ᠰᠢ ᠶᠢᠨ ᠫᠢᠩ ᠫᠦᠷᠠᠪᠤᠸᠣ᠋ ᠶᠢᠨ ᠢᠨᠳᠤᠨᠧᠰᠢᠶ᠎ᠠ ᠶᠢᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠳᠤ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2024/3/27
                      ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 21᠎ ᠤ ᠴᠠᠭᠢᠯᠭᠠᠨ ᠮᠡᠳᠡᠭᠡ 3 ᠰᠠᠷ᠎ᠠ ᠶᠢᠨ 20᠎ ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠫᠦᠷᠠᠪᠤᠸᠣ᠋·ᠰᠦᠪᠢᠶᠠᠨᠳᠦ᠋ ᠳᠤ ᠴᠠᠭᠢᠯᠭᠠᠨ ᠴᠢᠮᠡᠭᠡ ᠶᠠᠪᠤᠭᠤᠯᠵᠤ᠂ ᠲᠡᠭᠦᠨ ᠤ ᠪᠦᠭᠦᠳᠡ ᠨᠠᠶᠢᠷᠠᠮᠳᠠᠬᠤ ᠢᠨᠳᠤᠨᠧᠰᠢᠶ᠎ᠠ ᠤᠯᠤᠰ ᠤᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠳᠤ ᠪᠠᠶᠠᠷ ᠬᠦᠷᠭᠡᠪᠡ᠃         ᠰᠢ ᠶᠢᠨ ᠫᠢᠩ᠂ ᠳᠤᠮᠳᠠᠳᠤ ᠤᠯᠤᠰ ᠪᠣᠯᠣᠨ ᠢᠨᠳᠤᠨᠧᠰᠢᠶ᠎ᠠ ᠪᠣᠯ ᠤᠯᠠᠮᠵᠢᠯᠠᠯᠲᠤ ᠨᠥᠭᠦᠷᠰᠡᠭ ᠬᠥᠷᠰᠢ ᠤᠯᠤᠰ ᠮᠥᠨ ᠃ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠬᠤᠶᠠᠷ ᠤᠯᠤᠰ ᠤᠨ ᠬᠠᠷᠢᠯᠴᠠᠭ᠎ᠠ ᠶᠢᠨ ᠬᠥᠭᠵᠢᠯᠲᠡ ᠲᠦᠷᠭᠡᠨ ᠤ ᠵᠠᠮ ᠳᠤ ᠣᠷᠣᠵᠤ᠂ ᠤᠯᠤᠰ ᠲᠦᠷᠦ ᠶᠢᠨ ᠢᠲᠡᠭᠡᠯᠴᠡᠭᠡ ᠡᠳᠦᠷ ᠢᠷᠡᠬᠦᠶ᠎ᠡ ᠪᠠᠬᠢᠵᠢᠵᠦ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠲᠠᠰᠤᠷᠠᠯᠳᠠ ᠦᠭᠡᠢ ᠭᠦᠨᠵᠡᠭᠡᠶᠢᠷᠡᠵᠦ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠡᠯᠪᠡᠭ ᠦᠷ᠎ᠡ ᠪᠦᠲᠦᠭᠡᠯ ᠣᠯᠵᠤ᠂ ᠬᠤᠶᠠᠷ ᠲᠠᠯ᠎ᠠ ᠪᠠᠷ ᠢᠶᠠᠨ ᠳᠤᠮᠳᠠᠳᠤ ᠢᠨᠳᠤᠨᠧᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠰᠢᠨ᠎ᠡ ᠬᠠᠭᠤᠳᠠᠰᠤ ᠶᠢ ᠨᠡᠭᠡᠭᠡᠪᠡ᠃ ᠪᠢ ᠳᠤᠮᠳᠠᠳᠤ ᠢᠨᠳᠤᠨᠧᠰᠢᠶ᠎ᠠ ᠶᠢᠨ ᠬᠠᠷᠢᠯᠴᠠᠭᠠᠨ ᠤ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠫᠦᠷᠠᠪᠤᠸᠣ᠋ ᠲᠠᠢ ᠬᠠᠮᠲᠤ ᠪᠠᠷ ᠴᠢᠷᠮᠠᠶᠢᠵᠤ᠂ ᠬᠤᠶᠠᠷ ᠤᠯᠤᠰ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠨᠡᠩ ᠶᠡᠭᠡ ᠦᠷ᠎ᠡ ᠪᠦᠲᠦᠭᠡᠯ ᠣᠯᠬᠤ ᠶᠢ ᠬᠥᠲᠥᠯᠥᠨ ᠳᠠᠭᠠᠭᠤᠯᠵᠤ᠂ ᠬᠥᠭᠵᠢᠵᠦ ᠪᠠᠶᠢᠭ᠎ᠠ ᠲᠣᠮᠣ ᠤᠯᠤᠰ ᠬᠤᠭᠤᠷᠣᠨᠳᠤ ᠪᠠᠨ ᠬᠤᠪᠢ ᠵᠠᠶᠠᠭ᠎ᠠ ᠪᠠᠨ ᠬᠠᠮᠲᠤᠳᠬᠠᠭᠰᠠᠨ᠂ ᠪᠦᠯᠬᠦᠮᠳᠡᠨ ᠬᠠᠮᠵᠢᠯᠴᠠᠭᠰᠠᠨ᠂ ᠬᠥᠭᠵᠢᠯᠲᠡ ᠶᠢ ᠬᠠᠮᠲᠤ ᠪᠠᠷ ᠰᠦᠪᠡᠭᠴᠢᠯᠡᠭᠰᠡᠨ ᠬᠡᠪ ᠳᠠᠭᠤᠷᠢᠶᠠᠯ ᠢ ᠪᠤᠢ ᠪᠤᠯᠭᠠᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠴᠦ᠂ ᠭᠠᠵᠠᠷ ᠣᠷᠣᠨ ᠪᠣᠯᠣᠨ ᠪᠦᠭᠦ ᠪᠥᠮᠪᠥᠷᠴᠡᠭ ᠤᠨ ᠬᠥᠭᠵᠢᠯ ᠴᠡᠴᠡᠭᠯᠡᠯ ᠲᠣᠭᠲᠠᠭᠤᠨ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃            
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号