ᠰᠢ ᠶᠢᠨ ᠫᠢᠩ ᠬᠤᠨᠠᠨ ᠳᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ ᠶᠢ ᠪᠠᠷᠢᠮᠲᠠᠯᠠᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠤᠨᠠᠨ ᠤ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ
ᠨᠡᠶᠢᠲᠡᠯᠡᠭᠰᠡᠨ ᠴᠠᠭ᠄
2024/3/27
      ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ         ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠶᠢᠨ ᠡᠳᠦᠷ ᠬᠤᠨᠠᠨ ᠳᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ᠂ ᠬᠤᠨᠠᠨ ᠤ ᠬᠢᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠴᠣᠭᠴᠠᠯᠠᠬᠤ ᠳᠤᠮᠳᠠᠬᠢ ᠲᠤᠰ ᠪᠡᠶ᠎ᠡ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠᠨ ᠪᠠᠲᠤ ᠡᠵᠡᠮᠳᠡᠵᠦ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ ᠶᠢ ᠪᠠᠷᠢᠮᠲᠠᠯᠠᠵᠤ᠂ ᠤᠯᠤᠰ ᠤᠨ ᠴᠢᠬᠤᠯᠠ ᠲᠡᠷᠢᠭᠦᠨ ᠤ ᠦᠢᠯᠡᠳᠬᠦ ᠦᠢᠯᠡᠰ ᠤᠨ ᠥᠨᠳᠦᠷᠯᠢᠭ᠂ ᠭᠤᠣᠯᠯᠠᠬᠤ ᠥᠷᠢᠰᠦᠯᠳᠦᠬᠦ ᠬᠦᠴᠦᠨ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠥᠨᠳᠦᠷᠯᠢᠭ᠂ ᠳᠣᠲᠣᠭᠠᠳᠤ ᠬᠠᠭᠤᠷᠠᠢ ᠶᠢᠨ ᠭᠠᠵᠠᠷ ᠣᠷᠣᠨ ᠤ ᠥᠭᠡᠷᠡᠴᠢᠯᠡᠯᠲᠡ ᠨᠡᠭᠡᠭᠡᠯᠲᠡ ᠶᠢᠨ ᠥᠨᠳᠦᠷᠯᠢᠭ ᠢ ᠴᠣᠭᠴᠠᠯᠠᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠳᠤᠮᠳᠠ ᠣᠷᠣᠨ ᠤ ᠭᠠᠵᠠᠷ ᠣᠷᠣᠨ ᠤ ᠬᠥᠭᠵᠢᠯ ᠮᠠᠨᠳᠤᠯ ᠪᠠ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠶᠢ ᠠᠬᠢᠭᠤᠯᠬᠤ ᠳᠤᠮᠳᠠ ᠭᠠᠪᠰᠢᠭᠠᠶᠢᠯᠠᠨ ᠲᠡᠮᠡᠴᠡᠵᠦ ᠲᠡᠷᠢᠭᠦᠨ ᠤ ᠬᠢ ᠪᠤᠯᠬᠤ ᠪᠠᠷ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠤᠨᠠᠨ ᠤ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃    
            3 ᠰᠠᠷ᠎ᠠ ᠶᠢᠨ 18᠎ ᠠᠴᠠ 21᠎ ᠤ ᠡᠳᠦᠷ ᠪᠤᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠨᠠᠨ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 18᠎ ᠤ ᠦᠳᠡ ᠶᠢᠨ ᠬᠤᠶᠢᠨ᠎ᠠ᠂ ᠰᠢ ᠶᠢᠨ ᠫᠢᠩ ᠳᠤᠮᠳᠠᠳᠤ ᠭᠧᠷᠮᠠᠨ ᠤ ᠪᠡᠯᠡ ᠨᠡᠶᠢᠯᠡᠭᠦᠯᠦᠭᠰᠡᠨ ᠠᠵᠤ ᠠᠬᠤᠶᠢᠯᠠᠯ ᠪᠤᠯᠬᠤ ᠪᠠᠰᠹ ᠱᠠᠨ ᠱᠠᠨ ᠳ᠋ᠢᠶᠠᠨ ᡂᠢ ᠶᠢᠨ ᠮᠠᠲ᠋ᠧᠷᠢᠶᠠᠯ ᠤᠨ ᠬᠢᠵᠠᠭᠠᠷᠲᠤ ᠺᠤᠮᠫᠠᠨᠢ ᠳᠤ ᠰᠢᠨᠵᠢᠯᠡᠨ ᠪᠠᠶᠢᠴᠠᠭᠠᠵᠤ ᠪᠠᠶᠢᠭ᠎ᠠ ᠨᠢ᠃         ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ            
                    3 ᠰᠠᠷ᠎ᠠ ᠶᠢᠨ 18᠎ ᠠᠴᠠ 21᠎ ᠤ ᠡᠳᠦᠷ ᠪᠤᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠨᠠᠨ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 19᠎ ᠤ ᠦᠳᠡ ᠶᠢᠨ ᠬᠤᠶᠢᠨ᠎ᠠ᠂ ᠰᠢ ᠶᠢᠨ ᠫᠢᠩ ᠴᠠᠩᠳᠧ ᠬᠤᠳᠠ ᠶᠢᠨ ᠳ᠋ᠢᠩᠴᠧᠩ ᠲᠣᠭᠤᠷᠢᠭ ᠤᠨ ᠰᠢᠶᠧ ᠵᠢᠶᠠ ᠫᠦ᠋ ᠪᠠᠯᠭᠠᠰᠤ ᠶᠢᠨ ᠭᠠᠩ ᠵᠦᠩ ᠫᠢᠩ ᠲᠣᠰᠬᠤᠨ ᠳᠤ ᠠᠮᠤ ᠪᠤᠳᠠᠭ᠎ᠠ ᠲᠠᠷᠢᠬᠤ ᠲᠣᠮᠣ ᠡᠷᠦᠭᠡ᠂ ᠲᠠᠷᠢᠶᠠᠯᠠᠩ ᠤᠨ ᠮᠡᠷᠭᠡᠵᠢᠯᠲᠡᠨ᠂ ᠦᠨᠳᠦᠰᠦᠨ ᠱᠠᠲᠤᠨ ᠤ ᠺᠠᠳ᠋ᠷ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃         ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ         3 ᠰᠠᠷ᠎ᠠ ᠶᠢᠨ 18᠎ ᠠᠴᠠ 21᠎ ᠤ ᠡᠳᠦᠷ ᠪᠤᠯᠲᠠᠯ᠎ᠠ᠂ ᠰᠢ ᠶᠢᠨ ᠫᠢᠩ ᠬᠤᠨᠠᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠱᠧᠨ ᠰᠢᠶᠣᠣ ᠮᠢᠩ ᠪᠣᠯᠣᠨ ᠮᠤᠵᠢ ᠶᠢᠨ ᠳᠠᠷᠤᠭ᠎ᠠ ᠮᠣᠣ ᠸᠧᠢ ᠮᠢᠩ ᠤᠨ ᠪᠠᠷ᠎ᠠ ᠪᠤᠯᠣᠯᠭ᠎ᠠ ᠪᠠᠷ ᠤᠷᠢᠳ ᠬᠤᠵᠢᠳ ᠴᠠᠩᠱᠠ᠂ ᠴᠠᠩᠳᠧ ᠵᠡᠷᠭᠡ ᠭᠠᠵᠠᠷ ᠲᠤ ᠬᠦᠷᠴᠦ᠂ ᠰᠤᠷᠭᠠᠭᠤᠯᠢ᠂ ᠠᠵᠤ ᠠᠬᠤᠶᠢᠯᠠᠯ᠂ ᠲᠡᠦᠬᠡ ᠰᠣᠶᠣᠯ ᠤᠨ ᠵᠡᠭᠡᠯᠢ ᠲᠣᠭᠤᠷᠢᠭ᠂ ᠬᠥᠳᠡᠭᠡ ᠲᠣᠰᠬᠤᠨ ᠵᠡᠷᠭᠡ ᠭᠠᠵᠠᠷ ᠢᠶᠠᠷ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃         18᠎ ᠤ ᠦᠳᠡ ᠶᠢᠨ ᠬᠤᠶᠢᠨ᠎ᠠ᠂ ᠰᠢ ᠶᠢᠨ ᠫᠢᠩ ᠬᠤᠨᠠᠨ ᠤ ᠨᠢᠭᠡᠳᠦᠭᠡᠷ ᠪᠠᠭᠰᠢ ᠶᠢᠨ ᠳᠡᠭᠡᠳᠦ ᠰᠤᠷᠭᠠᠭᠤᠯᠢ ︵ᠴᠧᠩ ᠨᠠᠨ ᠪᠢᠴᠢᠭ ᠤᠨ ᠬᠦᠷᠢᠶᠡᠯᠡᠩ ᠰᠤᠷᠭᠠᠭᠤᠯᠢ ᠶᠢᠨ ᠲᠣᠭᠤᠷᠢᠭ︶᠎ ᠎ ᠳᠤ ᠬᠦᠷᠴᠦ ᠰᠢᠨᠵᠢᠯᠡᠨ ᠪᠠᠶᠢᠴᠠᠭᠠᠪᠠ᠃ ᠲᠤᠰ ᠰᠤᠷᠭᠠᠭᠤᠯᠢ ᠰᠦᠩ ᠤᠯᠤᠰ ᠤᠨ ᠦᠶ᠎ᠡ ᠳᠤ ᠪᠠᠶᠢᠭᠤᠯᠤᠭᠰᠠᠨ ᠴᠧᠩ ᠨᠠᠨ ᠪᠢᠴᠢᠭ ᠤᠨ ᠬᠦᠷᠢᠶᠡᠯᠡᠩ ᠪᠠᠶᠢᠵᠤ᠂ ᠣᠶᠢᠷ᠎ᠠ ᠦᠶ᠎ᠡ ᠠᠴᠠ ᠨᠠᠭᠠᠰᠢ ᠨᠢᠭᠡ ᠪᠦᠯᠦᠭ ᠠᠬᠠᠮᠠᠳ ᠨᠢᠭᠡ ᠦᠶ᠎ᠡ ᠶᠢᠨ ᠦᠭᠡᠶᠢᠭᠦᠦ ᠠᠩᠭᠢ ᠶᠢᠨ ᠬᠤᠪᠢᠰᠬᠠᠯᠴᠢ ᠪᠠ ᠨᠡᠷᠡᠳᠤ ᠪᠠᠭᠰᠢ ᠮᠡᠷᠭᠡᠵᠢᠯᠲᠡᠨ ᠢ ᠬᠥᠮᠥᠵᠢᠭᠦᠯᠵᠡᠢ᠃ ᠰᠢ ᠶᠢᠨ ᠫᠢᠩ ᠵᠠᠯᠠᠭᠤ ᠨᠠᠰᠤᠨ ᠤ ᠮᠠᠤ ᠽᠧ ᠳ᠋ᠦᠩ ᠭᠤᠣᠯ ᠰᠡᠳᠦᠪᠲᠦ ᠥᠵᠡᠰᠭᠦᠯᠡᠩ ᠢ ᠲᠣᠭᠤᠷᠢᠨ ᠦᠵᠡᠵᠦ᠂ ᠳᠡᠭᠡᠳᠦ ᠰᠤᠷᠭᠠᠭᠤᠯᠢ ᠶᠢᠨ ᠬᠥᠭᠵᠢᠯᠲᠡ ᠶᠢᠨ ᠤᠯᠠᠷᠢᠯ ᠬᠤᠪᠢᠰᠤᠯ ᠪᠣᠯᠣᠨ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ ᠪᠠᠶᠢᠬᠤ ᠵᠡᠷᠭᠡ ᠪᠠᠶᠢᠳᠠᠯ ᠢ ᠣᠶᠢᠯᠠᠭᠠᠪᠠ᠃ ᠳᠡᠭᠡᠳᠦ ᠰᠤᠷᠭᠠᠭᠤᠯᠢ ᠶᠢᠨ ᠶᠡᠭᠡ ᠲᠢᠩᠬᠢᠮ ᠳᠤ᠂ ᠰᠢ ᠶᠢᠨ ᠫᠢᠩ ᠪᠠᠭᠰᠢ ᠰᠤᠷᠤᠬᠴᠢᠳ ᠤᠨ ᠲᠥᠯᠥᠭᠡᠯᠡᠭᠴᠢᠳ ᠲᠠᠢ ᠳᠣᠲᠣᠨᠣ ᠪᠠᠷ ᠶᠠᠷᠢᠯᠴᠠᠪᠠ᠃ ᠲᠡᠷᠡ᠂ ᠤᠯᠤᠰ ᠣᠷᠣᠨ ᠢᠶᠠᠨ ᠬᠦᠴᠦᠷᠬᠡᠭᠵᠢᠭᠦᠯᠬᠦ ᠳᠤ ᠡᠷᠬᠡᠪᠰᠢ ᠰᠤᠷᠭᠠᠨ ᠬᠥᠮᠦᠵᠢᠯ ᠢ ᠰᠠᠶᠢᠲᠤᠷ ᠡᠷᠭᠢᠯᠡᠭᠦ ᠬᠡᠷᠡᠭᠲᠡᠢ᠃ ᠬᠤᠨᠠᠨ ᠤ ᠨᠢᠭᠡᠳᠦᠭᠡᠷ ᠪᠠᠭᠰᠢ ᠶᠢᠨ ᠳᠡᠭᠡᠳᠦ ᠰᠤᠷᠭᠠᠭᠤᠯᠢ ᠪᠣᠯ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠥᠷᠨᠢᠭᠦᠯᠬᠦ᠂ ᠬᠤᠪᠢᠰᠬᠠᠯ ᠤᠨ ᠤᠳᠤᠮᠰᠢᠯ ᠢ ᠤᠯᠠᠮᠵᠢᠯᠠᠬᠤ ᠰᠠᠶᠢᠨ ᠭᠠᠵᠠᠷ ᠮᠥᠨ᠂ ᠡᠨᠡ ᠬᠦ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠬᠠᠮᠠᠭᠠᠯᠠᠵᠤ ᠬᠡᠷᠡᠭᠯᠡᠬᠦ ᠬᠡᠷᠡᠭᠲᠡᠢ᠃ ᠰᠤᠷᠭᠠᠭᠤᠯᠢ ᠶᠢᠨ ᠬᠢᠨ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠵᠦ᠂ ᠪᠠᠭᠰᠢ ᠨᠠᠷ ᠰᠢᠯᠢᠳᠡᠭ ᠰᠠᠶᠢᠨ ᠪᠠᠭᠰᠢ ᠪᠤᠯᠬᠤ ᠳᠤ᠂ ᠰᠤᠷᠤᠬᠴᠢᠳ ᠤᠨ ᠮᠡᠳᠡᠯᠭᠡ ᠰᠣᠶᠣᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠭᠦ ᠶᠢ ᠴᠢᠬᠤᠯᠠᠴᠢᠯᠠᠬᠤ ᠪᠠᠷ ᠪᠠᠷᠠᠬᠤ ᠦᠭᠡᠢ ᠨᠡᠩ ᠴᠤ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠰᠠᠶᠢᠲᠤᠷ ᠣᠷᠣᠵᠤ᠂ ᠰᠤᠷᠤᠬᠴᠢᠳ ᠤᠨ ᠡᠷᠬᠢᠮ ᠮᠣᠷᠠᠯ ᠲᠠᠢ ᠪᠣᠯᠵᠤ ᠢᠴᠢᠭᠦᠷᠢ ᠭᠤᠲᠤᠮᠰᠢᠭ ᠢ ᠮᠡᠳᠡᠵᠦ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠠᠲᠤ ᠪᠤᠢ ᠪᠤᠯᠭᠠᠵᠤ᠂ ᠡᠬᠡ ᠤᠯᠤᠰ ᠤᠨ ᠢᠶᠠᠨ ᠲᠥᠯᠥᠭᠡ ᠵᠢᠳᠬᠦᠵᠦ ᠤᠯᠤᠰ ᠢᠶᠠᠨ ᠬᠦᠴᠦᠷᠬᠡᠭᠵᠢᠭᠦᠯᠬᠦ ᠶᠡᠭᠡ ᠬᠦᠰᠡᠯ ᠵᠣᠷᠢᠯᠲᠠ ᠶᠢ ᠪᠤᠢ ᠪᠤᠯᠭᠠᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠵᠦ ᠳᠡᠶᠢᠯᠭᠦ ᠲᠤᠯᠭᠠᠭᠤᠷᠢ ᠬᠦᠴᠦᠨ ᠪᠤᠯᠬᠤ ᠪᠠᠷ ᠴᠢᠷᠮᠠᠶᠢᠬᠤ ᠶᠢ ᠬᠥᠮᠥᠵᠢᠭᠦᠯᠵᠦ ᠬᠥᠲᠥᠯᠥᠨ ᠵᠢᠯᠤᠭᠤᠳᠬᠤ ᠬᠡᠷᠡᠭᠲᠡᠢ ᠭᠡᠵᠡᠢ᠃         ᠲᠠᠷᠠᠭ᠎ᠠ ᠨᠢ᠂ ᠰᠢ ᠶᠢᠨ ᠫᠢᠩ ᠪᠠᠰᠹ ᠱᠠᠨ ᠱᠠᠨ ᠳ᠋ᠢᠶᠠᠨ ᡂᠢ ᠶᠢᠨ ᠮᠠᠲ᠋ᠧᠷᠢᠶᠠᠯ ᠤᠨ ᠬᠢᠵᠠᠭᠠᠷᠲᠤ ᠺᠤᠮᠫᠠᠨᠢ ᠳᠤ ᠬᠦᠷᠴᠦ ᠰᠢᠨᠵᠢᠯᠡᠨ ᠪᠠᠶᠢᠴᠠᠭᠠᠪᠠ᠃ ᠡᠨᠡ ᠪᠣᠯ ᠯᠢᠲ᠋ᠢ ᠢᠶᠤᠨ ᠳ᠋ᠢᠶᠠᠨ ᡂᠢ ᠶᠢᠨ ᠡᠶᠡᠷᠭᠦ ᠲᠦᠢᠯ ᠤᠨ ᠮᠠᠲ᠋ᠧᠷᠢᠶᠠᠯ ᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ᠂ ᠪᠣᠷᠣᠯᠠᠭᠤᠯᠬᠤ ᠶᠢ ᠭᠤᠣᠯᠯᠠᠨ ᠡᠵᠡᠩᠨᠡᠵᠦ ᠪᠠᠶᠢᠭ᠎ᠠ ᠳᠤᠮᠳᠠᠳᠤ ᠭᠧᠷᠮᠠᠨ ᠤ ᠪᠡᠯᠡ ᠨᠡᠶᠢᠯᠡᠭᠦᠯᠦᠭᠰᠡᠨ ᠠᠵᠤ ᠠᠬᠤᠶᠢᠯᠠᠯ ᠪᠣᠯᠣᠨ᠎ᠠ᠃ ᠰᠢ ᠶᠢᠨ ᠫᠢᠩ ᠲᠤᠬᠠᠢ ᠶᠢᠨ ᠭᠠᠵᠠᠷ ᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠭᠰᠡᠨ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠠᠵᠤ ᠠᠬᠤᠶᠢᠯᠠᠯ ᠤᠨ ᠦᠢᠯᠡᠳᠬᠦᠨ ᠤ ᠦᠵᠡᠭᠦᠯᠭᠡ ᠶᠢ ᠪᠠᠶᠢᠴᠠᠭᠠᠨ ᠦᠵᠡᠵᠦ᠂ ᠮᠠᠲ᠋ᠧᠷᠢᠶᠠᠯ ᠤᠨ ᠴᠢᠳᠠᠪᠬᠢ ᠶᠢᠨ ᠰᠢᠯᠭᠠᠯᠲᠠ ᠶᠢᠨ ᠪᠠᠶᠢᠳᠠᠯ ᠪᠣᠯᠣᠨ ᠳ᠋ᠢᠶᠠᠨ ᡂᠢ ᠶᠢᠨ ᠦᠢᠯᠡᠳᠪᠦᠷᠢᠯᠡᠯ ᠤᠨ ᠶᠠᠪᠤᠴᠠ ᠶᠢ ᠣᠶᠢᠯᠠᠭᠠᠪᠠ᠃ ᠲᠡᠷᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠴᠢᠨᠠᠷ ᠰᠠᠶᠢᠲᠠᠢ ᠬᠥᠭᠵᠢᠯᠲᠡ ᠪᠣᠯ ᠠᠵᠤ ᠠᠬᠤᠶᠢᠯᠠᠯ ᠤᠨ ᠲᠠᠰᠤᠷᠠᠯᠲᠠ ᠦᠭᠡᠢ ᠦᠰᠦᠨ ᠪᠤᠵᠠᠭᠠᠶᠢᠷᠠᠵᠤ᠂ ᠢᠯᠠᠭᠳᠠᠰᠢ ᠦᠭᠡᠢ ᠪᠠᠶᠢᠷᠢᠨ ᠳᠤ ᠪᠠᠶᠢᠬᠤ ᠶᠢᠨ ᠵᠠᠩᠭᠢᠯᠠᠭ᠎ᠠ ᠪᠣᠯᠣᠨ᠎ᠠ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ ᠪᠡᠯᠡ ᠨᠡᠶᠢᠯᠡᠭᠦᠯᠦᠭᠰᠡᠨ ᠠᠵᠤ ᠠᠬᠤᠶᠢᠯᠠᠯ ᠡᠨᠡ ᠲᠠᠯ᠎ᠠ ᠪᠠᠷ ᠴᠥᠮ ᠶᠡᠭᠡ ᠵᠢᠳᠬᠦᠯ ᠴᠢᠷᠮᠠᠶᠢᠯᠭ᠎ᠠ ᠭᠠᠷᠭᠠᠵᠤ ᠪᠣᠯᠣᠨ᠎ᠠ᠃ ᠳᠤᠮᠳᠠᠳᠤ ᠤᠯᠤᠰ ᠨᠡᠭᠡᠭᠡᠯᠲᠡ ᠬᠢᠬᠦ ᠡᠭᠦᠳᠡ ᠪᠠᠨ ᠶᠠᠪᠤᠬᠤ ᠳᠤᠳᠤᠮ ᠶᠡᠭᠡ ᠨᠡᠭᠡᠭᠡᠨ᠎ᠡ᠂ ᠪᠢᠳᠡ ᠳᠤᠷᠠᠲᠠᠶ᠎ᠠ ᠳᠡᠯᠡᠬᠡᠢ ᠶᠢᠨ ᠡᠯ᠎ᠡ ᠤᠯᠤᠰ ᠯᠤᠭ᠎ᠠ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠎ᠠ᠂ ᠨᠡᠩ ᠤᠯᠠᠨ ᠭᠠᠳᠠᠭᠠᠳᠤ ᠶᠢᠨ ᠠᠵᠤ ᠠᠬᠤᠶᠢᠯᠠᠯ ᠤᠨ ᠳᠤᠮᠳᠠᠳᠤ ᠤᠯᠤᠰ ᠲᠤ ᠢᠷᠡᠵᠦ ᠪᠡᠯᠡ ᠣᠷᠣᠭᠤᠯᠤᠨ ᠬᠥᠭᠵᠢᠬᠦ ᠶᠢ ᠪᠠᠶᠠᠷᠯᠠᠨ ᠤᠭᠲᠤᠨ᠎ᠠ ᠭᠡᠵᠦ ᠴᠢᠬᠤᠯᠠᠴᠢᠯᠠᠪᠠ᠃         19᠎ ᠤ ᠡᠳᠦᠷ᠂ ᠰᠢ ᠶᠢᠨ ᠫᠢᠩ ᠴᠠᠩᠳᠧ ᠬᠤᠳᠠ ᠳᠤ ᠰᠢᠨᠵᠢᠯᠡᠨ ᠪᠠᠶᠢᠴᠠᠭᠠᠪᠠ᠃ ᠶᠤᠸᠠᠨᠵᠢᠶᠠᠩ ᠮᠥᠷᠡᠨ ᠤ ᠬᠥᠪᠡᠭᠡᠨ ᠳᠤ ᠪᠠᠶᠢᠷᠢᠯᠠᠭᠰᠠᠨ ᠴᠠᠩ ᠳ᠋ᠧ ᠭᠤᠣᠯ ᠤᠨ ᠵᠡᠭᠡᠯᠢ ᠨᠢ ᠥᠨᠢ ᠤᠳᠠᠭᠠᠨ ᠲᠡᠦᠬᠡ ᠲᠠᠢ ᠪᠠᠶᠢᠵᠤ᠂ 1943 ᠣᠨ ᠤ ᠴᠠᠩᠳᠧ ᠶᠢᠨ ᠳᠠᠶᠢᠯᠠᠯᠳᠤᠭᠠᠨ ᠳᠤ ᠡᠪᠳᠡᠭᠳᠡᠵᠦ ᠥᠩᠭᠡᠷᠡᠵᠡᠢ᠃ ᠣᠶᠢᠷ᠎ᠠ ᠶᠢᠨ ᠵᠢᠯ ᠠᠴᠠ᠂ ᠴᠠᠩᠳᠧ ᠬᠤᠳᠠ ᠬᠠᠭᠤᠴᠢᠨ ᠵᠡᠭᠡᠯᠢ ᠶᠢᠨ ᠳᠦᠷᠰᠦ ᠪᠠᠶᠢᠳᠠᠯ ᠢ ᠰᠡᠷᠭᠦᠭᠡᠵᠦ᠂ ᠲᠤᠰ ᠭᠠᠵᠠᠷ ᠢ ᠲᠡᠦᠬᠡ ᠰᠣᠶᠣᠯ ᠤᠨ ᠵᠡᠭᠡᠯᠢ ᠲᠣᠭᠤᠷᠢᠭ ᠪᠣᠯᠭᠠᠨ ᠴᠣᠭᠴᠠᠯᠠᠪᠠ᠃ ᠲᠤᠰ ᠡᠳᠦᠷ ᠤᠨ ᠦᠳᠡ ᠶᠢᠨ ᠡᠮᠦᠨ᠎ᠡ᠂ ᠰᠢ ᠶᠢᠨ ᠫᠢᠩ ᠴᠠᠩ ᠳ᠋ᠧ ᠭᠤᠣᠯ ᠤᠨ ᠵᠡᠭᠡᠯᠢ ᠳᠤ ᠬᠦᠷᠴᠦ᠂ ᠡᠯ᠎ᠡ ᠵᠦᠢᠯ ᠤᠨ ᠣᠨᠴᠠᠯᠢᠭᠲᠤ ᠢᠳᠡᠭᠡᠨ᠂ ᠣᠨᠴᠠ ᠭᠠᠷᠤᠯᠲᠠ᠂ ᠣᠨᠴᠠᠯᠢᠭᠲᠤ ᠭᠠᠷ ᠤᠷᠠᠯᠠᠯ ᠤᠨ ᠪᠦᠲᠦᠭᠡᠭᠳᠡᠬᠦᠨ ᠢ ᠪᠠᠶᠢᠴᠠᠭᠠᠨ ᠦᠵᠡᠵᠦ᠂ ᠳᠡᠯᠭᠡᠭᠦᠷ ᠤᠨ ᠡᠵᠡᠨ ᠪᠣᠯᠣᠨ ᠵᠢᠭᠤᠯᠴᠢᠯᠠᠬᠰᠡᠳ ᠲᠠᠢ ᠳᠣᠲᠣᠨᠣ ᠪᠠᠷ ᠶᠠᠷᠢᠯᠴᠠᠭᠰᠠᠨ ᠪᠥᠭᠡᠳ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠤᠨ ᠦᠵᠡᠭᠦᠯᠭᠡ ᠶᠢ ᠰᠣᠨᠢᠷᠬᠠᠵᠤ᠂ ᠴᠠᠩᠳᠧ ᠶᠢᠨ ᠬᠠᠭᠤᠴᠢᠨ ᠬᠤᠳᠠ ᠶᠢᠨ ᠵᠡᠭᠡᠯᠢ ᠭᠤᠳᠤᠮᠵᠢ ᠶᠢᠨ ᠰᠡᠷᠭᠦᠭᠡᠨ ᠵᠠᠰᠠᠯᠲᠠ ᠪᠠ ᠠᠰᠢᠭᠯᠠᠯᠲᠠ᠂ ᠬᠤᠳᠠ ᠶᠢᠨ ᠲᠥᠯᠦᠪᠵᠢᠭᠦᠯᠭᠡ᠂ ᠤᠰᠤᠨ ᠤ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠰᠢ ᠶᠢᠨ ᠫᠢᠩ᠂ ᠤᠯᠠᠨ ᠶᠠᠩᠵᠤ ᠶᠢᠨ ᠣᠷᠣᠨ ᠨᠤᠲᠤᠭ ᠤᠨ ᠣᠨᠴᠠᠯᠢᠭᠲᠤ ᠤᠯᠠᠮᠵᠢᠯᠠᠯᠲᠤ ᠰᠣᠶᠣᠯ ᠨᠢ ᠭᠡᠷᠡᠯ ᠰᠠᠴᠤᠷᠠᠩᠭᠤᠢ ᠳᠤᠮᠳᠠᠳᠤ ᠶᠢᠨ ᠪᠣᠯᠪᠠᠰᠤᠨ ᠢ ᠬᠠᠮᠲᠤ ᠪᠠᠷ ᠪᠦᠷᠢᠯᠳᠦᠭᠦᠯᠦᠭᠰᠡᠨ ᠪᠥᠭᠡᠳ ᠠᠵᠤ ᠠᠬᠤᠢ ᠨᠡᠶᠢᠭᠡᠮ ᠤᠨ ᠬᠥᠭᠵᠢᠯᠲᠡ ᠶᠢ ᠴᠦ ᠠᠬᠢᠭᠤᠯᠪᠠ᠃ ᠴᠠᠩᠳᠧ ᠪᠣᠯ ᠰᠣᠶᠣᠯ ᠤᠨ ᠤᠯᠠᠮᠵᠢᠯᠠᠯ ᠵᠠᠯᠭᠠᠮᠵᠢᠯᠠᠯ ᠲᠠᠢ ᠭᠠᠵᠠᠷ ᠪᠣᠯᠣᠨ᠎ᠠ᠂ ᠠᠳᠡᠬᠢ ᠴᠤᠭᠤᠷ ᠵᠦᠴᠦᠭᠡ᠂ ᠥᠨᠳᠥᠷ ᠠᠶᠠᠯᠭᠤᠲᠤ ᠵᠦᠴᠦᠭᠡ᠂ ᠪᠦᠷᠢᠶ᠎ᠡ ᠵᠡᠷᠭᠡ ᠶᠢ ᠵᠣᠬᠢᠰᠲᠠᠢ ᠠᠴᠢᠶᠠᠯᠠᠪᠤᠷᠢ ᠪᠠᠷ ᠰᠠᠶᠢᠲᠤᠷ ᠤᠯᠠᠮᠵᠢᠯᠠᠨ ᠠᠰᠢᠭᠯᠠᠵᠤ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠨ ᠰᠠᠶᠢᠲᠤᠷ ᠬᠥᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃         ᠬᠤᠨᠠᠨ ᠪᠣᠯ ᠪᠦᠭᠦ ᠤᠯᠤᠰ ᠤᠨ 13 ᠠᠮᠤ ᠪᠤᠳᠠᠭᠠᠨ ᠤ ᠭᠤᠣᠯ ᠭᠠᠷᠤᠯᠲᠠ ᠶᠢᠨ ᠮᠤᠵᠢ ᠶᠢᠨ ᠨᠢᠭᠡ ᠪᠠᠶᠢᠵᠤ᠂ ᠤᠰᠤᠨ ᠲᠤᠲᠤᠷᠭ᠎ᠠ ᠲᠠᠷᠢᠬᠤ ᠲᠠᠯᠠᠪᠠᠢ᠂ ᠶᠡᠷᠦᠩᠬᠡᠢ ᠤᠨᠠᠯᠲᠠ ᠨᠢ ᠴᠥᠮ ᠪᠦᠭᠦ ᠤᠯᠤᠰ ᠤᠨ ᠲᠡᠷᠢᠭᠦᠨ ᠳᠤ ᠣᠷᠣᠨ᠎ᠠ᠃ ᠲᠤᠰ ᠡᠳᠦᠷ ᠤᠨ ᠦᠳᠡ ᠶᠢᠨ ᠬᠤᠶᠢᠨ᠎ᠠ᠂ ᠰᠢ ᠶᠢᠨ ᠫᠢᠩ ᠴᠠᠩᠳᠧ ᠬᠤᠳᠠ ᠶᠢᠨ ᠳ᠋ᠢᠩᠴᠧᠩ ᠲᠣᠭᠤᠷᠢᠭ ᠤᠨ ᠰᠢᠶᠧ ᠵᠢᠶᠠ ᠫᠦ᠋ ᠪᠠᠯᠭᠠᠰᠤ ᠶᠢᠨ ᠭᠠᠩ ᠵᠦᠩ ᠫᠢᠩ ᠲᠣᠰᠬᠤᠨ ᠳᠤ ᠬᠦᠷᠴᠦ᠂ ᠲᠤᠬᠠᠢ ᠶᠢᠨ ᠭᠠᠵᠠᠷ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠲᠦᠮᠡᠨ ᠮᠦ ᠶᠢᠨ ᠶᠡᠷᠦᠩᠬᠡᠶᠢᠯᠡᠭᠰᠡᠨ ᠵᠢᠱᠢᠶ᠎ᠡ ᠦᠵᠡᠭᠦᠯᠭᠦ ᠲᠣᠭᠤᠷᠢᠭ ᠲᠤ ᠬᠦᠷᠴᠦ᠂ ᠴᠢᠬᠢ ᠪᠤᠶᠢᠵᠢᠭᠤᠯᠬᠤ ᠪᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠠᠬᠢᠴᠠ ᠶᠢ ᠪᠠᠶᠢᠴᠠᠭᠠᠨ ᠦᠵᠡᠵᠦ᠂ ᠲᠠᠷᠢᠶᠠᠯᠠᠩ ᠤᠨ ᠣᠳᠣᠬᠢᠴᠢᠯᠠᠯᠲᠠ ᠶᠢ ᠴᠢᠨᠠᠷ ᠰᠠᠶᠢᠲᠠᠢ ᠠᠬᠢᠭᠤᠯᠵᠤ ᠪᠠᠶᠢᠭ᠎ᠠ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠤᠭᠰᠠᠨ ᠪᠥᠭᠡᠳ ᠠᠮᠤ ᠪᠤᠳᠠᠭ᠎ᠠ ᠲᠠᠷᠢᠬᠤ ᠲᠣᠮᠣ ᠡᠷᠦᠭᠡ᠂ ᠲᠠᠷᠢᠶᠠᠯᠠᠩ ᠤᠨ ᠮᠡᠷᠭᠡᠵᠢᠯᠲᠡᠨ᠂ ᠦᠨᠳᠦᠰᠦᠨ ᠱᠠᠲᠤᠨ ᠤ ᠺᠠᠳ᠋ᠷ ᠲᠠᠢ ᠨᠢᠭᠡᠳ ᠨᠢᠭᠡ ᠪᠠᠷ ᠣᠷᠣᠭᠤᠯᠤᠯᠲᠠ ᠭᠠᠷᠭᠠᠯᠲᠠ ᠶᠢᠨ ᠲᠠᠩᠰᠠ ᠶᠢ ᠪᠤᠳᠤᠵᠠᠢ᠃ ᠰᠢ ᠶᠢᠨ ᠫᠢᠩ᠂ ᠮᠠᠨ ᠤ ᠤᠯᠤᠰ 14 ᠳ᠋ᠦᠩᠰᠢᠭᠤᠷ ᠭᠠᠷᠤᠢ ᠬᠥᠮᠥᠨ ᠠᠮᠠ ᠲᠠᠢ᠂ ᠠᠮᠤ ᠪᠤᠳᠠᠭᠠᠨ ᠤ ᠠᠮᠤᠷ ᠲᠦᠪᠰᠢᠨ ᠢ ᠡᠷᠬᠡᠪᠰᠢ ᠥᠪᠡᠷ ᠤᠨ ᠪᠡᠶ᠎ᠡ ᠳᠡᠭᠡᠨ ᠲᠦᠰᠢᠭᠯᠡᠵᠦ ᠪᠠᠲᠤᠯᠠᠬᠤ ᠬᠡᠷᠡᠭᠲᠡᠢ᠂ ᠳᠤᠮᠳᠠᠳᠤᠴᠤᠳ ᠤᠨ ᠪᠤᠳᠠᠭᠠᠨ ᠠᠶᠠᠭ᠎ᠠ ᠳᠤ ᠭᠤᠣᠯᠳᠠᠭᠤ ᠳᠤᠮᠳᠠᠳᠤ ᠤᠯᠤᠰ ᠤᠨ ᠠᠮᠤ ᠪᠤᠳᠠᠭ᠎ᠠ ᠶᠢ ᠠᠶᠠᠭᠠᠯᠠᠪᠠᠯ ᠵᠣᠬᠢᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠠᠶᠢᠲᠤᠷ ᠪᠦᠲᠦᠭᠡᠨ ᠪᠠᠶᠢᠭᠤᠯᠵᠤ᠂ ᠵᠣᠬᠢᠰᠲᠠᠢ ᠭᠡᠪᠴᠢᠶᠡᠵᠢᠯᠳᠤ ᠡᠵᠡᠩᠨᠡᠯᠲᠡ ᠶᠢ ᠬᠡᠷᠡᠭᠵᠢᠭᠦᠯᠵᠦ᠂ ᠲᠦᠷᠦ ᠶᠢᠨ ᠪᠣᠳᠣᠯᠭ᠎ᠠ ᠶᠢᠨ ᠳᠡᠮᠵᠢᠯᠭᠡ ᠪᠠ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠰᠠᠶᠢᠨ ᠦᠷ᠎ᠡ᠂ ᠰᠠᠶᠢᠨ ᠠᠵᠠ ᠲᠣᠭᠢᠶᠠᠯ᠂ ᠰᠠᠶᠢᠨ ᠠᠷᠭ᠎ᠠ ᠶᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠨᠠᠷᠢᠯᠢᠭ ᠲᠠᠷᠢᠵᠤ ᠨᠢᠮᠪᠠᠢ ᠠᠷᠠᠴᠢᠯᠠᠬᠤ ᠳᠡᠭᠡᠷ᠎ᠡ ᠬᠦᠴᠦ ᠲᠠᠯᠪᠢᠵᠤ᠂ ᠠᠮᠤ ᠪᠤᠳᠠᠭᠠᠨ ᠤ ᠲᠠᠯᠠᠪᠠᠢ ᠨᠢᠭᠡᠴᠢ ᠶᠢᠨ ᠤᠨᠠᠯᠲᠠ ᠪᠠ ᠶᠠᠰᠤ ᠴᠢᠨᠠᠷ ᠢ ᠴᠢᠨᠠᠭᠰᠢᠳᠠ ᠳᠡᠭᠡᠭᠰᠢᠯᠡᠭᠦᠯᠵᠦ᠂ ᠠᠮᠤ ᠪᠤᠳᠠᠭ᠎ᠠ ᠲᠠᠷᠢᠭᠠᠳ ᠴᠦ ᠪᠠᠶᠠᠵᠢᠵᠤ ᠳᠡᠶᠢᠯᠭᠦ ᠪᠤᠯᠭᠠᠵᠤ᠂ ᠡᠭᠦᠨ ᠤ ᠤᠯᠠᠮ ᠢᠶᠠᠷ ᠨᠡᠩ ᠤᠯᠠᠨ ᠲᠠᠷᠢᠶᠠᠴᠢᠨ ᠡᠷᠦᠭᠡ ᠶᠢ ᠲᠠᠲᠠᠵᠤ ᠣᠳᠣᠬᠢᠴᠢᠯᠠᠭᠰᠠᠨ ᠬᠠᠮ ᠬᠥᠳᠡᠭᠡ ᠠᠵᠤ ᠠᠬᠤᠢ ᠶᠢ ᠬᠥᠭᠵᠢᠭᠦᠯᠬᠦ ᠳᠤ ᠣᠷᠣᠯᠴᠠᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠶᠢᠨ ᠵᠠᠮ ᠢᠶᠠᠷ ᠯᠠᠪᠳᠠᠭᠤᠨ ᠪᠠᠲᠤᠲᠠᠢ ᠵᠠᠮᠨᠠᠬᠤ ᠬᠡᠷᠡᠭᠲᠡᠢ ᠭᠡᠵᠦ ᠴᠢᠬᠤᠯᠠᠴᠢᠯᠠᠪᠠ᠃         ᠳᠠᠷᠠᠭ᠎ᠠ ᠨᠢ ᠰᠢ ᠶᠢᠨ ᠫᠢᠩ ᠠᠮᠤ ᠪᠤᠳᠠᠭ᠎ᠠ ᠶᠢᠨ ᠲᠣᠮᠣ ᠲᠠᠷᠢᠶᠠᠴᠢᠨ ᠡᠷᠦᠭᠡ ᠳ᠋ᠠᠢ ᠬᠤᠩ ᠤᠨ ᠬᠢᠨ ᠳᠤ ᠬᠦᠷᠴᠦ᠂ ᠲᠠᠷᠢᠶᠠᠯᠠᠩ ᠤᠨ ᠮᠠᠰᠢᠨ ᠪᠠᠭᠠᠵᠢ ᠪᠣᠯᠣᠨ ᠬᠠᠪᠤᠷ ᠤᠨ ᠲᠠᠷᠢᠶᠠᠯᠠᠭ᠎ᠠ ᠶᠢᠨ ᠡᠳ᠋ ᠪᠣᠳᠠᠰ ᠤᠨ ᠪᠡᠯᠡᠳᠬᠡᠯ ᠢ ᠪᠠᠶᠢᠴᠠᠭᠠᠨ ᠦᠵᠡᠭᠰᠡᠨ ᠪᠥᠭᠡᠳ ᠲᠣᠰᠬᠤᠨ ᠤ ᠨᠠᠮ ᠤᠨ ᠭᠡᠰᠢᠭᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠬᠦᠷᠴᠦ ᠲᠤᠬᠠᠢ ᠶᠢᠨ ᠭᠠᠵᠠᠷ ᠤᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠵᠡᠷᠭᠡ ᠪᠠᠶᠢᠳᠠᠯ ᠢ ᠣᠶᠢᠯᠠᠭᠠᠪᠠ᠃ ᠲᠡᠷᠡ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ᠴᠡᠷᠢᠭ ᠢ ᠰᠢᠯᠢᠳᠡᠭᠵᠢᠭᠦᠯᠦᠨ ᠵᠠᠰᠠᠭ ᠢ ᠴᠣᠮᠬᠠᠳᠬᠠᠵᠤ᠂ ᠡᠨᠡ ᠬᠦ ᠠᠵᠢᠯ ᠢ ᠴᠥᠬᠦᠷᠡᠰᠢ ᠦᠭᠡᠢ ᠰᠠᠶᠢᠲᠤᠷ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ ᠲᠡᠷᠡ᠂ ᠦᠨᠳᠦᠰᠦᠨ ᠱᠠᠲᠤᠨ ᠤ ᠺᠠᠳ᠋ᠷᠴᠤᠳ ᠢ ᠠᠵᠤ ᠦᠢᠯᠡᠰ ᠤᠨ ᠬᠥᠭᠵᠢᠯᠲᠡ ᠪᠣᠯᠣᠨ ᠬᠥᠳᠡᠭᠡ ᠲᠣᠰᠬᠤᠨ ᠤ ᠵᠠᠰᠠᠯᠲᠠ ᠶᠢᠨ ᠲᠠᠯ᠎ᠠ ᠪᠠᠷ ᠤᠯᠠᠨ ᠤ ᠤᠬᠠᠭᠠᠨ ᠬᠠᠮᠲᠤ ᠶᠢᠨ ᠬᠦᠴᠦᠨ ᠳᠤ ᠲᠦᠰᠢᠭᠯᠡᠨ᠂ ᠲᠠᠷᠢᠶᠠᠴᠢᠨ ᠤᠯᠠᠨ ᠲᠦᠮᠡᠨ ᠳᠤ ᠮᠡᠳᠡᠷᠡᠭᠳᠡᠭᠰᠡᠨ ᠪᠣᠳᠠᠲᠠᠢ ᠠᠮᠵᠢᠯᠲᠠ ᠶᠢ ᠲᠠᠰᠤᠷᠠᠯᠲᠠ ᠦᠭᠡᠢ ᠭᠠᠷᠭᠠᠭᠠᠷᠠᠢ ᠭᠡᠵᠦ ᠵᠣᠷᠢᠭᠵᠢᠭᠤᠯᠪᠠ᠃         ᠠᠶᠠᠷᠯᠠᠬᠤ ᠦᠶ᠎ᠡ ᠳᠤ᠂ ᠲᠣᠰᠬᠤᠨ ᠤ ᠠᠷᠠᠳ ᠬᠤᠶᠢᠨ᠎ᠠ ᠬᠤᠶᠢᠨ᠎ᠠ ᠠᠴᠠ ᠪᠠᠨ ᠬᠦᠷᠢᠶᠡᠯᠡᠨ ᠢᠷᠡᠵᠤ ᠶᠡᠷᠦᠩᠬᠡᠢ ᠱᠦᠵᠢ ᠶᠢ ᠦᠳᠡᠨ ᠮᠣᠷᠳᠠᠭᠤᠯᠪᠠ᠃ ᠰᠢ ᠶᠢᠨ ᠫᠢᠩ ᠭᠦᠨ ᠰᠡᠳᠬᠢᠯᠭᠡ ᠲᠠᠢ ᠪᠠᠷ ᠤᠯᠠᠨ ᠳᠤ᠂ ᠨᠠᠮ ᠤᠨ ᠲᠥᠪ ᠬᠤᠷᠢᠶ᠎ᠠ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠎ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠯᠠᠪᠲᠠᠢ ᠦᠨᠡᠨ ᠬᠦ ᠬᠦᠴᠦᠲᠡᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠠᠪᠴᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠪᠠ ᠬᠡᠷᠡᠭᠴᠡᠭᠡ ᠱᠠᠭᠠᠷᠳᠠᠯᠭ᠎ᠠ ᠳᠤ ᠬᠠᠷᠢᠭᠤᠯᠲᠠ ᠥᠭᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠶᠢᠨ ᠰᠠᠶᠢᠬᠠᠨ ᠵᠢᠷᠤᠭ ᠲᠥᠰᠥᠪ ᠢ ᠪᠣᠳᠠᠲᠤ ᠠᠬᠤᠢ ᠪᠣᠯᠭᠠᠨ ᠬᠤᠪᠢᠷᠠᠭᠤᠯᠤᠨ᠎ᠠ ᠭᠡᠵᠦ ᠬᠡᠯᠡᠪᠡ᠃ ᠠᠯᠠᠭ᠎ᠠ ᠲᠡᠰᠢᠯᠲᠡ ᠶᠢᠨ ᠲᠠᠭᠤᠨ ᠲᠣᠰᠬᠤᠨ ᠳᠤ ᠤᠳᠠᠲᠠᠯ᠎ᠠ ᠴᠤᠤᠷᠢᠶᠠᠲᠤᠪᠠ᠃         21᠎ ᠤ ᠦᠳᠡ ᠶᠢᠨ ᠡᠮᠦᠨ᠎ᠡ᠂ ᠰᠢ ᠶᠢᠨ ᠫᠢᠩ ᠬᠤᠨᠠᠨ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠨᠠᠨ ᠤ ᠡᠯ᠎ᠡ ᠵᠦᠢᠯ ᠤᠨ ᠠᠵᠢᠯ ᠳᠤ ᠣᠯᠣᠭᠰᠠᠨ ᠠᠮᠵᠢᠯᠲᠠ ᠶᠢ ᠨᠤᠲᠠᠯᠠᠪᠠ᠃         ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠭᠤᠣᠯ ᠡᠯᠧᠮᠧᠨ᠋ᠲ ᠮᠥᠨ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠬᠥᠲᠥᠯᠥᠨ ᠳᠠᠭᠠᠭᠤᠯᠬᠤ ᠲᠠᠯ᠎ᠠ ᠪᠠᠷ ᠨᠡᠩ ᠶᠡᠭᠡ ᠬᠦᠴᠦ ᠣᠷᠣᠭᠤᠯᠵᠤ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠦᠴᠦᠨ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠲᠡᠷᠢᠭᠦᠨ ᠤ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠢᠳᠡᠪᠬᠢᠲᠡᠢ ᠣᠷᠣᠭᠤᠯᠤᠨ ᠠᠪᠴᠢᠷᠠᠵᠤ᠂ ᠵᠠᠩᠭᠢᠯᠠᠭ᠎ᠠ ᠶᠢᠨ ᠬᠦᠷᠢᠶᠡᠨ ᠤ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠰᠢᠨ᠎ᠡ ᠶᠢ ᠡᠭᠦᠳᠬᠦ ᠬᠡᠯᠬᠢᠶ᠎ᠡ ᠪᠡᠯᠡ ᠮᠥᠩᠭᠦᠨ ᠤ ᠬᠡᠯᠬᠢᠶ᠎ᠡ ᠴᠢᠳᠠᠪᠤᠷᠢᠲᠠᠨ ᠤ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠲᠦᠷᠭᠡᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠳᠠᠪᠠᠭᠤᠯᠢᠭ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠰᠠᠭᠤᠷᠢ ᠶᠢ ᠲᠠᠭᠢᠨ ᠴᠣᠭᠴᠠᠯᠠᠬᠤ ᠪᠠ ᠴᠢᠬᠤᠯᠠ ᠶᠡᠭᠡ ᠮᠡᠷᠭᠡᠵᠢᠯ ᠲᠣᠨᠣᠭᠯᠠᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠲᠡᠷᠢᠭᠦᠨ ᠤ ᠦᠢᠯᠡᠳᠬᠦ ᠦᠢᠯᠡᠰ ᠢ ᠦᠷᠭᠦᠯᠵᠢᠯᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠠᠵᠤ ᠦᠢᠯᠡᠰ ᠢ ᠳᠡᠭᠡᠳᠦ ᠲᠡᠰᠵᠢᠭᠦᠯᠭᠦ᠂ ᠣᠶᠤᠨᠴᠢᠯᠠᠬᠤ᠂ ᠪᠣᠬᠢᠷᠳᠤᠯ ᠦᠭᠡᠶᠢᠵᠢᠭᠦᠯᠭᠦ ᠬᠥᠭᠵᠢᠯᠲᠡ ᠶᠢ ᠠᠬᠢᠭᠤᠯᠵᠤ᠂ ᠤᠯᠤᠰ ᠤᠨ ᠲᠡᠰ ᠤᠨ ᠠᠵᠤ ᠦᠢᠯᠡᠰ ᠤᠨ ᠪᠦᠯᠦᠭᠵᠢᠯ ᠢ ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃         ᠰᠢ ᠶᠢᠨ ᠫᠢᠩ᠂ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠳᠤᠪᠤᠶᠢᠯᠭᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠠᠭᠠᠳ ᠲᠦᠭᠵᠢᠷᠡᠯ ᠤᠨ ᠠᠰᠠᠭᠤᠳᠠᠯ᠂ ᠬᠥᠭᠵᠢᠯᠲᠡ ᠶᠢᠨ ᠣᠷᠴᠢᠨ ᠪᠠ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠡᠪᠡᠷᠰᠢᠶᠡᠯ ᠬᠦᠴᠢᠷᠳᠡᠯ ᠤᠨ ᠠᠰᠠᠭᠤᠳᠠᠯ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠠᠴᠠ ᠲᠡᠷᠰᠯᠡᠭᠰᠡᠨ ᠭᠤᠣᠯᠳᠠᠯᠭ᠎ᠠ ᠬᠠᠯᠠᠮᠰᠢᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠠᠰᠤᠷᠠᠯᠲᠠ ᠦᠭᠡᠢ ᠬᠥᠳᠡᠯᠭᠡᠬᠦ ᠬᠦᠴᠦᠨ᠂ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ᠃ ᠬᠤᠨᠠᠨ ᠤ ᠬᠢᠨ ᠥᠭᠡᠷᠡᠴᠢᠯᠡᠯᠲᠡ ᠶᠢ ᠰᠢᠰᠲ᠋ᠧᠮ ᠲᠠᠢ ᠨᠡᠶᠢᠳᠬᠡᠬᠦ ᠶᠢ ᠴᠢᠩᠭᠠᠳᠬᠠᠵᠤ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ ᠨᠡᠩ ᠰᠠᠶᠢᠨ ᠣᠷᠣᠯᠴᠠᠵᠤ᠂ ᠳᠤᠮᠳᠠ ᠣᠷᠣᠨ ᠤ ᠬᠥᠭᠵᠢᠯ ᠮᠠᠨᠳᠤᠯ ᠪᠣᠯᠣᠨ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠪᠦᠭᠦ ᠲᠠᠯ᠎ᠠ ᠪᠠᠷ ᠠᠭᠤᠰᠤᠯᠴᠠᠵᠤ᠂ ︽ᠨᠢᠭᠡ ᠪᠦᠰᠡ ᠨᠢᠭᠡ ᠵᠠᠮ︾ ᠎ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠭᠦᠨᠵᠡᠭᠡᠢ ᠠᠭᠤᠰᠤᠯᠴᠠᠵᠤ᠂ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠥᠨᠳᠥᠷ ᠪᠠᠷᠢᠮᠵᠢᠶ᠎ᠠ ᠪᠠᠷ ᠰᠠᠶᠢᠲᠤᠷ ᠪᠦᠲᠦᠭᠡᠨ ᠪᠠᠶᠢᠭᠤᠯᠵᠤ᠂ ᠳᠤᠮᠳᠠᠳᠤ ᠠᠹᠷᠢᠺᠠ ᠶᠢᠨ ᠠᠵᠤ ᠠᠬᠤᠢ ᠠᠷᠠᠯᠵᠢᠶᠠᠨ ᠤ ᠭᠦᠨᠵᠡᠭᠡᠢ ᠬᠠᠮᠲᠤᠷᠠᠯᠴᠠᠭᠠᠨ ᠤ ᠤᠷᠢᠳ ᠢᠶᠠᠷ ᠬᠡᠷᠡᠭᠵᠢᠭᠦᠯᠬᠦ ᠣᠷᠣᠨ ᠢ ᠬᠦᠴᠦᠯᠡᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃         ᠰᠢ ᠶᠢᠨ ᠫᠢᠩ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠣᠯ ᠰᠢᠨ᠎ᠡ ᠴᠠᠭ ᠦᠶ᠎ᠡ ᠰᠢᠨ᠎ᠡ ᠠᠶᠠᠨ ᠳᠠᠬᠢ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠎ ᠤ ᠠᠵᠢᠯ ᠤᠨ ᠶᠡᠷᠦᠩᠬᠡᠢ ᠭᠠᠷᠳᠠᠴᠠ ᠮᠥᠨ᠃ ᠬᠤᠨᠠᠨ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠬᠤ ᠬᠦᠨᠳᠦ ᠡᠭᠦᠷᠭᠡ ᠶᠢ ᠡᠭᠦᠷᠭᠡᠯᠡᠵᠦ᠂ ᠦᠷ᠎ᠡ ᠪᠣᠯᠣᠨ ᠲᠠᠷᠢᠶᠠᠨ ᠭᠠᠵᠠᠷ ᠭᠡᠬᠦ ᠬᠤᠶᠠᠷ ᠠᠮᠢᠨ ᠭᠠᠵᠠᠷ ᠢ ᠠᠳᠬᠤᠵᠤ᠂ ᠦᠷ᠎ᠡ ᠶᠢᠨ ᠦᠢᠯᠡᠰ᠂ ᠲᠠᠷᠢᠶᠠᠯᠠᠩ ᠤᠨ ᠮᠠᠰᠢᠨ ᠤ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠲᠦᠷᠭᠡᠳᠬᠡᠬᠦ ᠬᠡᠷᠡᠭᠲᠡᠢ᠃ ᠬᠠᠮ ᠬᠥᠳᠡᠭᠡ ᠠᠵᠤ ᠠᠬᠤᠢ ᠶᠢᠨ ᠦᠵᠡᠯᠲᠡ᠂ ᠬᠠᠮ ᠢᠳᠡᠭᠡᠨ ᠤ ᠦᠵᠡᠯᠲᠡ ᠶᠢ ᠪᠠᠷᠢᠮᠲᠠᠯᠠᠵᠤ᠂ ᠣᠨᠴᠠᠯᠢᠭᠲᠤ ᠲᠠᠷᠢᠶᠠᠯᠠᠩ ᠪᠠ ᠲᠠᠷᠢᠶᠠᠯᠠᠩ ᠤᠨ ᠪᠦᠲᠦᠭᠡᠭᠳᠡᠬᠦᠨ ᠢ ᠪᠤᠯᠪᠠᠰᠤᠷᠠᠭᠤᠯᠬᠤ ᠦᠢᠯᠡᠰ ᠢ ᠢᠳᠡᠪᠬᠢᠲᠡᠢ ᠬᠥᠭᠵᠢᠭᠦᠯᠵᠦ᠂ ᠲᠠᠷᠢᠶᠠᠯᠠᠩ ᠤᠨ ᠠᠵᠤ ᠦᠢᠯᠡᠰᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠭᠦᠨᠵᠡᠭᠡᠢ ᠠᠬᠢᠭᠤᠯᠵᠤ᠂ ᠬᠤᠰᠢᠭᠤ ᠰᠢᠶᠠᠨ ᠤ ᠠᠵᠤ ᠠᠬᠤᠢ ᠶᠢ ᠪᠤᠵᠠᠭᠠᠶᠢᠷᠠᠭᠤᠯᠤᠨ᠂ ᠬᠤᠲᠠ ᠬᠥᠳᠡᠭᠡ ᠶᠢᠨ ᠬᠦᠴᠦᠨ ᠵᠦᠢᠯ ᠤᠨ ᠬᠤᠣᠰ ᠴᠢᠭᠯᠡᠯ ᠢᠶᠠᠷ ᠰᠢᠯᠵᠢᠭᠦ ᠶᠢ ᠰᠢᠯᠤᠭᠤᠳᠬᠠᠵᠤ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠷᠢᠰᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠬᠥᠳᠡᠭᠡ ᠲᠣᠰᠬᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠬᠡᠪ ᠵᠠᠩᠰᠢᠯ ᠢ ᠥᠭᠡᠷᠡᠴᠢᠯᠡᠬᠦ ᠶᠢ ᠶᠡᠭᠡ ᠪᠠᠷ ᠠᠬᠢᠭᠤᠯᠬᠤ ᠬᠡᠷᠡᠭᠲᠡᠢ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠮᠣᠷᠠᠯ ᠢᠶᠠᠷ ᠵᠠᠰᠠᠬᠤ ᠶᠢ ᠤᠶᠠᠯᠳᠤᠭᠤᠯᠤᠭᠰᠠᠨ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠰᠢᠨ᠎ᠡ ᠴᠠᠭ ᠦᠶ᠎ᠡ ᠶᠢᠨ ︽ᠹᠸᠡᠭᠴᠢᠶᠤᠤ ᠶᠢᠨ ᠲᠤᠷᠰᠢᠯᠭ᠎ᠠ︾ ᠎ ᠶᠢ ᠪᠠᠷᠢᠮᠲᠠᠯᠠᠨ ᠬᠥᠭᠵᠢᠭᠦᠯᠬᠦ ᠬᠡᠷᠡᠭᠲᠡᠢ᠃ ᠳᠠᠭᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠭᠡᠪᠴᠢᠶᠡᠵᠢᠲᠤ ᠴᠢᠨᠠᠷᠲᠠᠢ ᠳᠠᠭᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃         ᠰᠢ ᠶᠢᠨ ᠫᠢᠩ᠂ ᠬᠤᠨᠠᠨ ᠰᠣᠶᠣᠯ ᠤᠨ ᠰᠢᠨ᠎ᠡ ᠡᠭᠦᠷᠭᠡ ᠶᠢ ᠨᠡᠩ ᠰᠠᠶᠢᠲᠤᠷ ᠡᠭᠦᠷᠭᠡᠯᠡᠵᠦ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠳᠤᠮᠳᠠ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ ᠃ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠬᠠᠮᠠᠭᠠᠯᠠᠵᠤ᠂ ᠰᠠᠶᠢᠲᠤᠷ ᠬᠡᠷᠡᠭᠯᠡᠵᠦ᠂ ᠬᠤᠪᠢᠰᠬᠠᠯᠲᠤ ᠤᠯᠠᠮᠵᠢᠯᠠᠯ ᠪᠣᠯᠣᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠴᠢᠩᠭᠠᠳᠬᠠᠵᠤ᠂ ᠥᠷᠭᠡᠨ ᠤᠯᠠᠨ ᠺᠠᠳ᠋ᠷ ᠤᠯᠠᠨ ᠲᠦᠮᠡᠨ ᠢ ᠬᠥᠲᠥᠯᠥᠨ ᠳᠠᠭᠠᠭᠤᠯᠵᠤ ᠪᠠᠶᠢᠭᠠᠳ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠬᠤᠪᠢᠰᠬᠠᠯᠲᠤ ᠤᠯᠠᠮᠵᠢᠯᠠᠯ ᠢ ᠦᠷᠭᠦᠯᠵᠢᠯᠡᠨ ᠵᠠᠯᠭᠠᠮᠵᠢᠯᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ ᠴᠠᠭ ᠦᠶ᠎ᠡ ᠶᠢᠨ ᠰᠢᠨ᠎ᠡ ᠬᠡᠪ ᠰᠤᠷᠲᠠᠯ ᠰᠢᠨ᠎ᠡ ᠳᠦᠷᠰᠦ ᠪᠠᠶᠢᠳᠠᠯ ᠢ ᠪᠤᠢ ᠪᠤᠯᠭᠠᠬᠤ ᠬᠡᠷᠡᠭᠲᠡᠢ᠃ ᠰᠣᠶᠣᠯ ᠪᠠ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠠᠭᠤᠰᠤᠯᠴᠠᠯ ᠤᠨ ᠪᠦᠲᠦᠮᠵᠢᠲᠡᠢ ᠲᠣᠭᠲᠠᠴᠠ ᠶᠢ ᠬᠠᠶᠢᠨ ᠰᠦᠪᠡᠭᠴᠢᠯᠡᠵᠦ᠂ ᠰᠢᠨ᠎ᠡ ᠮᠠᠶ᠋ᠢᠭ ᠤᠨ ᠰᠣᠶᠣᠯ ᠤᠨ ᠡᠵᠡᠩᠨᠡᠯᠲᠡ ᠶᠢᠨ ᠭᠡᠯᠪᠡᠷᠢ ᠪᠠᠶᠢᠳᠠᠯ ᠢ ᠲᠦᠷᠭᠡᠳᠬᠡᠨ ᠬᠥᠭᠵᠢᠭᠦᠯᠵᠦ᠂ ᠨᠡᠩ ᠤᠯᠠᠨ ᠰᠢᠨ᠎ᠡ ᠰᠣᠶᠣᠯ ᠤᠨ ᠠᠵᠤ ᠦᠢᠯᠡᠰ ᠤᠨ ᠨᠡᠮᠡᠭᠳᠡᠯ ᠤᠨ ᠴᠡᠭ ᠢ ᠪᠤᠢ ᠪᠤᠯᠭᠠᠬᠤ ᠬᠡᠷᠡᠭᠲᠡᠢ᠃ ᠰᠣᠶᠣᠯ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠬᠤᠨᠠᠨ ᠤ ᠡᠬᠡ ᠭᠠᠵᠠᠷ ᠤᠨ ᠬᠥᠬᠡᠮᠳᠦᠭ ᠨᠣᠭᠤᠭᠠᠨ ᠠᠭᠤᠯᠠ ᠤᠰᠤ᠂ ᠴᠡᠯᠮᠡᠭ ᠲᠡᠭᠷᠢ ᠴᠡᠪᠡᠷ ᠬᠥᠷᠥᠰᠥ ᠶᠢ ᠰᠠᠶᠢᠲᠤᠷ ᠰᠠᠬᠢᠨ ᠬᠠᠮᠠᠭᠠᠯᠠᠵᠤ᠂ ᠪᠠᠶᠢᠭᠠᠯᠢ ᠶᠢᠨ ᠥᠩᠭᠡ ᠦᠵᠡᠮᠵᠢ ᠪᠠ ᠰᠣᠶᠣᠯ ᠢᠷᠭᠡᠨᠰᠢᠯ ᠵᠠᠩ ᠵᠠᠩᠰᠢᠯ ᠢ ᠵᠢᠭᠤᠯᠴᠢᠯᠠᠯ ᠤᠨ ᠦᠢᠯᠡᠰ ᠤᠨ ᠥᠨᠢᠳᠡ ᠶᠢᠨ ᠲᠠᠲᠠᠬᠤ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃         ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠨᠠᠮ ᠤᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠥᠪ ᠵᠠᠰᠠᠭ ᠤᠨ ᠠᠵᠢᠯ ᠤᠨ ᠪᠦᠲᠦᠮᠵᠢ ᠶᠢᠨ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠶᠢ ᠬᠥᠲᠥᠯᠥᠨ ᠵᠢᠯᠤᠭᠤᠳᠴᠤ᠂ ᠤᠳᠤᠷᠢᠳᠬᠤ ᠺᠠᠳ᠋ᠷᠴᠤᠳ ᠤᠨ ᠵᠥᠪ ᠡᠷᠬᠡ ᠶᠢᠨ ᠦᠵᠡᠯᠲᠡ ᠶᠢ ᠪᠤᠢ ᠪᠤᠯᠭᠠᠬᠤ᠂ ᠲᠥᠪ ᠭᠤᠣᠯᠴᠢ ᠪᠠᠷ ᠡᠷᠬᠡ ᠪᠠᠨ ᠬᠡᠷᠡᠭᠯᠡᠬᠦ᠂ ᠬᠠᠤᠯᠢ ᠶᠣᠰᠣᠭᠠᠷ ᠡᠷᠬᠡ ᠪᠠᠨ ᠬᠡᠷᠡᠭᠯᠡᠬᠦ᠂ ᠠᠷᠠᠳ ᠤᠨ ᠲᠥᠯᠥᠭᠡ ᠡᠷᠬᠡ ᠪᠠᠨ ᠬᠡᠷᠡᠭᠯᠡᠬᠦ᠂ ᠠᠷᠢᠭᠤᠨ ᠴᠢᠬᠡᠴᠢ ᠪᠠᠷ ᠡᠷᠬᠡ ᠪᠠᠨ ᠬᠡᠷᠡᠭᠯᠡᠬᠦ ᠶᠢ ᠱᠠᠯᠠᠪᠳᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃         ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃         ᠯᠢ ᠭᠠᠨ ᠵᠢᠶᠧ᠂ ᠾᠧ ᠯᠢ ᠹᠧᠩ ᠵᠢᠴᠢ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃         3 ᠰᠠᠷ᠎ᠠ ᠶᠢᠨ 20᠎ ᠤ ᠦᠳᠡ ᠶᠢᠨ ᠡᠮᠦᠨ᠎ᠡ᠂ ᠰᠢ ᠶᠢᠨ ᠫᠢᠩ ᠴᠠᠩᠱᠠ ᠳᠤ ᠰᠠᠭᠤᠭ᠎ᠠ ᠴᠡᠷᠢᠭ ᠠᠩᠭᠢ ᠶᠢᠨ ᠬᠤᠷᠠᠩᠳᠠ ᠠᠴᠠ ᠳᠡᠭᠡᠭᠰᠢᠬᠢ ᠤᠳᠤᠷᠢᠳᠬᠤ ᠺᠠᠳ᠋ᠷᠴᠤᠳ ᠲᠠᠢ ᠳᠣᠲᠣᠨᠣ ᠪᠠᠷ ᠠᠭᠤᠯᠵᠠᠵᠤ᠂ ᠨᠠᠮ ᠤᠨ ᠲᠥᠪ ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢ ᠲᠥᠯᠥᠭᠡᠯᠡᠨ ᠴᠠᠩᠱᠠ ᠳᠤ ᠰᠠᠭᠤᠭ᠎ᠠ ᠴᠡᠷᠢᠭ ᠠᠩᠭᠢ ᠶᠢᠨ ᠪᠦᠭᠦ ᠳᠠᠷᠤᠭ᠎ᠠ ᠪᠠᠶᠢᠯᠳᠤᠭᠴᠢᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠦᠭᠰᠡᠨ ᠪᠥᠭᠡᠳ ᠤᠯᠠᠨ ᠲᠠᠢ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ ᠵᠠᠩ ᠶᠢᠤ ᠰᠢᠶᠠ ᠪᠠᠷ᠎ᠠ ᠪᠣᠯᠵᠤ ᠠᠭᠤᠯᠵᠠᠵᠠᠢ᠃          
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号