ᠬᠤᠯᠪᠤᠭ᠎ᠠ ᠲᠠᠰᠤᠷᠠᠬᠰᠠᠨ ᠬᠥᠮᠥᠰ ᠢ ᠪᠦᠭᠦ ᠬᠦᠴᠦᠨ ᠢᠶᠠᠷ ᠢᠶᠠᠨ ᠡᠷᠢᠨ ᠠᠪᠤᠷᠠᠵᠤ ᠡᠭᠦᠰᠦᠮᠡᠯ ᠭᠠᠮᠰᠢᠭ ᠭᠠᠷᠬᠤ ᠎ ᠶᠢ ᠰᠡᠷᠭᠡᠶᠢᠯᠡᠨ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ
ᠨᠡᠶᠢᠲᠡᠯᠡᠭᠰᠡᠨ ᠴᠠᠭ᠄
2024/3/26
 ᠰᠢ ᠶᠢᠨ ᠫᠢᠩ ᠶᠦᠨᠨᠠᠨ ᠤ ᠵᠤᠤ ᠲᠦᠡᠭ ᠬᠤᠳᠠ ᠶᠢᠨ ᠵᠧᠨ ᠰᠢᠶᠦ᠋ᠡᠭ ᠰᠢᠶᠠᠨ ᠤ ᠠᠭᠤᠯᠠ ᠶᠡᠭᠦᠷᠡᠭᠰᠡᠨ ᠠᠳᠠᠯ ᠳᠤ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ      ᠬᠤᠯᠪᠤᠭ᠎ᠠ ᠲᠠᠰᠤᠷᠠᠬᠰᠠᠨ ᠬᠥᠮᠥᠰ ᠢ ᠪᠦᠭᠦ ᠬᠦᠴᠦᠨ ᠢᠶᠠᠷ ᠢᠶᠠᠨ ᠡᠷᠢᠨ ᠠᠪᠤᠷᠠᠵᠤ ᠡᠭᠦᠰᠦᠮᠡᠯ ᠭᠠᠮᠰᠢᠭ ᠭᠠᠷᠬᠤ ᠶᠢ ᠰᠡᠷᠭᠡᠶᠢᠯᠡᠨ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ                ᠯᠢ ᠴᠢᠶᠠᠩ ᠴᠣᠬᠤᠯᠠᠪᠤᠷᠢ ᠥᠭᠴᠡᠢ      ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 22᠎ ᠤᠨ ᠴᠠᠭᠢᠯᠭᠠᠨ ᠮᠡᠳᠡᠭᠡ 1 ᠰᠠᠷ᠎ᠠ ᠶᠢᠨ 22᠎ ᠤᠨ ᠡᠳᠦᠷ ᠤᠨ 6 ᠴᠠᠭ ᠤᠨ ᠦᠶ᠎ᠡ ᠪᠠᠷ᠂ ᠶᠦᠨᠨᠠᠨ ᠤ ᠵᠣᠣ ᠲᠦᠩ ᠬᠤᠲᠠ ᠶᠢᠨ ᠵᠧᠨ ᠰᠢᠶᠦ᠋ᠩ ᠰᠢᠶᠠᠨ ᠤ ᠲᠠᠩ ᠹᠠᠩ ᠪᠠᠯᠭᠠᠰᠤᠨ ᠤ ᠯᠢᠶᠠᠩ ᠱᠦᠢ ᠲᠣᠰᠬᠤᠨ ᠳᠤ ᠠᠭᠤᠯᠠ ᠶᠡᠭᠦᠷᠡᠵᠦ᠂ 18 ᠡᠷᠤᠭᠡ ᠶᠢᠨ ᠭᠡᠷ ᠪᠠᠶᠢᠰᠢᠩ ᠳᠠᠷᠤᠭᠳᠠᠨ᠂ 47 ᠬᠥᠮᠥᠨ ᠬᠤᠯᠪᠤᠭ᠎ᠠ ᠲᠠᠰᠤᠷᠠᠪᠠ᠃      ᠭᠠᠮᠰᠢᠭ ᠡᠭᠦᠰᠦᠭᠰᠡᠨ ᠤ ᠳᠠᠷᠠᠭ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠶᠢᠨ ᠬᠠᠮᠲᠤ ᠴᠢᠬᠤᠯᠠ ᠵᠢᠭᠠᠪᠤᠷᠢ ᠥᠭᠴᠦ᠂ ᠠᠪᠤᠷᠠᠨ ᠲᠤᠰᠠᠯᠠᠬᠤ ᠬᠦᠴᠦᠨ ᠢ ᠲᠦᠷᠭᠡᠨ ᠵᠣᠬᠢᠶᠠᠨ ᠪᠠᠶᠢᠭᠤᠯᠵᠤ᠂ ᠬᠤᠯᠪᠤᠭ᠎ᠠ ᠲᠠᠰᠤᠷᠠᠬᠰᠠᠨ ᠬᠥᠮᠥᠰ ᠢ ᠪᠦᠭᠦ ᠬᠦᠴᠦᠨ ᠢᠶᠠᠷ ᠢᠶᠠᠨ ᠡᠷᠢᠨ ᠠᠪᠤᠷᠠᠵᠤ᠂ ᠬᠠᠮᠤᠭ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠬᠥᠮᠥᠨ ᠬᠠᠷ᠎ᠠ ᠶᠢᠨ ᠦᠬᠦᠵᠦ ᠰᠢᠷᠬᠠᠲᠤᠬᠤ ᠶᠢ ᠪᠠᠭᠠᠰᠬᠠᠬᠤ ᠬᠡᠷᠡᠭᠲᠡᠢ᠃ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ᠂ ᠰᠢᠨᠵᠢᠯᠡᠬᠦ ᠤᠬᠠᠭᠠᠨᠴᠢ ᠪᠠᠷ ᠡᠷᠢᠵᠦ ᠠᠪᠤᠷᠠᠬᠤ ᠶᠢ ᠴᠢᠩᠭᠠᠳᠬᠠᠵᠤ᠂ ᠡᠭᠦᠰᠦᠮᠡᠯ ᠭᠠᠮᠰᠢᠭ ᠭᠠᠷᠬᠤ ᠶᠢ ᠰᠡᠷᠭᠡᠶᠢᠯᠡᠬᠦ ᠬᠡᠷᠡᠭᠲᠡᠢ᠃ ᠠᠳᠡᠭᠰᠡᠳ ᠤᠨ ᠭᠡᠷ ᠪᠦᠯᠢ ᠶᠢᠨ ᠬᠢᠨ ᠢ ᠲᠣᠬᠤᠨᠢᠭᠤᠯᠬᠤ ᠪᠠ ᠭᠠᠮᠰᠢᠭᠳᠠᠭᠰᠠᠨ ᠤᠯᠠᠨ ᠲᠦᠮᠡᠨ ᠢ ᠲᠥᠪᠬᠢᠨᠡᠭᠦᠯᠬᠦ ᠵᠡᠷᠭᠡ ᠠᠵᠢᠯ ᠢ ᠲᠣᠬᠢᠲᠠᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ ᠃ ᠰᠢ ᠶᠢᠨ ᠫᠢᠩ᠂ ᠴᠠᠭᠠᠨ ᠰᠠᠷ᠎ᠠ ᠤᠶᠢᠷᠠᠳᠴᠤ ᠢᠷᠡᠭᠰᠡᠨ ᠤ ᠳᠡᠭᠡᠷ᠎ᠡ ᠬᠦᠢᠲᠡᠨ ᠤᠷᠤᠰᠬᠠᠯ ᠤᠨ ᠴᠠᠭ ᠠᠭᠤᠷ ᠤᠨ ᠨᠥᠯᠥᠭᠡ ᠳᠠᠪᠬᠤᠴᠠᠵᠤ᠂ ᠪᠠᠶᠢᠭᠠᠯᠢ ᠶᠢᠨ ᠭᠠᠮᠰᠢᠭ᠂ ᠵᠠᠮ ᠬᠠᠷᠢᠯᠴᠠᠭᠠᠨ ᠤ ᠠᠳᠡᠯ᠂ ᠠᠶᠤᠯᠭᠦᠢ ᠦᠢᠯᠡᠳᠪᠦᠷᠢᠯᠡᠯ ᠤᠨ ᠠᠳᠡᠯ ᠵᠡᠷᠭᠡ ᠠᠮᠠᠷᠬᠠᠨ ᠡᠭᠦᠰᠴᠦ ᠮᠡᠲᠡᠨ᠎ᠡ᠂ ᠡᠯ᠎ᠡ ᠭᠠᠵᠠᠷ ᠣᠷᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠶᠤᠯ ᠲᠦᠭᠰᠢᠭᠦᠷᠢ ᠭᠡᠮ ᠰᠣᠭᠤᠭ ᠢ ᠴᠢᠩᠭ᠎ᠠ ᠠᠩᠬᠠᠷᠴᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠥᠮᠥᠨ ᠬᠠᠷ᠎ᠠ ᠦᠬᠦᠵᠦ ᠰᠢᠷᠬᠠᠲᠤᠬᠤ ᠬᠦᠨᠳᠦ ᠶᠡᠭᠡ ᠬᠡᠷᠡᠭ ᠡᠭᠦᠰᠬᠦ ᠶᠢ ᠰᠡᠷᠭᠡᠶᠢᠯᠡᠨ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠴᠣᠬᠤᠯᠠᠪᠤᠷᠢ ᠥᠭᠴᠦ᠂ ᠠᠶᠤᠯ ᠠᠴᠠ ᠠᠪᠤᠷᠠᠨ ᠲᠤᠰᠠᠯᠠᠬᠤ ᠠᠵᠢᠯ ᠢ ᠪᠦᠭᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠵᠤ᠂ ᠴᠠᠭ ᠮᠥᠴᠡ ᠲᠠᠢ ᠤᠷᠤᠯᠳᠤᠨ ᠬᠤᠯᠪᠤᠭ᠎ᠠ ᠲᠠᠰᠤᠷᠠᠬᠰᠠᠨ ᠬᠥᠮᠥᠰ ᠢ ᠡᠷᠢᠨ ᠠᠪᠤᠷᠠᠵᠤ᠂ ᠬᠠᠮᠤᠭ ᠶᠡᠭᠡ ᠴᠢᠷᠮᠠᠶᠢᠯᠭ᠎ᠠ ᠭᠠᠷᠭᠠᠨ ᠦᠬᠦᠵᠦ ᠰᠢᠷᠬᠠᠲᠤᠬᠤ ᠶᠢ ᠪᠠᠭᠠᠰᠬᠠᠬᠤ ᠬᠡᠷᠡᠭᠲᠡᠢ᠂ ᠡᠭᠦᠨ ᠤ ᠵᠡᠷᠭᠡ ᠳᠤ ᠡᠷᠭᠢᠠ ᠲᠣᠭᠤᠷᠢᠨ ᠤ ᠭᠠᠵᠠᠷ ᠤᠨ ᠭᠠᠮᠰᠢᠭ ᠤᠨ ᠭᠡᠮ ᠰᠣᠭᠤᠭ ᠢ ᠨᠠᠷᠢᠨ ᠨᠢᠮᠪᠠᠢ ᠪᠠᠶᠢᠴᠠᠭᠠᠵᠤ᠂ ᠲᠦᠭᠰᠢᠭᠦᠷᠢ ᠶᠢᠨ ᠪᠠᠶᠢᠳᠠᠯ ᠢ ᠬᠢᠨᠠᠨ ᠬᠡᠮᠵᠢᠵᠦ ᠰᠡᠷᠡᠮᠵᠢᠯᠡᠭᠦᠯᠭᠦ ᠠᠵᠢᠯ ᠢ ᠴᠢᠩᠭᠠᠳᠬᠠᠨ᠂ ᠡᠭᠦᠰᠦᠮᠡᠯ ᠭᠠᠮᠰᠢᠭ ᠭᠠᠷᠬᠤ ᠢ ᠴᠢᠩᠭ᠎ᠠ ᠰᠡᠷᠭᠡᠶᠢᠯᠡᠬᠦ ᠬᠡᠷᠡᠭᠲᠡᠢ᠃ ᠬᠡᠷᠡᠭ ᠭᠠᠷᠤᠭᠰᠠᠨ ᠭᠠᠵᠠᠷ ᠨᠢ ᠶᠡᠭᠡ ᠬᠦᠢᠲᠡᠨ ᠠᠭᠤᠯᠠᠷᠬᠠᠭ ᠣᠷᠣᠨ ᠪᠣᠯᠣᠨ ᠦᠨᠳᠦᠰᠦᠲᠡᠨ ᠤ ᠭᠠᠵᠠᠷ ᠣᠷᠣᠨ ᠳᠤ ᠬᠠᠷᠢᠶᠠᠯᠠᠭᠳᠠᠬᠤ ᠪᠣᠯᠬᠤᠷ ᠠᠶᠤᠯ ᠳᠤ ᠤᠴᠠᠷᠠᠭᠰᠠᠨ ᠣᠯᠠᠨ ᠲᠦᠮᠡᠨ ᠢ ᠳᠠᠷᠤᠶᠢᠬᠠᠨ ᠰᠢᠯᠵᠢᠭᠦᠯᠵᠦ᠂ ᠲᠥᠪᠬᠢᠨᠡᠭᠦᠯᠬᠦ ᠠᠵᠢᠯ ᠢ ᠲᠣᠬᠢᠲᠠᠢ ᠰᠠᠶᠢᠲᠤᠷ ᠬᠢᠵᠦ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠎ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃      ᠰᠢ ᠶᠢᠨ ᠫᠢᠩ ᠤᠨ ᠵᠢᠭᠠᠪᠤᠷᠢ ᠪᠠ ᠯᠢ ᠴᠢᠶᠠᠩ ᠤᠨ ᠱᠠᠭᠠᠷᠳᠠᠯᠭ᠎ᠠ ᠶᠢ ᠦᠨᠳᠦᠰᠦᠯᠡᠨ᠂ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠵᠠᠩ ᠭᠦᠸᠧ ᠴᠢᠩ ᠠᠵᠢᠯᠯᠠᠬᠤ ᠳᠤᠭᠤᠶᠢᠯᠠᠩ ᠳᠠᠭᠠᠭᠤᠯᠤᠨ ᠶᠦᠨᠨᠠᠨ ᠳᠤ ᠬᠦᠷᠴᠦ ᠲᠤᠬᠠᠢ ᠶᠢᠨ ᠲᠠᠯᠠᠪᠤᠷ ᠲᠤ ᠡᠷᠢᠵᠦ ᠠᠪᠤᠷᠠᠬᠤ ᠠᠵᠢᠯ ᠢ ᠵᠢᠯᠣᠭᠤᠳᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠨᠢᠭᠡᠨᠲᠡ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢ ᠡᠬᠢᠯᠡᠨ ᠬᠡᠷᠡᠭᠵᠢᠭᠦᠯᠵᠦ᠂ ᠶᠦᠨᠨᠠᠨ ᠮᠤᠵᠢ᠂ ᠵᠣᠣ ᠲᠦᠩ ᠬᠤᠲᠠ ᠶᠢᠨ ᠬᠢᠨ ᠬᠦᠴᠦᠨ ᠢᠶᠠᠨ ᠵᠣᠬᠢᠶᠠᠨ ᠪᠠᠶᠢᠭᠤᠯᠵᠤ ᠠᠪᠤᠷᠠᠨ ᠲᠤᠰᠠᠯᠠᠬᠤ ᠠᠵᠢᠯ ᠢ ᠥᠷᠨᠢᠭᠦᠯᠵᠦ ᠪᠠᠶᠢᠨ᠎ᠠ᠃ ᠣᠳᠣᠬᠠᠨ ᠳᠤ᠂ ᠡᠯ᠎ᠡ ᠵᠦᠢᠯ ᠤᠨ ᠠᠵᠢᠯ ᠪᠠᠴᠢᠮ ᠶᠠᠭᠠᠷᠠᠯᠲᠠᠢ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号