︽ᠳᠡᠯᠡᠬᠡᠶ ᠶᠢᠨ ᠴᠠᠭ ᠠᠭᠤᠷ ᠤᠨ ᠡᠳᠦᠷ︾᠎ ᠤᠨ ᠪᠠᠭᠠᠴᠤᠳ ᠬᠡᠦᠬᠡᠳ ᠲᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/3/29
              3 ᠰᠠᠷ᠎ᠠ ᠶᠢᠨ 23᠎ ᠤ ᠡᠳᠦᠷ ᠤᠨ 64 ᠳ᠋ᠦ᠋ᠭᠡᠷ ᠳᠡᠯᠡᠬᠡᠶ ᠶᠢᠨ ᠴᠠᠭ ᠠᠭᠤᠷ ᠤᠨ ᠡᠳᠦᠷ ᠬᠦᠷᠴᠦ ᠢᠷᠡᠬᠦ ᠲᠠᠰᠢᠷᠠᠮ ᠳᠤ᠂ ᠠᠯᠠᠱᠠ ᠵᠡᠭᠦᠨ ᠬᠤᠰᠢᠭᠤᠨ ᠤ ᠴᠠᠭ ᠠᠭᠤᠷ ᠤᠨ ᠲᠣᠪᠴᠢᠶ᠎ᠠ ︽ᠠᠭᠤᠷ ᠠᠮᠢᠰᠬᠤᠯ ᠤᠨ ᠠᠵᠢᠯᠯᠠᠭ᠎ᠠ ᠶᠢᠨ ᠬᠠᠮᠤᠭ ᠤᠨ ᠡᠮᠦᠨ᠎ᠡ ᠹᠷᠣᠨᠲ︾᠎ ᠢᠶᠠᠷ ᠭᠤᠤᠯ ᠰᠡᠳᠦᠪ ᠪᠣᠯᠭᠠᠭᠰᠠᠨ ᠴᠠᠭ ᠠᠭᠤᠷ ᠤᠨ ᠨᠡᠭᠡᠭᠡᠯᠲᠡ ᠶᠢᠨ ᠡᠳᠦᠷ ᠤᠨ ᠠᠵᠢᠯᠯᠠᠭ᠎ᠠ ᠥᠷᠨᠢᠭᠦᠯᠵᠦ᠂ ᠥᠯᠢᠭᠡᠷ ᠶᠠᠷᠢᠬᠤ ᠬᠡᠯᠪᠡᠷᠢ ᠪᠠᠷ ᠬᠡᠤᠬᠡᠳ ᠤᠳ ᠲᠤ ᠴᠠᠭ ᠠᠭᠤᠷ ᠤᠨ ᠦᠨᠳᠦᠰᠦᠨ ᠮᠡᠳᠡᠯᠭᠡ ᠶᠢ ᠲᠦᠭᠡᠮᠡᠯᠵᠢᠭᠦᠯᠪᠡ᠃
      ᠠᠯᠠᠱᠠ ᠵᠡᠭᠦᠨ ᠬᠤᠰᠢᠭᠤᠨ ᠤ ᠴᠠᠭ ᠠᠭᠤᠷ ᠤᠨ ᠲᠣᠪᠴᠢᠶ᠎ᠠ ᠳᠤ᠂ ᠠᠵᠢᠯᠲᠠᠳ ᠬᠡᠦᠬᠡᠳ ᠤᠳ ᠲᠤ ᠴᠠᠭ ᠠᠭᠤᠷ ᠤᠨ ᠪᠠᠶᠢᠳᠠᠯ ᠢ ᠬᠡᠷᠬᠢᠨ ᠬᠢᠨᠠᠨ ᠬᠡᠮᠵᠢᠬᠦ ᠪᠠ ᠤᠷᠢᠳᠴᠢᠯᠠᠨ ᠮᠡᠳᠡᠭᠡᠯᠡᠬᠦ᠂ ᠳᠠᠭᠠᠭᠤᠯᠢ ᠤᠳᠤ᠂ ᠷᠠᠳᠠᠷ ᠵᠡᠷᠭᠡ ᠲᠥᠬᠦᠭᠡᠷᠦᠮᠵᠢ ᠶᠢᠨ ᠠᠵᠢᠯᠯᠠᠭᠠᠨ ᠤ ᠤᠭ ᠶᠣᠰᠣ᠂ ᠴᠢᠩᠭ᠎ᠠ ᠰᠣᠯᠢᠭ ᠤᠷᠤᠰᠬᠠᠯ ᠤᠨ ᠴᠠᠭ ᠠᠭᠤᠷ ᠤᠨ ᠤᠷᠢᠲᠠᠯ ᠳᠣᠣᠷ᠎ᠠ᠂ ᠬᠡᠷᠬᠢᠨ ᠬᠥᠮᠦᠨ ᠤ ᠬᠦᠴᠦ ᠪᠠᠷ ᠠᠵᠢᠯᠯᠠᠬᠤ ᠪᠠᠷ ᠳᠠᠮᠵᠢᠭᠤᠯᠤᠨ ᠴᠠᠭ ᠠᠭᠤᠷ ᠢ ᠨᠥᠯᠥᠭᠡᠯᠡᠬᠦ ᠵᠡᠷᠭᠡ ᠬᠤᠯᠪᠣᠭᠳᠠᠯ ᠪᠦᠬᠦᠢ ᠮᠡᠳᠡᠯᠭᠡ ᠵᠢᠴᠢ ᠠᠶᠤᠩᠭ᠎ᠠ ᠴᠠᠬᠢᠯᠭᠠᠨ ᠵᠡᠷᠭᠡ ᠴᠠᠭ ᠠᠭᠤᠷ ᠤᠨ ᠭᠠᠮᠰᠢᠭ ᠢ ᠠᠷᠭᠠᠴᠠᠬᠤ ᠲᠠᠯ᠎ᠠ ᠎ ᠪᠠᠷ ᠲᠠᠶᠢᠯᠪᠤᠷᠢᠯᠠᠪᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号