ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠤᠯᠤᠰ ᠤᠨ ᠢᠶᠠᠨ ᠲᠥᠯᠥᠭᠡ ᠵᠢᠳᠬᠦᠵᠦ ᠠᠷᠠᠳ ᠲᠦᠮᠡᠨ ᠳᠤ ᠪᠤᠶᠠᠨ ᠦᠢᠯᠡᠳᠬᠦ ᠬᠦᠰᠡᠯᠡᠩ ᠢᠶᠠᠨ ᠪᠠᠲᠤᠳᠬᠠᠨ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠲᠦᠷᠭᠡᠳᠬᠡᠨ ᠪᠡᠶᠡᠯᠡᠭᠦᠯᠵᠦ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠬᠡᠷᠡᠭᠲᠡᠢ
ᠨᠡᠶᠢᠲᠡᠯᠡᠭᠰᠡᠨ ᠴᠠᠭ᠄
2024/3/26
           ᠰᠢ ᠶᠢᠨ ᠫᠢᠩ ︽ᠤᠯᠤᠰ ᠤᠨ ᠢᠨᠵᠧᠨᠧᠷ ᠤᠨ ᠱᠠᠩᠨᠠᠯ︾᠎ ᠢ ᠠᠩᠬ᠎ᠠ ᠤᠳᠠᠭ᠎ᠠ ᠰᠢᠯᠭᠠᠷᠠᠭᠤᠯᠵᠤ ᠬᠥᠬᠢᠭᠦᠯᠦᠨ ᠰᠠᠶᠢᠰᠢᠶᠠᠬᠤ ᠲᠠᠰᠢᠷᠠᠮ ᠳᠤ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠤᠯᠤᠰ ᠤᠨ ᠢᠶᠠᠨ ᠲᠥᠯᠥᠭᠡ ᠵᠢᠳᠬᠦᠵᠦ ᠠᠷᠠᠳ ᠲᠦᠮᠡᠨ ᠳᠤ ᠪᠤᠶᠠᠨ ᠦᠢᠯᠡᠳᠬᠦ ᠬᠦᠰᠡᠯᠡᠩ ᠢᠶᠠᠨ ᠪᠠᠲᠤᠳᠬᠠᠨ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠲᠦᠷᠭᠡᠳᠬᠡᠨ ᠪᠡᠶᠡᠯᠡᠭᠦᠯᠵᠦ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠬᠡᠷᠡᠭᠲᠡᠢ           ᠼᠠᠢ ᠴᠢ ︽ᠤᠯᠤᠰ ᠤᠨ ᠢᠨᠵᠧᠨᠧᠷ ᠤᠨ ᠱᠠᠩᠨᠠᠯ︾᠎ ᠤᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ ᠳ᠋ᠢᠩ ᠰᠢᠤᠸᠠᠢ ᠰᠢᠶᠠᠩ ᠣᠷᠣᠯᠴᠠᠵᠠᠢ      ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 19᠎ ᠤ ᠴᠠᠭᠢᠯᠭᠠᠨ ᠮᠡᠳᠡᠭᠡ ︽ᠤᠯᠤᠰ ᠤᠨ ᠢᠨᠵᠧᠨᠧᠷ ᠤᠨ ᠱᠠᠩᠨᠠᠯ︾᠎ ᠢ ᠠᠩᠬ᠎ᠠ ᠤᠳᠠᠭ᠎ᠠ ᠰᠢᠯᠭᠠᠷᠠᠭᠤᠯᠵᠤ ᠬᠥᠬᠢᠭᠦᠯᠦᠨ ᠰᠠᠶᠢᠰᠢᠶᠠᠬᠤ ᠲᠠᠰᠢᠷᠠᠮ ᠳᠤ᠂ ᠨᠠᠮ ᠤᠨ ᠲᠥᠪ ᠬᠤᠷᠢᠶ᠎ᠠ ᠎ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠢᠬᠤᠯᠠ ᠵᠢᠭᠠᠪᠤᠷᠢ ᠥᠭᠴᠦ᠂ ᠬᠥᠬᠢᠭᠦᠯᠦᠭᠳᠡᠨ ᠰᠠᠶᠢᠰᠢᠶᠠᠭᠳᠠᠭᠰᠠᠨ ︽ᠤᠯᠤᠰ ᠤᠨ ᠭᠠᠷᠮᠠᠭᠠᠢ ᠢᠨᠵᠧᠨᠧᠷ︾ ᠪᠣᠯᠣᠨ ︽ᠤᠯᠤᠰ ᠤᠨ ᠭᠠᠷᠮᠠᠭᠠᠢ ᠢᠨᠵᠧᠨᠧᠷ ᠤᠨ ᠪᠦᠯᠭᠦᠮ︾᠎ ᠳᠤ ᠬᠠᠯᠠᠭᠤᠨ ᠪᠠᠶᠠᠷ ᠬᠦᠷᠭᠡᠵᠡᠢ᠃      ᠰᠢ ᠶᠢᠨ ᠫᠢᠩ᠂ ᠢᠨᠵᠧᠨᠧᠷ ᠪᠣᠯ ᠢᠨᠵᠧᠨᠧᠷᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠠᠬᠢᠭᠤᠯᠵᠤ ᠬᠥᠮᠥᠨ ᠲᠥᠷᠥᠯᠬᠢᠲᠡᠨ ᠳᠤ ᠪᠤᠶᠠᠨ ᠦᠢᠯᠡᠳᠬᠦ᠂ ᠢᠷᠡᠭᠡᠳᠦᠢ ᠶᠢ ᠡᠭᠦᠳᠦᠨ ᠪᠦᠲᠦᠭᠡᠬᠦ ᠴᠢᠬᠤᠯᠠ ᠬᠦᠴᠦᠨ ᠮᠥᠨ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠳᠠᠪᠤᠷᠢᠲᠠᠨ ᠤ ᠬᠦᠴᠦᠨ ᠤ ᠴᠢᠬᠤᠯᠠ ᠪᠦᠷᠢᠯᠳᠦᠭᠦᠨ ᠬᠡᠰᠡᠭ ᠮᠥᠨ᠃ ᠡᠨᠡ ᠤᠳᠠᠭ᠎ᠠ ᠬᠥᠬᠢᠭᠦᠯᠦᠭᠳᠡᠨ ᠰᠠᠶᠢᠰᠢᠶᠠᠭᠳᠠᠭᠰᠠᠨ ᠬᠤᠪᠢ ᠬᠥᠮᠥᠨ ᠪᠠ ᠪᠦᠯᠭᠦᠮ ᠪᠣᠯ ᠮᠠᠨ ᠤ ᠤᠯᠤᠰ ᠤᠨ ᠥᠷᠭᠡᠨ ᠤᠯᠠᠨ ᠢᠨᠵᠧᠨᠧᠷᠢᠩ ᠤᠨ ᠮᠡᠷᠭᠡᠵᠢᠯᠲᠡᠳ ᠤᠨ ᠰᠢᠯᠢᠳᠡᠭ ᠲᠥᠯᠥᠭᠡᠯᠡᠭᠴᠢ ᠮᠥᠨ᠂ ᠥᠷᠭᠡᠨ ᠤᠯᠠᠨ ᠢᠨᠵᠧᠨᠧᠷ ᠤᠨ ᠦᠯᠢᠭᠡᠷ ᠳᠠᠭᠤᠷᠢᠶᠠᠯ ᠮᠥᠨ ᠭᠡᠵᠦ ᠵᠢᠭᠠᠵᠤ ᠭᠠᠷᠭᠠᠵᠠᠢ᠃      ᠰᠢ ᠶᠢᠨ ᠫᠢᠩ᠂ ᠢᠷᠡᠭᠡᠳᠦᠢ ᠳᠤ ᠬᠠᠨᠳᠤᠵᠤ᠂ ᠢᠨᠵᠧᠨᠧᠷᠢᠩ ᠤᠨ ᠮᠡᠷᠭᠡᠵᠢᠯ ᠤᠨ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠥᠵᠢᠭᠦᠯᠬᠦ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠢᠨᠵᠧᠨᠧᠷ ᠤᠨ ᠨᠡᠶᠢᠭᠡᠮ ᠤᠨ ᠪᠠᠶᠢᠷᠢ ᠰᠠᠭᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠂ ᠲᠡᠳᠡᠨ ᠤ ᠴᠢᠳᠠᠪᠤᠷᠢᠲᠠᠨ ᠪᠣᠯᠵᠤ ᠭᠠᠪᠢᠶ᠎ᠠ ᠪᠠᠶᠢᠭᠤᠯᠬᠤ ᠳᠤ ᠨᠥᠬᠦᠴᠡᠯ ᠪᠦᠷᠢᠯᠳᠦᠭᠦᠯᠦᠨ ᠥᠭᠴᠦ᠂ ᠡᠷᠳᠡᠮᠲᠡᠨ ᠮᠡᠷᠭᠡᠳ ᠠᠴᠠ ᠲᠠᠭᠠᠨ ᠰᠤᠷᠤᠯᠴᠠᠬᠤ᠂ ᠰᠢᠷᠭᠠᠭᠤ ᠬᠠᠲᠠᠭᠤᠵᠢᠯᠲᠠᠢ ᠠᠵᠢᠯᠯᠠᠬᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ᠂ ᠰᠢᠨ᠎ᠡ ᠶᠢ ᠡᠭᠦᠳᠦᠨ ᠲᠡᠷᠢᠭᠦᠨ ᠤ ᠬᠢ ᠪᠤᠯᠬᠤ ᠪᠠᠷ ᠴᠢᠷᠮᠠᠶᠢᠬᠤ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠂ ᠥᠷᠭᠡᠨ ᠶᠡᠭᠡ ᠬᠡᠪᠴᠢᠶ᠎ᠡ ᠲᠠᠢ ᠭᠠᠷᠮᠠᠭᠠᠢ ᠢᠨᠵᠧᠨᠧᠷ ᠤᠨ ᠡᠩᠨᠡᠭᠡ ᠶᠢ ᠲᠦᠷᠭᠡᠳᠬᠡᠨ ᠪᠠᠶᠢᠭᠤᠯᠬᠤ ᠬᠡᠷᠡᠭᠲᠡᠢ᠃ ᠪᠦᠭᠦ ᠤᠯᠤᠰ ᠤᠨ ᠥᠷᠭᠡᠨ ᠤᠯᠠᠨ ᠢᠨᠵᠧᠨᠧᠷᠢᠩ ᠤᠨ ᠮᠡᠷᠭᠡᠵᠢᠯᠲᠡᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠤᠯᠤᠰ ᠤᠨ ᠢᠶᠠᠨ ᠲᠥᠯᠥᠭᠡ ᠵᠢᠳᠬᠦᠬᠦ᠂ ᠠᠷᠠᠳ ᠲᠦᠮᠡᠨ ᠳᠤ ᠪᠤᠶᠠᠨ ᠦᠢᠯᠡᠳᠬᠦ ᠬᠦᠰᠡᠯᠡᠩ ᠢᠶᠠᠨ ᠪᠠᠲᠤᠳᠬᠠᠨ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠳᠤ ᠵᠣᠷᠢᠭᠲᠠᠢ ᠪᠠᠷ ᠰᠢᠪᠲᠤᠯᠤᠯᠲᠠ ᠭᠠᠷᠭᠠᠵᠤ᠂ ᠰᠣᠳᠣᠨ ᠢᠨᠵᠧᠨᠧᠷᠢᠩ ᠢ ᠪᠦᠲᠦᠭᠡᠨ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠠᠬᠢᠭᠤᠯᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠎ ᠪᠠᠨ ᠬᠦᠴᠦᠷᠬᠡᠭᠵᠢᠭᠦᠯᠬᠦ ᠶᠢ ᠲᠦᠷᠭᠡᠳᠬᠡᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠠᠭᠤᠤ ᠦᠢᠯᠡᠰ ᠲᠤ ᠨᠡᠩ ᠶᠡᠭᠡ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃       ︽ᠤᠯᠤᠰ ᠤᠨ ᠢᠨᠵᠧᠨᠧᠷ ᠤᠨ ᠱᠠᠩᠨᠠᠯ︾᠎ ᠤᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ 19᠎ ᠤ ᠡᠳᠦᠷ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠪᠣᠯᠣᠨ ᠤᠯᠤᠰ ᠤᠨ ᠭᠠᠪᠢᠶ᠎ᠠ ᠵᠢᠳᠬᠦᠯ ᠢᠷᠠᠭᠤ ᠠᠯᠳᠠᠷ ᠢ ᠬᠥᠬᠢᠭᠦᠯᠦᠨ ᠰᠠᠶᠢᠰᠢᠶᠠᠬᠤ ᠠᠵᠢᠯ ᠤᠨ ᠬᠤᠷᠢᠶ᠎ᠠ ᠶᠢᠨ ᠡᠷᠭᠢᠯᠡᠭᠴᠢ ᠼᠠᠢ ᠴᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠤ ᠣᠷᠣᠯᠴᠠᠬᠰᠠᠨ ᠪᠥᠭᠡᠳ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠪᠠ᠃      ᠼᠠᠢ ᠴᠢ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠲᠤᠰᠬᠠᠶᠢᠯᠠᠨ ᠴᠢᠬᠤᠯᠠ ᠵᠢᠭᠠᠪᠤᠷᠢ ᠥᠭᠴᠦ᠂ ᠬᠥᠬᠢᠭᠦᠯᠦᠭᠳᠡᠨ ᠰᠠᠶᠢᠰᠢᠶᠠᠭᠳᠠᠭᠰᠠᠨ ᠬᠤᠪᠢ ᠬᠥᠮᠥᠨ ᠪᠣᠯᠣᠨ ᠪᠦᠯᠭᠦᠮ ᠳᠤ ᠬᠠᠯᠠᠭᠤᠨ ᠪᠠᠶᠠᠷ ᠬᠦᠷᠭᠡᠨ᠂ ᠥᠷᠭᠡᠨ ᠣᠯᠠᠨ ᠢᠨᠵᠧᠨᠧᠷᠢᠩ ᠤᠨ ᠮᠡᠷᠭᠡᠵᠢᠯᠲᠡᠳ ᠲᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠭᠰᠠᠨ ᠨᠢ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠢᠨᠵᠧᠨᠧᠷᠢᠩ ᠤᠨ ᠮᠡᠷᠭᠡᠵᠢᠯ ᠤᠨ ᠦᠢᠯᠡᠰ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠢᠨᠵᠧᠨᠧᠷᠢᠩ ᠤᠨ ᠮᠡᠷᠭᠡᠵᠢᠯᠲᠡᠨ ᠢ ᠳᠣᠲᠣᠨᠣ ᠪᠠᠷ ᠬᠠᠯᠠᠮᠵᠢᠯᠠᠵᠤ ᠪᠠᠶᠢᠬᠤ ᠶᠢ ᠭᠦᠢᠴᠡᠳ ᠢᠯᠡᠷᠡᠭᠦᠯᠪᠡ᠃ ᠶᠡᠷᠦᠩᠬᠡᠢ ᠱᠦᠵᠢ ᠰᠢ ᠶᠢᠨ ᠫᠢᠩ ᠤᠨ ᠢᠨᠵᠧᠨᠧᠷᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢ ᠠᠬᠢᠭᠤᠯᠬᠤ ᠲᠤᠬᠠᠢ ᠴᠢᠬᠤᠯᠠ ᠥᠭᠦᠯᠡᠯᠲᠡ ᠶᠢᠨ ᠲᠣᠭᠤᠷᠢᠨ ᠳᠤ᠂ ᠭᠦᠨᠵᠡᠭᠡᠢ ᠰᠤᠷᠤᠯᠴᠠᠨ ᠣᠶᠢᠯᠠᠭᠠᠵᠤ᠂ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃                ᠼᠠᠢ ᠴᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠥᠷᠭᠡᠨ ᠤᠯᠠᠨ ᠢᠨᠵᠧᠨᠧᠷᠢᠩ ᠤᠨ ᠮᠡᠷᠭᠡᠵᠢᠯᠲᠡᠨ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠣᠮᠣᠭᠰᠢᠯᠲᠠᠢ ᠠᠮᠵᠢᠯᠲᠠ ᠪᠦᠲᠦᠮᠵᠢ ᠶᠢ ᠡᠭᠦᠳᠪᠡ᠃ ᠬᠥᠬᠢᠭᠦᠯᠦᠭᠳᠡᠨ ᠰᠠᠶᠢᠰᠢᠶᠠᠭᠳᠠᠭᠰᠠᠨ ᠬᠤᠪᠢ ᠬᠥᠮᠥᠨ ᠪᠣᠯᠣᠨ ᠪᠦᠯᠭᠦᠮ ᠪᠣᠯ ᠡᠯ᠎ᠡ ᠹᠷᠣᠨᠲ ᠤᠨ ᠢᠨᠵᠧᠨᠧᠷᠢᠩ ᠤᠨ ᠮᠡᠷᠭᠡᠵᠢᠯ ᠤᠨ ᠠᠵᠢᠯᠲᠠᠨ ᠤ ᠭᠠᠷᠮᠠᠭᠠᠢ ᠲᠥᠯᠥᠭᠡᠯᠡᠭᠴᠢ ᠮᠥᠨ᠂ ᠣᠯᠠᠨ ᠢᠶᠠᠷ ᠢᠶᠠᠨ ᠵᠢᠱᠢᠶ᠎ᠡ ᠦᠵᠡᠭᠦᠯᠵᠦ ᠥᠯᠢᠭᠡᠷ ᠳᠠᠭᠤᠷᠢᠶᠠᠯ ᠪᠤᠯᠬᠤ ᠦᠢᠯᠡᠳᠦᠯ ᠢᠶᠠᠨ ᠨᠠᠩ ᠰᠠᠶᠢᠲᠤᠷ ᠪᠠᠳᠠᠷᠠᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠨᠠᠮ ᠪᠣᠯᠣᠨ ᠠᠷᠠᠳ ᠲᠦᠮᠡᠨ ᠳᠤ ᠳᠠᠭᠢᠨ ᠰᠢᠨ᠎ᠡ ᠭᠠᠪᠢᠶ᠎ᠠ ᠪᠠᠶᠢᠭᠤᠯᠬᠤ ᠶᠢ ᠬᠦᠰᠡᠵᠦ ᠪᠠᠶᠢᠨ᠎ᠠ᠃ ᠮᠠᠨ ᠤ ᠤᠯᠤᠰ ᠤᠨ ᠢᠨᠵᠧᠨᠧᠷᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠢᠮᠠᠭᠲᠠ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠢᠮᠠᠭᠲᠠ ᠠᠷᠠᠳ ᠲᠦᠮᠡᠨ ᠳᠤ ᠪᠤᠶᠠᠨ ᠦᠢᠯᠡᠳᠬᠦ ᠶᠢ ᠪᠠᠷᠢᠮᠲᠠᠯᠠᠨ᠂ ᠢᠮᠠᠭᠲᠠ ᠰᠢᠨ᠎ᠡ ᠮᠠᠶ᠋ᠢᠭ ᠤᠨ ᠤᠯᠤᠰ ᠲᠠᠶᠠᠭᠠᠷᠴᠢᠯᠠᠬᠰᠠᠨ ᠪᠠᠶᠢᠭᠤᠯᠤᠮᠵᠢ ᠶᠢ ᠪᠠᠷᠢᠮᠲᠠᠯᠠᠵᠤ᠂ ᠴᠢᠳᠠᠪᠤᠷᠢᠲᠠᠨ ᠤ ᠨᠢᠭᠡᠳᠦᠭᠡᠷ ᠡᠬᠢ ᠪᠠᠶᠠᠯᠢᠭ ᠤᠨ ᠦᠢᠯᠡᠳᠦᠯ ᠢ ᠪᠠᠳᠠᠷᠠᠭᠤᠯᠬᠤ ᠶᠢ ᠢᠮᠠᠭᠲᠠ ᠪᠠᠷᠢᠮᠲᠠᠯᠠᠨ᠂ ᠢᠮᠠᠭᠲᠠ ᠥᠪᠡᠷ ᠤᠨ ᠬᠦᠴᠦ ᠪᠠᠷ ᠢᠶᠠᠨ ᠳᠡᠭᠵᠢᠷᠡᠬᠦ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠢᠮᠠᠭᠲᠠ ᠨᠡᠭᠡᠭᠡᠯᠲᠡ ᠬᠢᠵᠦ ᠬᠠᠮᠲᠤᠷᠠᠯᠴᠠᠬᠤ ᠶᠢ ᠪᠠᠷᠢᠮᠲᠠᠯᠠᠵᠤ ᠪᠠᠶᠢᠨ᠎ᠠ᠂ ᠡᠳᠡᠭᠡᠷ ᠤᠨᠤᠯ ᠪᠠ ᠦᠢᠯᠡᠳᠦᠯᠭᠡ ᠶᠢᠨ ᠤᠭᠢ ᠪᠦᠲᠦᠭᠡᠯ ᠢ ᠡᠷᠬᠡᠪᠰᠢ ᠤᠷᠲᠤ ᠬᠤᠭᠤᠴᠠᠭ᠎ᠠ ᠪᠠᠷ ᠪᠠᠷᠢᠮᠲᠠᠯᠠᠬᠤ ᠶᠢᠨ ᠬᠠᠮᠲᠤ ᠲᠠᠰᠤᠷᠠᠯᠲᠠ ᠦᠭᠡᠢ ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠼᠠᠢ ᠴᠢ᠂ ᠥᠷᠭᠡᠨ ᠤᠯᠠᠨ ᠢᠨᠵᠧᠨᠧᠷᠢᠩ ᠤᠨ ᠮᠡᠷᠭᠡᠵᠢᠯᠲᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠥᠬᠢᠭᠦᠯᠦᠭᠳᠡᠨ ᠰᠠᠶᠢᠰᠢᠶᠠᠭᠳᠠᠭᠰᠠᠨ ᠬᠤᠪᠢ ᠬᠥᠮᠥᠨ ᠪᠣᠯᠣᠨ ᠪᠦᠯᠭᠦᠮ ᠢᠶᠠᠷ ᠳᠠᠭᠤᠷᠢᠶᠠᠯ ᠪᠣᠯᠭᠠᠨ᠂ ᠨᠠᠮ ᠪᠣᠯᠣᠨ ᠠᠷᠠᠳ ᠲᠦᠮᠡᠨ ᠢ ᠡᠭᠦᠷᠢᠳᠡ ᠰᠡᠳᠬᠢᠯ ᠵᠢᠷᠦᠬᠡᠨ ᠤ ᠪᠠᠨ ᠬᠠᠮᠤᠭ ᠳᠡᠭᠡᠳᠦ ᠪᠠᠶᠢᠷᠢᠨ ᠳᠤ ᠲᠠᠯᠪᠢᠵᠤ᠂ ᠠᠵᠢᠯ ᠦᠢᠯᠡᠰ ᠢᠶᠠᠨ ᠳᠡᠭᠡᠳᠦᠯᠡᠵᠦ ᠬᠤᠪᠢ ᠨᠡᠮᠡᠷᠢ ᠦᠵᠡᠭᠦᠯᠭᠦ ᠶᠢ ᠡᠭᠦᠷᠢᠳᠡ ᠴᠢᠰᠤᠨ ᠳᠠᠭᠠᠨ ᠠᠭᠤᠰᠬᠠᠨ᠂ ᠭᠠᠷᠮᠠᠭᠠᠢ ᠶᠢ ᠬᠥᠭᠡᠭᠡᠴᠡᠯᠳᠦᠬᠦ ᠪᠠᠷ ᠡᠭᠦᠷᠢᠳᠡ ᠬᠡᠪ ᠳᠠᠭᠤᠷᠢᠶᠠᠯ ᠪᠤᠯᠭᠠᠵᠤ᠂ ᠪᠦᠯᠬᠦᠮᠳᠡᠨ ᠬᠠᠮᠵᠢᠯᠴᠠᠬᠤ ᠪᠠᠷ ᠡᠭᠦᠷᠢᠳᠡ ᠡᠷᠳᠡᠨᠢ ᠪᠣᠯᠭᠠᠨ᠂ ᠰᠢᠨ᠎ᠡ ᠴᠠᠭ ᠦᠶ᠎ᠡ ᠰᠢᠨ᠎ᠡ ᠠᠶᠠᠨ ᠤ ᠢᠨᠵᠧᠨᠧᠷᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠲᠠᠰᠤᠷᠠᠯᠳᠠ ᠦᠭᠡᠢ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃      ᠼᠠᠢ ᠴᠢ᠂ ᠶᠡᠭᠡ ᠬᠡᠮᠵᠢᠶᠡᠨ ᠤ ᠮᠣᠷᠠᠯ ᠴᠢᠳᠠᠪᠤᠷᠢ ᠬᠤᠣᠰᠯᠠᠭᠰᠠᠨ ᠢᠨᠵᠧᠨᠧᠷ ᠢ ᠬᠥᠮᠥᠵᠢᠭᠦᠯᠬᠦ ᠪᠣᠯ ᠤᠯᠤᠰ ᠪᠣᠯᠣᠨ ᠦᠨᠳᠦᠰᠦᠲᠡᠨ ᠤ ᠠᠯᠤᠰ ᠭᠡᠳᠤ ᠶᠢᠨ ᠬᠥᠭᠵᠢᠯᠲᠡ ᠶᠢᠨ ᠶᠡᠭᠡ ᠪᠣᠳᠣᠯᠭ᠎ᠠ ᠪᠣᠯᠣᠨ᠎ᠠ᠃ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠰᠢᠨ᠎ᠡ ᠴᠠᠭ ᠦᠶ᠎ᠡ ᠶᠢᠨ ᠢᠨᠵᠧᠨᠧᠷᠢᠩ ᠤᠨ ᠮᠡᠷᠭᠡᠵᠢᠯ ᠤᠨ ᠴᠢᠳᠠᠪᠤᠷᠢᠲᠠᠨ ᠤ ᠠᠵᠢᠯ ᠢ ᠰᠠᠶᠢᠲᠤᠷ ᠬᠢᠬᠦ ᠬᠡᠷᠡᠭᠲᠡᠢ᠃ ᠪᠡᠶ᠎ᠡ ᠪᠠᠨ ᠳᠠᠭᠠᠭᠠᠵᠤ ᠬᠥᠮᠥᠵᠢᠭᠦᠯᠬᠦ ᠰᠢᠰᠲ᠋ᠧᠮ ᠢ ᠬᠦᠴᠦᠯᠡᠨ ᠲᠡᠭᠦᠯᠳᠡᠷᠵᠢᠭᠦᠯᠵᠦ᠂ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠬᠦᠴᠦᠯᠡᠨ ᠭᠦᠨᠵᠡᠭᠡᠶᠢᠷᠡᠭᠦᠯᠵᠦ᠂ ᠨᠡᠭᠡᠭᠡᠯᠲᠡ ᠬᠢᠵᠦ ᠰᠣᠯᠢᠯᠴᠠᠬᠤ ᠶᠢ ᠬᠦᠴᠦᠯᠡᠨ ᠠᠬᠢᠭᠤᠯᠵᠤ᠂ ᠰᠠᠶᠢᠨ ᠰᠠᠶᠢᠬᠠᠨ ᠰᠢᠨ᠎ᠡ ᠶᠢ ᠡᠭᠦᠳᠬᠦ ᠣᠷᠴᠢᠨ ᠨᠥᠬᠦᠴᠡᠯ ᠢ ᠬᠦᠴᠦᠯᠡᠨ ᠪᠤᠶ ᠪᠤᠯᠭᠠᠵᠤ᠂ ᠢᠨᠵᠧᠨᠧᠷᠢᠩ ᠤᠨ ᠮᠡᠷᠭᠡᠵᠢᠯ ᠤᠨ ᠠᠵᠢᠯᠲᠠᠨ ᠤ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠯᠢ ᠭᠠᠨ ᠵᠢᠶᠧ ᠬᠤᠷᠠᠯ ᠳᠡᠭᠡᠷ᠎ᠡ ︽ᠤᠯᠤᠰ ᠤᠨ ᠭᠠᠷᠮᠠᠭᠠᠢ ᠢᠨᠵᠧᠨᠧᠷ ᠪᠣᠯᠣᠨ ᠤᠯᠤᠰ ᠤᠨ ᠭᠠᠷᠮᠠᠭᠠᠢ ᠢᠨᠵᠧᠨᠧᠷ ᠤᠨ ᠪᠦᠯᠭᠦᠮ ᠢ ᠬᠥᠬᠢᠭᠦᠯᠦᠨ ᠰᠠᠶᠢᠰᠢᠶᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ︾᠎ ᠢ ᠤᠩᠰᠢᠨ ᠨᠡᠶᠢᠲᠡᠯᠡᠪᠡ᠃ ᠯᠢ ᠱᠤ᠋ ᠯᠧᠢ᠂ ᠲᠢᠶᠧ ᠨᠢᠩ᠂ ᠦ᠋ ᠵᠧᠩ ᠯᠦᠩ᠂ ᠴᠧᠨ ᠦ᠋᠂ ᠵᠢᠶᠠᠩ ᠰᠢᠨ ᡁᠢ ᠪᠣᠯᠣᠨ ᠮᠢᠶᠣᠣ ᠬᠤᠸᠠ ᠶᠡᠭᠡ ᠬᠤᠷᠠᠯ ᠳᠤ ᠣᠷᠣᠯᠴᠠᠪᠠ᠃ ᠵᠠᠩ ᠭᠦᠸᠧ ᠴᠢᠩ ᠶᠡᠭᠡ ᠬᠤᠷᠠᠯ ᠢ ᠡᠷᠭᠢᠯᠡᠪᠡ᠃      ᠶᠡᠭᠡ ᠬᠤᠷᠠᠯ ᠠᠴᠠ ᠬᠥᠬᠢᠭᠦᠯᠦᠭᠳᠡᠨ ᠰᠠᠶᠢᠰᠢᠶᠠᠭᠳᠠᠭᠰᠠᠨ ᠲᠥᠯᠥᠭᠡᠯᠡᠭᠴᠢᠳ ᠲᠤ ᠱᠠᠩᠨᠠᠯ ᠭᠠᠷᠳᠠᠭᠤᠯᠪᠠ᠃ ᠬᠠᠷᠪᠢᠨ ᠤ ᠴᠠᠭᠢᠯᠭᠠᠨ ᠤ ᠪᠦᠯᠦᠭᠯᠡᠯ ᠺᠤᠮᠫᠠᠨᠢ ᠶᠢᠨ ᠳᠡᠳ᠋ ᠶᠡᠷᠦᠩᠬᠡᠢ ᠢᠨᠵᠧᠨᠧᠷ ᠴᠢᠨ ᠳ᠋ᠡ ᠴᠢᠩ᠂ ᠰᠢᠶᠠᠩᠭᠠᠩ ᠵᠦᠬᠠᠢ ᠣᠣᠮᠧᠨ ᠤ ᠶᠡᠭᠡ ᠬᠥᠭᠦᠷᠭᠡ ᠶᠢᠨ ᠪᠠᠷᠢᠯᠭ᠎ᠠ ᠶᠢᠨ ᠶᠡᠷᠦᠩᠬᠡᠢ ᠢᠨᠵᠧᠨᠧᠷ ᠰᠦ᠋ ᠴᠢᠤᠸᠠᠨ ᠺᠧ᠂ ᠰᠡᠷᠭᠦᠨ ᠮᠠᠨᠳᠤᠯᠲᠠ ᠨᠠᠷᠠᠮᠵᠢᠲᠦ ᠲᠦᠷᠭᠡᠨ ᠤ ᠭᠠᠯᠲᠤ ᠲᠡᠷᠭᠡᠨ ᠤ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠪᠦᠯᠭᠦᠮ ᠤᠨ ᠬᠠᠷᠢᠭᠤᠴᠠᠯᠭᠠᠲᠠᠨ ᠵᠧᠦ ᠯᠢ ᠵᠡᠷᠭᠡ ᠱᠠᠩᠨᠠᠯ ᠭᠥᠷᠳᠡᠭᠰᠡᠨ ᠲᠥᠯᠥᠭᠡᠯᠡᠭᠴᠢᠳ ᠬᠤᠷᠠᠯ ᠳᠡᠭᠡᠷ᠎ᠡ ᠦᠭᠡ ᠬᠡᠯᠡᠪᠡ᠃      ᠢᠨᠵᠧᠨᠧᠷᠢᠩ ᠤᠨ ᠮᠡᠷᠭᠡᠵᠢᠯ ᠤᠨ ᠬᠦᠷᠢᠶᠡᠨ ᠤ ᠲᠡᠷᠢᠭᠦᠨ ᠤ ᠨᠡᠶᠢᠲᠡᠯᠢᠭ ᠵᠢᠱᠢᠶ᠎ᠡ ᠶᠢ ᠬᠥᠬᠢᠭᠦᠯᠦᠨ ᠰᠠᠶᠢᠰᠢᠶᠠᠬᠤ ᠶᠢᠨ ᠲᠥᠯᠥᠭᠡ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠤᠯᠤᠰ ᠤᠨ ᠢᠨᠵᠧᠨᠧᠷ ᠤᠨ ᠱᠠᠩᠨᠠᠯ ︾᠎ ᠢ ᠠᠩᠬ᠎ᠠ ᠤᠳᠠᠭ᠎ᠠ ᠰᠢᠯᠭᠠᠷᠠᠭᠤᠯᠤᠨ ᠬᠥᠬᠢᠭᠦᠯᠬᠦ ᠪᠠᠷ ᠲᠣᠭᠲᠠᠵᠤ᠂ 81 ᠬᠤᠪᠢ ᠬᠥᠮᠥᠨ ᠳᠤ ︽ᠤᠯᠤᠰ ᠤᠨ ᠭᠠᠷᠮᠠᠭᠠᠢ ᠢᠨᠵᠧᠨᠧᠷ︾᠎ ᠤᠨ ᠴᠣᠯᠠ᠂ 50 ᠪᠦᠯᠭᠦᠮ ᠳᠤ ︽ᠤᠯᠤᠰ ᠤᠨ ᠭᠠᠷᠮᠠᠭᠠᠢ ᠢᠨᠵᠧᠨᠧᠷ ᠤᠨ ᠪᠦᠯᠭᠦᠮ︾᠎ ᠤᠨ ᠴᠣᠯᠠ ᠣᠯᠭᠤᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号