ᠪᠦᠭᠦ ᠣᠷᠣᠨ ᠤ 103 ᠬᠤᠰᠢᠭᠤ ᠰᠢᠶᠠᠨ ᠲᠣᠭᠤᠷᠢᠭ ᠲᠤ ᠨᠢᠭᠡᠳᠦᠭᠡᠷ ᠳᠡᠰ ᠠᠴᠠ ᠳᠡᠭᠡᠭᠰᠢᠬᠢ ᠵᠠᠰᠠᠮᠠᠯ ᠵᠠᠮ ᠨᠡᠪᠲᠡᠷᠡᠪᠡ
ᠨᠡᠶᠢᠲᠡᠯᠡᠭᠰᠡᠨ ᠴᠠᠭ᠄
2024/3/26
        ︽2023 ᠣᠨ ᠳᠤ ᠮᠠᠨ ᠤ ᠣᠷᠣᠨ ᠵᠠᠮ ᠬᠠᠷᠢᠯᠴᠠᠭ᠎ᠠ ᠶᠢᠨ ᠪᠡᠯᠡ ᠣᠷᠣᠭᠤᠯᠤᠯᠲᠠ ᠪᠠ ᠨᠡᠮᠡᠭᠳᠡᠯ ᠢ ᠲᠣᠭᠲᠠᠪᠤᠷᠢᠵᠢᠭᠤᠯᠬᠤ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠭᠤᠣᠯ ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠪᠢᠴᠢᠯ ᠡᠷᠭᠢᠯᠲᠡ ᠶᠢ ᠬᠦᠴᠦᠯᠡᠨ ᠰᠢᠯᠤᠭᠤᠳᠬᠠᠵᠤ᠂ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠳᠬᠡᠨ ᠨᠥᠬᠦᠪᠦᠷᠢᠯᠡᠭᠰᠡᠨ ᠶᠤᠮ᠃ ᠤᠳᠤ ᠪᠦᠭᠦ ᠣᠷᠣᠨ ᠤ 103 ᠬᠤᠰᠢᠭᠤ ᠰᠢᠶᠠᠨ ᠲᠣᠭᠤᠷᠢᠭ ᠲᠤ ᠨᠢᠭᠡᠳᠦᠭᠡᠷ ᠳᠡᠰ ᠠᠴᠠ ᠳᠡᠭᠡᠭᠰᠢᠬᠢ ᠵᠠᠰᠠᠮᠠᠯ ᠵᠠᠮ ᠨᠡᠪᠲᠡᠷᠡᠵᠦ᠂ ᠡᠭᠦᠨ  ᠳᠤ 79 ᠬᠤᠰᠢᠭᠤ ᠰᠢᠶᠠᠨ ᠲᠣᠭᠤᠷᠢᠭ ᠲᠤ ᠲᠦᠷᠭᠡᠨ ᠤ ᠵᠠᠰᠠᠮᠠᠯ ᠵᠠᠮ ᠨᠡᠪᠲᠡᠷᠡᠪᠡ︾ ᠭᠡᠵᠦ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠳᠠᠷᠤᠭ᠎ᠠ ᠭᠤᠤ ᠱᠢ ᠴᠢᠨ ᠶᠠᠷᠢᠨ᠎ᠠ᠃      ᠣᠶᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠠᠴᠠ ︽2023 ᠣᠨ ᠤ ᠡᠷᠭᠢᠴᠡᠭᠦᠯᠦᠯ︾ ᠭᠤᠣᠯ ᠰᠡᠳᠦᠪᠲᠦ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠠᠷᠪᠠᠨ ᠭᠤᠷᠪᠠᠳᠤᠭᠠᠷ ᠲᠠᠯᠠᠪᠠᠢ - ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ  ᠶᠢᠨ ᠲᠢᠩᠬᠢᠮ ᠤᠨ ᠲᠤᠰᠬᠠᠢ ᠲᠠᠯᠠᠪᠤᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠪᠦᠭᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠪᠠ ᠬᠥᠭᠵᠢᠯᠲᠡ ᠶᠢᠨ ᠪᠠᠶᠢᠳᠠᠯ ᠢ ᠪᠦᠭᠦ ᠲᠠᠯ᠎ᠠ ᠪᠠᠷ ᠲᠠᠨᠢᠯᠴᠠᠭᠤᠯᠤᠭᠰᠠᠨ ᠪᠠᠶᠢᠨ᠎ᠠ᠃      2023 ᠣᠨ ᠳᠤ ᠮᠠᠨ ᠤ ᠣᠷᠣᠨ ᠤᠯᠤᠰ ᠤᠨ ᠲᠦᠷᠭᠡᠨ ᠤ ᠵᠠᠰᠠᠮᠠᠯ ᠵᠠᠮ ᠤᠨ ᠭᠤᠣᠯ ᠱᠤᠭᠤᠮ ᠤᠨ ᠥᠪᠥᠷ ᠮᠣᠩᠭᠤᠯ ᠳᠠᠬᠢ ᠬᠡᠰᠡᠭ ᠢ ᠪᠦᠭᠦ ᠱᠤᠭᠤᠮ ᠢᠶᠠᠷ ᠨᠠᠪᠲᠠᠷᠡᠭᠦᠯᠵᠦ᠂ ᠵᠡᠭᠦᠨ ᠪᠠᠷᠠᠭᠤᠨ ᠪᠡᠶ᠎ᠡ ᠶᠢ ᠰᠤᠨᠳᠠᠯᠠᠭᠰᠠᠨ ᠲᠦᠷᠭᠡᠨ ᠤ ᠵᠠᠰᠠᠮᠠᠯ ᠵᠠᠮ ᠤᠨ ᠶᠡᠭᠡ ᠨᠡᠪᠳᠡᠷᠡᠯ ᠵᠠᠮ ᠤᠨ ᠪᠦᠲᠦᠭᠡᠨ ᠪᠠᠶᠢᠭᠤᠯᠤᠯᠲᠠ ᠳᠤ ᠲᠦᠩᠯᠢᠶᠣᠣ ᠶᠢᠨ ᠬᠡᠰᠡᠭ  ᠤᠨ 108 ᠺᠢᠯᠣᠮᠧᠲᠷ ᠠᠴᠠ ᠪᠤᠰᠤᠳ ᠢ ᠴᠥᠮ ᠳᠠᠭᠤᠰᠬᠠᠵᠤ᠂ ᠮᠠᠨᠵᠤᠤᠷ ᠪᠠ ᠡᠷᠢᠶᠡᠨ ᠬᠤᠶᠠᠷ ᠭᠤᠣᠯᠳᠠᠯᠭ᠎ᠠ  ᠲᠠᠢ ᠬᠢᠯᠢ ᠶᠢᠨ ᠪᠣᠭᠤᠮᠲᠠ ᠶᠢᠨ ᠲᠦᠷᠭᠡᠨ ᠤ ᠵᠠᠰᠠᠮᠠᠯ ᠵᠠᠮ ᠢ ᠵᠠᠯᠭᠠᠨ ᠨᠡᠪᠲᠡᠷᠡᠭᠦᠯᠪᠠ᠂ ᠬᠢᠯᠢ ᠳᠠᠭᠠᠤ ᠶᠢᠨ G331 ᠱᠤᠭᠤᠮ ᠤᠨ ᠭᠤᠷᠪᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠵᠠᠰᠠᠮᠠᠯ ᠵᠠᠮ ᠢ ᠪᠠᠶᠢᠭᠤᠯᠵᠤ ᠳᠠᠭᠤᠰᠬᠠᠭᠰᠠᠨ ᠨᠤᠷᠮ᠎ᠠ 89.8% ᠳᠤ ᠬᠦᠷᠴᠦ᠂ 41 ᠵᠤᠷᠪᠤᠰ 476 ᠺᠢᠯᠣᠮᠧᠲᠷ ᠤᠨ ᠠᠵᠤ ᠦᠢᠯᠡᠰ ᠤᠨ ᠵᠠᠮ᠂ 24 ᠵᠤᠷᠪᠤᠰ 609 ᠺᠢᠯᠣᠮᠧᠲᠷ ᠤᠨ ᠵᠢᠭᠤᠯᠴᠢᠯᠠᠯ ᠤᠨ ᠵᠠᠮ ᠪᠣᠯᠣᠨ 15 ᠵᠤᠷᠪᠤᠰ 966 ᠺᠢᠯᠣᠮᠧᠲᠷ ᠤᠨ ︽ᠮᠤᠬᠤᠷ ᠵᠠᠮ ᠢ ᠨᠡᠪᠲᠡᠷᠡᠭᠦᠯᠬᠦ︾ ᠪᠠᠷᠢᠯᠭ᠎ᠠ ᠶᠢ ᠡᠬᠢᠯᠡᠭᠦᠯᠪᠡ᠃ ᠪᠦᠭᠦ ᠵᠢᠯ ᠳᠤ ᠵᠠᠰᠠᠮᠠᠯ ᠵᠠᠮ ᠪᠣᠯᠣᠨ ᠤᠰᠤᠨ ᠵᠠᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠨᠡᠶᠢᠳᠡ 358.8 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠤᠳᠤ ᠥᠪᠡᠷᠲᠡᠭᠡᠨ ᠵᠠᠰᠠᠬᠤ ᠣᠷᠣᠨ ᠠᠴᠠ ᠭᠠᠷᠬᠤ 47 ᠵᠤᠷᠪᠤᠰ ᠲᠦᠷᠭᠡᠨ ᠤ ᠵᠠᠰᠠᠮᠠᠯ ᠵᠠᠮ ᠪᠠ ᠨᠢᠭᠡᠳᠦᠭᠡᠷ ᠳᠡᠰ  ᠤᠨ ᠵᠠᠰᠠᠮᠠᠯ ᠵᠠᠮ ᠲᠠᠢ ᠪᠣᠯᠵᠤ᠂ 6 ᠬᠢᠯᠢ ᠶᠢᠨ ᠪᠣᠭᠤᠮᠲᠠ ᠳᠤ ᠨᠢᠭᠡᠳᠦᠭᠡᠷ ᠳᠡᠰ ᠠᠴᠠ ᠳᠡᠭᠡᠭᠰᠢᠬᠢ ᠵᠠᠰᠠᠮᠠᠯ ᠵᠠᠮ ᠨᠡᠪᠲᠡᠷᠡᠨ᠂ 229 ᠠᠵᠤ ᠦᠢᠯᠡᠰ ᠤᠨ ᠬᠦᠷᠢᠶᠡᠯᠡᠩ ᠲᠣᠭᠤᠷᠢᠭ ᠪᠠ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠬᠤᠶᠠᠳᠤᠭᠠᠷ ᠳᠡᠰ ᠠᠴᠠ ᠳᠡᠭᠡᠭᠰᠢᠬᠢ ᠵᠠᠰᠠᠮᠠᠯ ᠵᠠᠮ ᠨᠡᠪᠲᠡᠷᠡᠵᠤ᠂ 94.9% ᠶᠢᠨ ᠰᠤᠮᠤ ᠰᠢᠶᠠᠩ ᠪᠠᠯᠭᠠᠰᠤᠨ ᠳᠤ ᠭᠤᠷᠪᠠᠳᠤᠭᠠᠷ ᠳᠡᠰ ᠤᠨ ᠵᠠᠰᠠᠮᠠᠯ ᠵᠠᠮ ᠨᠡᠪᠳᠡᠷᠡᠨ᠂ 87.7% ᠶᠢᠨ ᠨᠡᠯᠢᠶᠡᠳ ᠤᠯᠠᠨ ᠬᠥᠮᠥᠨ ᠠᠮᠠ ᠲᠠᠢ ᠠᠶᠢᠯ ᠲᠣᠰᠬᠤᠨ ᠳᠤ ᠬᠠᠲᠠᠭᠤᠷᠠᠭᠤᠯᠤᠭᠰᠠᠨ ᠵᠠᠰᠠᠮᠠᠯ ᠵᠠᠮ ᠨᠡᠪᠲᠡᠷᠡᠪᠡ᠃       ︽2023 ᠣᠨ ᠳᠤ ᠮᠠᠨ ᠤ ᠣᠷᠣᠨ ᠪᠠᠰᠠ ᠠᠶᠠᠨᠴᠢᠳ ᠤᠨ ᠤᠷᠤᠰᠬᠠᠯ ᠪᠠ ᠪᠠᠷᠠᠭᠠᠨ ᠤ ᠭᠦᠢᠯᠭᠡᠭᠡ ᠶᠢ ᠥᠨᠳᠥᠷ ᠪᠦᠲᠦᠮᠵᠢᠲᠡᠶ ᠠᠬᠢᠭᠤᠯᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢᠨ ᠶᠠᠰᠤ ᠴᠢᠨᠠᠷ ᠢ ᠢᠯᠡᠳᠲᠡ ᠴᠢᠩᠭᠠᠳᠬᠠᠵᠤ᠂ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠣᠶᠢᠯᠠᠭᠠᠭᠳᠠᠬᠤᠨ ᠢ ᠲᠤᠭᠤᠰᠢᠯᠠᠭᠤᠯᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢ ᠪᠣᠬᠢᠷᠳᠤᠯ ᠦᠭᠡᠢ ᠲᠡᠶᠢᠰᠢ ᠬᠥᠲᠥᠯᠵᠦ᠂ ᠠᠷᠠᠳ ᠤᠯᠠᠨ ᠤ ᠰᠡᠳᠬᠢᠯ ᠳᠤ ᠭᠦᠷᠦᠭᠰᠡᠨ ᠵᠠᠮ ᠬᠠᠷᠢᠯᠴᠠᠭ᠎ᠠ ᠶᠢ ᠴᠢᠷᠮᠠᠶᠢᠨ ᠪᠠᠶᠢᠭᠤᠯᠵᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡᠨ ᠤ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠪᠡ︾ ᠭᠡᠵᠦ ᠭᠤᠤ ᠱᠢ ᠴᠢᠨ ᠶᠠᠷᠢᠨ᠎ᠠ᠃      
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号