ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ 2024 ᠣᠨ ᠤ ᠠᠯᠠᠱᠠ ᠵᠡᠭᠦᠨ ᠬᠤᠰᠢᠭᠤᠨ ᠤ ︽ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠤ ᠬᠠᠮᠠᠭᠠᠯᠠᠯᠲᠠ ᠬᠢᠭᠡᠳ ᠭᠠᠵᠠᠷ ᠰᠢᠷᠣᠢ ᠶᠢ ᠨᠥᠬᠦᠨ ᠰᠡᠷᠭᠦᠭᠡᠬᠦ ᠣᠨ ᠤ ᠵᠠᠰᠠᠯᠲᠠ ᠶᠢᠨ ᠲᠥᠯᠥᠪᠯᠡᠭᠡ ᠶᠢᠨ ᠪᠢᠴᠢᠭ︾᠎ ᠢ ᠨᠢᠭᠡᠳᠦᠭᠡᠷ ᠪᠦᠯᠦᠭ ᠢ ᠵᠠᠷᠯᠠᠪᠠ
ᠨᠡᠶᠢᠲᠡᠯᠡᠭᠰᠡᠨ ᠴᠠᠭ᠄
2024/3/25
                        ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠵᠤ ᠰᠡᠷᠭᠦᠭᠡᠬᠦ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾᠎ ᠶᠢᠨ ᠠᠷᠪᠠ ᠶᠢᠰᠦᠳᠦᠭᠡᠷ ᠵᠦᠢᠯ ᠢ ᠦᠨᠳᠦᠰᠦᠯᠡᠪᠡᠯ᠄ ︽ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠬᠠᠮᠠᠭᠠᠯᠠᠬᠤ ᠪᠠ ᠭᠠᠵᠠᠷ ᠰᠢᠷᠣᠢ ᠶᠢ ᠨᠥᠬᠦᠨ ᠰᠡᠷᠭᠦᠭᠡᠬᠦ ᠠᠵᠢᠯ ᠤᠨ ᠮᠡᠳᠡᠭᠡ ᠵᠠᠩᠭᠢ ᠶᠢ ᠢᠯᠡ ᠨᠡᠶᠢᠲᠡᠯᠡᠬᠦ ᠳᠦᠷᠢᠮ ᠢ ᠬᠡᠷᠡᠭᠵᠢᠭᠦᠯᠵᠦ᠂ ᠠᠭᠤᠷᠬᠠᠢ ᠮᠠᠯᠲᠠᠬᠤ ᠡᠷᠬᠡᠲᠦ ᠬᠥᠮᠥᠨ ᠲᠦᠷᠦᠭᠦᠦ ᠵᠢᠯ ᠤᠨ ᠠᠭᠤᠷᠬᠠᠢ ᠶᠢᠨ ᠭᠠᠵᠠᠷ ᠤᠨ ᠣᠷᠴᠢᠨ ᠠᠬᠤᠢ ᠶᠢ ᠬᠠᠮᠠᠭᠠᠯᠠᠬᠤ ᠪᠠ ᠭᠠᠵᠠᠷ ᠰᠢᠷᠣᠢ ᠶᠢ ᠨᠥᠬᠦᠨ ᠰᠡᠷᠭᠦᠭᠡᠬᠦ ᠲᠥᠰᠥᠯ ᠢ ᠨᠠᠶᠢᠷᠠᠭᠤᠯᠤᠨ ᠵᠣᠬᠢᠶᠠᠵᠤ ᠬᠡᠷᠡᠭᠵᠢᠭᠦᠯᠦᠭᠰᠡᠨ ᠪᠠᠶᠢᠳᠠᠯ᠂ ᠰᠠᠭᠤᠷᠢ ᠮᠥᠩᠭᠦ ᠶᠢ ᠬᠡᠷᠡᠭᠯᠡᠭᠰᠡᠨ ᠪᠠᠶᠢᠳᠠᠯ᠂ ᠡᠪᠳᠡᠵᠦ ᠰᠦᠢᠳᠬᠡᠭᠰᠡᠨ ᠭᠠᠵᠠᠷ ᠰᠢᠷᠣᠢ ᠶᠢᠨ ᠶᠡᠷᠦᠩᠬᠡᠢ ᠲᠠᠯᠠᠪᠠᠢ ᠵᠢᠴᠢ ᠭᠠᠵᠠᠷ ᠰᠢᠷᠣᠢ ᠶᠢᠨ ᠲᠦᠷᠦᠯ ᠬᠡᠯᠪᠡᠷᠢ ᠵᠢᠴᠢ ᠲᠠᠯᠠᠪᠠᠢ ᠪᠣᠯᠣᠨ ᠲᠤᠰ ᠵᠢᠯ ᠤᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠪᠠᠭᠲᠠᠭᠠᠭᠰᠠᠨ ᠣᠨ ᠤ ᠵᠠᠰᠠᠬᠤ ᠲᠥᠯᠥᠪᠯᠡᠭᠡ ᠶᠢᠨ ᠪᠢᠴᠢᠭ ᠢᠶᠠᠨ ᠴᠠᠭ ᠲᠤᠬᠠᠢ ᠳᠤᠨᠢ ᠨᠡᠶᠢᠭᠡᠮ ᠳᠤ ᠣᠨᠣᠪᠴᠢᠲᠠᠶ ᠨᠡᠶᠢᠲᠡᠯᠡᠵᠦ᠂ ᠬᠢᠨᠠᠯᠲᠠ ᠶᠢ ᠬᠦᠯᠢᠶᠡᠬᠦ ᠬᠡᠷᠡᠭᠲᠡᠢ︾ ᠭᠡᠵᠦ ᠵᠠᠰᠠᠪᠠ᠃ ᠡᠳᠦᠭᠡ 2024 ᠣᠨ ᠤ ᠠᠯᠠᠱᠠ ᠵᠡᠭᠦᠨ ᠬᠤᠰᠢᠭᠤᠨ ᠤ ︽ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠤ ᠬᠠᠮᠠᠭᠠᠯᠠᠯᠲᠠ ᠬᠢᠭᠡᠳ ᠭᠠᠵᠠᠷ ᠰᠢᠷᠣᠢ ᠶᠢ ᠨᠥᠬᠦᠨ ᠰᠡᠷᠭᠦᠭᠡᠬᠦ ᠣᠨ ᠤ ᠲᠥᠯᠥᠪᠯᠡᠭᠡ ᠶᠢᠨ ᠪᠢᠴᠢᠭ︾᠎ ᠢ ᠳᠣᠣᠷᠠᠬᠢ ᠮᠡᠲᠦ ᠵᠠᠷᠯᠠᠨ ᠨᠡᠶᠢᠲᠡᠯᠡᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠶᠢ ᠬᠦᠯᠢᠶᠡᠬᠦ ᠪᠣᠯᠣᠨ᠎ᠠ᠃             ᠬᠠᠷᠢᠯᠴᠠᠬᠤ ᠬᠥᠮᠥᠨ᠄ ᠰᠦᠨ ᠢᠦᠢ ᠶᠠᠩ ᠬᠤᠶ ᠴᠢᠨ             ᠬᠠᠷᠢᠯᠴᠠᠬᠤ ᠤᠲᠠᠰᠤ᠄ 18604836229 13634737807                   2024 ᠣᠨ ᠤ 3 ᠰᠠᠷ᠎ᠠ ᠶᠢᠨ 21       ᠳᠠᠭᠠᠯᠳᠤᠭᠤᠯᠤᠯ᠄                                          
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号