ᠨᠡᠭᠡᠭᠡᠯᠲᠡᠲᠤ ᠬᠥᠭᠵᠢᠯᠲᠡ ᠶᠢᠨ ︽ᠤᠪᠠᠳᠢᠰ︾᠎ ᠢ ᠪᠠᠳᠠᠷᠠᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2024/3/26
      -ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠰᠠᠨᠠᠯ︾᠎ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠣᠳᠠᠲᠠᠶᠢᠵᠢᠭᠤᠯᠬᠤ ᠶᠢ ᠠᠬᠢᠭᠤᠯᠬᠤ ᠲᠤᠬᠠᠢ ᠰᠢᠷᠢᠰ ᠥᠭᠦᠯᠡᠮᠵᠢ 20                         ᠵᠢᠢ ᠬᠠᠢ ᠶᠠᠩ      ᠨᠡᠭᠡᠭᠡᠯᠲᠡ ᠬᠢᠬᠦ ᠪᠣᠯ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠵᠠᠮ ᠮᠥᠨ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ ᠎ ᠨᠢ ᠨᠡᠭᠡᠭᠡᠯᠲᠡ ᠬᠢᠬᠦ ᠶᠡᠭᠡ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠤ᠂ ᠮᠠᠨ ᠤ ᠣᠷᠣᠨ ᠤ ᠭᠠᠳᠠᠭᠠᠳᠤ ᠳᠤ ᠬᠠᠨᠳᠤᠭᠤᠯᠤᠭᠰᠠᠨ ︽ᠯᠤᠭᠰᠢᠭᠤᠨ ᠰᠤᠳᠠᠯ︾᠎ ᠢ ᠴᠢᠨᠠᠭᠰᠢᠳᠠ ᠨᠠᠪᠲᠠᠷᠡᠭᠦᠯᠵᠦ᠂ ᠳᠣᠲᠣᠭᠠᠳᠤ ᠶᠢᠨ ︽ᠵᠢᠵᠢᠭ ᠣᠷᠴᠢᠯ︾᠎ ᠢ ᠰᠢᠯᠤᠭᠤᠳᠬᠠᠨ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠠᠷᠭ᠎ᠠ ᠵᠠᠮ ᠢ ᠥᠷᠭᠡᠳᠬᠡᠵᠦ ᠲᠤᠯᠭᠠᠭᠤᠷᠢᠯᠠᠯ ᠬᠠᠩᠭᠠᠪᠠ᠃      ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠬᠤᠩᠭᠢᠯ ᠤᠨ ᠴᠢᠬᠤᠯᠠ ᠵᠠᠩᠭᠢᠯᠠᠭ᠎ᠠ ᠶᠢᠨ ᠴᠡᠭ ᠪᠣᠯᠤᠭᠰᠠᠨ ᠤ ᠬᠤᠪᠢ ᠳᠤ᠂ ᠤᠯᠤᠰ ᠤᠨ ᠪᠠᠷᠠᠭᠤᠨ ᠣᠷᠣᠨ ᠤ ᠡᠬᠡ ᠬᠠᠭᠤᠷᠠᠢ ᠳᠠᠯᠠᠢ ᠲᠠᠩᠭᠢᠰ ᠤᠨ ᠰᠢᠨ᠎ᠡ ᠵᠠᠮ ᠤᠨ ᠴᠢᠬᠤᠯᠠ ᠴᠣᠩᠬᠤᠪᠴᠢ ᠪᠣᠯᠤᠭᠰᠠᠨ ᠤ ᠬᠤᠪᠢ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠳᠤ ᠢᠳᠡᠪᠬᠢᠲᠡᠢ ᠠᠭᠤᠰᠤᠯᠴᠠᠵᠤ᠂ ᠨᠡᠭᠡᠭᠡᠯᠲᠡ ᠬᠢᠬᠦ ᠡᠨᠡ ᠬᠦ ᠶᠡᠭᠡ ᠶᠠᠪᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠬᠦ ᠳᠤ ᠥᠪᠥᠷ ᠮᠣᠩᠭᠤᠯ ᠵᠠᠶᠢᠯᠠᠭᠤᠯᠵᠤ ᠪᠣᠯᠣᠰᠢ ᠦᠭᠡᠢ ᠬᠠᠷᠢᠭᠤᠴᠠᠯᠭ᠎ᠠ ᠲᠠᠢ ᠶᠤᠮ᠃ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠨᠢ ᠵᠡᠭᠦᠨ᠂ ᠳᠤᠮᠳᠠ᠂ ᠪᠠᠷᠠᠭᠤᠨ 3 ᠵᠤᠷᠪᠤᠰ ᠭᠤᠣᠯ ᠪᠤᠯᠬᠤ ᠲᠡᠭᠡᠭᠡᠪᠦᠷᠢ ᠶᠢᠨ ᠶᠡᠭᠡ ᠵᠠᠮ ᠲᠠᠢ᠂ ᠡᠭᠦᠨ ᠳᠤ ᠥᠪᠥᠷ ᠮᠣᠩᠭᠤᠯ ᠤᠨ ᠮᠠᠨᠵᠤᠤᠷ ᠬᠢᠯᠢ ᠶᠢᠨ ᠪᠣᠭᠤᠮᠲᠠ ᠪᠠ ᠡᠷᠢᠶᠡᠨ ᠬᠤᠲᠠ ᠶᠢᠨ ᠬᠢᠯᠢ ᠶᠢᠨ ᠪᠣᠭᠤᠮᠲᠠ ᠨᠢ ᠲᠤᠰ ᠲᠤᠰ ᠵᠡᠭᠦᠨ ᠪᠠ ᠳᠤᠮᠳᠠ ᠱᠤᠭᠤᠮ ᠤᠨ ᠭᠤᠣᠯ ᠪᠤᠯᠬᠤ ᠬᠢᠯᠢ ᠶᠢᠨ ᠪᠣᠭᠤᠮᠲᠠ ᠪᠣᠯᠣᠨ᠎ᠠ᠃ ᠨᠡᠭᠡᠭᠡᠯᠲᠡ ᠬᠢᠬᠦ ᠶᠡᠭᠡ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠎ ᠳᠤ ᠡᠨᠡ ᠬᠤᠶᠠᠷ ᠬᠢᠯᠢ ᠶᠢᠨ ᠪᠣᠭᠤᠮᠲᠠ ᠪᠠᠷ ᠰᠠᠭᠤᠷᠢ ᠪᠣᠯᠭᠠᠨ᠂ ᠵᠡᠭᠦᠨ ᠱᠤᠭᠤᠮ᠂ ᠳᠤᠮᠳᠠ ᠱᠤᠭᠤᠮ ᠳᠤ ᠮᠠᠨᠵᠤᠤᠷ ᠬᠢᠯᠢ ᠶᠢᠨ ᠪᠣᠭᠤᠮᠲᠠ᠂ ᠡᠷᠢᠶᠡᠨ ᠬᠤᠲᠠ ᠶᠢᠨ ᠬᠢᠯᠢ ᠶᠢᠨ ᠪᠣᠭᠤᠮᠲᠠ ᠪᠠᠷ ᠲᠤᠰ ᠲᠤᠰ ᠵᠠᠩᠭᠢᠯᠠᠭ᠎ᠠ ᠶᠢᠨ ᠴᠡᠭ ᠪᠤᠯᠭᠠᠵᠤ᠂ ᠳᠣᠲᠣᠭᠠᠳᠤ ᠳᠠᠭᠠᠨ ᠪᠡᠭᠡᠵᠢᠩ ᠲᠢᠶᠠᠨᠵᠢᠨ ᠾᠧᠪᠧᠢ ᠶᠢ ᠬᠤᠯᠪᠣᠭᠰᠠᠨ᠂ ᠭᠠᠳᠠᠭᠰᠢ ᠪᠠᠨ ᠣᠷᠣᠰ ᠮᠣᠩᠭᠤᠯ ᠡᠸᠦ᠋ᠷᠦᠫᠡ ᠲᠢᠪ ᠲᠠᠢ ᠬᠤᠯᠪᠣᠯᠳᠤᠭᠰᠠᠨ ᠨᠡᠭᠡᠭᠡᠯᠲᠡ ᠬᠢᠬᠦ ᠶᠡᠭᠡ ᠨᠡᠪᠲᠡᠷᠡᠬᠦ ᠵᠠᠮ ᠢ ᠴᠣᠭᠴᠠᠯᠠᠨ ᠪᠠᠶᠢᠭᠤᠯᠵᠤ᠂ ᠪᠠᠷᠠᠭ᠎ᠠ ᠶᠢ ᠪᠣᠭᠤᠮᠲᠠ ᠪᠠᠷ ᠥᠩᠭᠡᠷᠡᠭᠦᠯᠬᠦ᠂ ᠪᠠᠷᠠᠭᠠᠨ ᠤ ᠭᠦᠢᠯᠭᠡᠭᠡ ᠶᠢᠨ ᠠᠷᠠᠯᠵᠢᠶ᠎ᠠ ᠪᠣᠯᠣᠨ ᠦᠢᠯᠡᠳᠪᠦᠷᠢᠯᠡᠵᠦ ᠡᠳ᠋ᠰᠢᠭᠦᠯᠬᠦ ᠴᠢᠳᠠᠮᠵᠢ ᠶᠢ ᠲᠡᠭᠦᠯᠳᠡᠷᠵᠢᠭᠦᠯᠬᠦ ᠬᠡᠷᠡᠭᠲᠡᠢ᠃ ᠨᠡᠪᠲᠡᠷᠡᠬᠦ ᠵᠠᠮ ᠤᠨ ︽ᠯᠤᠭᠰᠢᠭᠤᠨ ᠰᠤᠳᠠᠯ︾᠎ ᠢ ᠲᠠᠰᠤᠷᠠᠯᠲᠠ ᠦᠭᠡᠢ ᠨᠠᠪᠲᠠᠷᠡᠭᠦᠯᠵᠦ᠂ ᠢᠵᠢ ᠪᠦᠷᠢᠳᠦᠭᠦᠯᠦᠭᠰᠡᠨ ᠲᠥᠬᠦᠭᠡᠷᠦᠮᠵᠢ ᠶᠢᠨ ︽ᠬᠢᠯᠭᠠᠰᠤᠨ ᠰᠤᠳᠠᠯ︾᠎ ᠢ ᠨᠡᠪᠲᠡᠷᠡᠭᠦᠯᠦᠨ᠂ ᠥᠪᠥᠷ ᠮᠣᠩᠭᠤᠯ ᠤᠨ ᠳᠣᠲᠣᠭᠠᠳᠤ ᠭᠠᠳᠠᠭᠠᠳᠤ ᠶᠢ ᠬᠤᠯᠪᠣᠬᠤ ᠵᠠᠩᠭᠢᠯᠠᠭ᠎ᠠ ᠶᠢᠨ ᠦᠢᠯᠡᠳᠦᠯ ᠢ ᠦᠨᠡᠨ ᠬᠦ ᠪᠠᠳᠠᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨ᠎ᠡ ᠣᠷᠣᠨ ᠵᠠᠢ ᠨᠡᠭᠡᠭᠡᠨ᠂ ᠰᠢᠨ᠎ᠡ ᠬᠥᠳᠡᠯᠭᠡᠬᠦ ᠬᠦᠴᠦᠨ ᠢ ᠬᠥᠭᠵᠢᠭᠡᠵᠦ᠂ ᠰᠢᠨ᠎ᠡ ᠶᠢ ᠡᠭᠦᠳᠬᠦ ᠳᠠᠪᠠᠭᠤᠯᠢᠭ ᠢ ᠨᠡᠮᠡᠭᠳᠡᠭᠦᠯᠬᠦ ᠬᠡᠷᠡᠭᠲᠡᠢ᠃      ᠨᠡᠪᠲᠡᠷᠡᠬᠦ ᠵᠠᠮ ᠤᠨ ᠳᠠᠪᠠᠭᠤᠯᠢᠭ ᠤᠨ ᠭᠤᠣᠯᠳᠠᠯᠭ᠎ᠠ ᠨᠢ ᠬᠤᠯᠪᠣᠨ ᠨᠡᠪᠲᠡᠷᠡᠭᠦᠯᠬᠦ ᠳᠤ ᠪᠤᠢ᠂ ᠦᠷ᠎ᠡ ᠪᠦᠲᠦᠮᠵᠢ ᠭᠠᠷᠭᠠᠬᠤ ᠳᠤ ᠪᠤᠢ᠃ ᠨᠡᠩ ᠶᠡᠭᠡ ᠬᠡᠪᠴᠢᠶ᠎ᠡ᠂ ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ ᠠᠴᠠ ᠪᠦᠭᠦ ᠲᠠᠯ᠎ᠠ ᠶᠢᠨ ᠨᠡᠭᠡᠭᠡᠯᠲᠡ ᠶᠢ ᠠᠬᠢᠭᠤᠯᠬᠤ ᠳᠤ᠂ ᠥᠪᠥᠷ ᠮᠣᠩᠭᠤᠯ ᠤᠨ ᠣᠷᠣᠨ ᠪᠠᠶᠢᠷᠢ ᠶᠢᠨ ᠳᠠᠪᠠᠭᠤᠯᠢᠭ ᠢ ᠨᠡᠭᠡᠭᠡᠯᠲᠡᠲᠤ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠨᠢ ᠨᠡᠩ ᠴᠢᠬᠤᠯᠠ ᠶᠤᠮ᠃ ᠮᠠᠨᠵᠤᠤᠷ᠂ ᠡᠷᠢᠶᠡᠨ ᠬᠤᠳᠠ ᠶᠢᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠥᠪᠥᠷ ᠮᠣᠩᠭᠤᠯ ᠤᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢ ᠠᠶᠠᠯᠠᠭᠤᠯᠬᠤ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠵᠤ᠂ ᠤᠯᠠᠭᠠᠨᠴᠠᠪ ᠤᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢ ᠲᠥᠪᠯᠡᠷᠡᠭᠦᠯᠦᠨ ᠲᠠᠷᠬᠠᠭᠠᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠭᠠᠭᠴᠠᠮᠣᠳᠤ᠂ ᠴᠡᠭᠡ ᠵᠡᠷᠭᠡ ᠬᠢᠯᠢ ᠶᠢᠨ ᠪᠣᠭᠤᠮᠲᠠ ᠶᠢᠨ ᠬᠢᠯᠢ ᠠᠯᠤᠰᠯᠠᠭᠰᠠᠨ ᠲᠡᠮᠦᠷ ᠵᠠᠮ ᠤᠨ ᠡᠮᠦᠨᠡᠬᠢ ᠬᠤᠭᠤᠴᠠᠭᠠᠨ ᠤ ᠰᠤᠳᠤᠯᠭᠠᠨ ᠪᠠ ᠪᠦᠲᠦᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠵᠤ᠂ ︽ᠣᠶᠤᠨᠴᠢ ᠬᠢᠯᠢ ᠶᠢᠨ ᠪᠣᠭᠤᠮᠲᠠ︾᠂ ︽ᠲᠣᠭᠠᠴᠢᠯᠠᠭᠰᠠᠨ ᠤᠯᠤᠰ ᠤᠨ ᠡᠭᠦᠳᠡ︾᠎ ᠶᠢᠨ ᠲᠤᠷᠰᠢᠯᠲᠠ ᠶᠢᠨ ᠴᠡᠭ ᠤᠨ ᠠᠵᠢᠯ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠂ ᠬᠢᠯᠢ ᠶᠢᠨ ᠪᠣᠭᠤᠮᠲᠠ ᠪᠠᠷ ᠥᠩᠭᠡᠷᠡᠬᠦ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃      ᠨᠡᠪᠲᠡᠷᠡᠬᠦ ᠵᠠᠮ ᠢᠶᠠᠷ ᠬᠥᠲᠥᠯᠥᠮᠵᠢ ᠪᠤᠯᠭᠠᠵᠤ᠂ ᠵᠠᠮ ᠳᠠᠭᠠᠤ ᠶᠢᠨ ᠬᠤᠳᠠ᠂ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠴᠢᠬᠤᠯᠠ ᠬᠢᠯᠢ ᠶᠢᠨ ᠪᠣᠭᠤᠮᠲᠠ ᠵᠡᠷᠭᠡ ᠶᠢ ᠬᠤᠯᠪᠣᠵᠤ᠂ ᠨᠡᠭᠡᠭᠡᠯᠲᠡ ᠶᠢᠨ ᠳᠤᠮᠳᠠ ᠬᠥᠭᠵᠢᠭᠦᠯᠵᠦ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠦᠷᠳᠡᠪᠡᠯ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠯᠠᠪᠲᠠᠢ ᠨᠡᠩ ᠰᠡᠬᠦᠶᠢᠨ ᠰᠦᠨᠳᠡᠷᠯᠡᠵᠦ᠂ ᠠᠮᠢᠵᠢᠷᠠᠯ ᠤᠨ ᠬᠦᠴᠦᠨ ᠬᠢᠵᠠᠭᠠᠯᠠᠰᠢ ᠦᠭᠡᠢ ᠪᠤᠯᠬᠤ ᠶᠤᠮ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号