ᠠᠯᠠᠱᠠ ᠵᠡᠭᠦᠨ ᠬᠤᠰᠢᠭᠤ᠄ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ︽ᠮᠥᠩᠭᠦᠨ ᠭᠦᠢᠯᠭᠡᠭᠡᠨ ᠤ ᠬᠡᠲᠦ ᠳᠡᠯᠭᠡᠭᠦᠷ︾
ᠨᠡᠶᠢᠲᠡᠯᠡᠭᠰᠡᠨ ᠴᠠᠭ᠄
2024/3/25
                                  ᠡᠨᠡ ᠵᠢᠯ᠂ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠠᠯᠠᠱᠠ ᠶᠢᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠲᠠᠢ ᠬᠠᠮᠲᠤᠷᠠᠨ ︽ᠵᠠᠰᠠᠭ ᠤᠨ ᠶᠠᠪᠤᠳᠠᠯ ᠤᠨ ᠦᠢᠯᠡᠴᠢᠯᠡᠭᠡ + ᠮᠥᠩᠭᠦᠨ ᠭᠦᠢᠯᠭᠡᠭᠡ︾᠎ ᠶᠢᠨ ᠦᠢᠯᠡᠴᠢᠯᠡᠭᠡᠨ ᠤ ᠰᠢᠨ᠎ᠡ ᠵᠠᠭᠪᠤᠷ ᠢ ᠲᠠᠰ ᠳᠡᠪᠰᠢᠭᠦᠯᠵᠦ᠂ ︽ᠮᠥᠩᠭᠦᠨ ᠭᠦᠢᠯᠭᠡᠭᠡᠨ ᠤ ᠬᠡᠲᠦ ᠳᠡᠯᠭᠡᠭᠦᠷ︾᠎ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠣᠷᠣᠭᠤᠯᠵᠤ᠂ ᠣᠯᠠᠨ ᠲᠦᠮᠡᠨ ᠳᠤ ᠨᠠᠩ ᠣᠯᠠᠨ ᠡᠰᠢᠵᠢᠭ᠍ᠰᠡᠨ᠂ ᠨᠠᠩ ᠲᠥᠬᠦᠮ ᠳᠥᠲᠡ ᠵᠠᠰᠠᠭ ᠤᠨ ᠶᠠᠪᠤᠳᠠᠯ ᠪᠠᠩᠬᠢ ᠶᠢᠨ ᠦᠢᠯᠡᠴᠢᠯᠡᠭᠡ ᠬᠠᠩᠭᠠᠬᠤ ᠪᠣᠯᠣᠨ᠎ᠠ᠃ ᠣᠶᠢᠯᠠᠭᠠᠭᠰᠠᠨ ᠢᠶᠠᠷ᠂ ᠣᠳᠣᠬᠠᠨ ᠳᠤ ︽ᠮᠥᠩᠭᠦᠨ ᠭᠦᠢᠯᠭᠡᠭᠡᠨ ᠤ ᠬᠡᠲᠦ ᠳᠡᠯᠭᠡᠭᠦᠷ︾᠎ ᠨᠢ ᠤᠰᠤᠨ ᠤ ᠰᠦᠢᠳᠬᠡᠯ᠂ ᠰᠢᠲᠠᠮᠠᠬᠠᠢ ᠬᠡᠢ ᠶᠢᠨ ᠰᠦᠢᠳᠬᠡᠯ᠂ ᠡᠮ ᠡᠮᠨᠡᠯᠭᠡ ᠶᠢᠨ ᠳᠠᠭᠠᠳᠬᠠᠯ ᠵᠡᠷᠭᠡ ᠠᠷᠠᠳ ᠤᠨ ᠠᠮᠢᠳᠤᠷᠠᠯ ᠤᠨ ᠲᠥᠷᠥᠯ ᠤᠨ ᠣᠷᠣᠯᠠᠨ ᠲᠤᠰᠢᠶᠠᠬᠤ ᠲᠤᠬᠠᠶᠢᠯᠠᠭᠰᠠᠨ ᠠᠵᠢᠯ ᠢ ᠬᠠᠩᠭᠠᠵᠤ ᠪᠠᠶᠢᠬᠤ ᠪᠥᠭᠡᠳ ᠲᠤᠰᠬᠠᠢ ᠬᠥᠮᠥᠨ ᠨᠢ ᠮᠡᠷᠭᠡᠨ ᠴᠣᠬᠤᠷ ᠰᠢᠷᠪᠢᠵᠦ ᠲᠥᠯᠥᠬᠦ᠂ ᠢᠲᠡᠭᠡᠮᠵᠢᠲᠦ ᠵᠢᠭᠡᠯᠡᠯᠭᠡ ᠶᠢᠨ ᠵᠥᠪᠯᠡᠯᠭᠡ ᠥᠭᠬᠦ᠂ ᠲᠠᠩᠰᠠᠨ ᠡᠷᠦᠬᠡ ᠪᠠᠷ ᠲᠠᠩᠰᠠ ᠬᠠᠷᠭᠤᠭᠤᠯᠬᠤ ᠵᠡᠷᠭᠡ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠨ᠎ᠡ᠃ ︽ᠮᠥᠩᠭᠦᠨ ᠭᠦᠢᠯᠭᠡᠭᠡᠨ ᠤ ᠬᠡᠲᠦ ᠳᠡᠯᠭᠡᠭᠦᠷ︾᠎ ᠨᠢ ᠪᠠᠰᠠ ᠲᠤᠰᠬᠠᠶᠢᠯᠠᠨ ︽ᠠᠯᠠᠱᠠ ᠶᠢᠨ ᠪᠡᠯᠡᠭ︾ ᠳᠡᠯᠭᠡᠨ ᠦᠵᠡᠭᠦᠯᠬᠦ ᠬᠤᠷᠭᠤ ᠭᠠᠷᠭᠠᠵᠤ᠂ ᠬᠠᠲᠠᠭᠠᠭᠰᠠᠨ ᠪᠣᠷᠴᠠ᠂ ᠲᠡᠮᠡᠭᠡᠨ ᠰᠦ ᠠᠷᠠᠰᠤ ᠬᠠᠮᠠᠭᠠᠯᠠᠬᠤ ᠡᠳ᠋᠂ ᠴᠠᠭᠠᠨ ᠭᠤᠶᠣᠣ᠂ ᠤᠯᠠᠭᠠᠨ ᠭᠤᠶᠣᠣ᠂ ᠣᠷᠭᠠᠨᠢᠭ ᠨᠠᠷᠢᠮᠤ ᠵᠡᠷᠭᠡ ᠠᠯᠠᠱᠠ ᠶᠢᠨ ᠣᠨᠴᠠᠯᠢᠭᠲᠤ ᠡᠳ᠋ ᠪᠣᠳᠠᠰ ᠢ ᠠᠳᠡ ᠳᠡᠯᠭᠡᠨ ᠦᠵᠡᠭᠦᠯᠬᠦ ᠪᠠ ᠣᠷᠣᠯᠠᠨ ᠬᠤᠳᠠᠯᠳᠤᠵᠤ᠂ ᠠᠯᠠᠱᠠ ᠶᠢᠨ ᠬᠤᠳᠠᠯᠳᠤᠭᠠᠨ ᠤ ᠳᠡᠯᠭᠡᠭᠦᠷ ᠎ ᠨᠢ ᠪᠠᠰᠠ ᠰᠦᠯᠵᠢᠶᠡᠨ ᠳᠡᠭᠡᠷᠡᠬᠢ ︽ᠥᠪᠥᠷ ᠮᠣᠩᠭᠤᠯ ᠤᠨ ᠬᠥᠳᠡᠭᠡ ᠲᠣᠰᠬᠤᠨ ᠤ ᠢᠲᠡᠭᠡᠮᠵᠢ ᠠᠰᠢᠭ ᠲᠠᠷᠢᠶᠠᠯᠠᠩ ᠤᠨ ᠬᠤᠳᠠᠯᠳᠤᠭᠠᠨ ᠤ ᠳᠡᠯᠭᠡᠭᠦᠷ︾᠎ ᠢᠶᠠᠷ ᠳᠠᠮᠵᠢᠭᠤᠯᠤᠨ ᠪᠦᠲᠦᠭᠡᠭᠳᠡᠬᠦᠨ ᠤ ᠨᠡᠶᠢᠲᠡ ᠶᠢᠨ ᠠᠰᠠᠷᠠᠮᠵᠢ ᠶᠢᠨ ᠰᠢᠭᠤᠳ ᠨᠡᠪᠲᠡᠷᠡᠭᠦᠯᠭᠡ ᠶᠢ ᠪᠥᠬᠦ ᠤᠯᠤᠰ ᠤᠨ ᠡᠯ᠎ᠡ ᠭᠠᠵᠠᠷ ᠤᠨ ᠬᠡᠷᠡᠭᠯᠡᠭᠴᠢᠳ ᠲᠤ ᠲᠠᠨᠢᠯᠴᠠᠭᠤᠯᠵᠤ ᠪᠠᠶᠢᠨ᠎ᠠ᠃
           
 
ᠢᠷᠡᠯᠲᠡ᠄ ᠠᠯᠠᠱᠠ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号