ᠠᠯᠠᠱᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠬᠠᠤᠯᠢ ᠪᠤᠰᠤ ᠪᠠᠷ ᠬᠢᠯᠢᠨᠴᠡᠲᠦ ᠬᠤᠷᠣᠬᠠᠢ ᠪᠠᠷᠢᠭᠰᠠᠨ ᠬᠡᠷᠡᠭ ᠲᠤ ᠴᠣᠬᠢᠯᠲᠠ ᠥᠭᠴᠦ  ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠪᠠ ᠠᠮᠢ ᠠᠬᠤᠢ ᠶᠢᠨ ᠲᠡᠩᠴᠡᠭᠦᠷᠢ ᠶᠢ ᠬᠠᠮᠠᠭᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2024/3/26
ᠡᠷᠳᠡᠨᠢᠬᠦᠦ       ᠣᠶᠢᠷ᠎ᠠ ᠶᠢᠨ ᠵᠢᠯ ᠳᠤ᠂ ᠠᠯᠠᠱᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠣᠷᠣᠨ ᠨᠤᠲᠤᠭ ᠤᠨ ᠵᠠᠰᠠᠭ ᠤᠨ ᠣᠷᠳᠣᠨ᠂ ᠲᠠᠷᠢᠶᠠᠯᠠᠩ ᠮᠠᠯ ᠠᠵᠤ ᠠᠬᠤᠢ᠂ ᠤᠢ ᠰᠢᠭᠤᠢ ᠡᠪᠡᠰᠦ ᠪᠡᠯᠴᠢᠭᠡᠷ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠵᠡᠷᠭᠡ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠨ ᠬᠠᠤᠯᠢ ᠪᠤᠰᠤ ᠪᠠᠷ ᠬᠢᠯᠢᠨᠴᠡᠲᠦ ᠬᠤᠷᠣᠬᠠᠢ ᠪᠠᠷᠢᠭᠰᠠᠨ ᠬᠡᠷᠡᠭ ᠲᠤ ᠬᠦᠴᠦᠲᠡᠢ ᠴᠣᠬᠢᠯᠲᠠ ᠥᠭᠴᠦ᠂ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠢ ᠬᠠᠮᠠᠭᠠᠯᠠᠬᠤ᠂ ᠠᠮᠢ ᠠᠬᠤᠢ ᠶᠢᠨ ᠲᠡᠩᠴᠡᠭᠦᠷᠢ ᠶᠢ ᠬᠠᠮᠠᠭᠠᠯᠠᠬᠤ ᠳᠤ ᠴᠢᠬᠤᠯᠠ ᠦᠢᠯᠡᠳᠦᠯ ᠭᠠᠷᠭᠠᠵᠤ ᠪᠠᠶᠢᠨ᠎ᠠ᠃      ᠬᠢᠯᠢᠨᠴᠡᠲᠦ ᠬᠤᠷᠣᠬᠠᠢ ᠪᠣᠯ ᠲᠠᠯ᠎ᠠ ᠨᠤᠲᠤᠭ ᠤᠨ ᠠᠮᠢ ᠠᠬᠤᠢ ᠶᠢᠨ ᠬᠡᠯᠬᠢᠶ᠎ᠡ ᠶᠢᠨ ᠴᠢᠬᠤᠯᠠ ᠨᠢᠭᠡᠨ ᠭᠤᠭᠴᠤᠭ᠎ᠠ ᠪᠣᠯᠣᠨ᠎ᠠ᠃ ᠨᠢᠭᠡ ᠬᠢᠯᠢᠨᠴᠡᠲᠦ ᠬᠤᠷᠣᠬᠠᠢ ᠵᠢᠯ ᠳᠤ ᠴᠠᠷᠴᠠᠬᠠᠢ ᠵᠡᠷᠭᠡ ᠬᠥᠨᠥᠭᠡᠯᠳᠦ ᠰᠢᠪᠠᠵᠢ ᠶᠢ ᠲᠦᠮᠡ ᠭᠠᠷᠤᠢ ᠰᠥᠨᠥᠭᠡᠵᠦ ᠲᠠᠶᠢᠯᠤᠨ᠎ᠠ᠃ ᠬᠢᠯᠢᠨᠴᠡᠲᠦ ᠬᠤᠷᠣᠬᠠᠢ ᠭᠤᠷᠪᠠᠨ ᠵᠢᠯ ᠣᠷᠴᠢᠮ ᠠᠮᠢᠳᠤᠷᠠᠵᠤ᠂ ᠵᠢᠯ ᠳᠤ ᠨᠢᠭᠡ ᠯᠡ ᠤᠳᠠᠭ᠎ᠠ ᠦᠷᠡᠵᠢᠳᠡᠭ᠂ 6 - 9 ᠰᠠᠷ᠎ᠠ ᠪᠣᠯ ᠦᠷᠡᠵᠢᠯ ᠤᠨ ᠬᠤᠭᠤᠴᠠᠭ᠎ᠠ ᠮᠥᠨ᠃ ᠬᠡᠭᠡᠷ᠎ᠡ ᠶᠢᠨ ᠬᠢᠯᠢᠨᠴᠡᠲᠦ ᠬᠤᠷᠣᠬᠠᠢ ᠶᠢ ᠶᠡᠭᠡ ᠬᠡᠪᠴᠢᠶ᠎ᠡ ᠪᠠᠷ ᠪᠠᠷᠢᠪᠠᠯ᠂ ᠲᠡᠭᠦᠨ ᠤ ᠲᠤᠭ᠎ᠠ ᠬᠡᠮᠵᠢᠶ᠎ᠡ ᠨᠢ ᠲᠦᠷᠭᠡᠨ ᠪᠠᠭᠠᠰᠴᠤ᠂ ᠠᠮᠢᠳᠤ ᠪᠣᠳᠠᠰ ᠤᠨ ᠬᠡᠯᠬᠢᠶ᠎ᠡ ᠲᠠᠰᠤᠷᠠᠨ᠂ ᠴᠢᠨᠠᠭᠰᠢᠯᠠᠪᠠᠯ ᠲᠤᠬᠠᠢ ᠶᠢᠨ ᠭᠠᠵᠠᠷ ᠤᠨ ᠬᠡᠭᠡᠷ᠎ᠡ ᠶᠢᠨ ᠬᠢᠯᠢᠨᠴᠡᠲᠦ ᠬᠤᠷᠣᠬᠠᠢ ᠶᠢ ᠪᠦᠷᠢᠮᠦᠰᠦᠨ ᠤᠰᠠᠳᠬᠠᠳᠠᠭ᠃ ᠬᠢᠯᠢᠨᠴᠡᠲᠦ ᠬᠤᠷᠣᠬᠠᠢ ᠪᠠᠷᠢᠬᠤ ᠠᠵᠢᠯᠯᠠᠭ᠎ᠠ ᠨᠢ ᠨᠤᠲᠤᠭ ᠪᠡᠯᠴᠢᠭᠡᠷ ᠢ ᠠᠳᠠᠯᠢ ᠪᠤᠰᠤ ᠬᠡᠮᠵᠢᠶ᠎ᠡ ᠪᠠᠷ ᠡᠪᠳᠡᠵᠦ᠂ ᠠᠮᠢ ᠠᠬᠤᠢ ᠶᠢ ᠤᠯᠠᠮ ᠢᠶᠠᠷ ᠮᠠᠭᠤᠳᠠᠭᠤᠯᠤᠨ᠂ ᠨᠤᠲᠤᠭ ᠪᠡᠯᠴᠢᠭᠡᠷ ᠢ ᠤᠯᠠᠮ ᠡᠯᠡᠰᠦᠷᠬᠡᠭᠵᠢᠭᠦᠯᠳᠡᠭ᠃ 2021 ᠣᠨ ᠤ 11 ᠰᠠᠷ᠎ᠠ ᠳᠤ᠂ ᠠᠯᠠᠱᠠ ᠶᠢᠨ ᠬᠡᠭᠡᠷ᠎ᠡ ᠶᠢᠨ ᠬᠢᠯᠢᠨᠴᠡᠲᠦ ᠬᠤᠷᠣᠬᠠᠢ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠬᠠᠮᠠᠭᠠᠯᠠᠬᠤ ᠬᠠᠭᠤᠷᠠᠢ ᠭᠠᠵᠠᠷ ᠤᠨ ᠠᠮᠢᠲᠠᠨ ᠤ ᠨᠡᠷᠡᠰ ᠤᠨ ᠵᠢᠭᠰᠠᠭᠠᠯᠲᠠ︾ ᠎ ᠳᠤ ᠣᠷᠣᠭᠤᠯᠵᠠᠢ᠃᠂      ᠴᠠᠭᠳᠠᠭ᠎ᠠ ᠠᠷᠠᠳ ᠬᠤᠯᠪᠤᠭᠠᠯᠠᠨ ᠬᠠᠮᠵᠢᠯᠴᠠᠵᠤ ᠤᠨᠢᠨ ᠳᠡᠭᠡᠷ᠎ᠡ ᠨᠢ ᠴᠣᠬᠢᠯᠲᠠ ᠥᠭᠬᠦ ᠶᠢ ᠪᠡᠶᠡᠯᠡᠭᠦᠯᠪᠡ      ᠠᠰᠢᠭ ᠲᠤᠰᠠ ᠳᠤ ᠬᠥᠲᠥᠯᠥᠭᠳᠡᠨ᠂ ᠵᠢᠯ ᠪᠦᠷᠢ ᠶᠢᠨ ᠬᠢᠯᠢᠨᠴᠡᠲᠦ ᠬᠤᠷᠣᠬᠠᠢ ᠶᠢᠨ ᠬᠥᠭᠵᠢᠶᠡᠨᠲᠡᠢ ᠤᠯᠠᠷᠢᠯ ᠪᠤᠯᠬᠤ ᠪᠦᠷᠢ᠂ ᠨᠢᠩᠰᠢᠶᠠ ᠭᠠᠨᠰᠤ ᠵᠡᠷᠭᠡ ᠬᠥᠷᠰᠢ ᠵᠡᠷᠭᠡᠯᠡᠳᠡᠭᠡ ᠣᠷᠣᠨ ᠪᠠ ᠳᠤᠰ ᠭᠠᠵᠠᠷ ᠤᠨ ᠬᠥᠮᠥᠰ ︽ᠬᠢᠯᠢᠨᠴᠡᠲᠦ ᠬᠤᠷᠣᠬᠠᠢ ᠪᠠᠷᠢᠬᠤ ᠶᠡᠭᠡ ᠴᠡᠷᠢᠭ︾ ᠎ ᠲᠤ ᠣᠷᠣᠯᠴᠠᠳᠠᠭ᠃ ᠡᠭᠦᠨ ᠳᠤ ᠶᠡᠭᠡ ᠬᠡᠮᠵᠢᠶᠡᠨ ᠤ ᠨᠡᠶᠢᠭᠡᠮ ᠤᠨ ᠰᠤᠯᠠ ᠬᠥᠮᠥᠰ ᠢ ᠪᠠᠭᠲᠠᠭᠠᠵᠤ ᠪᠠᠶᠢᠬᠤ ᠪᠠᠷ ᠪᠠᠷᠠᠬᠤ ᠦᠭᠡᠢ ᠪᠠᠰᠠ ᠲᠣᠰ ᠭᠠᠵᠠᠷ ᠤᠨ ᠰᠠᠭᠤᠭᠠᠯᠢ ᠠᠷᠠᠳ᠂ ᠬᠡᠪ ᠤᠨ ᠠᠵᠢᠯ ᠪᠠ ᠣᠷᠣᠯᠭ᠎ᠠ ᠲᠠᠢ ᠬᠥᠮᠥᠰ ᠴᠦ ᠤᠷᠤᠯᠴᠠᠬᠰᠠᠨ ᠪᠠᠶᠢᠳᠠᠭ ᠪᠢᠯᠡ᠃ ᠪᠠᠷᠢᠬᠤ ᠳᠤ ᠠᠮᠠᠷᠬᠠᠨ᠂ ᠵᠣᠭᠤᠰ ᠣᠯᠬᠤ ᠨᠢ ᠲᠦᠷᠭᠡᠨ᠂ ᠬᠠᠤᠯᠢ ᠶᠢ ᠵᠥᠷᠢᠴᠡᠭᠰᠡᠨ ᠥᠪᠡᠷ ᠤᠨ ᠥᠷᠲᠡᠭ ᠨᠢ ᠳᠣᠣᠷ᠎ᠠ ᠪᠥᠭᠡᠳ ︽ᠬᠠᠤᠯᠢ ᠣᠯᠠᠨ ᠢ ᠥᠯᠥ ᠵᠢᠮᠡᠯᠡᠬᠦ︾ ᠭᠡᠬᠦ ᠦᠵᠡᠯᠲᠡ ᠶᠢᠨ ᠳᠣᠣᠷ᠎ᠠ ᠡᠶᠢᠮᠦᠷᠬᠦ ᠠᠵᠢᠯᠯᠠᠭ᠎ᠠ ᠬᠢᠵᠦ ᠪᠠᠶᠢᠭ᠎ᠠ ᠬᠥᠮᠥᠰ ᠣᠯᠠᠰᠢᠷᠠᠭᠰᠠᠨ ᠪᠠᠶᠢᠨ᠎ᠠ᠃ ᠵᠢᠯ ᠪᠦᠷᠢ ᠶᠢᠨ ᠬᠢᠯᠢᠨᠴᠡᠲᠦ ᠬᠤᠷᠣᠬᠠᠢ ᠪᠠᠷᠢᠬᠤ ᠤᠯᠠᠷᠢᠯ ᠪᠣᠯᠣᠭᠰᠠᠭᠠᠷ᠂ ᠡᠯ᠎ᠡ ᠭᠠᠵᠠᠷ ᠤᠨ ᠠᠷᠠᠳ ᠲᠤ ᠳᠥᠭᠦᠮ ᠦᠵᠡᠭᠦᠯᠭᠦ 12345 ᠤᠲᠠᠰᠤᠨ ᠤ ᠲᠣᠬᠢᠷᠠᠭᠤᠯᠤᠯᠲᠠ ᠶᠢᠨ ᠲᠥᠪ ᠲᠤ ᠲᠣᠭᠲᠠᠭᠠᠯ ᠠᠴᠠ ᠵᠥᠷᠢᠴᠡᠨ ᠬᠢᠯᠢᠨᠴᠡᠲᠦ ᠬᠤᠷᠣᠬᠠᠢ ᠪᠠᠷᠢᠵᠤ ᠨᠤᠲᠤᠭ ᠪᠡᠯᠴᠢᠭᠡᠷ ᠤᠨ ᠠᠮᠢ ᠠᠬᠤᠢ ᠶᠢᠨ ᠲᠡᠩᠴᠡᠭᠦᠷᠢ ᠶᠢ ᠬᠦᠨᠳᠦ ᠨᠣᠴᠢᠲᠠᠢ ᠡᠪᠳᠡᠵᠦ ᠪᠠᠶᠢᠭ᠎ᠠ ᠲᠤᠬᠠᠢ ᠣᠯᠠᠨ ᠲᠦᠮᠡᠨ ᠤ ᠵᠠᠭᠠᠯᠳᠤᠯᠭ᠎ᠠ ᠣᠯᠠᠨᠲᠠ ᠢᠷᠠᠵᠤ ᠪᠠᠶᠢᠳᠠᠭ᠃ ᠣᠯᠠᠨ ᠲᠦᠮᠡᠨ ᠤ ᠵᠠᠭᠠᠯᠳᠤᠯᠭ᠎ᠠ ᠳᠤ ᠴᠢᠭᠯᠡᠭᠦᠯᠦᠨ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠎ ᠬᠢᠨ ᠲᠤᠬᠠᠢ ᠶᠢᠨ ᠭᠠᠵᠠᠷ ᠤᠨ ︽ᠳᠤᠭᠤᠶᠢᠯᠠᠩ︾ ᠨᠤᠲᠤᠭ ᠪᠡᠯᠴᠢᠭᠡᠷ ᠤᠨ ᠣᠷᠴᠢᠨ ᠲᠣᠭᠤᠷᠢᠨ ᠢ ᠰᠠᠶᠢᠨ ᠮᠡᠳᠡᠳᠡᠭ ᠳᠠᠪᠠᠭᠤᠯᠢᠭ ᠢ ᠠᠰᠢᠭᠯᠠᠨ᠂ ᠬᠢᠯᠢᠨᠴᠡᠲᠦ ᠬᠤᠷᠣᠬᠠᠢ ᠪᠠᠷᠢᠵᠤ ᠪᠠᠶᠢᠭ᠎ᠠ ᠭᠠᠵᠠᠷ ᠪᠠ ᠬᠥᠮᠥᠰ ᠤᠨ ᠪᠠᠶᠢᠳᠠᠯ ᠢ ᠣᠨᠣᠪᠴᠢᠲᠠᠶ ᠣᠶᠢᠯᠠᠭᠠᠵᠤ᠂ ᠴᠣᠬᠢᠯᠲᠠ ᠥᠭᠬᠦ ᠠᠵᠢᠯᠯᠭ᠎ᠠ ᠪᠠᠨ ᠪᠦᠳᠦᠮᠵᠢᠳᠡᠢ ᠥᠷᠨᠢᠭᠦᠯᠵᠦ ᠪᠠᠶᠢᠨ᠎ᠠ᠃ 2022 ᠣᠨ ᠠᠴᠠ ᠨᠠᠭᠠᠰᠢ᠂ ᠠᠯᠠᠱᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠣᠯᠠᠨ ᠲᠦᠮᠡᠨ ᠤ ᠢᠯᠡᠴᠢᠯᠡᠨ ᠮᠡᠳᠡᠭᠦᠯᠦᠯᠲᠡ ᠶᠢ ᠦᠨᠳᠦᠰᠦᠯᠡᠨ᠂ ᠬᠠᠤᠯᠢ ᠪᠤᠰᠤ ᠪᠠᠷ ᠬᠡᠭᠡᠷ᠎ᠡ ᠶᠢᠨ ᠬᠢᠯᠢᠨᠴᠡᠲᠦ ᠬᠤᠷᠣᠬᠠᠢ ᠪᠠᠷᠢᠭᠰᠠᠨ 5 ᠬᠡᠷᠡᠭ ᠢ ᠢᠯᠡᠷᠡᠭᠦᠯᠵᠦ᠂ ᠬᠢᠯᠢᠨᠴᠡᠲᠦ ᠬᠤᠷᠣᠬᠠᠢ ᠬᠤᠳᠠᠯᠳᠤᠨ ᠠᠪᠴᠤ ᠠᠷᠠᠯᠵᠢᠶᠠᠯᠠᠬᠤ ᠡᠭᠦᠷ 3᠎ ᠶᠢ ᠡᠪᠳᠡᠵᠦ᠂ ᠬᠠᠤᠯᠢ ᠪᠤᠰᠤ ᠪᠠᠷ ᠬᠢᠯᠢᠨᠴᠡᠲᠦ ᠬᠤᠷᠣᠬᠠᠢ ᠪᠠᠷᠢᠬᠤ ᠦᠶᠯᠡ ᠠᠵᠢᠯᠯᠠᠭ᠎ᠠ ᠳᠤ ᠬᠦᠴᠦᠲᠡᠢ ᠴᠣᠬᠢᠯᠲᠠ ᠥᠭᠪᠡ᠃      ᠰᠠᠯᠠᠭ᠎ᠠ ᠮᠥᠴᠢᠷ ᠤᠳ ᠬᠤᠯᠪᠤᠭᠠᠯᠠᠨ ᠬᠠᠤᠯᠢ ᠬᠡᠷᠡᠭᠵᠢᠭᠦᠯᠵᠦ᠂ ᠴᠣᠬᠢᠯᠲᠠ ᠥᠭᠬᠦ ᠨᠡᠶᠢᠯᠡᠮᠡᠯ ᠬᠦᠴᠦᠨ ᠢ ᠪᠤᠶ ᠪᠣᠯᠭᠠᠪᠠ      ᠬᠡᠭᠡᠷ᠎ᠡ ᠶᠢᠨ ᠬᠢᠯᠢᠨᠴᠡᠲᠦ ᠬᠤᠷᠣᠬᠠᠢ ᠶᠢᠨ ᠡᠮ ᠤᠨ ᠥᠷᠲᠡᠭ ᠨᠢ ᠨᠡᠯᠢᠶᠡᠳ ᠥᠨᠳᠥᠷ ᠪᠣᠯᠬᠤᠷ ᠦᠨ᠎ᠡ ᠬᠠᠩᠰᠢ ᠨᠢ ᠵᠢᠯ ᠳᠠᠷᠠᠭᠠᠯᠠᠨ ᠥᠰᠴᠦ᠂ ᠭᠠᠳᠠᠨ᠎ᠠ ᠠᠴᠠ ᠢᠷᠡᠵᠦ ᠬᠠᠤᠯᠢ ᠪᠤᠰᠤ ᠪᠠᠷ ᠬᠢᠯᠢᠨᠴᠡᠲᠦ ᠬᠤᠷᠣᠬᠠᠢ ᠪᠠᠷᠢᠬᠤ ᠠᠵᠢᠯᠯᠠᠭ᠎ᠠ ᠶᠠᠪᠤᠬᠤ ᠲᠤᠲᠤᠮ ᠬᠡᠴᠡᠭᠦᠳᠡᠨ᠂ ᠲᠤᠬᠠᠢ ᠶᠢᠨ ᠭᠠᠵᠠᠷ ᠤᠨ ᠨᠤᠲᠤᠭ ᠪᠡᠯᠴᠢᠭᠡᠷ ᠤᠨ ᠠᠮᠢ ᠠᠬᠤᠢ ᠶᠢᠨ ᠲᠡᠩᠴᠡᠭᠦᠷᠢ ᠪᠠ ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠳᠤ ᠬᠦᠨᠳᠦ ᠨᠣᠴᠢᠲᠠᠢ ᠨᠥᠯᠥᠭᠡ ᠤᠴᠠᠷᠠᠭᠤᠯᠤᠭᠰᠠᠨ ᠪᠠᠶᠢᠨ᠎ᠠ᠃ ᠬᠢᠯᠢᠨᠴᠡᠲᠦ ᠬᠤᠷᠣᠬᠠᠢ ᠪᠠᠷᠢᠭᠴᠢ ᠰᠥᠨᠢ ᠪᠠᠷ ᠬᠦᠷᠢᠨ ᠤ ᠭᠠᠳᠠᠨᠠᠬᠢ ᠲᠤᠶᠠᠭ᠎ᠠ ᠶᠢᠨ ᠳ᠋ᠧᠩ᠂ ᠬᠢᠮᠰᠠ ᠪᠠᠷ ᠬᠡᠭᠡᠷ᠎ᠡ ᠶᠢᠨ ᠬᠢᠯᠢᠨᠴᠡᠲᠦ ᠬᠤᠷᠣᠬᠠᠢ ᠶᠢ ᠪᠠᠷᠢᠵᠤ᠂ ᠡᠩ ᠤᠨ ᠪᠠᠶᠢᠳᠠᠯ ᠳᠤ ᠨᠢᠭᠡ ᠬᠥᠮᠥᠨ ᠨᠢᠭᠡ ᠰᠥᠨᠢ 300 ᠭᠠᠷᠤᠢ ᠠᠮᠢᠳᠤ ᠬᠢᠯᠢᠨᠴᠡᠲᠦ ᠬᠤᠷᠣᠬᠠᠢ ᠶᠢ ᠪᠠᠷᠢᠵᠤ ᠳᠡᠶᠢᠯᠳᠡᠭ ᠪᠥᠭᠡᠳ ᠳᠡᠷᠡ ᠨᠢ ᠪᠠᠷᠤᠭ ᠨᠢᠭᠡ ᠵᠢᠩ ᠭᠠᠷᠤᠢ ᠬᠦᠨᠳᠦ ᠪᠠᠶᠢᠳᠠᠭ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠮᠢ ᠠᠬᠤᠢ ᠶᠢᠨ ᠣᠷᠴᠢᠨ ᠲᠣᠭᠤᠷᠢᠨ ᠤ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠭᠤᠣᠯ ᠬᠦᠴᠦᠨ ᠪᠣᠯᠤᠭᠰᠠᠨ ᠤ ᠬᠤᠪᠢ ᠳᠤ᠂ ᠣᠷᠣᠨ ᠨᠤᠲᠤᠭ ᠤᠨ ᠵᠠᠰᠠᠭ ᠤᠨ ᠣᠷᠳᠣᠨ᠂ ᠲᠠᠷᠢᠶᠠᠯᠠᠩ ᠮᠠᠯ ᠠᠵᠤ ᠠᠬᠤᠢ᠂ ᠤᠢ ᠰᠢᠭᠤᠢ ᠡᠪᠡᠰᠦ ᠪᠡᠯᠴᠢᠭᠡᠷ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠵᠡᠷᠭᠡ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠥᠷᠨᠢᠭᠦᠯᠵᠦ᠂ ᠵᠥᠪᠭᠡᠨ 2023 ᠣᠨ ᠳᠤ ᠨᠡᠶᠢᠳᠡ 230 ᠭᠠᠷᠤᠢ ᠬᠥᠮᠥᠨ ︵ᠤᠳᠠᠭ᠎ᠠ︶ ᠬᠢᠯᠢᠨᠴᠡᠲᠦ ᠬᠤᠷᠣᠬᠠᠢ ᠪᠠᠷᠢᠭᠰᠠᠳ ᠢ ᠰᠢᠭᠦᠮᠵᠢᠯᠡᠨ ᠰᠤᠷᠭᠠᠵᠤ ᠢᠳᠬᠠᠨ ᠪᠤᠴᠠᠭᠠᠵᠤ᠂ 230 ᠭᠠᠷᠤᠢ ᠪᠠᠭᠠᠵᠢ ᠬᠡᠷᠡᠭᠰᠡᠯ ᠢ ᠬᠤᠷᠢᠶᠠᠮᠵᠢᠯᠠᠨ᠂ 38 ᠺᠢᠯᠣᠭ᠍ᠷᠠᠮ ᠬᠢᠯᠢᠨᠴᠡᠲᠦ ᠬᠤᠷᠣᠬᠠᠢ ᠶᠢ ᠬᠡᠭᠡᠷ᠎ᠡ ᠬᠥᠳᠡᠭᠡ ᠲᠠᠯᠪᠢᠵᠤ ᠶᠠᠪᠤᠭᠤᠯᠵᠠᠢ᠃      ᠡᠯ᠎ᠡ ᠴᠠᠭᠳᠠᠭᠠᠨ ᠤ ᠲᠥᠷᠥᠯ ᠬᠤᠯᠪᠤᠭᠠᠯᠠᠨ ᠬᠥᠳᠡᠯᠦᠯᠴᠡᠵᠦ᠂ ᠰᠡᠷᠭᠡᠶᠢᠯᠡᠯᠲᠡ ᠶᠢᠨ ᠠᠵᠢᠯ ᠢ ᠴᠢᠩᠭᠠᠳᠬᠠᠪᠠ      ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ︽ᠡᠬᠢ ᠡᠭᠦᠰᠦᠯ ᠢ ᠨᠢ ᠴᠣᠬᠢᠬᠤ᠂ ᠡᠭᠦᠷ ᠢ ᠨᠢ ᠳᠠᠷᠤᠬᠤ᠂ ᠰᠦᠯᠵᠢᠶ᠎ᠡ ᠶᠢ ᠨᠢ ᠡᠪᠳᠡᠬᠦ᠂ ᠬᠡᠯᠬᠢᠶ᠎ᠡ ᠶᠢ ᠨᠢ ᠲᠠᠰᠤᠯᠬᠤ᠂ ᠦᠨᠳᠦᠰᠦ ᠶᠢ ᠨᠢ ᠨᠡᠬᠡᠮᠵᠢᠯᠡᠬᠦ︾ ᠴᠣᠬᠢᠯᠲᠠ ᠥᠭᠬᠦ ᠬᠠᠷᠠᠯᠲᠠ ᠶᠣᠰᠣᠭᠠᠷ᠂ ᠵᠣᠨ ᠤ ᠤᠯᠠᠷᠢᠯ ᠤᠨ ᠴᠡᠭᠴᠡᠯᠡᠨ ᠵᠠᠰᠠᠬᠤ ᠠᠵᠢᠯᠯᠠᠭ᠎ᠠ ᠲᠠᠢ ᠤᠶᠠᠯᠳᠤᠭᠤᠯᠤᠨ᠂ ᠨᠢᠭᠡ ᠲᠠᠯ᠎ᠠ ᠪᠠᠷ ᠤᠬᠠᠭᠤᠯᠭ᠎ᠠ ᠶᠢᠨ ᠣᠬᠤᠷ ᠸᠢᠳᠢᠤ᠋᠂ ᠰᠡᠷᠡᠮᠵᠢᠯᠡᠭᠦᠯᠭᠦ ᠣᠬᠤᠷ ᠮᠡᠳᠡᠭᠡ ᠵᠠᠩᠭᠢ ᠶᠢ ᠵᠣᠬᠢᠶᠠᠵᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ᠨᠡᠶᠢᠭᠡᠮ ᠨᠡᠶᠢᠲᠡ ᠠᠴᠠ ᠰᠦᠪᠡᠭᠴᠢ ᠴᠤᠭᠯᠠᠭᠤᠯᠬᠤ ᠵᠠᠷ ᠨᠡᠶᠢᠲᠡᠯᠡᠵᠦ᠂ ᠣᠯᠠᠨ ᠲᠦᠮᠡᠨ ᠤ ᠬᠠᠤᠯᠢ ᠴᠠᠭᠠᠵᠠ ᠶᠢᠨ ᠤᠬᠠᠮᠰᠠᠷ ᠪᠠ ᠣᠷᠴᠢᠨ ᠠᠬᠤᠢ ᠶᠢᠨ ᠬᠠᠮᠠᠭᠠᠯᠠᠯᠲᠠ ᠶᠢᠨ ᠤᠬᠠᠮᠰᠠᠷ ᠢ ᠳᠡᠭᠡᠭᠰᠢᠯᠡᠭᠦᠯᠭᠦ ᠶᠢ ᠵᠤᠷᠢᠪᠠ᠂ ᠨᠦᠭᠦᠭᠡ ᠲᠠᠯ᠎ᠠ ᠪᠠᠷ ᠡᠯ᠎ᠡ ᠴᠠᠭᠳᠠᠭᠠᠨ ᠤ ᠲᠦᠷᠦᠯ ᠬᠠᠮᠲᠤᠷᠠᠨ᠂ ᠰᠡᠷᠭᠡᠶᠢᠯᠡᠯᠲᠡ ᠶᠢᠨ ᠠᠵᠢᠯ ᠢᠶᠠᠨ ᠴᠢᠩᠭᠠᠳᠬᠠᠨ᠂ ᠭᠤᠣᠯᠳᠠᠯᠭ᠎ᠠ ᠲᠠᠢ ᠴᠠᠭ᠂ ᠭᠤᠣᠯᠳᠠᠯᠭ᠎ᠠ ᠲᠠᠢ ᠬᠥᠮᠥᠰ᠂ ᠬᠠᠮᠢᠶ᠎ᠠ ᠪᠦᠬᠦᠢ ᠭᠠᠵᠠᠷ ᠣᠷᠣᠨ ᠳᠤ ᠵᠣᠷᠢᠭᠤᠯᠤᠨ ᠨᠠᠷᠢᠨ ᠨᠢᠮᠪᠠᠢ ᠪᠠᠶᠢᠴᠠᠭᠠᠵᠤ᠂ ᠤᠷᠢᠳᠴᠢᠯᠠᠨ ᠰᠡᠷᠡᠮᠵᠢᠯᠡᠭᠦᠯᠵᠦ ᠰᠤᠳᠤᠯᠤᠨ ᠮᠠᠭᠠᠳᠯᠠᠵᠤ᠂ ᠬᠡᠷᠡᠭ ᠤᠴᠢᠷ ᠤᠨ ᠴᠤᠬᠤᠶᠢᠯᠲᠠ ᠶᠢ ᠴᠢᠩᠭ᠎ᠠ ᠠᠩᠬᠠᠷᠤᠨ᠂ ᠬᠡᠭᠡᠷ᠎ᠡ ᠶᠢᠨ ᠬᠢᠯᠢᠨᠴᠡᠲᠦ ᠬᠤᠷᠣᠬᠠᠢ ᠶᠢ ᠬᠠᠤᠯᠢ ᠪᠤᠰᠤ ᠪᠠᠷ ᠪᠠᠷᠢᠬᠤ ᠫᠠᠨᠽᠠᠯᠠᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃      ᠪᠠᠶᠢᠴᠠᠭᠠᠬᠤ ᠬᠤᠷᠢᠶ᠎ᠠ ᠶᠢᠨ ᠬᠠᠮᠲᠤᠷᠠᠨ ᠬᠥᠳᠡᠯᠦᠯᠴᠡᠵᠦ ᠴᠣᠬᠢᠯᠲᠠ ᠥᠭᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ      2022 ᠣᠨ ᠠᠴᠠ ᠨᠠᠭᠠᠰᠢ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠢᠯᠡᠷᠡᠭᠦᠯᠦᠭᠰᠡᠨ ᠬᠠᠤᠯᠢ ᠪᠤᠰᠤ ᠪᠠᠷ ᠬᠢᠯᠢᠨᠴᠡᠲᠦ ᠬᠤᠷᠣᠬᠠᠢ ᠪᠠᠷᠢᠭᠰᠠᠨ ᠬᠡᠷᠡᠭ ᠪᠣᠯ ᠠᠯᠠᠱᠠ ᠶᠢᠨ ᠬᠡᠭᠡᠷ᠎ᠡ ᠶᠢᠨ ᠬᠢᠯᠢᠨᠴᠡᠲᠦ ᠬᠤᠷᠣᠬᠠᠢ ᠶᠢ ᠬᠠᠤᠯᠢ ᠪᠤᠰᠤ ᠪᠠᠷ ᠪᠠᠷᠢᠭᠰᠠᠨ ᠬᠡᠷᠡᠭ ᠲᠤ ᠴᠣᠬᠢᠯᠲᠠ ᠥᠭᠭᠦᠭᠰᠡᠨ ᠠᠵᠢᠯᠯᠠᠭ᠎ᠠ ᠪᠠᠶᠢᠭ᠎ᠠ ᠶᠤᠮ᠃ ᠬᠡᠷᠡᠭ ᠤᠨ ᠰᠢᠨᠵᠢ ᠴᠢᠨᠠᠷ ᠢ ᠣᠨᠣᠪᠴᠢᠲᠠᠶ ᠲᠣᠭᠲᠠᠭᠠᠵᠤ᠂ ᠬᠡᠷᠡᠭ ᠰᠢᠢᠳᠪᠦᠷᠢᠯᠡᠬᠦ ᠶᠠᠰᠤ ᠴᠢᠨᠠᠷ ᠢ ᠳᠡᠭᠡᠭᠰᠢᠯᠡᠭᠦᠯᠭᠦ ᠶᠢᠨ ᠲᠥᠯᠥᠭᠡ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠡᠷᠡᠭ ᠢ ᠲᠠᠩᠨᠠᠨ ᠰᠢᠢᠳᠪᠦᠷᠢᠯᠡᠬᠦ ᠶᠠᠪᠤᠴᠠ ᠳᠠᠭᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ᠲᠠᠢ ᠣᠯᠠᠨᠲᠠ ᠶᠠᠷᠢᠯᠴᠠᠵᠤ᠂ ᠬᠡᠷᠡᠭ ᠢ ᠲᠠᠩᠨᠠᠨ ᠰᠢᠢᠳᠪᠦᠷᠢᠯᠡᠬᠦ ᠴᠢᠭᠯᠡᠯ᠂ ᠬᠠᠤᠯᠢ ᠴᠠᠭᠠᠵᠠ ᠶᠢ ᠬᠡᠷᠡᠭᠯᠡᠬᠦ᠂ ᠭᠡᠷᠡᠴᠢ ᠪᠠᠷᠢᠮᠲᠠ ᠶᠢ ᠲᠣᠭᠲᠠᠪᠤᠷᠢᠵᠢᠭᠤᠯᠬᠤ᠂ ᠰᠢᠯᠭᠠᠨ ᠪᠠᠶᠢᠴᠠᠭᠠᠵᠤ ᠬᠢᠨᠠᠨ ᠲᠣᠭᠲᠠᠭᠠᠬᠤ ᠵᠡᠷᠭᠡ ᠲᠠᠯ᠎ᠠ ᠪᠠᠷ ᠵᠥᠪᠳᠡᠯᠴᠡᠵᠦ᠂ ᠬᠡᠷᠡᠭ ᠢ ᠲᠠᠩᠨᠠᠨ ᠰᠢᠢᠳᠪᠦᠷᠢᠯᠡᠬᠦ ᠰᠡᠳᠬᠢᠴᠡ ᠪᠠᠨ ᠨᠢᠭᠡᠳᠬᠡᠨ᠂ ᠪᠦᠷᠢᠨ ᠪᠦᠲᠦᠨ ᠭᠡᠷᠡᠴᠢ ᠪᠠᠷᠢᠮᠲᠠ ᠶᠢᠨ ᠬᠡᠯᠬᠢᠶ᠎ᠡ ᠶᠢ ᠪᠤᠢ ᠪᠤᠯᠭᠠᠵᠤ᠂ ᠬᠡᠷᠡᠭ ᠢ ᠵᠠᠭᠠᠯᠳᠤᠯᠭ᠎ᠠ ᠳᠤ ᠤᠷᠤᠭᠰᠢᠲᠠᠢ ᠰᠢᠯᠵᠢᠭᠦᠯᠦᠨ ᠬᠦᠷᠭᠡᠬᠦ ᠶᠢ ᠦᠨᠡᠨ ᠬᠦ ᠪᠠᠲᠤᠯᠠᠪᠠ᠃ ᠬᠠᠤᠯᠢ ᠪᠤᠰᠤ ᠪᠠᠷ ᠬᠢᠯᠢᠨᠴᠡᠲᠦ ᠬᠤᠷᠣᠬᠠᠢ ᠶᠢ ᠪᠠᠷᠢᠭᠰᠠᠨ ᠤᠯᠠᠨ ᠬᠡᠷᠡᠭ ᠢ ᠠᠮᠵᠢᠯᠲᠠ ᠲᠠᠢ ᠪᠠᠷ ᠳᠡᠩᠨᠡᠨ ᠢᠯᠡᠷᠡᠭᠦᠯᠦᠭᠰᠡᠨ ᠢᠶᠠᠷ ᠶᠠᠯᠠᠲᠤ ᠠᠵᠢᠯᠯᠠᠭ᠎ᠠ ᠬᠢᠭᠰᠡᠳ ᠢ ᠬᠦᠴᠦᠲᠡᠢ ᠰᠦᠷᠳᠡᠭᠦᠯᠵᠦ᠂ ᠡᠶᠢᠮᠦᠷᠬᠦ ᠬᠡᠷᠡᠭ ᠤᠨ ᠤᠯᠠᠨ ᠡᠭᠦᠰᠬᠦ ᠶᠢ ᠬᠤᠷᠢᠭᠯᠠᠨ᠂ ᠤᠯᠤᠰ ᠲᠦᠷᠦ ᠶᠢᠨ ᠦᠷ᠎ᠡ ᠪᠦᠲᠦᠮᠵᠢ᠂ ᠬᠠᠤᠯᠢ ᠴᠠᠭᠠᠵᠠ ᠶᠢᠨ ᠦᠷ᠎ᠡ ᠪᠦᠲᠦᠮᠵᠢ᠂ ᠨᠡᠶᠢᠭᠡᠮ ᠤᠨ ᠦᠷ᠎ᠡ ᠪᠦᠲᠦᠮᠵᠢ ᠶᠢᠨ ᠳᠡᠭᠡᠳᠦ ᠬᠡᠮᠵᠢᠶᠡᠨ ᠤ ᠨᠢᠭᠡᠳᠦᠯ ᠢ ᠪᠡᠶᠡᠯᠡᠭᠦᠯᠵᠡᠢ᠃     ︵ᠯᠢᠶᠠᠩ ᠱᠤ᠋ ᠹᠠᠩ ᠮᠠ ᠱᠠᠩ ᠷᠦᠩ︶
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号