ᠵᠤᠭ᠎ᠠ ᠴᠡᠩᠭᠡᠯ ᠤᠨ ᠭᠠᠵᠠᠷ ᠭᠠᠷᠭᠠᠬᠤ ᠵᠥᠪᠰᠢᠶᠡᠷᠡᠯ ᠤᠨ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/3/25
                        2024 ᠣᠨ ᠤ 3 ᠰᠠᠷ᠎ᠠ ᠶᠢᠨ 22᠎ ᠤᠨ ᠡᠳᠦᠷ ᠵᠠᠩ ᠯᠢᠶᠠᠩ ᠤᠨ ᠳᠤᠷᠠᠳᠤᠭᠰᠠᠨ ᠵᠤᠭ᠎ᠠ ᠴᠡᠩᠭᠡᠯ ᠤᠨ ᠲᠠᠯᠠᠪᠤᠷ ᠪᠠᠶᠢᠭᠤᠯᠬᠤ ᠲᠤᠬᠠᠢ ᠲᠣᠰ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ ᠵᠥᠪᠰᠢᠶᠡᠷᠡᠯ ᠤᠨ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠨ᠎ᠡ᠃ ᠡᠳᠦᠭᠡ ᠬᠤᠯᠪᠣᠭᠳᠠᠯ ᠪᠦᠬᠦᠢ ᠪᠠᠶᠢᠳᠠᠯ ᠢ ᠳᠣᠣᠷᠠᠬᠢ ᠮᠡᠲᠦ ᠵᠠᠷᠯᠠᠨ ᠨᠡᠶᠢᠲᠡᠯᠡᠶ᠎ᠡ᠂ ᠵᠠᠷᠯᠠᠨ ᠨᠡᠶᠢᠲᠡᠯᠡᠬᠦ ᠡᠳᠦᠷ ᠬᠤᠭᠤᠴᠠᠭ᠎ᠠ ᠶᠢ 2024᠎ ᠤ 3 ᠰᠠᠷ᠎ᠠ ᠶᠢᠨ 25᠎ ᠤ ᠡᠳᠦᠷ ᠠᠴᠠ 2024᠎ ᠤ 4᠎ ᠤ ᠰᠠᠷ᠎ᠠ ᠶᠢᠨ 8᠎ ᠤ ᠡᠳᠦᠷ ᠪᠣᠯᠲᠠᠯ᠎ᠠ᠄             ᠭᠤᠶᠤᠴᠢᠯᠠᠭᠴᠢ᠄ ᠵᠠᠩ ᠯᠢᠶᠠᠩ ︵ᠠᠯᠠᠱᠠ ᠵᠡᠭᠦᠨ ᠬᠤᠰᠢᠭᠤᠨ ᠤ ᠴᠤᠤ ᠰᠢᠩ ᠰᠢᠩ ᠵᠤᠭ᠎ᠠ ᠴᠡᠩᠭᠡᠯ ᠤᠨ ᠬᠤᠲᠠ︶             ᠲᠠᠯᠠᠪᠤᠷ ᠤᠨ ᠬᠠᠶ᠋ᠢᠭ᠄ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤ ᠶᠢᠨ ᠵᠢᠩ ᠢ ᠵᠠᠮ ᠤᠨ ᠵᠡᠭᠦᠨ ᠬᠤᠳᠠᠯᠳᠤᠭᠠᠨ ᠤ ᠵᠡᠭᠡᠯᠢ ᠶᠢᠨ 12 ᠳ᠋ᠤᠭᠠᠷ ᠳᠡᠯᠭᠡᠭᠦᠷ             ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾᠂ ︽ᠵᠤᠭ᠎ᠠ ᠴᠡᠩᠭᠡᠯ ᠤᠨ ᠲᠠᠯᠠᠪᠤᠷ ᠭᠠᠵᠠᠷ ᠤᠨ ᠬᠠᠮᠢᠶᠠᠷᠤᠯᠲᠠ ᠶᠢᠨ ᠳᠦᠷᠢᠮ︾᠂ ︽ᠵᠤᠭ᠎ᠠ ᠴᠡᠩᠭᠡᠯ ᠤᠨ ᠲᠠᠯᠠᠪᠤᠷ ᠭᠠᠵᠠᠷ ᠤᠨ ᠬᠠᠮᠢᠶᠠᠷᠤᠯᠲᠠ ᠶᠢᠨ ᠠᠷᠭ᠎ᠠ︾᠎ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠪᠡᠯ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠭᠤᠶᠤᠴᠢᠯᠠᠭᠴᠢ᠂ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠭᠡᠷᠡᠴᠢᠯᠡᠭᠡ ᠰᠣᠨᠣᠰᠬᠤ ᠪᠠᠷ ᠭᠤᠶᠤᠴᠢᠯᠠᠬᠤ ᠡᠷᠬᠡ ᠲᠠᠢ᠃ ᠬᠤᠯᠪᠣᠭᠳᠠᠯ ᠪᠦᠬᠦᠢ ᠬᠥᠮᠥᠰ ᠵᠠᠷᠯᠠᠨ ᠨᠡᠶᠢᠲᠡᠯᠡᠬᠦ ᠬᠤᠭᠤᠴᠠᠭ᠎ᠠ ᠳᠠᠭᠤᠰᠬᠤ ᠠᠴᠠ ᠡᠮᠦᠨ᠎ᠡ ᠲᠤᠰ ᠪᠠᠶᠢᠭᠤᠯᠭ᠎ᠠ ᠳᠤ ᠰᠠᠨᠠᠯ ᠰᠣᠨᠣᠰᠤᠭᠤᠯᠬᠤ ᠭᠤᠶᠤᠴᠢᠯᠠᠯ ᠭᠠᠷᠭᠠᠵᠤ ᠪᠣᠯᠣᠨ᠎ᠠ᠂ ᠲᠤᠰ ᠪᠠᠶᠢᠭᠤᠯᠭ᠎ᠠ ᠭᠤᠶᠤᠴᠢᠯᠠᠯ ᠢ ᠣᠯᠣᠭᠰᠠᠨ ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ ᠰᠠᠨᠠᠯ ᠰᠣᠨᠣᠰᠤᠯᠲᠠ ᠶᠢ ᠵᠣᠬᠢᠶᠠᠨ ᠪᠠᠶᠢᠭᠤᠯᠬᠤ ᠬᠡᠷᠡᠭᠲᠡᠢ᠃ ᠬᠤᠭᠤᠴᠠᠭ᠎ᠠ ᠬᠡᠲᠦᠷᠡᠲᠡᠯ᠎ᠡ ᠰᠠᠨᠠᠯ ᠰᠣᠨᠣᠰᠤᠭᠤᠯᠬᠤ ᠭᠤᠶᠤᠴᠢᠯᠠᠯ ᠭᠠᠷᠭᠠᠭᠰᠠᠨ ᠦᠭᠡᠢ ᠪᠠᠶᠢᠪᠠᠯ᠂ ᠰᠠᠨᠠᠯ ᠰᠣᠨᠣᠰᠬᠤ ᠡᠷᠬᠡ ᠪᠠᠨ ᠬᠠᠶᠠᠭᠰᠠᠨ ᠢᠶᠠᠷ ᠦᠵᠡᠵᠦ᠂ ᠲᠤᠰ ᠪᠠᠶᠢᠭᠤᠯᠭ᠎ᠠ ᠬᠠᠤᠯᠢ ᠶᠣᠰᠣᠭᠠᠷ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠭᠠᠷᠭᠠᠨ᠎ᠠ᠃             ᠰᠠᠨᠠᠯ ᠰᠣᠨᠣᠰᠤᠯᠲᠠ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠬᠤ ᠳᠤ ᠬᠡᠷᠡᠭᠰᠡᠬᠦ ᠴᠠᠭ ᠢ ᠵᠠᠰᠠᠭ ᠵᠠᠬᠢᠷᠭᠠᠨ ᠤ ᠵᠥᠪᠰᠢᠶᠡᠷᠡᠯ ᠤᠨ ᠬᠤᠭᠤᠴᠠᠭᠠᠨ ᠳᠤ ᠣᠷᠣᠭᠤᠯᠵᠤ ᠪᠤᠳᠤᠬᠤ ᠦᠭᠡᠢ᠃             ᠬᠠᠷᠢᠯᠴᠠᠬᠤ ᠤᠲᠠᠰᠤ᠄ 0483-8222195 ᠹᠠᠺᠰ᠄ 0483-8222195             ᠬᠠᠶ᠋ᠢᠭ᠄ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠡᠳ᠋ ᠤᠨ ᠵᠠᠰᠠᠭ ᠤᠨ ᠲᠣᠮᠣ ᠠᠰᠠᠷ ᠤᠨ ᠨᠢᠭᠡᠳᠦᠭᠡᠷ ᠳᠠᠪᠬᠤᠷᠯᠢᠭ ᠤᠨ ᠰᠢᠤᠳᠠᠨ ᠳ᠋ᠤᠭᠠᠷ᠄ 750300                   ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ             2024᠎ ᠤ 3 ᠰᠠᠷ᠎ᠠ ᠶᠢᠨ 22᠎ ᠤᠨ ᠡᠳᠦᠷ
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号