ᠰᠢ ᠶᠢᠨ ᠫᠢᠩ ᠴᠠᠭᠢᠯᠭᠠᠨ ᠴᠢᠮᠡᠭᠡ ᠶᠠᠪᠤᠭᠤᠯᠵᠤ ᠫᠦᠲ᠋ᠢᠨ ᠤ ᠤᠷᠤᠰ ᠤᠨ ᠶᠡᠷᠦᠩᠬᠡᠶᠢᠯᠡᠭᠴᠢ ᠪᠠᠷ ᠦᠷᠭᠦᠯᠵᠢᠯᠡᠨ ᠰᠣᠩᠭᠤᠭᠳᠠᠭᠰᠠᠨ ᠳᠤ ᠪᠠᠶᠠᠷ ᠬᠦᠷᠭᠡᠪᠡ
ᠨᠡᠶᠢᠲᠡᠯᠡᠭᠰᠡᠨ ᠴᠠᠭ᠄
2024/3/27
               ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 18᠎ ᠤ ᠴᠠᠭᠢᠯᠭᠠᠨ ᠮᠡᠳᠡᠭᠡ 3 ᠰᠠᠷ᠎ᠠ ᠶᠢᠨ 18᠎ ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠫᠦᠲ᠋ᠢᠨ ᠳᠤ ᠴᠠᠭᠢᠯᠭᠠᠨ ᠴᠢᠮᠡᠭᠡ ᠶᠠᠪᠤᠭᠤᠯᠵᠤ᠂ ᠲᠡᠭᠦᠨ ᠤ ᠣᠷᠣᠰ ᠤᠨ ᠬᠤᠯᠪᠣᠭᠠᠨ ᠤ ᠶᠡᠷᠦᠩᠬᠡᠶᠢᠯᠡᠭᠴᠢ ᠪᠠᠷ ᠦᠷᠭᠦᠯᠵᠢᠯᠡᠨ ᠰᠣᠩᠭᠤᠭᠳᠠᠭᠰᠠᠨ ᠳᠤ ᠪᠠᠶᠠᠷ ᠬᠦᠷᠭᠡᠪᠡ᠃          ᠰᠢ ᠶᠢᠨ ᠫᠢᠩ᠂ ᠣᠶᠢᠷ᠎ᠠ ᠶᠢᠨ ᠵᠢᠯ ᠳᠤ᠂ ᠤᠷᠤᠰ ᠤᠨ ᠠᠷᠠᠳ ᠲᠦᠮᠡᠨ ᠪᠦᠯᠬᠦᠮᠳᠡᠨ ᠨᠢᠭᠡᠳᠴᠦ᠂ ᠥᠷᠢᠰᠦᠯᠳᠦᠭᠡᠨ ᠢ ᠢᠯᠠᠨ ᠳᠠᠪᠠᠵᠤ᠂ ᠤᠯᠤᠰ ᠤᠨ ᠬᠥᠭᠵᠢᠯ ᠮᠠᠨᠳᠤᠯ ᠤᠨ ᠵᠠᠮ ᠳᠡᠭᠡᠷ᠎ᠡ ᠯᠠᠪᠳᠠᠭᠤᠨ ᠢᠶᠠᠷ ᠤᠷᠤᠭᠰᠢᠯᠠᠵᠤ ᠪᠠᠶᠢᠨ᠎ᠠ᠃ ᠲᠠ ᠳᠠᠬᠢᠨᠲᠠ ᠰᠣᠩᠭᠤᠭᠳᠠᠭᠰᠠᠨ ᠨᠢ ᠣᠷᠣᠰ ᠤᠨ ᠠᠷᠠᠳ ᠲᠦᠮᠡᠨ ᠲᠠᠨ ᠢ ᠳᠠᠮᠵᠢᠵᠤ ᠪᠠᠶᠢᠬᠤ ᠶᠢ ᠭᠦᠢᠴᠡᠳ ᠬᠠᠷᠠᠭᠤᠯᠪᠠ᠃ ᠲᠠᠨ ᠤ ᠤᠳᠤᠷᠢᠳᠤᠯᠭ᠎ᠠ ᠳᠣᠣᠷ᠎ᠠ᠂ ᠣᠷᠣᠰ ᠯᠠᠪᠲᠠᠢ ᠤᠯᠤᠰ ᠤᠨ ᠬᠥᠭᠵᠢᠯᠲᠡ ᠪᠦᠲᠦᠭᠡᠨ ᠪᠠᠶᠢᠭᠤᠯᠤᠯᠲᠠ ᠶᠢᠨ ᠨᠠᠩ ᠶᠡᠭᠡ ᠠᠮᠵᠢᠯᠲᠠ ᠶᠢ ᠣᠯᠵᠤ ᠴᠢᠳᠠᠬᠤ ᠶᠢ ᠢᠲᠡᠭᠡᠵᠦ ᠪᠠᠶᠢᠨ᠎ᠠ᠃ ᠳᠤᠮᠳᠠᠳᠤ ᠤᠯᠤᠰ ᠳᠤᠮᠳᠠᠳᠤ ᠤᠷᠤᠰ ᠤᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠤᠷᠤᠰ ᠤᠨ ᠬᠢᠨ ᠲᠠᠢ ᠨᠢᠭᠲᠠ ᠣᠯᠣᠯᠴᠠᠭ᠎ᠠ ᠪᠠᠨ ᠪᠠᠲᠤᠯᠠᠵᠤ᠂ ᠳᠤᠮᠳᠠᠳᠤ ᠤᠷᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠦᠷᠭᠦᠯᠵᠢᠯᠡᠨ ᠡᠷᠡᠭᠦᠯ ᠲᠣᠭᠲᠠᠭᠤᠨ ᠢᠶᠠᠷ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠬᠤᠶᠠᠷ ᠤᠯᠤᠰ ᠪᠣᠯᠣᠨ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号