ᠶᠡᠭᠡ ᠨᠡᠭᠡᠭᠡᠯᠲᠡ ᠪᠠᠷ ᠶᠡᠭᠡ ᠬᠥᠭᠵᠢᠯᠲᠡ ᠶᠢ ᠳᠠᠶᠢᠴᠢᠯᠠᠬᠤ ᠬᠡᠷᠡᠭᠲᠡᠢ
ᠨᠡᠶᠢᠲᠡᠯᠡᠭᠰᠡᠨ ᠴᠠᠭ᠄
2024/3/26
      - ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠰᠠᠨᠠᠯ︾᠎ ᠢ ᠲᠤᠭᠤᠰᠢᠯᠠᠭᠤᠯᠤᠨ       ᠨᠠᠶᠢᠳᠠᠪᠤᠷᠢᠵᠢᠭᠤᠯᠵᠤ ᠪᠣᠳᠠᠲᠠᠶᠢᠵᠢᠭᠤᠯᠬᠤ ᠶᠢ ᠠᠬᠢᠭᠤᠯᠬᠤ ᠲᠤᠬᠠᠢ ᠰᠢᠷᠢᠰ ᠥᠭᠦᠯᠡᠮᠵᠢ                       ᠬᠠ ᠯᠢ ᠴᠢᠨ            ᠴᠢᠨᠠᠷ ᠰᠠᠶᠢᠲᠠᠢ ᠬᠥᠭᠵᠢᠯᠲᠡ ᠨᠢ ᠥᠨᠳᠥᠷ ᠲᠦᠪᠰᠢᠨ ᠪᠦᠬᠦᠢ ᠨᠡᠭᠡᠭᠡᠯᠲᠡ ᠠᠴᠠ ᠰᠠᠯᠵᠤ ᠴᠢᠳᠠᠬᠤ ᠦᠭᠡᠢ ᠶᠤᠮ᠃      ᠥᠪᠥᠷ ᠮᠣᠩᠭᠤᠯ ᠤᠨ ᠣᠷᠣᠨ ᠪᠦᠰᠡ ᠶᠢᠨ ᠳᠠᠪᠠᠭᠤᠯᠢᠭ ᠢᠯᠡᠷᠬᠡᠢ᠂ ᠨᠡᠭᠡᠭᠡᠯᠲᠡ ᠬᠢᠬᠦ ᠨᠥᠬᠦᠴᠡᠯ ᠣᠨᠴᠠᠭᠠᠢ ᠰᠠᠶᠢᠨ᠂ ᠭᠡᠪᠡᠴᠦ ᠮᠥᠨ ᠬᠦ ᠤᠯᠠᠭ᠎ᠠ ᠦᠷᠳᠡᠭᠡ ᠲᠡᠳᠦᠢ ᠶᠢᠨ ᠦᠢᠯᠡᠳᠦᠯ ᠦᠵᠡᠭᠦᠯᠵᠦ᠂ ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢᠨ ᠲᠦᠪᠰᠢᠨ ᠥᠨᠳᠥᠷ ᠪᠢᠰᠢ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠪᠢᠳᠡ ᠲᠥᠷᠥ ᠶᠢᠨ ᠶᠠᠪᠤᠳᠠᠯ ᠤᠨ ᠬᠤᠷᠢᠶᠠᠨ ᠤ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ ᠤᠨ ᠱᠠᠭᠠᠷᠳᠠᠯᠭ᠎ᠠ ᠶᠣᠰᠣᠭᠠᠷ᠂ ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢ ᠲᠦᠷᠭᠡᠳᠬᠡᠨ ᠬᠥᠭᠵᠢᠭᠦᠯᠵᠦ᠂ ᠨᠡᠭᠡᠭᠡᠯᠲᠡ ᠪᠠᠷ ᠬᠥᠭᠵᠢᠯᠲᠡ ᠶᠢᠨ ᠬᠦᠴᠢᠷᠳᠡᠯ ᠢ ᠰᠢᠢᠳᠪᠦᠷᠢᠯᠡᠵᠦ᠂ ᠨᠡᠭᠡᠭᠡᠯᠲᠡ ᠪᠠᠷ ᠬᠠᠮᠲᠤᠷᠠᠯᠴᠠᠭᠠᠨ ᠤ ᠬᠦᠴᠦᠨ ᠎ ᠢ ᠬᠤᠷᠠᠮᠳᠤᠭᠤᠯᠵᠤ᠂ ᠨᠡᠭᠡᠭᠡᠯᠲᠡ ᠪᠠᠷ ᠬᠥᠭᠵᠢᠯᠲᠡ ᠶᠢᠨ ᠰᠢᠨ ᠥᠨᠳᠦᠷᠯᠢᠭ ᠢ ᠲᠠᠰᠤᠷᠠᠯᠲᠠ ᠦᠭᠡᠢ ᠴᠣᠭᠴᠠᠯᠠᠬᠤ ᠬᠡᠷᠡᠭᠲᠡᠢ᠃      ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢ ᠲᠦᠷᠭᠡᠳᠬᠡᠨ ᠬᠥᠭᠵᠢᠭᠦᠯᠬᠦ ᠶᠢᠨ ᠵᠠᠩᠭᠢᠯᠠᠭ᠎ᠠ ᠨᠢ᠂ ᠳᠣᠲᠣᠭᠠᠳᠤ ᠭᠠᠳᠠᠭᠠᠳᠤ ᠶᠢ ᠬᠤᠯᠪᠣᠨ ᠨᠡᠪᠲᠡᠷᠡᠭᠦᠯᠦᠭᠰᠡᠨ᠂ ᠡᠷᠭᠢᠨ ᠲᠣᠭᠤᠷᠢᠨ ᠢ ᠨᠥᠯᠥᠭᠡᠯᠡᠭᠰᠡᠨ᠂ ᠡᠬᠢ ᠪᠠᠶᠠᠯᠢᠭ ᠎ ᠢ ᠲᠥᠪᠯᠡᠷᠡᠭᠦᠯᠵᠦ ᠲᠠᠷᠬᠠᠭᠠᠭᠰᠠᠨ᠂ ᠡᠯᠧᠮᠧᠨ᠋ᠲ ᠢ ᠠᠭᠤᠰᠤᠯᠴᠠᠭᠤᠯᠤᠨ ᠨᠡᠪᠲᠡᠷᠡᠭᠦᠯᠦᠭᠰᠡᠨ ᠪᠦᠭᠦ ᠣᠷᠣᠨ ᠪᠦᠰᠡ ᠎ ᠶᠢᠨ ᠨᠡᠭᠡᠭᠡᠯᠲᠡᠲᠤ ᠲᠠᠪᠴᠠᠩ ᠢ ᠪᠠᠶᠢᠭᠤᠯᠬᠤ ᠳᠤ ᠪᠠᠶᠢᠨ᠎ᠠ᠃ ᠳᠤᠮᠳᠠᠳᠤ ᠤᠯᠤᠰ ︵ᠥᠪᠥᠷ ᠮᠣᠩᠭᠤᠯ︶᠎ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠪᠠᠶᠢᠭᠤᠯᠬᠤ ᠪᠠᠷ ᠢᠳᠡᠪᠬᠢᠲᠡᠢ ᠭᠤᠶᠤᠴᠢᠯᠠᠵᠤ᠂ ᠮᠠᠨᠵᠤᠤᠷ᠂ ᠡᠷᠢᠶᠡᠨ ᠬᠤᠲᠠ ᠶᠢᠨ ᠵᠠᠬ᠎ᠠ ᠶᠢᠨ ᠠᠷᠠᠯᠵᠢᠶᠠᠨ ᠤ ᠲᠣᠭᠤᠷᠢᠭ ᠤᠨ ᠡᠳ᠋ᠰᠢᠭᠦᠯᠬᠦ᠂ ᠪᠡᠯᠡ ᠣᠷᠣᠭᠤᠯᠬᠤ᠂ ᠠᠷᠠᠯᠵᠢᠶᠠᠯᠠᠬᠤ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠲᠦᠷᠭᠡᠳᠬᠡᠵᠦ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠵᠡᠷᠭᠡ ᠲᠠᠪᠴᠠᠩ ᠤᠨ ᠴᠢᠳᠠᠮᠵᠢ ᠶᠢ ᠪᠦᠭᠦ ᠬᠦᠴᠦᠨ ᠢᠶᠠᠷ ᠢᠶᠠᠨ ᠳᠡᠭᠡᠭᠰᠢᠯᠡᠭᠦᠯᠭᠦ ᠬᠡᠷᠡᠭᠲᠡᠢ᠃ ᠬᠢᠯᠢ ᠶᠢᠨ ᠪᠣᠭᠤᠮᠲᠠ ᠶᠢᠨ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠪᠣᠭᠤᠮᠲᠠ ᠪᠠ ᠳᠣᠲᠣᠷ ᠭᠠᠵᠠᠷ ᠤᠨ ᠬᠠᠮᠲᠤᠷᠠᠨ ᠬᠥᠳᠡᠯᠦᠯᠴᠡᠵᠦ ᠬᠥᠭᠵᠢᠬᠦ ᠶᠢ ᠠᠬᠢᠭᠤᠯᠵᠤ᠂ ᠳᠣᠲᠣᠭᠠᠳᠤ ᠬᠥᠭᠵᠢᠯᠲᠡ ᠶᠢᠨ ᠬᠥᠳᠡᠯᠭᠡᠬᠦ ᠬᠦᠴᠦᠨ ᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃      ᠨᠡᠭᠡᠭᠡᠯᠲᠡᠲᠤ ᠬᠠᠮᠲᠤᠷᠠᠯᠴᠠᠭ᠎ᠠ ᠶᠢ ᠪᠦᠭᠦ ᠲᠠᠯ᠎ᠠ ᠪᠠᠷ ᠥᠷᠭᠡᠳᠬᠡᠵᠦ᠂ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠭᠦᠨᠵᠡᠭᠡᠢ ᠠᠭᠤᠰᠤᠯᠴᠠᠵᠤ᠂ ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠪᠦᠭᠦ ᠲᠠᠯ᠎ᠠ ᠪᠠᠷ ᠣᠷᠤᠯᠴᠠᠬᠤ ᠶᠢᠨ ᠬᠠᠮᠲᠤ ᠨᠡᠭᠡᠭᠡᠯᠲᠡ ᠎ ᠶᠢᠨ ᠬᠠᠷᠠᠭᠠᠰᠤ ᠶᠢ ᠳᠤᠮᠳᠠ ᠠᠽᠢᠶ᠎ᠠ᠂ ᠵᠡᠭᠦᠨ ᠬᠤᠶᠢᠲᠤ ᠠᠽᠢᠶ᠎ᠠ ᠴᠢᠨᠠᠭᠰᠢᠯᠠᠪᠠᠯ ᠡᠸᠦ᠋ᠷᠦᠫᠡ ᠲᠢᠪ ᠪᠣᠯᠣᠨ ᠪᠦᠭᠦ ᠳᠡᠯᠡᠬᠡᠢ ᠳᠤ ᠭᠦᠷᠲᠡᠯ᠎ᠡ ᠥᠷᠭᠡᠳᠬᠡᠵᠦ᠂ ᠨᠡᠩ ᠶᠡᠭᠡ ᠬᠡᠪᠴᠢᠶ᠎ᠡ᠂ ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ ᠂ ᠨᠡᠩ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ ᠬᠡᠷᠡᠭᠲᠡᠢ᠃      ᠥᠪᠥᠷ ᠮᠣᠩᠭᠤᠯ ᠤᠨ ᠣᠷᠣᠨ ᠪᠠᠶᠢᠷᠢ ᠶᠢᠨ ᠳᠠᠪᠠᠭᠤᠯᠢᠭ ᠲᠤ ᠰᠠᠭᠤᠷᠢᠯᠠᠨ᠂ ᠲᠠᠪᠴᠠᠩ ᠪᠠᠶᠢᠭᠤᠯᠵᠤ᠂ ᠵᠠᠬ᠎ᠠ ᠳᠡᠯᠭᠡᠭᠦᠷ ᠢ ᠥᠷᠭᠡᠳᠬᠡᠨ᠂ ᠦᠢᠯᠡᠴᠢᠯᠡᠭᠡ ᠶᠢ ᠰᠢᠯᠢᠳᠡᠭᠵᠢᠭᠦᠯᠵᠦ᠂ ᠬᠠᠮᠲᠤᠷᠠᠯᠴᠠᠭ᠎ᠠ ᠶᠢ ᠠᠬᠢᠭᠤᠯᠤᠨ᠂ ᠳᠠᠪᠠᠭᠤᠯᠢᠭ ᠎ ᠢᠶᠠᠨ ᠪᠠᠳᠠᠷᠠᠭᠤᠯᠵᠤ᠂ ᠳᠤᠲᠠᠭᠤᠳᠠᠯ ᠢᠶᠠᠨ ᠨᠥᠬᠦᠪᠦᠷᠢᠯᠡᠨ᠂ ᠬᠤᠷᠳᠤᠨ ᠮᠣᠷᠢᠨ ᠳᠤ ᠲᠠᠰᠢᠭᠤᠷ ᠨᠡᠮᠡᠵᠦ ᠨᠡᠭᠡᠭᠡᠯᠲᠡᠲᠤ ᠠᠵᠤ ᠠᠬᠤᠢ ᠶᠢ ᠬᠥᠭᠵᠢᠭᠦᠯᠵᠦ᠂ ᠶᠡᠭᠡ ᠨᠡᠭᠡᠭᠡᠯᠲᠡ ᠪᠠᠷ ᠶᠡᠭᠡ ᠬᠥᠭᠵᠢᠯᠲᠡ ᠶᠢ ᠦᠨᠡᠨᠬᠦ ᠳᠠᠶᠢᠴᠢᠯᠠᠨ᠂ ᠶᠡᠭᠡ ᠬᠥᠭᠵᠢᠯᠲᠡ ᠪᠠᠷ ᠶᠡᠭᠡ ᠳᠠᠪᠠᠯᠲᠠ ᠶᠢ ᠠᠬᠢᠭᠤᠯᠪᠠᠯ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ ᠲᠠᠰ ᠳᠡᠪᠰᠢᠭᠦᠯᠬᠦ ᠶᠢ ᠬᠦᠴᠦᠲᠡᠢ ᠠᠬᠢᠭᠤᠯᠬᠤ ᠨᠢ ᠯᠠᠪᠲᠠᠢ ᠶᠤᠮ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号