠯ ᠤᠨ ᠥᠪ ᠤᠨ + ᠰᠣᠶᠣᠯ ᠤᠨ ᠡᠭᠦᠳᠦᠯᠲᠡ︾᠎ ᠶᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠠᠷᠭ᠎ᠠ ᠵᠠᠮ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠰᠣᠶᠣᠯ ᠤᠨ ᠠᠭᠤᠯᠤᠭᠳᠠᠬᠤᠨ ᠢᠶᠠᠷ ᠪᠠᠶᠠᠯᠢᠭ᠂ ᠠᠪᠴᠤ ᠶᠠᠪᠤᠬᠤ ᠳᠤ ᠲᠦᠭᠦᠮ᠂ ᠨᠡᠩ ᠨᠠᠷᠢᠯᠢᠭ ᠠᠯᠠᠱᠠ ᠶᠢᠨ ᠣᠨᠴᠠᠯᠢᠭᠲᠤ ᠥᠪ ᠤᠨ ᠪᠤᠰᠤ ᠪᠦᠲᠦᠭᠡᠭᠳᠡᠬᠦᠨ ᠢ ᠵᠣᠬᠢᠶᠠᠨ ᠪᠠᠶᠢᠭᠤᠯᠤᠯᠲᠠ ᠲᠠᠢ ᠪᠠᠷ ᠵᠣᠬᠢᠶᠠᠨ ᠪᠠᠶᠢᠭᠤᠯᠵᠤ᠂ ᠰᠢᠯᠢᠳᠡᠭ ᠤᠯᠠᠮᠵᠢᠯᠠᠯᠲᠤ ᠰᠣᠶᠣᠯ ᠤᠨ ᠪᠦᠲᠦᠭᠡᠯᠴᠢ ᠴᠢᠨᠠᠷᠲᠠᠢ ᠪᠠᠷ ᠤᠯᠠᠷᠢᠭᠤᠯᠬᠤ᠂ ᠰᠢᠨ᠎ᠡ ᠶᠢ ᠡᠭᠦᠳᠬᠦ ᠴᠢᠨᠠᠷᠲᠠᠢ ᠪᠠᠷ ᠬᠥᠭᠵᠢᠬᠦ ᠶᠢ ᠲᠦᠯᠬᠢᠨ ᠠᠬᠢᠭᠤᠯᠬᠤ ᠬᠡᠷᠡᠭᠲᠡᠢ᠃ ᠵᠠᠰᠠᠭ ᠤᠨ ᠣᠷᠳᠣᠨ ᠠᠴᠠ ᠬᠥᠲᠥᠯᠥᠨ ᠵᠢᠯᠤᠭᠤᠳᠴᠤ᠂ ᠨᠢᠭᠡᠳᠦᠯᠲᠡᠢ ᠲᠥᠯᠥᠪᠯᠡᠨ ᠲᠥᠰᠥᠪᠯᠡᠬᠦ ᠶᠢ ᠪᠠᠷᠢᠮᠲᠠᠯᠠᠵᠤ᠂ ᠬᠤᠲᠠ ᠪᠠᠯᠭᠠᠰᠤᠨ ᠤ ᠲᠥᠯᠦᠪᠵᠢᠭᠦᠯᠭᠡ ᠪᠣᠯᠣᠨ ᠦᠵᠡᠮᠵᠢ ᠶᠢᠨ ᠣᠷᠣᠨ ᠤ ᠪᠠᠶᠢᠷᠢ ᠲᠣᠭᠲᠠᠭᠠᠯᠲᠠ ᠲᠠᠢ ᠤᠶᠠᠯᠳᠤᠭᠤᠯᠤᠨ᠂ ᠨᠢᠭᠡ ᠪᠦᠯᠦᠭ ᠪᠣᠳᠠᠰ ᠤᠨ ᠪᠤᠰᠤ ᠰᠣᠶᠣᠯ ᠤᠨ ᠥᠪ ᠤᠨ ᠳᠡᠯᠭᠡᠨ ᠦᠵᠡᠭᠦᠯᠵᠦ ᠪᠡᠶᠡᠴᠢᠯᠡᠨ ᠣᠶᠢᠯᠠᠭᠠᠬᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠨᠢᠭᠡ ᠴᠣᠭᠴᠠᠵᠢᠭᠤᠯᠤᠭᠰᠠᠨ ᠵᠢᠭᠤᠯᠴᠢᠳ ᠤᠨ ᠵᠠᠪᠠᠯ ᠢᠷᠡᠬᠦ ᠭᠠᠵᠠᠷ ᠢ ᠲᠥᠪᠯᠡᠷᠡᠭᠦᠯᠦᠨ ᠪᠠᠶᠢᠭᠤᠯᠵᠤ᠂ ᠠᠯᠠᠱᠠ ᠶᠢᠨ ᠥᠪᠡᠷᠮᠢᠴᠡ ᠣᠨᠴᠠᠯᠢᠭ ᠲᠠᠢ ᠪᠣᠳᠠᠰ ᠤᠨ ᠪᠤᠰᠤ ᠰᠣᠶᠣᠯ ᠤᠨ ᠥᠪ ᠢ ᠭᠦᠢᠴᠡᠳ ᠳᠡᠯᠭᠡᠨ ᠦᠵᠡᠭᠦᠯᠦᠭᠰᠡᠨ ᠰᠠᠭᠤᠷᠢᠨ ᠳᠡᠭᠡᠷ᠎ᠡ᠂ ᠨᠡᠩ ᠤᠯᠠᠨ ᠬᠡᠷᠡᠭᠯᠡᠭᠡᠨ ᠤ ᠲᠠᠯᠠᠪᠤᠷ ᠢ ᠪᠤᠢ ᠪᠣᠯᠭᠠᠵᠤ᠂ ᠵᠤᠭᠠᠴᠠᠯ ᠤᠨ ᠦᠢᠯᠡᠰ ᠤᠨ ᠪᠠᠶᠢᠳᠠᠯ ᠢ ᠪᠠᠶᠠᠯᠢᠭᠵᠢᠭᠤᠯᠵᠤ᠂ ᠵᠢᠭᠤᠯᠴᠢᠳ ᠤᠨ ᠣᠶᠢᠯᠠᠭᠠᠯᠲᠠ ᠶᠢ ᠨᠡᠮᠡᠭᠳᠡᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠠᠮᠢᠵᠢᠷᠠᠯ ᠤᠨ ᠬᠦᠴᠦᠨ ᠲᠠᠢ ᠪᠣᠯᠬᠤ ᠶᠢ ᠠᠬᠢᠭᠤᠯᠬᠤ ᠬᠡᠷᠡᠭᠲᠡᠢ ᠭᠡᠯ᠎ᠡ᠃      
 
ᠢᠷᠡᠯᠲᠡ᠄ ᠠᠯᠠᠱᠠ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号