ᠮᠠᠯᠵᠢᠬᠤ ᠲᠠᠷᠢᠶᠠᠯᠠᠬᠤ ᠣᠷᠣᠨ ᠤ ᠡᠬᠢ ᠪᠠᠶᠠᠯᠢᠭ ᠤᠨ ᠡᠯᠧᠮᠧᠨ᠋ᠲ ᠤᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ
ᠨᠡᠶᠢᠲᠡᠯᠡᠭᠰᠡᠨ ᠴᠠᠭ᠄
2024/3/26
                      - ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠰᠠᠨᠠᠯ︾᠎ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠣᠳᠠᠲᠠᠶᠢᠵᠢᠭᠤᠯᠬᠤ ᠶᠢ ᠠᠬᠢᠭᠤᠯᠬᠤ ᠲᠤᠬᠠᠢ ᠰᠢᠷᠢᠰ ᠥᠭᠦᠯᠡᠮᠵᠢ19            • ᠶᠤᠸᠠᠨ ᠪᠦᠦ ᠨᠢᠶᠠᠨ      ᠥᠭᠡᠷᠡᠴᠢᠯᠡᠯᠲᠡ ᠪᠣᠯ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠳᠤ ᠲᠤᠯᠭᠠᠷᠠᠵᠤ ᠪᠠᠶᠢᠭ᠎ᠠ ᠪᠣᠳᠠᠲᠤ ᠠᠰᠠᠭᠤᠳᠠᠯ ᠢ ᠰᠢᠢᠳᠪᠦᠷᠢᠯᠡᠬᠦ᠂ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ ᠭᠡᠯᠪᠡᠷᠢ ᠎ ᠶᠢᠨ ᠬᠤᠪᠢᠰᠤᠯᠲᠠ ᠶᠢ ᠬᠥᠲᠥᠯᠥᠨ ᠳᠠᠭᠠᠭᠤᠯᠬᠤ᠂ ᠮᠠᠯᠵᠢᠬᠤ ᠲᠠᠷᠢᠶᠠᠯᠠᠬᠤ ᠣᠷᠣᠨ ᠤ ᠰᠤᠯᠠ ᠲᠠᠯᠪᠢᠭᠳᠠᠵᠤ ᠪᠠᠶᠢᠭ᠎ᠠ ᠡᠬᠢ ᠪᠠᠶᠠᠯᠢᠭ᠂ ᠡᠳ᠋ ᠬᠥᠷᠥᠩᠭᠡ ᠶᠢ ᠠᠮᠢᠳᠤᠯᠢᠭᠵᠢᠭᠤᠯᠬᠤ ᠪᠣᠳᠠᠲᠤ ᠬᠡᠷᠡᠭᠴᠡᠭᠡ ᠪᠣᠯᠣᠨ᠎ᠠ᠃ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ᠂ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠳᠤ ᠲᠠᠰᠤᠷᠠᠯᠳᠠ ᠦᠭᠡᠢ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ᠃      ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠪᠣᠯ ᠴᠢᠬᠤᠯᠠ ᠪᠠᠶᠢᠭᠠᠯᠢ ᠶᠢᠨ ᠡᠬᠢ ᠪᠠᠶᠠᠯᠢᠭ ᠪᠤᠯᠬᠤ ᠮᠥᠷᠲᠡᠭᠡᠨ ᠪᠠᠰᠠ ᠦᠢᠯᠡᠳᠪᠦᠷᠢᠯᠡᠯ ᠤᠨ ᠴᠢᠬᠤᠯᠠ ᠡᠯᠧᠮᠧᠨ᠋ᠲ ᠪᠣᠯᠣᠨ᠎ᠠ᠃ ᠮᠠᠯᠵᠢᠬᠤ ᠲᠠᠷᠢᠶᠠᠯᠠᠬᠤ ᠣᠷᠣᠨ ᠤ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢᠨ ᠡᠬᠢ ᠪᠠᠶᠠᠯᠢᠭ ᠢ ᠠᠮᠢᠳᠤᠯᠢᠭᠵᠢᠭᠤᠯᠵᠤ᠂ ᠭᠠᠵᠠᠷ ᠰᠢᠷᠣᠢ ᠶᠢ ᠡᠷᠴᠢᠮᠵᠢᠭᠦᠯᠦᠨ ᠠᠷᠪᠢᠯᠠᠨ ᠬᠡᠷᠡᠭᠯᠡᠬᠦ ᠲᠦᠪᠰᠢᠨ ᠢ ᠳᠡᠭᠡᠭᠰᠢᠯᠡᠭᠦᠯᠭᠦ ᠳᠤ᠂ ᠭᠠᠵᠠᠷ ᠰᠢᠷᠣᠢ ᠶᠢ ᠡᠵᠡᠩᠨᠡᠬᠦ ᠣᠶᠢᠯᠠᠭᠠᠭᠳᠠᠬᠤᠨ ᠢ ᠴᠢᠩᠭᠠᠷᠠᠭᠤᠯᠤᠨ᠂ ᠴᠢᠨᠠᠷ ᠢ ᠲᠣᠭᠲᠠᠭᠠᠬᠤ᠂ ᠡᠷᠬᠡ ᠶᠢ ᠨᠤᠲᠠᠯᠠᠬᠤ᠂ ᠡᠮᠬᠢᠯᠡᠬᠦ᠂ ᠠᠷᠠᠯᠵᠢᠶᠠᠯᠠᠬᠤ᠂ ᠬᠡᠷᠡᠭᠯᠡᠬᠦ᠂ ᠦᠢᠯᠡᠳᠪᠦᠷᠢᠯᠡᠬᠦ᠂ ᠠᠰᠢᠭ ᠣᠷᠣᠯᠭ᠎ᠠ ᠶᠢ ᠬᠤᠪᠢᠶᠠᠷᠢᠯᠠᠬᠤ ᠪᠦᠭᠦ ᠬᠡᠯᠬᠢᠶᠡᠨ ᠤ ᠲᠠᠯ᠎ᠠ ᠎ ᠠᠴᠠ ᠭᠠᠵᠠᠷ ᠰᠢᠷᠣᠢ ᠶᠢᠨ ᠠᠰᠠᠭᠤᠳᠠᠯ ᠢ ᠰᠤᠳᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠵᠠᠬ᠎ᠠ ᠳᠡᠯᠭᠡᠭᠦᠷ ᠲᠤ ᠣᠷᠣᠭᠤᠯᠬᠤ ᠲᠤᠷᠰᠢᠯᠲᠠ ᠶᠢᠨ ᠠᠵᠢᠯ ᠢ ᠡᠮᠬᠢ ᠵᠢᠷᠤᠮ ᠲᠠᠢ ᠥᠷᠨᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠪᠠᠷ ᠦᠯᠡᠳᠡᠭᠡᠵᠦ ᠪᠠᠶᠢᠭ᠎ᠠ ᠭᠠᠵᠠᠷ ᠰᠢᠷᠣᠢ ᠶᠢ ᠯᠠᠪᠳᠠᠭᠤᠨ ᠢᠶᠠᠷ ᠠᠮᠢᠳᠤᠯᠢᠭᠵᠢᠭᠤᠯᠤᠨ ᠠᠰᠢᠭᠯᠠᠵᠤ᠂ ︽ᠬᠥᠨᠳᠡᠶᠢᠷᠡᠭᠰᠡᠨ ᠲᠣᠰᠬᠤᠨ︾᠎ ᠤ ᠵᠠᠰᠠᠯᠲᠠ ᠶᠢ ᠭᠦᠨᠵᠡᠭᠡᠢ ᠠᠬᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠴᠢᠩᠭᠠᠷᠠᠭᠤᠯᠬᠤ ᠬᠡᠷᠡᠭᠲᠡᠢ᠃      ᠰᠤᠯᠠ ᠲᠠᠯᠪᠢᠭᠳᠠᠵᠤ ᠪᠠᠶᠢᠭ᠎ᠠ ᠡᠬᠢ ᠪᠠᠶᠠᠯᠢᠭ ᠢ ᠬᠡᠷᠡᠭᠯᠡᠵᠦ᠂ ᠰᠤᠯᠠ ᠲᠠᠯᠪᠢᠭᠳᠠᠵᠤ ᠪᠠᠶᠢᠭ᠎ᠠ ᠡᠬᠢ ᠪᠠᠶᠠᠯᠢᠭ ᠢ ᠰᠡᠷᠭᠦᠭᠡᠬᠦ ᠳᠤ ᠡᠷᠬᠡᠪᠰᠢ ᠤᠯᠤᠰ ᠤᠨ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠵᠣᠷᠢᠭᠲᠠᠢ ᠪᠠᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠬᠡᠷᠡᠭᠲᠡᠢ᠃ ᠭᠠᠵᠠᠷ ᠰᠢᠷᠣᠢ᠂ ᠬᠠᠳᠤᠯᠠᠩ ᠪᠡᠯᠴᠢᠭᠡᠷ ᠤᠨ ᠡᠵᠡᠩᠨᠡᠯᠲᠡ ᠶᠢᠨ ᠡᠷᠬᠡ ᠶᠢ ᠡᠷᠭᠢᠯᠳᠦᠭᠦᠯᠦᠨ ᠰᠢᠯᠵᠢᠭᠦᠯᠬᠦ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠦ᠂ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠤᠨ ᠡᠷᠬᠡ ᠶᠢ ᠨᠤᠲᠠᠯᠠᠵᠤ ᠳᠠᠩᠰᠠᠯᠠᠨ ᠦᠨᠡᠮᠯᠡᠯ ᠣᠯᠭᠤᠬᠤ ᠶᠠᠪᠤᠳᠠᠯ ᠢ ᠠᠬᠢᠭᠤᠯᠤᠭᠰᠠᠨ ᠰᠠᠭᠤᠷᠢᠨ ᠳᠡᠭᠡᠷ᠎ᠡ᠂ ᠥᠨᠳᠥᠷ ᠦᠷ᠎ᠡ ᠪᠦᠲᠦᠮᠵᠢᠲᠡᠶ ᠠᠰᠢᠭᠯᠠᠬᠤ ᠲᠤᠷᠰᠢᠯᠲᠠ ᠶᠢᠨ ᠠᠵᠢᠯ ᠢ ᠰᠦᠪᠡᠭᠴᠢᠯᠡᠨ ᠥᠷᠨᠢᠭᠦᠯᠬᠦ ᠬᠡᠷᠡᠭᠲᠡᠢ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠳᠠᠪᠠᠭᠤᠯᠢᠭ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠠᠭᠠᠳᠬᠠᠯ ᠢ ᠥᠷᠨᠢᠭᠦᠯᠵᠦ ᠂ ᠨᠥᠬᠦᠴᠡᠯ ᠳᠤ ᠨᠡᠶᠢᠴᠡᠬᠦ ᠲᠠᠷᠢᠶᠠᠯᠠᠩ ᠮᠠᠯ ᠠᠵᠤ ᠠᠬᠤᠢ ᠶᠢᠨ ᠳᠠᠭᠠᠳᠬᠠᠯ ᠳᠤ ᠵᠣᠬᠢᠰᠲᠠᠢ ᠨᠥᠬᠦᠪᠦᠷᠢ ᠥᠭᠬᠦ ᠬᠡᠷᠡᠭᠲᠡᠢ᠃      ᠮᠠᠯᠵᠢᠬᠤ ᠲᠠᠷᠢᠶᠠᠯᠠᠬᠤ ᠣᠷᠣᠨ ᠤ ᠭᠤᠣᠯᠳᠠᠯᠭ᠎ᠠ ᠲᠠᠢ ᠬᠦᠷᠢᠶ᠎ᠡ ᠪᠣᠯᠣᠨ ᠵᠠᠩᠭᠢᠯᠠᠭ᠎ᠠ ᠶᠢᠨ ᠭᠤᠭᠴᠣᠭᠠᠨ ᠤ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠡᠬᠢ ᠪᠠᠶᠠᠯᠢᠭ ᠤᠨ ᠡᠯᠧᠮᠧᠨ᠋ᠲ ᠢ ᠬᠥᠭᠵᠢᠭᠡᠵᠦ᠂ ᠥᠷᠭᠡᠨ ᠣᠯᠠᠨ ᠮᠠᠯᠴᠢᠨ ᠲᠠᠷᠢᠶᠠᠴᠢᠨ ᠤ ᠢᠳᠡᠪᠬᠢᠵᠢᠯ ᠢ ᠳᠠᠶᠢᠴᠢᠯᠠᠵᠤ᠂ ᠮᠠᠯᠵᠢᠬᠤ ᠲᠠᠷᠢᠶᠠᠯᠠᠬᠤ ᠣᠷᠣᠨ ᠢ ᠬᠥᠭᠵᠢᠭᠦᠯᠦᠨ ᠮᠠᠨᠳᠤᠭᠤᠯᠬᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠪᠠᠯ᠂ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠵᠤ᠂ ᠥᠪᠥᠷ ᠮᠣᠩᠭᠤᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠣᠲᠣ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠵᠤ ᠴᠢᠳᠠᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号