2024 ᠣᠨ ᠤ ᠣᠷᠣᠯᠠᠨ ᠪᠦᠷᠢᠳᠬᠡᠭᠦᠯᠬᠦ ᠪᠠᠶᠢᠭᠤᠯᠤᠮᠵᠢ ᠶᠢ ᠪᠦᠷᠢᠳᠬᠡᠭᠦᠯᠬᠦ ᠠᠵᠢᠯ ᠢ ᠥᠷᠨᠢᠭᠦᠯᠬᠦ ᠲᠤᠬᠠᠢ ᠠᠯᠠᠱᠠ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2024/3/25
ᠡᠯ᠎ᠡ ᠣᠷᠣᠯᠠᠨ ᠪᠦᠷᠢᠳᠬᠡᠭᠦᠯᠬᠦ ᠪᠠᠶᠢᠭᠤᠯᠤᠮᠵᠢ ᠳᠤ᠄             ᠡᠳ᠋ ᠤᠨ ᠵᠠᠰᠠᠭ ᠤᠨ ᠶᠠᠮᠤᠨ ᠤ ︽ᠣᠷᠣᠯᠠᠨ ᠲᠠᠩᠰᠠ ᠲᠡᠮᠳᠡᠭᠯᠡᠬᠦ ᠬᠠᠮᠢᠶᠠᠷᠤᠯᠲᠠ ᠶᠢᠨ ᠠᠷᠭ᠎ᠠ︾ ︵ᠡᠳ᠋ ᠤᠨ ᠵᠠᠰᠠᠭ ᠤᠨ ᠶᠠᠮᠤᠨ ᠤ ᠵᠠᠷᠯᠢᠭ 98 ᠳ᠋ᠤᠭᠠᠷ ᠲᠣᠭᠠᠲᠤ︶᠎ ᠶᠢᠨ ᠠᠷᠪᠠᠨ ᠵᠢᠷᠭᠤᠳᠤᠭᠠᠷ ᠵᠦᠢᠯ ᠤᠨ ︽ᠣᠷᠣᠯᠠᠨ ᠲᠠᠩᠰᠠ ᠲᠡᠮᠳᠡᠭᠯᠡᠬᠦ ᠪᠠᠶᠢᠭᠤᠯᠤᠮᠵᠢ ᠵᠢᠯ ᠪᠦᠷᠢ ᠶᠢᠨ 4 ᠰᠠᠷ᠎ᠠ ᠶᠢᠨ 30᠎ ᠤ ᠡᠳᠦᠷ ᠠᠴᠠ ᠡᠮᠦᠨ᠎ᠡ᠂ ᠬᠢᠨᠠᠨ ᠵᠥᠪᠰᠢᠶᠡᠷᠡᠬᠦ ᠪᠠᠶᠢᠭᠤᠯᠭ᠎ᠠ ᠳᠤ ᠣᠷᠣᠯᠠᠨ ᠲᠠᠩᠰᠠ ᠲᠡᠮᠳᠡᠭᠯᠡᠬᠦ ᠪᠠᠶᠢᠭᠤᠯᠤᠮᠵᠢ ᠶᠢᠨ ᠦᠨᠳᠦᠰᠦᠨ ᠪᠠᠶᠢᠳᠠᠯ ᠤᠨ ᠬᠦᠰᠦᠨᠦᠭᠲᠦ᠂ ᠲᠤᠰᠬᠠᠢ ᠲᠤᠰᠢᠶᠠᠯᠲᠤ ᠠᠵᠢᠯᠲᠠᠨ ᠤ ᠬᠤᠪᠢᠷᠠᠯᠲᠠ ᠶᠢᠨ ᠪᠠᠶᠢᠳᠠᠯ ᠢ ᠮᠡᠳᠡᠭᠦᠯᠦᠨ ᠬᠦᠷᠭᠡᠬᠦ ᠬᠡᠷᠡᠭᠲᠡᠢ︾ ᠭᠡᠰᠡᠨ ᠲᠣᠭᠲᠠᠭᠠᠯ ᠢ ᠦᠨᠳᠦᠰᠦᠯᠡᠨ᠂ 2024 ᠣᠨ ᠤ ᠣᠷᠣᠯᠠᠨ ᠲᠠᠩᠰᠠ ᠲᠡᠮᠳᠡᠭᠯᠡᠬᠦ ᠪᠠᠶᠢᠭᠤᠯᠤᠮᠵᠢ ᠶᠢᠨ ᠪᠦᠷᠢᠳᠬᠡᠭᠦᠯᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄             ᠨᠢᠭᠡ᠂ ᠪᠦᠷᠢᠳᠬᠡᠭᠦᠯᠬᠦ ᠡᠲᠡᠭᠡᠳ             2023 ᠣᠨ ᠤ 12 ᠳ᠋ᠤᠭᠠᠷ ᠰᠠᠷ᠎ᠠ ᠶᠢᠨ 31᠎ ᠤ ᠡᠳᠦᠷ ᠠᠴᠠ ᠡᠮᠦᠨ᠎ᠡ ᠮᠠᠨ ᠤ ᠲᠣᠪᠴᠢᠶ᠎ᠠ ᠶᠢᠨ ᠵᠥᠪᠰᠢᠶᠡᠷᠡᠯ ᠢᠶᠠᠷ ᠪᠠᠶᠢᠭᠤᠯᠤᠭᠰᠠᠨ ᠣᠷᠣᠯᠠᠨ ᠪᠦᠷᠢᠳᠬᠡᠭᠦᠯᠬᠦ ᠪᠠᠶᠢᠭᠤᠯᠤᠮᠵᠢ᠂ ᠡᠰᠡᠬᠦᠯ᠎ᠡ 2023 ᠣᠨ ᠤ 12 ᠳ᠋ᠤᠭᠠᠷ ᠰᠠᠷ᠎ᠠ ᠶᠢᠨ 31᠎ ᠤ ᠡᠳᠦᠷ ᠠᠴᠠ ᠡᠮᠦᠨ᠎ᠡ ᠠᠯᠠᠱᠠ ᠵᠡᠭᠦᠨ ᠬᠤᠰᠢᠭᠤ᠂ ᠬᠤᠶᠠᠷᠬᠤᠳᠳᠤᠭ ᠤᠨ ᠠᠮᠢ ᠠᠬᠤᠢ ᠶᠢᠨ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠲᠣᠭᠤᠷᠢᠭ ᠵᠢᠴᠢ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠡᠪᠴᠢᠶᠡᠨ ᠳᠠᠬᠢ ᠣᠷᠣᠯᠠᠨ ᠪᠦᠷᠢᠳᠬᠡᠭᠦᠯᠬᠦ ᠪᠠᠶᠢᠭᠤᠯᠤᠮᠵᠢ ᠳᠤ ᠨᠡᠭᠦᠨ ᠣᠷᠣᠨ᠎ᠠ᠃ ᠣᠷᠣᠯᠠᠨ ᠪᠦᠷᠢᠳᠬᠡᠭᠦᠯᠬᠦ ᠪᠠᠶᠢᠭᠤᠯᠤᠮᠵᠢ ᠨᠢ ᠰᠠᠯᠪᠤᠷᠢ ᠪᠠᠶᠢᠭᠤᠯᠤᠮᠵᠢ ᠪᠠᠶᠢᠭᠤᠯᠤᠭᠰᠠᠨ ᠪᠠᠶᠢᠪᠠᠯ᠂ ᠰᠠᠯᠪᠤᠷᠢ ᠪᠠᠶᠢᠭᠤᠯᠤᠮᠵᠢ ᠨᠢ ᠪᠠᠶᠢᠭ᠎ᠠ ᠭᠠᠵᠠᠷ ᠤᠨ ᠢᠶᠠᠨ ᠬᠢᠨᠠᠨ ᠵᠥᠪᠰᠢᠶᠡᠷᠡᠬᠦ ᠪᠠᠶᠢᠭᠤᠯᠤᠮᠵᠢ ᠳᠤ ᠪᠦᠷᠢᠳᠬᠡᠭᠦᠯᠬᠦ ᠬᠡᠷᠡᠭᠲᠡᠢ᠃             ᠬᠤᠶᠠᠷ᠂ ᠳᠠᠩᠰᠠᠯᠠᠭᠤᠯᠤᠭᠰᠠᠨ ᠴᠠᠭ             2024 ᠣᠨ ᠤ 4 ᠰᠠᠷ᠎ᠠ ᠶᠢᠨ 30᠎ ᠤ ᠡᠳᠦᠷ ᠠᠴᠠ ᠡᠮᠦᠨ᠎ᠡ             ᠭᠤᠷᠪᠠ᠂ ᠪᠦᠷᠢᠳᠬᠡᠭᠦᠯᠬᠦ ᠠᠷᠭ᠎ᠠ ᠮᠠᠶ᠋ᠢᠭ             2024 ᠣᠨ ᠤ ᠣᠷᠣᠯᠠᠨ ᠪᠦᠷᠢᠳᠬᠡᠭᠦᠯᠬᠦ ᠪᠠᠶᠢᠭᠤᠯᠤᠮᠵᠢ ᠶᠢᠨ ᠮᠡᠳᠡᠭᠦᠯᠦᠨ ᠪᠦᠷᠢᠳᠬᠡᠭᠦᠯᠬᠦ ᠠᠵᠢᠯ ᠢ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ ᠠᠷᠭ᠎ᠠ ᠮᠠᠶ᠋ᠢᠭ ᠢᠶᠠᠷ ᠥᠷᠨᠢᠭᠦᠯᠵᠦ᠂ ᠡᠯ᠎ᠡ ᠪᠠᠶᠢᠭᠤᠯᠤᠮᠵᠢ ᠶᠢᠨ ᠲᠣᠭᠲᠠᠭᠰᠠᠨ ᠴᠠᠭ ᠲᠤ ︽ᠪᠥᠬᠦ ᠤᠯᠤᠰ ᠤᠨ ᠣᠷᠣᠯᠠᠨ ᠪᠦᠷᠢᠳᠬᠡᠭᠦᠯᠬᠦ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠰᠢᠰᠲ᠋ᠧᠮ︾᠎ ᠳᠤ ᠲᠡᠮᠳᠡᠭᠯᠡᠨ ᠮᠡᠳᠡᠭᠦᠯᠦᠨ ᠬᠦᠷᠭᠡᠬᠦ ᠶᠢ ᠬᠦᠰᠡᠵᠦ ᠪᠠᠶᠢᠨ᠎ᠠ᠃             ᠳᠥᠷᠪᠡ᠂ ᠪᠦᠷᠢᠳᠬᠡᠭᠦᠯᠬᠦ ᠳᠤ ᠬᠡᠷᠡᠭᠰᠡᠬᠦ ᠮᠠᠲ᠋ᠧᠷᠢᠶᠠᠯ             ︵ᠨᠢᠭᠡ︶ ︽ᠣᠷᠣᠯᠠᠨ ᠪᠦᠷᠢᠳᠬᠡᠭᠦᠯᠬᠦ ᠪᠠᠶᠢᠭᠤᠯᠤᠮᠵᠢ ᠶᠢᠨ ᠣᠨ ᠤ ᠪᠦᠷᠢᠳᠬᠡᠭᠦᠯᠬᠦ ᠬᠦᠰᠦᠨᠦᠭᠲᠦ︾ ︵ᠰᠢᠰᠲ᠋ᠧᠮ ᠳᠤ ᠳᠠᠷᠤᠮᠠᠯᠯᠠᠵᠤ᠂ ᠲᠠᠮᠠᠭ᠎ᠠ ᠳᠠᠷᠤᠵᠤ ᠳᠡᠭᠡᠭᠰᠢ ᠳᠠᠮᠵᠢᠭᠤᠯᠤᠭᠠᠷᠠᠢ︶᠃             ︵ᠬᠤᠶᠠᠷ︶ ᠲᠤᠰᠬᠠᠢ ᠲᠤᠰᠢᠶᠠᠯᠲᠤ ᠠᠵᠢᠯᠲᠠᠨ ᠤ ᠬᠤᠪᠢᠷᠠᠯᠲᠠ ᠶᠢᠨ ᠪᠠᠶᠢᠳᠠᠯ ︵︽ᠣᠷᠣᠯᠠᠨ ᠪᠦᠷᠢᠳᠬᠡᠭᠦᠯᠬᠦ ᠪᠠᠶᠢᠭᠤᠯᠤᠮᠵᠢ ᠶᠢᠨ ᠦᠨᠳᠦᠰᠦᠨ ᠪᠠᠶᠢᠳᠠᠯ ᠤᠨ ᠬᠦᠰᠦᠨᠦᠭᠲᠦ︾᠎ ᠳᠤ ᠲᠠᠭᠯᠠᠨ ᠮᠡᠳᠡᠭᠦᠯᠦᠭᠡᠷᠡᠢ︶᠃ ᠬᠡᠷᠪᠡ ᠲᠤᠰᠬᠠᠢ ᠠᠵᠢᠯ ᠤᠨ ᠠᠵᠢᠯᠲᠠᠨ ᠬᠤᠪᠢᠷᠠᠯᠲᠠ ᠲᠠᠢ ᠪᠣᠯ᠂ ᠰᠢᠰᠲ᠋ᠧᠮ ᠳᠤ ᠰᠢᠨ᠎ᠡ ᠪᠠᠷ ᠨᠡᠮᠡᠭᠰᠡᠨ ᠲᠤᠰᠬᠠᠢ ᠠᠵᠢᠯ ᠤᠨ ᠠᠵᠢᠯᠲᠠᠨ ᠤ ᠠᠮᠠᠯᠠᠯᠲᠠ ᠶᠢᠨ ᠪᠢᠴᠢᠭ ᠢ ᠳᠠᠮᠵᠢᠭᠤᠯᠤᠭᠠᠷᠠᠢ᠃             ᠲᠠᠪᠤ᠂ ᠬᠠᠮᠢᠶ᠎ᠠ ᠪᠦᠬᠦᠢ ᠱᠠᠭᠠᠷᠳᠠᠯᠭ᠎ᠠ             ︵ᠨᠢᠭᠡ︶ ᠬᠡᠷᠪᠡ ᠪᠠᠶᠢᠭᠤᠯᠤᠮᠵᠢ ᠶᠢᠨ ᠨᠡᠷᠡᠶᠢᠳᠦᠯ ᠢ ᠬᠤᠪᠢᠷᠠᠭᠤᠯᠬᠤ᠂ ᠭᠤᠣᠯᠴᠢᠯᠠᠨ ᠬᠠᠮᠢᠶᠠᠷᠴᠤ ᠣᠷᠣᠯᠠᠨ ᠪᠦᠷᠢᠳᠬᠡᠭᠦᠯᠬᠦ ᠲᠤᠬᠠᠶᠢᠯᠠᠭᠰᠠᠨ ᠠᠵᠢᠯ ᠤᠨ ᠬᠠᠷᠢᠭᠤᠴᠠᠯᠭᠠᠲᠠᠨ ᠢ ᠬᠤᠪᠢᠷᠠᠭᠤᠯᠬᠤ᠂ ᠤᠤᠯ ᠤᠨ ᠬᠢᠨᠠᠨ ᠵᠥᠪᠰᠢᠶᠡᠷᠡᠭᠰᠡᠨ ᠪᠠᠶᠢᠭᠤᠯᠭ᠎ᠠ ᠶᠢᠨ ᠬᠠᠷᠢᠶᠠᠯᠠᠬᠤ ᠭᠠᠵᠠᠷ ᠢ ᠠᠯᠤᠰᠯᠠᠨ ᠠᠵᠢᠯᠯᠠᠬᠤ ᠭᠠᠵᠠᠷ ᠢ ᠰᠢᠯᠵᠢᠭᠦᠯᠬᠦ ᠳᠤ ᠭᠦᠷᠪᠡᠯ᠂ ᠤᠷᠢᠳᠠᠪᠠᠷ ︽ᠪᠥᠬᠦ ᠤᠯᠤᠰ ᠤᠨ ᠣᠷᠣᠯᠠᠨ ᠪᠦᠷᠢᠳᠬᠡᠭᠦᠯᠬᠦ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠰᠢᠰᠲ᠋ᠧᠮ︾᠎ ᠳᠤ ᠬᠤᠪᠢᠷᠠᠭᠤᠯᠬᠤ ᠭᠠᠷᠳᠠᠮ ᠢ ᠭᠦᠢᠴᠡᠳᠬᠡᠵᠦ᠂ ᠬᠢᠨᠠᠨ ᠵᠥᠪᠰᠢᠶᠡᠷᠡᠵᠦ ᠪᠠᠲᠤᠯᠠᠭᠰᠠᠨ ᠤ ᠳᠠᠷᠠᠭ᠎ᠠ ᠳᠠᠬᠢᠨ ᠣᠨ ᠤ ᠳᠠᠩᠰᠠᠯᠠᠭᠤᠯᠤᠯᠲᠠ ᠶᠢ ᠭᠤᠶᠤᠴᠢᠯᠠᠨ᠎ᠠ᠃             ︵ᠬᠤᠶᠠᠷ︶ ᠡᠯ᠎ᠡ ᠣᠷᠣᠯᠠᠨ ᠲᠠᠩᠰᠠ ᠲᠡᠮᠳᠡᠭᠯᠡᠬᠦ ᠪᠠᠶᠢᠭᠤᠯᠤᠮᠵᠢ ᠨᠢ ᠣᠷᠣᠯᠠᠨ ᠲᠠᠩᠰᠠ ᠲᠡᠮᠳᠡᠭᠯᠡᠬᠦ ᠪᠠᠶᠢᠭᠤᠯᠤᠮᠵᠢ ᠶᠢᠨ ᠪᠦᠷᠢᠳᠬᠡᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠮᠠᠲ᠋ᠧᠷᠢᠶᠠᠯ ᠢ ᠨᠠᠷᠢᠨ ᠬᠢᠨᠠᠮᠠᠭᠠᠢ ᠲᠠᠭᠯᠠᠨ ᠪᠢᠴᠢᠬᠦ ᠶᠢᠨ ᠬᠠᠮᠲᠤ ᠴᠠᠭ ᠲᠤᠬᠠᠢ ᠳᠤᠨᠢ ᠮᠡᠳᠡᠭᠦᠯᠦᠨ ᠬᠦᠷᠭᠡᠵᠦ᠂ ᠮᠡᠳᠡᠭᠦᠯᠦᠨ ᠬᠦᠷᠭᠡᠬᠦ ᠮᠠᠲ᠋ᠧᠷᠢᠶᠠᠯ ᠨᠢ ᠡᠷᠬᠡᠪᠰᠢ ᠦᠨᠡᠨ ᠪᠣᠳᠠᠲᠠᠢ᠂ ᠣᠨᠣᠪᠴᠢᠲᠠᠶ᠂ ᠪᠦᠷᠢᠨ ᠪᠦᠲᠦᠨ ᠪᠠᠶᠢᠬᠤ ᠬᠡᠷᠡᠭᠲᠡᠢ᠃ ᠱᠠᠭᠠᠷᠳᠠᠯᠭ᠎ᠠ ᠶᠣᠰᠣᠭᠠᠷ ᠣᠨ ᠤ ᠳᠠᠩᠰᠠᠯᠠᠯᠲᠠ ᠬᠢᠯᠭᠡᠭᠰᠡᠨ ᠦᠭᠡᠢ ᠶᠢ ᠨᠢ ᠬᠤᠰᠢᠭᠤᠨ ᠡᠳ᠋ ᠤᠨ ᠵᠠᠰᠠᠭ ᠤᠨ ᠲᠣᠪᠴᠢᠶ᠎ᠠ ᠠᠴᠠ ᠵᠠᠷᠯᠢᠭᠳᠠᠵᠤ ᠪᠠᠶᠢᠭᠠᠳ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠥᠭᠡᠷᠡᠴᠢᠯᠡᠭᠦᠯᠦᠨ᠎ᠡ︔ ᠴᠡᠭᠴᠡᠯᠡᠨ ᠰᠠᠶᠢᠵᠢᠷᠠᠭᠤᠯᠬᠤ ᠶᠢ ᠲᠡᠪᠴᠢᠪᠡᠯ᠂ ᠭᠤᠣᠯᠳᠠᠯᠭ᠎ᠠ ᠲᠠᠢ ᠠᠩᠬᠠᠷᠬᠤ ᠨᠡᠷᠡᠰ ᠲᠤ ᠵᠢᠭᠰᠠᠭᠠᠨ ᠣᠷᠣᠭᠤᠯᠬᠤ ᠶᠢᠨ ᠬᠠᠮᠲᠤ ᠨᠡᠶᠢᠭᠡᠮ ᠳᠤ ᠵᠠᠷᠯᠠᠨ ᠨᠡᠶᠢᠲᠡᠯᠡᠵᠦ᠂ ᠲᠡᠳᠡᠨ ᠳᠤ ᠬᠤᠯᠪᠣᠭᠳᠠᠯ ᠪᠦᠬᠦᠢ ᠡᠭᠦᠷᠭᠡ ᠪᠠᠨ ᠭᠦᠢᠴᠡᠳᠬᠡᠬᠦ ᠶᠢ ᠰᠠᠨᠠᠭᠤᠯᠤᠨ᠎ᠠ︔ ᠤᠢᠢᠯᠠ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠬᠦ ᠶᠢᠨ ᠬᠠᠮᠲᠤ ᠨᠡᠶᠢᠭᠡᠮ ᠨᠡᠶᠢᠲᠡ ᠳᠤ ᠵᠠᠷᠯᠠᠨ ᠨᠡᠶᠢᠲᠡᠯᠡᠨ᠎ᠡ᠃ ᠬᠤᠳᠠᠯ ᠬᠠᠭᠤᠷᠮᠠᠭ ᠪᠦᠷᠢᠳᠬᠡᠭᠦᠯᠬᠦ ᠮᠠᠲ᠋ᠧᠷᠢᠶᠠᠯ ᠬᠠᠩᠭᠠᠭᠰᠠᠨ ᠪᠠᠶᠢᠪᠠᠯ᠂ ᠬᠤᠰᠢᠭᠤᠨ ᠡᠳ᠋ ᠤᠨ ᠵᠠᠰᠠᠭ ᠤᠨ ᠲᠣᠪᠴᠢᠶ᠎ᠠ ᠠᠴᠠ ᠰᠡᠷᠡᠮᠵᠢ ᠥᠭᠴᠦ᠂ ᠨᠢᠭᠲᠠᠯᠠᠨ ᠪᠤᠳᠤᠭᠴᠢ ᠶᠢᠨ ᠬᠦᠷᠢᠶᠡᠨ ᠳᠠᠬᠢ ᠬᠠᠤᠯᠢ ᠶᠢ ᠵᠥᠷᠢᠴᠡᠵᠦ ᠢᠲᠡᠭᠡᠯ ᠠᠯᠳᠠᠭᠰᠠᠨ ᠲᠡᠮᠳᠡᠭᠯᠡᠯ ᠳᠤ ᠲᠡᠮᠳᠡᠭᠯᠡᠨ ᠣᠷᠣᠭᠤᠯᠵᠤ᠂ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠶᠢᠨ ᠬᠠᠮᠲᠤ ᠨᠡᠶᠢᠭᠡᠮ ᠨᠡᠶᠢᠲᠡ ᠳᠤ ᠵᠠᠷᠯᠠᠨ ᠨᠡᠶᠢᠲᠡᠯᠡᠨ᠎ᠡ᠃                         ᠬᠠᠷᠢᠯᠴᠠᠬᠤ ᠬᠥᠮᠥᠨ᠄ ᠯᠧᠢ ᠵᠢᠶᠦ᠋ᠨ ᠯᠢᠩ        ᠤᠲᠠᠰᠤ᠄ 0483 — 8224042      
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号