ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠢ ᠪᠦᠲᠦᠭᠡᠨ ᠪᠠᠶᠢᠭᠤᠯᠰᠤᠭᠠᠢ
ᠨᠡᠶᠢᠲᠡᠯᠡᠭᠰᠡᠨ ᠴᠠᠭ᠄
2024/3/26
            - ᠶᠡᠷᠦᠩᠬᠡᠢ ᠱᠦᠵᠢ ᠰᠢ ᠶᠢᠨ ᠫᠢᠩ ᠤᠨ ᠮᠤᠵᠢ ᠶᠠᠮᠤᠨ ᠤ ᠲᠡᠰ ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ          ᠠᠩᠭᠢ ᠳᠤ ᠲᠠᠯᠪᠢᠭᠰᠠᠨ ᠴᠢᠬᠤᠯᠠ ᠶᠠᠷᠢᠶ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ ᠨᠢ               ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ      ᠮᠥᠩᠭᠦᠨ ᠭᠦᠢᠯᠭᠡᠭᠡ ᠪᠣᠯ ᠤᠯᠤᠰ ᠠᠷᠠᠳ ᠤᠨ ᠠᠵᠤ ᠠᠬᠤᠢ ᠶᠢᠨ ᠠᠮᠢᠨ ᠰᠤᠳᠠᠰᠤ ᠮᠥᠨ᠂ ᠤᠯᠤᠰ ᠤᠨ ᠭᠤᠣᠯᠯᠠᠬᠤ ᠥᠷᠢᠰᠦᠯᠳᠦᠬᠦ ᠬᠦᠴᠦᠨ ᠤ ᠴᠢᠬᠤᠯᠠ ᠪᠦᠷᠢᠯᠳᠦᠭᠦᠨ ᠬᠡᠰᠡᠭ ᠮᠥᠨ᠃ ᠮᠤᠵᠢ ᠶᠠᠮᠤᠨ ᠤ ᠲᠠᠰ ᠤᠨ ᠭᠤᠣᠯ ᠤᠳᠤᠷᠢᠳᠬᠤ ᠺᠠᠳ᠋ᠷ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ᠂ ᠶᠡᠷᠦᠩᠬᠡᠢ ᠱᠦᠵᠢ ᠰᠢ ᠎ ᠶᠢᠨ ᠫᠢᠩ ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠡᠭᠦᠷᠭᠡ᠂ ᠦᠢᠯᠡᠳᠦᠯᠭᠡ ᠶᠢᠨ ᠱᠠᠭᠠᠷᠳᠠᠯᠭ᠎ᠠ ᠵᠡᠷᠭᠡ ᠴᠢᠬᠤᠯᠠ ᠶᠡᠭᠡ ᠠᠰᠠᠭᠤᠳᠠᠯ ᠢ ᠭᠦᠨᠵᠡᠭᠡᠢ ᠲᠣᠳᠣᠷᠬᠠᠶᠢᠯᠠᠨ ᠲᠠᠶᠢᠯᠪᠤᠷᠢᠯᠠᠵᠤ᠂ ︽ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠣᠷᠳᠣ ᠬᠤᠭᠤᠴᠠᠭ᠎ᠠ ᠪᠠᠷ ᠴᠢᠷᠮᠠᠶᠢᠵᠤ᠂ ᠤᠳᠠᠭᠠᠨ ᠳᠠᠭᠠᠭᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ︾᠂ ︽ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ ᠣᠲᠣ ᠦᠶ᠎ᠡ ᠶᠢᠨ ᠮᠥᠩᠭᠦᠨ ᠭᠦᠢᠯᠭᠡᠭᠡᠨ ᠤ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ︾ ᠭᠡᠵᠦ ᠴᠢᠬᠤᠯᠠᠴᠢᠯᠠᠪᠠ᠃      ᠮᠥᠩᠭᠦᠨ ᠭᠦᠢᠯᠭᠡᠭᠡ ᠠᠮᠢᠵᠢᠷᠠᠯ ᠤᠨ ᠬᠦᠴᠦᠨ ᠲᠠᠢ ᠪᠣᠯᠪᠠᠯ ᠠᠵᠤ ᠠᠬᠤᠢ ᠠᠮᠢᠵᠢᠷᠠᠯ ᠤᠨ ᠬᠦᠴᠦᠨ ᠲᠠᠢ ᠪᠤᠯᠤᠨ᠎ᠠ᠂ ᠮᠥᠩᠭᠦᠨ ᠭᠦᠢᠯᠭᠡᠭᠡ ᠲᠣᠭᠲᠠᠭᠤᠨ ᠪᠣᠯ ᠠᠵᠤ ᠠᠬᠤᠢ ᠲᠣᠭᠲᠠᠭᠤᠨ ᠪᠠᠶᠢᠳᠠᠭ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠮᠠᠨ ᠤ ᠤᠯᠤᠰ ᠤᠨ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠴᠢᠬᠤᠯᠠ ᠶᠡᠭᠡ ᠰᠢᠨ᠎ᠡ ᠠᠮᠵᠢᠯᠲᠠ ᠪᠦᠲᠦᠮᠵᠢ ᠣᠯᠵᠤ᠂ ᠮᠥᠩᠭᠦᠨ ᠭᠦᠢᠯᠭᠡᠭᠡᠨ ᠤ ᠦᠢᠯᠡᠰ ᠲᠦᠷᠭᠡᠨ ᠬᠥᠭᠵᠢᠯᠲᠡ ᠪᠠᠨ ᠪᠠᠲᠤᠯᠠᠵᠤ᠂ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠨᠡᠭᠡᠭᠡᠯᠲᠡ ᠡᠮᠬᠢ ᠵᠢᠷᠤᠮ ᠲᠠᠢ ᠪᠠᠷ ᠠᠬᠢᠵᠤ᠂ ᠮᠥᠩᠭᠦᠨ ᠭᠦᠢᠯᠭᠡᠭᠡᠨ ᠤ ᠪᠦᠲᠦᠭᠡᠭᠳᠡᠬᠦᠨ ᠡᠳᠦᠷ ᠢᠷᠡᠬᠦᠶ᠎ᠡ ᠪᠠᠶᠠᠯᠢᠭᠵᠢᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠦᠭᠡᠮᠡᠯ ᠬᠠᠷᠠᠭᠠᠯᠵᠠᠯ ᠤᠨ ᠴᠢᠨᠠᠷ ᠴᠢᠩᠭᠠᠷᠠᠵᠤ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠰᠠᠶᠢᠵᠢᠷᠠᠭᠤᠯᠵᠤ᠂ ᠮᠥᠩᠭᠦᠨ ᠭᠦᠢᠯᠭᠡᠭᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠪᠠ ᠦᠷ᠎ᠡ ᠪᠦᠲᠦᠮᠵᠢ ᠶᠡᠭᠡ ᠪᠠᠷ ᠳᠡᠭᠡᠭᠰᠢᠯᠡᠵᠦ᠂ ᠮᠥᠩᠭᠦᠨ ᠭᠦᠢᠯᠭᠡᠭᠡ ᠨᠢ ᠠᠵᠤ ᠠᠬᠤᠢ ᠶᠢᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠲᠡᠮᠡᠴᠡᠨ ᠣᠯᠬᠤ ᠶᠢ ᠳᠡᠮᠵᠢᠬᠦ᠂ ᠠᠷᠠᠳ ᠣᠯᠠᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠵᠡᠷᠭᠡ ᠲᠠᠯ᠎ᠠ ᠪᠠᠷ ᠴᠢᠬᠤᠯᠠ ᠲᠤᠯᠭᠠᠭᠤᠷᠢᠯᠠᠬᠤ ᠦᠢᠯᠡᠳᠦᠯ ᠦᠵᠡᠭᠦᠯᠵᠦ᠂ ᠴᠢᠨᠡᠭᠡᠯᠢᠭ ᠨᠡᠶᠢᠭᠡᠮ ᠢ ᠬᠤᠭᠤᠴᠠᠭ᠎ᠠ ᠶᠣᠰᠣᠭᠠᠷ ᠪᠦᠭᠦ ᠲᠠᠯ᠎ᠠ ᠪᠠᠷ ᠪᠡᠶᠡᠯᠡᠭᠦᠯᠬᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠣᠳᠣᠬᠠᠨ ᠳᠤ᠂ ᠮᠠᠨ ᠤ ᠤᠯᠤᠰ ᠨᠢᠭᠡᠨᠲᠡ ᠳᠡᠯᠡᠬᠡᠢ ᠶᠢᠨ ᠮᠥᠩᠭᠦᠨ ᠭᠦᠢᠯᠭᠡᠭᠡᠨ ᠤ ᠴᠢᠬᠤᠯᠠ ᠲᠣᠮᠣ ᠤᠯᠤᠰ ᠪᠣᠯᠵᠤ᠂ ᠪᠦᠭᠦ ᠪᠥᠮᠪᠥᠷᠴᠡᠭ ᠤᠨ ᠬᠠᠮᠤᠭ ᠤᠨ ᠲᠣᠮᠣ ᠪᠠᠩᠬᠢ ᠶᠢᠨ ᠰᠢᠰᠲ᠋ᠧᠮ᠂ ᠳᠠᠭᠠᠳᠬᠠᠯ᠂ ᠰᠲ᠋ᠣᠺ ᠪᠠ ᠵᠢᠭᠡᠯᠡᠯᠭᠡ ᠶᠢᠨ ᠲᠡᠮᠳᠡᠭᠲᠦ ᠶᠢᠨ ᠬᠤᠶᠠᠳᠤᠭᠠᠷ ᠲᠣᠮᠣ ᠵᠠᠬ᠎ᠠ ᠳᠡᠯᠭᠡᠭᠦᠷ ᠲᠠᠢ ᠪᠣᠯᠵᠤ᠂ ᠭᠠᠳᠠᠭᠠᠳᠤ ᠭᠤᠪᠢᠭᠤᠯᠭ᠎ᠠ ᠶᠢᠨ ᠨᠥᠭᠡᠴᠡ ᠶᠢᠨ ᠬᠡᠪᠴᠢᠶ᠎ᠡ ᠳᠡᠯᠡᠬᠡᠢ ᠶᠢᠨ ᠨᠢᠭᠡᠳᠦᠭᠡᠷ ᠲᠤ ᠯᠠᠪᠳᠠᠭᠤᠨ ᠢᠶᠠᠷ ᠣᠷᠣᠵᠤ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ ᠳᠡᠯᠡᠬᠡᠢ ᠶᠢᠨ ᠡᠮᠦᠨ᠎ᠡ ᠡᠩᠨᠡᠭᠡᠨ ᠳᠤ ᠶᠠᠪᠤᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠮᠥᠩᠭᠦᠨ ᠭᠦᠢᠯᠭᠡᠭᠡᠨ ᠤ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ᠂ ᠮᠥᠩᠭᠦᠨ ᠭᠦᠢᠯᠭᠡᠭᠡ ᠨᠢ ᠨᠢᠭᠡᠨᠲᠡ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠴᠢᠬᠤᠯᠠ ᠬᠦᠴᠦᠨ ᠪᠣᠯᠤᠭᠰᠠᠨ ᠪᠠᠶᠢᠨ᠎ᠠ᠃      ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠠᠴᠠ ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠬᠤ ᠬᠠᠷᠠᠯᠲᠠ ᠶᠢ ᠲᠣᠳᠣᠷᠬᠠᠢ ᠳᠤᠷᠠᠳᠴᠠᠢ᠂ ᠡᠨᠡ ᠪᠣᠯ ᠨᠠᠮ ᠤᠨ ᠲᠥᠪ ᠬᠤᠷᠢᠶ᠎ᠠ ᠠᠴᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠦᠭᠦ ᠲᠠᠯ᠎ᠠ ᠳᠤ ᠰᠠᠭᠤᠷᠢᠯᠠᠵᠤ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ᠎ᠠ᠃ ᠡᠨᠡ ᠤᠳᠠᠭ᠎ᠠ ᠶᠢᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠤᠨ ᠲᠤᠬᠠᠢ ᠭᠦᠨᠵᠡᠭᠡᠢ ᠲᠣᠳᠣᠷᠬᠠᠶᠢᠯᠠᠨ ᠥᠭᠦᠯᠡᠪᠡ᠄ ︽ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠨᠢ ᠬᠦᠴᠦᠷᠬᠡᠭ ᠶᠡᠭᠡ ᠠᠵᠤ ᠠᠬᠤᠢ ᠶᠢᠨ ᠰᠠᠭᠤᠷᠢ ᠳᠠᠭᠠᠨ ᠰᠠᠭᠤᠷᠢᠯᠠᠵᠤ᠂ ᠳᠡᠯᠡᠬᠡᠢ ᠶᠢᠨ ᠲᠡᠷᠢᠭᠦᠨ ᠤ ᠠᠵᠤ ᠠᠬᠤᠢ ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠳᠠᠲᠤ ᠬᠦᠴᠦᠨ ᠪᠣᠯᠣᠨ ᠶᠡᠷᠦᠩᠬᠡᠶᠢᠯᠡᠭᠰᠡᠨ ᠤᠯᠤᠰ ᠤᠨ ᠬᠦᠴᠦᠨ ᠲᠠᠢ ᠪᠠᠶᠢᠬᠤ ᠶᠢᠨ ᠬᠠᠮᠲᠤ ᠠᠯᠢ ᠤᠯᠠᠨ ᠵᠠᠩᠭᠢᠯᠠᠭ᠎ᠠ ᠶᠢᠨ ᠭᠤᠣᠯᠯᠠᠬᠤ ᠮᠥᠩᠭᠦᠨ ᠭᠦᠢᠯᠭᠡᠭᠡᠨ ᠤ ᠡᠯᠧᠮᠧᠨ᠋ᠲ ᠲᠠᠢ ᠪᠠᠶᠢᠬᠤ ᠬᠡᠷᠡᠭᠲᠡᠢ᠂ ᠲᠤᠬᠠᠶᠢᠯᠠᠪᠠᠯ᠄ ᠬᠦᠴᠦᠷᠬᠡᠭ ᠶᠡᠭᠡ ᠵᠣᠭᠤᠰ᠂ ᠬᠦᠴᠦᠷᠬᠡᠭ ᠶᠡᠭᠡ ᠲᠥᠪ ᠪᠠᠩᠬᠢ ᠂ ᠬᠦᠴᠦᠷᠬᠡᠭ ᠶᠡᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠬᠦᠴᠦᠷᠬᠡᠭ ᠶᠡᠭᠡ ᠤᠯᠠᠨ ᠤᠯᠤᠰ ᠤᠨ ᠮᠥᠩᠭᠦᠨ ᠭᠦᠢᠯᠭᠡᠭᠡᠨ ᠤ ᠲᠥᠪ᠂ ᠬᠦᠴᠦᠷᠬᠡᠭ ᠶᠡᠭᠡ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ᠂ ᠬᠦᠴᠦᠷᠬᠡᠭ ᠶᠡᠭᠡ ᠮᠥᠩᠭᠦᠨ ᠭᠦᠢᠯᠭᠡᠭᠡᠨ ᠤ ᠴᠢᠳᠠᠪᠤᠷᠢᠲᠠᠨ ᠤ ᠡᠩᠨᠡᠭᠡ ᠲᠠᠢ ᠪᠠᠶᠢᠬᠤ ᠬᠡᠷᠡᠭᠲᠡᠢ︾᠃ ᠡᠨᠡ ᠨᠢ ᠰᠢᠨ᠎ᠡ ᠠᠶᠠᠨ ᠳᠤ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠢ ᠪᠠᠶᠢᠭᠤᠯᠬᠤ ᠳᠤ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠴᠢᠨᠠᠭᠰᠢᠳᠠ ᠲᠣᠳᠣᠷᠬᠠᠶᠢᠯᠠᠵᠤ᠂ ᠤᠷᠤᠭᠰᠢᠯᠠᠬᠤ ᠴᠢᠭᠯᠡᠯ ᠢ ᠵᠢᠭᠠᠵᠤ ᠥᠭᠴᠡᠢ᠃ ᠪᠢᠳᠡ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠬᠡᠬᠦᠳᠡᠭ ᠴᠡᠭᠡᠵᠢᠨ ᠳᠡᠭᠡᠨ ︽ᠤᠯᠤᠰ ᠤᠨ ᠶᠡᠭᠡ ᠶᠠᠪᠤᠳᠠᠯ︾᠎ ᠢ ᠪᠠᠭᠲᠠᠭᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠮᠠᠨ ᠤ ᠤᠯᠤᠰ ᠤᠨ ᠮᠥᠩᠭᠦᠨ ᠭᠦᠢᠯᠭᠡᠭᠡᠨ ᠤ ᠬᠥᠭᠵᠢᠯᠲᠡ ᠳᠤ ᠲᠤᠯᠭᠠᠷᠠᠵᠤ ᠪᠠᠶᠢᠭ᠎ᠠ ᠪᠠᠶᠢᠳᠠᠯ ᠡᠭᠦᠷᠭᠡ ᠶᠢ ᠵᠥᠪ ᠲᠠᠨᠢᠵᠤ᠂ ᠮᠥᠩᠭᠦᠨ ᠭᠦᠢᠯᠭᠡᠭᠡᠨ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠪᠤᠳᠣᠯ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠨᠠᠩ ᠡᠷᠡᠰ ᠪᠠᠲᠤ ᠣᠪᠣᠷ᠂ ᠨᠠᠩ ᠤᠬᠠᠮᠰᠠᠷᠲᠤ ᠠᠵᠢᠯᠯᠠᠭ᠎ᠠ᠂ ᠨᠠᠩ ᠬᠦᠴᠦᠲᠡᠢ ᠠᠷᠭ᠎ᠠ ᠬᠡᠮᠵᠢᠶ᠎ᠡ ᠪᠠᠷ ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠭᠤᠶᠢᠪᠢᠰᠢ ᠦᠭᠡᠢ ᠪᠠᠷ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃       ︽ᠬᠥᠲᠥᠯᠪᠦᠷᠢ ᠪᠠ ᠤᠭ ᠦᠨᠳᠦᠰᠦ ᠶᠢ ᠠᠳᠬᠤᠪᠠᠯ ᠠᠯᠢᠪᠠ ᠪᠦᠭᠦᠨ ᠠᠶᠠᠨᠳᠠᠭᠠᠨ ᠰᠢᠢᠳᠪᠦᠷᠢᠯᠡᠭᠳᠡᠨ᠎ᠡ︾ ᠃ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠤᠯᠤᠰ ᠤᠨ ᠣᠨᠴᠠᠯᠢᠭ ᠲᠠᠢ ᠤᠳᠤ ᠦᠶ᠎ᠡ ᠶᠢᠨ ᠮᠥᠩᠭᠦᠨ ᠭᠦᠢᠯᠭᠡᠭᠡᠨ ᠤ ᠰᠢᠰᠲ᠋ᠧᠮ ᠢ ᠲᠦᠷᠭᠡᠳᠬᠡᠨ ᠪᠠᠶᠢᠭᠤᠯᠬᠤ ᠲᠠᠢ ᠤᠶᠠᠯᠳᠤᠭᠤᠯᠤᠨ ᠴᠢᠬᠤᠯᠠ ᠪᠠᠶᠢᠷᠢᠯᠠᠭᠤᠯᠤᠯᠲᠠ ᠬᠢᠵᠦ᠂ ︽ᠰᠢᠨᠵᠢᠯᠡᠬᠦ ᠤᠬᠠᠭᠠᠨᠴᠢ ᠪᠥᠭᠡᠳ ᠯᠠᠪᠳᠠᠭᠤᠨ ᠲᠣᠭᠲᠠᠭᠤᠨ ᠮᠥᠩᠭᠦᠨ ᠭᠦᠢᠯᠭᠡᠭᠡᠨ ᠤ ᠲᠣᠬᠢᠷᠠᠭᠤᠯᠤᠯ ᠡᠵᠡᠮᠳᠡᠯ ᠤᠨ ᠰᠢᠰᠲ᠋ᠧᠮ᠂ ᠪᠦᠲᠦᠴᠡ ᠨᠢ ᠵᠦᠢ ᠵᠣᠬᠢᠰᠲᠠᠢ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠰᠢᠰᠲ᠋ᠧᠮ᠂ ᠠᠵᠢᠯ ᠬᠤᠪᠢᠶᠠᠷᠢᠯᠠᠨ ᠬᠠᠮᠵᠢᠯᠴᠠᠬᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠰᠢᠰᠲ᠋ᠧᠮ᠂ ᠪᠦᠷᠢᠨ ᠲᠡᠭᠦᠯᠳᠡᠷ ᠪᠥᠭᠡᠳ ᠪᠦᠲᠦᠮᠵᠢᠲᠡᠢ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ᠂ ᠤᠯᠠᠨ ᠶᠠᠩᠵᠤᠴᠢᠯᠠᠭᠰᠠᠨ ᠲᠤᠰᠬᠠᠢ ᠮᠡᠷᠭᠡᠵᠢᠯ ᠤᠨ ᠴᠢᠨᠠᠷᠲᠠᠢ ᠮᠥᠩᠭᠦᠨ ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡᠨ ᠤ ᠰᠢᠰᠲ᠋ᠧᠮ᠂ ᠪᠡᠶ᠎ᠡ ᠪᠠᠨ ᠳᠠᠭᠠᠭᠠᠵᠤ ᠡᠵᠡᠮᠳᠡᠵᠦ ᠪᠤᠯᠬᠤ ᠠᠮᠤᠷ ᠲᠦᠪᠰᠢᠨ ᠪᠥᠭᠡᠳ ᠥᠨᠳᠥᠷ ᠪᠦᠲᠦᠮᠵᠢᠲᠡᠢ ᠮᠥᠩᠭᠦᠨ ᠭᠦᠢᠯᠭᠡᠭᠡᠨ ᠤ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ︾ ᠭᠡᠵᠦ ᠴᠢᠬᠤᠯᠠᠴᠢᠯᠠᠪᠠ᠂ ᠡᠨᠡ ᠨᠢ ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠣᠲᠣᠭᠠᠳᠤ ᠱᠠᠭᠠᠷᠳᠠᠯᠭ᠎ᠠ᠂ ᠦᠢᠯᠡᠳᠦᠯᠭᠡ ᠶᠢᠨ ᠠᠷᠭ᠎ᠠ ᠵᠠᠮ ᠪᠠ ᠭᠤᠣᠯ ᠰᠢᠪᠲᠤᠯᠬᠤ ᠴᠢᠭᠯᠡᠯ ᠢ ᠭᠦᠨᠵᠡᠭᠡᠢ ᠢᠯᠡᠷᠡᠭᠦᠯᠦᠭᠰᠡᠨ ᠪᠠᠶᠢᠨ᠎ᠠ᠃ ᠪᠢᠳᠡ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠨᠢᠭᠡᠳᠬᠡᠵᠦ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ᠃ ᠵᠣᠭᠤᠰ ᠮᠥᠩᠭᠦᠨ ᠭᠦᠢᠯᠭᠡᠭᠡᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠬᠦᠴᠦᠯᠡᠨ ᠪᠤᠢ ᠪᠤᠯᠭᠠᠵᠤ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠭᠤᠣᠯᠳᠠᠯᠭ᠎ᠠ ᠲᠠᠢ ᠬᠦᠷᠢᠶ᠎ᠡ ᠪᠠ ᠪᠠᠭᠤᠷᠠᠢ ᠭᠤᠭᠴᠤᠭ᠎ᠠ ᠳᠠᠬᠢ ᠰᠢᠯᠢᠳᠡᠭ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠦᠨᠡᠨ ᠬᠦ ᠴᠢᠩᠭᠠᠳᠬᠠᠨ᠂ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠲᠣᠭᠲᠠᠭᠤᠨ ᠴᠢᠨᠠᠷ ᠢ ᠢᠮᠠᠭᠲᠠ ᠪᠠᠲᠤᠯᠠᠵᠤ ᠂ ᠪᠡᠯᠡ ᠮᠥᠩᠭᠦ ᠶᠢᠨ ᠬᠠᠩᠭᠠᠯᠭ᠎ᠠ ᠶᠢᠨ ᠪᠦᠲᠦᠴᠡ ᠶᠢ ᠰᠢᠯᠢᠳᠡᠭᠵᠢᠭᠦᠯᠦᠨ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡ᠂ ᠪᠣᠬᠢᠷᠳᠤᠯ ᠦᠭᠡᠢ ᠮᠥᠩᠭᠦᠨ ᠭᠦᠢᠯᠭᠡᠭᠡ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ᠂ ᠨᠠᠰᠤᠵᠢᠯ ᠤᠨ ᠠᠰᠠᠷᠠᠮᠵᠢ ᠶᠢᠨ ᠮᠥᠩᠭᠦᠨ ᠭᠦᠢᠯᠭᠡᠭᠡ᠂ ᠲᠣᠭᠠᠴᠢᠯᠠᠭᠰᠠᠨ ᠮᠥᠩᠭᠦᠨ ᠭᠦᠢᠯᠭᠡᠭᠡ ᠵᠡᠷᠭᠡ ᠲᠠᠪᠤᠨ ᠶᠡᠭᠡ ᠠᠵᠢᠯ ᠢ ᠰᠠᠶᠢᠲᠤᠷ ᠬᠢᠬᠦ ᠬᠡᠷᠡᠭᠲᠡᠢ᠃ ᠤᠳᠤ ᠦᠶ᠎ᠡ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠣᠨ ᠵᠠᠬ᠎ᠠ ᠳᠡᠯᠭᠡᠭᠦᠷ ᠤᠨ ᠰᠢᠰᠲ᠋ᠧᠮ ᠢ ᠬᠦᠴᠦᠯᠡᠨ ᠪᠠᠶᠢᠭᠤᠯᠵᠤ᠂ ᠪᠡᠯᠡ ᠮᠥᠩᠭᠦ ᠶᠢᠨ ᠪᠣᠳᠠᠲᠤ ᠴᠣᠭᠴᠠ ᠶᠢᠨ ᠠᠵᠤ ᠠᠬᠤᠢ ᠳᠤ ᠣᠷᠣᠬᠤ ᠠᠷᠭ᠎ᠠ ᠵᠠᠮ ᠢ ᠰᠢᠯᠤᠭᠤᠳᠬᠠᠵᠤ᠂ ᠪᠡᠯᠡ ᠮᠥᠩᠭᠦ ᠬᠤᠷᠠᠮᠳᠤᠭᠤᠯᠬᠤ ᠪᠦᠲᠦᠴᠡ ᠶᠢ ᠰᠢᠯᠢᠳᠡᠭᠵᠢᠭᠦᠯᠵᠦ᠂ ᠳᠦᠷᠢᠮ ᠨᠢᠭᠡᠳᠦᠯᠲᠡᠢ᠂ ᠬᠢᠨᠠᠯᠲᠠ ᠬᠠᠮᠢᠶᠠᠷᠤᠯᠲᠠ ᠬᠠᠮᠵᠢᠯᠴᠠᠭᠰᠠᠨ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠢ ᠪᠠᠶᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠤᠳᠤ ᠦᠶ᠎ᠡ ᠶᠢᠨ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠬᠦ ᠬᠡᠷᠡᠭᠲᠡᠢ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠪᠦᠲᠦᠮᠵᠢᠲᠦ ᠴᠢᠨᠠᠷ ᠢ ᠦᠨᠡᠨ ᠬᠦ ᠳᠡᠭᠡᠭᠰᠢᠯᠡᠭᠦᠯᠵᠦ᠂ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ᠂ ᠦᠶᠯᠡ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ᠂ ᠴᠢᠳᠠᠮᠵᠢ ᠶᠢᠨ ᠬᠢᠨᠠᠯᠲᠠ ᠬᠠᠮᠢᠶᠠᠷᠤᠯᠲᠠ᠂ ᠢᠯᠡ ᠲᠣᠳᠣ ᠬᠢᠨᠠᠯᠲᠠ ᠬᠠᠮᠢᠶᠠᠷᠤᠯᠲᠠ᠂ ᠦᠷᠭᠦᠯᠵᠢᠯᠡᠭᠰᠡᠨ ᠬᠢᠨᠠᠯᠲᠠ ᠬᠠᠮᠢᠶᠠᠷᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠬᠡᠷᠡᠭᠲᠡᠢ᠃      ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠦᠭᠦ ᠲᠠᠯ᠎ᠠ ᠳᠤ ᠬᠤᠯᠪᠣᠭᠳᠠᠵᠤ᠂ ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠬᠠᠷᠢᠭᠤᠴᠠᠯᠭ᠎ᠠ ᠮᠥᠷᠥᠨ ᠳᠤ ᠲᠠᠯᠪᠢᠭᠳᠠᠵᠤ᠂ ᠡᠭᠦᠷᠭᠡ ᠬᠦᠨᠳᠦ ᠶᠡᠭᠡ ᠪᠠᠶᠢᠨ᠎ᠠ᠃ ᠶᠡᠭᠡ ᠶᠣᠰᠣ ᠶᠢ ᠶᠠᠪᠤᠭᠤᠯᠬᠤ ᠪᠣᠯ ᠲᠤᠶᠢᠯ ᠤᠨ ᠲᠦᠭᠦᠮ ᠪᠠᠶᠢᠳᠠᠭ᠂ ᠪᠣᠳᠠᠲᠠᠢ ᠠᠵᠢᠯᠯᠠᠬᠤ ᠨᠢ ᠲᠤᠶᠢᠯ ᠤᠨ ᠴᠢᠬᠤᠯᠠ ᠶᠤᠮ᠃ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠲᠣᠭᠲᠠᠭᠰᠠᠨ ᠬᠠᠷᠠᠯᠲᠠ ᠪᠠᠨ ᠪᠠᠲᠤ ᠡᠵᠡᠮᠳᠡᠵᠦ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠤᠳᠠᠭᠠᠨ ᠳᠠᠭᠠᠭᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠵᠤ᠂ ᠴᠢᠳᠠᠮᠠᠭᠠᠢ ᠪᠠᠷ ᠠᠵᠢᠯᠯᠠᠵᠤ ᠴᠢᠳᠠᠮᠠᠭᠠᠢ ᠪᠠᠷ ᠪᠦᠲᠦᠭᠡᠪᠡᠯ᠂ ᠪᠢᠳᠡ ᠯᠠᠪᠲᠠᠢ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠤᠨ ᠶᠠᠪᠤᠬᠤ ᠲᠤᠲᠤᠮ ᠥᠷᠭᠡᠵᠢᠬᠦ ᠶᠢ ᠠᠬᠢᠭᠤᠯᠵᠤ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠬᠦᠴᠦᠨ ᠨᠡᠮᠡᠷᠢᠯᠡᠵᠦ ᠴᠢᠳᠠᠨ᠎ᠠ᠃          
 
ᠢᠷᠡᠯᠲᠡ᠄ ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 18᠎ ᠤ ᠴᠠᠭᠢᠯᠭᠠᠨ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号