ᠲᠥᠷᠥ ᠶᠢᠨ ᠶᠠᠪᠤᠳᠠᠯ ᠤᠨ ᠬᠤᠷᠢᠶ᠎ᠠ ᠪᠠᠶᠢᠩᠭᠤ ᠶᠢᠨ ᠬᠤᠷᠠᠯ ᠬᠤᠷᠠᠯᠳᠤᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠬᠤ ᠲᠤᠬᠠᠢ ᠠᠷᠭ᠎ᠠ ᠬᠡᠮᠵᠢᠶ᠎ᠡ ᠶᠢ ᠰᠤᠳᠤᠯᠪᠠ
ᠨᠡᠶᠢᠲᠡᠯᠡᠭᠰᠡᠨ ᠴᠠᠭ᠄
2024/3/26
                ᠰᠠᠶ᠋ᠢᠬᠠᠨ᠂ ᠲᠦᠷᠦ ᠶᠢᠨ ᠶᠠᠪᠤᠳᠠᠯ ᠤᠨ ᠬᠤᠷᠢᠶ᠎ᠠ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠬᠤ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠰᠤᠳᠤᠯᠵᠤ᠂ ︽ᠴᠠᠭ ᠲᠤᠬᠠᠢ ᠳᠤᠨᠢ ᠲᠣᠬᠢᠷᠠᠭᠤᠯᠤᠨ ᠬᠦᠷᠭᠡᠬᠦ ᠠᠵᠢᠯ ᠲᠦᠷᠦᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾᠎ ᠢ ᠬᠢᠨᠠᠨ ᠵᠥᠪᠯᠡᠵᠦ ᠪᠠᠲᠤᠯᠠᠨ᠂ ᠵᠣᠬᠢᠶᠠᠮᠠᠯ ᠤᠶᠤᠨ ᠴᠢᠳᠠᠪᠤᠷᠢ ᠪᠠᠷ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠵᠤ᠂ ᠬᠥᠷᠥᠩᠭᠡ ᠶᠢᠨ ᠵᠠᠬ᠎ᠠ ᠳᠡᠯᠭᠡᠭᠦᠷ ᠤᠨ ᠠᠵᠢᠯᠯᠠᠭᠠᠨ ᠤ ᠪᠠᠶᠢᠳᠠᠯ ᠵᠢᠴᠢ ᠠᠵᠢᠯ ᠤᠨ ᠪᠣᠳᠣᠯᠬᠢᠯᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠲ᠋ᠣᠮ ᠤᠨ ᠡᠨᠧᠷᠭᠢ ᠶᠢᠨ ᠬᠠᠤᠯᠢ ︵ᠲᠥᠰᠥᠯ︶︾ ᠪᠣᠯᠣᠨ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠣᠭᠤᠰ ᠤᠬᠢᠶᠠᠬᠤ ᠶᠢ ᠡᠰᠡᠷᠭᠦᠴᠡᠬᠦ ᠬᠠᠤᠯᠢ ︵ᠵᠠᠰᠠᠪᠤᠷᠢ ᠣᠷᠣᠭᠤᠯᠤᠭᠰᠠᠨ ᠲᠥᠰᠥᠯ︶︾᠎ ᠶᠢ ᠶᠠᠷᠢᠯᠴᠠᠪᠠ᠃            ᠬᠤᠷᠠᠯ ᠠᠴᠠ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠣᠯ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠠᠬᠢ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾᠎ ᠤ ᠠᠵᠢᠯ ᠤᠨ ᠶᠡᠷᠦᠩᠬᠡᠢ ᠭᠠᠷᠳᠠᠴᠠ ᠮᠥᠨ᠃ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠪᠠᠶᠢᠭᠤᠯᠬᠤ ᠬᠠᠷᠠᠯᠲᠠ ᠶᠢ ᠣᠨᠢᠯᠠᠨ᠂ ︽ᠮᠢᠩᠭ᠎ᠠ ᠲᠦᠮᠡ ᠶᠢᠨ ᠢᠨᠵᠧᠨᠧᠷᠢᠩ︾᠎ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠬᠦ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠨᠡᠩ ᠰᠠᠶᠢᠲᠤᠷ ᠠᠬᠢᠭᠤᠯᠬᠤ ᠬᠡᠷᠡᠭᠲᠡᠢ᠃ ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠤᠳᠤ ᠦᠶ᠎ᠡ ᠶᠢᠨ ᠬᠥᠳᠡᠭᠡ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠦᠭᠦ ᠲᠠᠯ᠎ᠠ ᠪᠠᠷ ᠪᠠᠬᠢᠵᠢᠭᠦᠯᠵᠦ᠂ ᠤᠯᠠᠨ ᠠᠷᠭ᠎ᠠ ᠵᠠᠮ ᠢᠶᠠᠷ ᠲᠠᠷᠢᠶᠠᠴᠢᠳ ᠤᠨ ᠣᠷᠣᠯᠭ᠎ᠠ ᠶᠢᠨ ᠨᠡᠯᠢᠶᠡᠳ ᠲᠦᠷᠭᠡᠨ ᠨᠡᠮᠡᠭᠳᠡᠯ ᠢ ᠠᠬᠢᠭᠤᠯᠬᠤ ᠬᠡᠷᠡᠭᠲᠡᠢ᠃ ᠲᠠᠷᠢᠶᠠᠴᠢᠳ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠴᠢᠳᠠᠪᠤᠷᠢᠲᠠᠨ ᠢ ᠶᠡᠭᠡ ᠪᠠᠷ ᠬᠥᠮᠥᠵᠢᠭᠦᠯᠵᠦ᠂ ᠡᠯ᠎ᠡ ᠲᠥᠷᠥᠯ ᠤᠨ ᠴᠢᠳᠠᠪᠤᠷᠢᠲᠠᠨ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠣᠷᠣᠯᠴᠠᠭᠤᠯᠬᠤ ᠬᠡᠷᠡᠭᠲᠡᠢ ᠃ ᠬᠥᠳᠡᠭᠡ ᠲᠣᠰᠬᠤᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠬᠥᠭᠵᠢᠯᠲᠡ ᠶᠢᠨ ᠠᠷᠭ᠎ᠠ ᠭᠡᠯᠪᠡᠷᠢ ᠶᠢ ᠪᠣᠬᠢᠷᠳᠤᠯ ᠦᠭᠡᠢ ᠲᠡᠶᠢᠰᠢ ᠬᠤᠪᠢᠷᠠᠭᠤᠯᠬᠤ ᠶᠢ ᠲᠦᠷᠭᠡᠳᠬᠡᠨ ᠬᠥᠭᠵᠢᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠪᠣᠰᠬᠠᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠣᠶᠢᠷ᠎ᠠ ᠶᠢᠨ ᠵᠢᠯ ᠠᠴᠠ ᠴᠠᠭ ᠲᠤᠬᠠᠢ ᠳᠤᠨᠢ ᠲᠣᠬᠢᠷᠠᠭᠤᠯᠤᠨ ᠬᠦᠷᠭᠡᠬᠦ ᠠᠵᠢᠯ ᠲᠦᠷᠦᠯ ᠦᠳᠲᠡᠷ ᠲᠦᠷᠭᠡᠨ ᠬᠥᠭᠵᠢᠵᠦ᠂ ᠬᠡᠷᠡᠭᠯᠡᠭᠡ ᠶᠢ ᠠᠬᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠠᠵᠢᠯ ᠣᠯᠭᠤᠯᠲᠠ ᠶᠢ ᠥᠷᠭᠡᠳᠬᠡᠬᠦ ᠵᠡᠷᠭᠡ ᠲᠠᠯ᠎ᠠ ᠪᠠᠷ ᠤᠯᠠᠮ ᠠᠴᠠ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ ᠵᠣᠷᠢᠭᠵᠢᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠰᠠᠶᠢᠨ ᠰᠠᠶᠢᠬᠠᠨ ᠡᠵᠡᠩᠨᠡᠯᠲᠡ ᠶᠢᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠪᠤᠶ ᠪᠤᠯᠭᠠᠵᠤ᠂ ᠠᠵᠢᠯ ᠲᠥᠷᠥᠯ ᠤᠨ ᠬᠥᠭᠵᠢᠯᠲᠡ ᠶᠢᠨ ᠲᠦᠪᠰᠢᠨ ᠪᠠ ᠲᠤᠯᠭᠠᠭᠤᠷᠢᠯᠠᠨ ᠳᠠᠶᠢᠴᠢᠯᠠᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ᠂ ᠲᠣᠬᠢᠷᠠᠭᠤᠯᠤᠨ ᠬᠦᠷᠭᠡᠬᠦ ᠠᠮᠤᠷ ᠲᠦᠪᠰᠢᠨ ᠵᠡᠷᠭᠡ ᠬᠤᠷᠢᠭ᠎ᠠ ᠱᠤᠭᠤᠮ ᠢ ᠰᠠᠶᠢᠲᠤᠷ ᠰᠠᠬᠢᠬᠤ ᠶᠢ ᠬᠢᠨᠠᠨ ᠱᠠᠭᠠᠷᠳᠠᠵᠤ᠂ ᠬᠥᠳᠡᠯᠮᠦᠷᠢᠴᠢᠳ ᠤᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠨ᠂ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠦᠯᠦᠨ ᠡᠵᠡᠩᠨᠡᠬᠦ ᠥᠪᠡᠷ ᠤᠨ ᠥᠷᠲᠡᠭ ᠢ ᠪᠠᠭᠤᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠵᠣᠬᠢᠶᠠᠮᠠᠯ ᠣᠶᠤᠨ ᠴᠢᠳᠠᠪᠤᠷᠢ ᠪᠠ ᠦᠢᠯᠡᠳᠬᠦ ᠦᠢᠯᠡᠰ ᠤᠨ ᠭᠦᠨᠵᠡᠭᠡᠢ ᠠᠭᠤᠰᠤᠯᠴᠠᠯ ᠢᠶᠠᠷ ᠭᠤᠣᠯ ᠰᠢᠵᠢᠮ ᠪᠤᠯᠭᠠᠵᠤ᠂ ᠣᠶᠤᠨᠴᠢ ᠦᠢᠯᠡᠳᠬᠦ ᠦᠢᠯᠡᠰ ᠢᠶᠠᠷ ᠭᠤᠣᠯ ᠰᠢᠪᠲᠤᠯᠤᠯᠲᠠ ᠶᠢᠨ ᠴᠢᠭᠯᠡᠯ ᠪᠤᠯᠭᠠᠵᠤ᠂ ᠠᠬᠤᠢ ᠲᠠᠯᠠᠪᠠᠶ ᠶᠢᠨ ᠬᠡᠷᠡᠭᠯᠡᠯᠲᠡ ᠪᠠᠷ ᠬᠥᠲᠥᠯᠥᠮᠵᠢ ᠪᠤᠯᠭᠠᠵᠤ᠂ ᠭᠤᠣᠯᠳᠠᠯᠭ᠎ᠠ ᠲᠠᠢ ᠠᠵᠢᠯ ᠲᠥᠷᠥᠯ ᠤᠨ ᠣᠶᠤᠨᠴᠢᠯᠠᠨ ᠲᠠᠰ ᠳᠡᠪᠰᠢᠬᠦ ᠶᠢ ᠲᠦᠷᠭᠡᠳᠬᠡᠵᠦ᠂ ᠣᠶᠤᠨᠴᠢ ᠦᠢᠯᠡᠳᠬᠦᠨ ᠢ ᠶᠡᠭᠡ ᠪᠠᠷ ᠬᠥᠭᠵᠢᠭᠦᠯᠵᠦ᠂ ᠠᠵᠤ ᠦᠢᠯᠡᠳᠪᠦᠷᠢ ᠶᠢᠨ ᠦᠢᠯᠡᠳᠬᠦ ᠰᠢᠰᠲ᠋ᠧᠮ ᠢ ᠥᠨᠳᠥᠷ ᠲᠦᠪᠰᠢᠨ ᠢᠶᠠᠷ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠪᠦᠷᠢᠯᠳᠦᠭᠦᠯᠵᠦ᠂ ᠦᠢᠯᠡᠳᠬᠦ ᠦᠢᠯᠡᠰ ᠤᠨ ᠬᠦᠴᠦᠷᠬᠡᠭ ᠤᠯᠤᠰ᠂ ᠰᠦᠯᠵᠢᠶᠡᠨ ᠤ ᠬᠦᠴᠦᠷᠬᠡᠭ ᠤᠯᠤᠰ ᠪᠠ ᠲᠣᠭᠠᠴᠢᠯᠠᠭᠰᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠬᠥᠷᠥᠩᠭᠡ ᠶᠢᠨ ᠵᠠᠬ᠎ᠠ ᠳᠡᠯᠭᠡᠭᠦᠷ ᠤᠨ ᠰᠠᠭᠤᠷᠢ ᠳᠦᠷᠢᠮ ᠢ ᠴᠢᠨᠠᠭᠰᠢᠳᠠ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠡᠯᠡ ᠣᠷᠣᠭᠤᠯᠤᠯᠲᠠ ᠪᠡᠯᠡ ᠬᠤᠷᠠᠮᠳᠤᠭᠤᠯᠭ᠎ᠠ ᠶᠢᠨ ᠬᠥᠳᠡᠯᠦᠩᠭᠦᠢ ᠲᠡᠩᠴᠡᠭᠦᠷᠢ ᠶᠢ ᠨᠡᠩ ᠴᠢᠬᠤᠯᠠᠴᠢᠯᠠᠵᠤ᠂ ᠰᠲ᠋ᠣᠺ ᠢᠶᠠᠨ ᠵᠠᠬ᠎ᠠ ᠳᠤ ᠭᠠᠷᠭᠠᠭᠰᠠᠨ ᠺᠤᠮᠫᠠᠨᠢ ᠶᠢᠨ ᠴᠢᠨᠠᠷ ᠴᠢᠨᠰᠠᠭ᠎ᠠ ᠪᠣᠯᠣᠨ ᠪᠡᠯᠡ ᠣᠷᠣᠭᠤᠯᠤᠯᠲᠠ ᠶᠢᠨ ᠦᠷᠳᠡᠭ ᠢ ᠶᠡᠭᠡ ᠪᠠᠷ ᠳᠡᠭᠡᠭᠰᠢᠯᠡᠭᠦᠯᠵᠦ᠂ ᠳᠤᠮᠳᠠ ᠤᠷᠳᠤ ᠬᠤᠭᠤᠴᠠᠭᠠᠨ ᠤ ᠪᠡᠯᠡ ᠮᠥᠩᠭᠦ ᠶᠢ ᠵᠠᠬ᠎ᠠ ᠳᠤ ᠭᠠᠷᠭᠠᠬᠤ ᠡᠷᠴᠢᠮ ᠢ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠳᠣᠲᠣᠭᠠᠳᠤ ᠶᠢᠨ ᠲᠣᠭᠲᠠᠪᠤᠷᠢᠲᠤ ᠴᠢᠨᠠᠷ ᠢ ᠴᠢᠩᠭᠠᠳᠬᠠᠬᠤ ᠬᠡᠷᠡᠭᠲᠡᠢ᠃ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ︽ᠥᠴᠥᠬᠡᠨ ᠴᠦ ᠠᠭᠤᠴᠢᠯᠠᠬᠤ ᠦᠭᠡᠢ︾ ᠪᠠᠶᠢᠵᠤ᠂ ᠵᠢᠷᠤᠮᠵᠢᠭᠤᠨ ᠪᠥᠭᠡᠳ ᠢᠯᠡ ᠲᠣᠳᠣ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠤᠶ ᠪᠤᠯᠭᠠᠬᠤ ᠬᠡᠷᠡᠭᠲᠡᠢ᠃ ᠨᠡᠩ ᠬᠦᠴᠦᠲᠡᠢ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ᠂ ᠢᠲᠡᠭᠡᠯ ᠢ ᠲᠣᠭᠲᠠᠪᠤᠷᠢᠵᠢᠭᠤᠯᠬᠤ ᠪᠠᠷ ᠬᠦᠴᠦᠯᠡᠬᠦ ᠬᠡᠷᠡᠭᠲᠡᠢ᠃ ᠬᠤᠷᠸ᠎ᠠ ᠲᠦᠷᠦ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠴᠢᠩᠭᠠᠳᠬᠠᠵᠤ᠂ ᠲᠦᠷᠦ ᠶᠢᠨ ᠪᠣᠳᠣᠯᠭ᠎ᠠ ᠶᠢᠨ ᠪᠠᠭᠠᠵᠢ ᠶᠢᠨ ᠰᠢᠨ᠎ᠡ ᠶᠢ ᠡᠭᠦᠳᠬᠦ ᠪᠠ ᠵᠣᠬᠢᠴᠠᠯᠳᠤᠨ ᠬᠠᠮᠵᠢᠯᠴᠠᠬᠤ ᠶᠢ ᠴᠢᠩᠭᠠᠳᠬᠠᠵᠤ᠂ ᠠᠵᠤ ᠠᠬᠤᠢ ᠶᠢᠨ ᠳᠡᠭᠡᠭᠰᠢᠯᠡᠵᠦ ᠰᠠᠶᠢᠵᠢᠷᠠᠬᠤ ᠪᠠᠶᠢᠳᠠᠯ ᠢ ᠪᠠᠬᠢᠵᠢᠭᠦᠯᠦᠨ ᠴᠢᠩᠭᠠᠳᠬᠠᠵᠤ᠂ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽ᠪᠦᠭᠦᠲᠠ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠠᠲ᠋ᠣᠮ ᠤᠨ ᠡᠨᠧᠷᠭᠢ ᠶᠢᠨ ᠬᠠᠤᠯᠢ ︵ᠲᠥᠰᠥᠯ︶︾ ᠪᠣᠯᠣᠨ ︽ᠪᠦᠭᠦᠲᠠ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠵᠣᠭᠤᠰ ᠤᠬᠢᠶᠠᠬᠤ ᠶᠢ ᠡᠰᠡᠷᠭᠦᠴᠡᠬᠦ ᠬᠠᠤᠯᠢ ︵ᠵᠠᠰᠠᠪᠤᠷᠢ ᠣᠷᠣᠭᠤᠯᠤᠭᠰᠠᠨ ᠲᠥᠰᠥᠯ︶︾᠎ ᠶᠢ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠡᠪᠰᠢᠭᠦᠯᠦᠨ ᠬᠢᠨᠠᠨ ᠵᠥᠪᠯᠡᠭᠦᠯᠬᠦ ᠪᠠᠷ ᠲᠣᠭᠲᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠰᠢᠨᠬᠤᠸᠠ ᠬᠤᠷᠢᠶᠠᠨ ᠤ ᠪᠡᠭᠡᠵᠢᠩ ᠤᠨ ᠴᠠᠭᠢᠯᠭᠠᠨ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号